2026-11-19 10:24:32
11 ᠰᠠᠷ᠎ᠠ᠎ᠶᠢᠨ 18 ᠤ᠋ ᠤᠷᠤᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠱᠧᠨᠵᠧᠨ᠎ᠦ ᠤᠯᠠᠨ ᠤᠯᠤᠰ᠎ᠤᠨ ᠰᠣᠯᠢᠯᠴᠠᠭᠠᠨ᠎ᠤ ᠲᠥᠪ᠎ᠲᠦ᠍ ᠳᠠᠶ᠋ᠢᠯᠠᠯᠭ᠎ᠠ ᠬᠢᠵᠦ᠍᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠭᠤᠴᠢᠨ ᠭᠤᠷᠪᠠᠳᠤᠭᠠᠷ ᠤᠳᠠᠭ᠎ᠠ᠎ᠶᠢᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠢᠷᠡᠭᠰᠡᠨ ᠵᠣᠴᠢᠳ᠎ᠢ ᠤᠭᠲᠤᠪᠠ᠃

11 ᠰᠠᠷ᠎ᠠ᠎ᠶᠢᠨ 18 ᠤ᠋ ᠤᠷᠤᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠠᠳᠤᠨ ᠫᠸᠩ ᠯᠢ ᠶᠤᠸᠠᠨ ᠲᠠᠶ ᠪᠠᠨ ᠱᠧᠨᠵᠧᠨ ᠦ ᠤᠯᠠᠨ ᠤᠯᠤᠰ᠎ᠤᠨ ᠰᠣᠯᠢᠯᠴᠠᠭᠠᠨ ᠤ ᠲᠥᠪ᠎ᠲᠦ᠍ ᠳᠠᠶ᠋ᠢᠯᠠᠯᠭ᠎ᠠ ᠬᠢᠵᠦ᠍᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ ᠦᠨ ᠭᠤᠴᠢᠨ ᠭᠤᠷᠪᠠᠳᠤᠭᠠᠷ ᠤᠳᠠᠭ᠎ᠠ᠎ᠶᠢᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠬᠤ᠎ᠪᠠᠷ ᠢᠷᠡᠭᠰᠡᠨ ᠵᠣᠴᠢᠳ ᠢ ᠤᠭᠲᠤᠪᠠ᠃ ᠵᠢᠷᠤᠭ ᠪᠤᠯ ᠰᠢ ᠵᠢᠨ ᠫᠢᠩ ᠪᠠᠶᠠᠷ᠎ᠤᠨ ᠦᠭᠡ ᠭᠡᠯᠡᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠶᠤᠤ ᠳ᠋ᠠ ᠸᠸᠢ ᠰᠡᠬᠦᠳᠡᠷᠯᠡᠪᠡ
ᠰᠢᠶᠠᠩᠮᠢ ᠨᠠᠭᠤᠷ᠎ᠤᠨ ᠬᠥᠪᠡᠭᠡᠨᠠ᠂ ᠳ᠋ᠧᠩ᠎ᠦᠨ ᠬᠡᠷᠡᠯ ᠳᠤᠸᠠᠯᠠᠵᠤ᠂ ᠤᠯᠠᠨ ᠤᠯᠤᠰ᠎ᠤᠨ ᠰᠣᠯᠢᠯᠴᠠᠭᠠᠨ᠎ᠤ ᠲᠥᠪ ᠲᠤ᠌ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠡᠯ᠎ᠡ ᠪᠦᠷᠢᠯᠳᠦᠬᠦᠨ ᠠᠵᠤ ᠠᠬᠤᠢ᠎ᠶᠢᠨ ᠴᠣᠭᠴᠠ᠎ᠶᠢᠨ ᠬᠥᠭᠵᠢᠮ᠎ᠢ ᠬᠥᠭᠵᠢᠮᠳᠡᠪᠡ᠃
ᠡᠯ᠎ᠡ ᠪᠦᠷᠢᠯᠳᠦᠬᠦᠨ ᠠᠵᠤ ᠠᠬᠤᠢ᠎ᠶᠢᠨ ᠴᠣᠭᠴᠠ᠎ᠶᠢᠨ ᠤᠳᠤᠷᠢᠳᠬᠤ ᠬᠥᠮᠦᠨ᠂ ᠲᠥᠯᠥᠭᠡᠯᠡᠭᠴᠢ ᠵᠢᠴᠢ ᠲᠡᠲᠡᠨ ᠤ ᠬᠠᠨᠢ ᠨᠥᠬᠥᠷ᠂ ᠬᠤᠷᠠᠯ᠎ᠳᠤ ᠣᠷᠣᠯᠴᠠᠭᠰᠠᠨ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠎ᠶᠢᠨ ᠬᠠᠷᠢᠭᠤᠴᠠᠯᠭᠠᠲᠠᠨ ᠬᠣᠶ᠋ᠢᠨ᠎ᠠ ᠬᠣᠶ᠋ᠢᠨ᠎ᠠ᠎ᠡᠴᠡ ᠪᠠᠨ ᠬᠦᠷᠴᠤ ᠢᠷᠡᠵᠦ᠍᠂ ᠤᠯᠠᠭᠠᠨ ᠬᠡᠪᠢᠰ ᠵᠢᠡᠷ ᠠᠯᠬᠤᠯᠠᠨ ᠤᠷᠤᠵᠦ ᠢᠷᠡᠪᠡ᠃
ᠰᠢ ᠵᠢᠨ ᠫᠢᠩ ᠪᠣᠯᠤᠨ ᠫᠸᠩ ᠯᠢ ᠶᠤᠸᠠᠨ ᠬᠠᠯᠠᠭᠤᠨ᠎ᠢᠶᠠᠷ ᠤᠭᠲᠤᠵᠤ᠂ ᠲᠡᠳᠡᠨ᠎ᠲᠡᠶ ᠳᠣᠲᠣᠨᠣ᠎ᠪᠠᠷ ᠭᠠᠷ ᠠᠳᠬᠤᠯᠴᠠᠭᠰᠠᠨ ᠪᠥᠭᠡᠳ ᠬᠠᠮᠲᠤ᠎ᠶᠢᠨ ᠬᠡᠷᠡᠯ ᠵᠢᠷᠤᠬ ᠲᠠᠲᠠᠭᠤᠯᠵᠤ ᠳᠤᠷᠠᠰᠬᠠᠯ ᠦᠯᠡᠳᠡᠭᠡᠪᠡ᠃
ᠢᠷᠠᠭᠤ ᠤᠶᠠᠩᠭᠠᠯᠢᠬ ᠵᠣᠴᠢᠨ ᠤᠭᠲᠤᠬᠤ ᠠᠶᠠᠰ ᠤ᠋ᠨ ᠳᠤᠮᠳᠠ᠂ ᠰᠢ ᠵᠢᠨ ᠫᠢᠩ ᠪᠣᠯᠤᠨ ᠫᠸᠩ ᠯᠢ ᠶᠤᠸᠠᠨ ᠵᠣᠴᠢᠳ᠎ᠲᠠᠶ ᠬᠠᠮᠲᠤ᠌ ᠳᠠᠶ᠋ᠢᠯᠠᠯᠭ᠎ᠠ᠎ᠶᠢᠨ ᠲᠢᠩᠬᠢᠮ᠎ᠳᠦ ᠠᠯᠬᠤᠨ ᠣᠷᠣᠪᠠ᠃

11 ᠰᠠᠷ᠎ᠠ᠎ᠶᠢᠨ 18 ᠤ᠋ ᠤᠷᠤᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠠᠳᠤᠨ ᠫᠸᠩ ᠯᠢ ᠶᠤᠸᠠᠨ ᠲᠠᠶ ᠪᠠᠨ ᠱᠧᠨᠵᠧᠨ ᠦ ᠤᠯᠠᠨ ᠤᠯᠤᠰ ᠤᠨ ᠰᠣᠯᠢᠯᠴᠠᠭᠠᠨ ᠤ ᠲᠥᠪ᠎ᠲᠦ᠍ ᠳᠠᠶ᠋ᠢᠯᠠᠯᠭ᠎ᠠ ᠬᠢᠵᠦ᠍᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠭᠤᠴᠢᠨ ᠭᠤᠷᠪᠠᠳᠤᠭᠠᠷ ᠤᠳᠠᠭ᠎ᠠ᠎ᠶᠢᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠢᠷᠡᠭᠰᠡᠨ ᠵᠣᠴᠢᠳ᠎ᠢ ᠤᠭᠲᠤᠪᠠ᠃ ᠵᠢᠷᠤᠭ ᠪᠤᠯ ᠰᠢ ᠵᠢᠨ ᠫᠢᠩ ᠪᠤᠯᠤᠨ ᠫᠸᠩ ᠯᠢ ᠶᠤᠸᠠᠨ ᠵᠤᠴᠢᠳ ᠲᠠᠢ ᠬᠠᠮᠳᠤ ᠵᠢᠨ ᠬᠡᠷᠡᠯ ᠵᠢᠷᠤᠬ ᠲᠠᠳᠠᠭᠤᠯᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠯᠢ ᠰᠢᠶᠠᠩ ᠰᠡᠬᠦᠳᠡᠷᠯᠡᠪᠡ
ᠰᠢ ᠵᠢᠨ ᠫᠢᠩ ᠪᠠᠶᠠᠷ᠎ᠤᠨ ᠦᠭᠡ ᠬᠡᠯᠡᠵᠦ᠍᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠡᠮᠦᠨ᠎ᠡ᠎ᠡᠴᠡ ᠬᠦᠨᠳᠦᠲᠦ᠍ ᠵᠣᠴᠢᠳ ᠳᠤᠮᠳᠠᠳᠤ ᠤᠯᠤᠰ᠎ᠲᠤ᠌ ᠢᠷᠡᠵᠥ᠍ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠭᠤᠴᠢᠨ ᠭᠤᠷᠪᠠᠳᠤᠭᠠᠷ ᠤᠳᠠᠭ᠎ᠠ᠎ᠶᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠢᠷᠡᠭᠰᠡᠨ᠎ᠢ ᠪᠠᠶᠠᠷᠯᠠᠨ ᠤᠭᠲᠤᠪᠠ᠃
ᠰᠢ ᠵᠢᠨ ᠫᠢᠩ᠂ ᠮᠢᠩᠭᠠᠨ ᠣᠨ᠎ᠤ ᠳᠤᠮᠳᠠᠳᠤ ᠤᠯᠤᠰ᠎ᠢ ᠦᠵᠡᠬᠦ ᠬᠡᠪᠡᠯ ᠰᠢ ᠠᠨ᠎ᠳᠤ ᠣᠴᠢᠵᠤ᠂ ᠲᠠᠪᠤᠨ ᠵᠠᠭᠤᠨ ᠵᠢᠯ᠎ᠦᠨ ᠳᠤᠮᠳᠠᠳᠤ ᠤᠯᠤᠰ᠎ᠢ ᠦᠵᠡᠬᠦ ᠬᠡᠪᠡᠯ ᠪᠡᠭᠡᠵᠢᠩ᠎ᠳᠦ ᠣᠴᠢᠵᠤ᠂ ᠵᠠᠭᠤᠨ ᠵᠢᠯ᠎ᠦᠨ ᠳᠤᠮᠳᠠᠳᠤ ᠤᠯᠤᠰ᠎ᠢ ᠦᠵᠡᠬᠦ ᠬᠡᠪᠡᠯ ᠱᠠᠩᠬᠠᠢ᠎ᠳᠤ ᠣᠴᠢᠵᠤ᠂ ᠲᠠᠪᠢᠨ ᠵᠢᠯ᠎ᠦᠨ ᠳᠤᠮᠳᠠᠳᠤ ᠤᠯᠤᠰ᠎ᠢ ᠦᠵᠡᠬᠦ ᠬᠡᠪᠡᠯ ᠱᠧᠨᠵᠧᠨ᠎ᠳᠦ ᠢᠷᠡᠭᠡᠷᠠᠢ᠃ ᠨᠡᠭᠡᠭᠡᠯᠳᠡ ᠬᠢᠬᠦ᠌ ᠪᠣᠯ ᠱᠧᠨᠵᠧᠨ᠎ᠦ ᠲᠥᠷᠥᠯᠬᠢ᠎ᠶᠢᠨ ᠭᠧᠨ᠂ ᠰᠢᠨ᠎ᠡ᠎ᠶᠢ ᠡᠭᠦᠳᠬᠦ᠌ ᠪᠣᠯ ᠱᠧᠨᠵᠧᠨ᠎ᠦ ᠠᠮᠢᠵᠢᠷᠠᠯ᠎ᠤᠨ ᠬᠦᠴᠦᠨ᠂ ᠬᠠᠮᠲᠤᠷᠠᠯᠴᠠᠭ᠎ᠠ ᠬᠢᠬᠦ ᠪᠣᠯ ᠱᠧᠨᠵᠧᠨ᠎ᠦ ᠬᠦᠴᠦᠨ ᠴᠢᠳᠠᠯ᠎ᠤᠨ ᠡᠬᠢ ᠰᠤᠷᠪᠤᠯᠵᠢ ᠮᠥᠨ᠃ ᠱᠧᠨᠵᠧᠨ᠎ᠦ ᠦᠯᠢᠭᠡᠷ ᠪᠣᠯ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ᠎ᠶᠢᠨ ᠬᠤᠷᠢᠶᠠᠩᠭᠤᠢ ᠵᠢᠷᠤᠬᠯᠠᠯ᠂ ᠮᠥᠨ ᠴᠦ᠍ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤᠷᠠᠯᠴᠠᠭᠠᠨ᠎ᠤ ᠠᠮᠵᠢᠯᠲᠠ᠎ᠲᠠᠶ ᠵᠢᠱ᠌ᠢᠶ᠎ᠡ ᠪᠣᠯᠤᠨ᠎ᠠ ᠭᠡᠵᠤ ᠵᠢᠭᠠᠵᠤ ᠭᠠᠷᠭᠠᠪᠠ᠃
ᠰᠢ ᠵᠢᠨ ᠫᠢᠩ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠭᠳᠠᠭᠰᠠᠨ᠎ᠡᠴᠡ ᠨᠠᠭᠠᠰᠢ᠂ ᠨᠡᠬᠡᠬᠡᠯᠳᠡ ᠬᠢᠬᠦ᠌᠂ ᠰᠢᠨ᠎ᠡ᠎ᠶᠢ ᠡᠭᠦᠳᠬᠦ᠌᠂ ᠬᠠᠮᠲᠤᠷᠠᠯᠴᠠᠭ᠎ᠠ ᠬᠢᠬᠦ ᠪᠣᠯ ᠲᠡᠭᠦᠨ᠎ᠦ ᠢᠯᠡ ᠲᠣᠳᠣ ᠢᠯᠡᠷᠭᠡᠢᠯᠡᠯ ᠳᠡᠮᠳᠡᠭ ᠪᠣᠯᠤᠭᠰᠠᠭᠠᠷ ᠢᠷᠡᠵᠡᠢ᠃ ᠰᠢᠶᠠᠲ᠋ᠸᠯᠳ᠋ᠤ ᠠᠩᠬ᠎ᠠ ᠤᠳᠠᠭ᠎ᠠ ᠭᠠᠷ ᠠᠳᠬᠤᠭᠰᠠᠨ᠎ᠡᠴᠡ ᠠᠪᠤᠭᠠᠳ ᠶᠠᠨ ᠴᠢ ᠬᠣ᠌ ᠨᠠᠭᠤᠷ᠎ᠤᠨ ᠲᠡᠦᠬᠡ᠎ᠶᠢᠨ ᠦᠪᠡᠳᠡᠭᠰᠢ ᠴᠤᠭᠯᠠᠭᠠᠨ ᠬᠦᠷᠲᠡᠯ᠎ᠡ᠂ ᠮᠤᠤ ᠡᠦᠶᠢᠨ ᠬᠠᠷᠠᠯᠲᠠ᠎ᠶᠢᠨ ᠲᠥᠪ ᠴᠢᠩᠭ᠎ᠠ ᠠᠮᠠᠯᠠᠯᠲᠠ᠎ᠡᠴᠡ ᠠᠪᠤᠭᠠᠳ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ᠎ᠤ ᠬᠠᠮᠲᠤ᠎ᠶᠢᠨ ᠴᠣᠭᠴᠠ᠎ᠶᠢᠨ ᠠᠤᠭ᠎ᠠ ᠶᠡᠬᠡ ᠬᠦᠰᠡᠯ ᠪᠠᠷᠠᠯᠠᠯ ᠬᠦᠷᠲᠡᠯ᠎ᠡ᠂ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ᠎ᠤ ᠠᠵᠤ ᠠᠬᠤᠶ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ ᠢᠮᠠᠭᠲᠠ ᠴᠠᠭ ᠦᠶ᠎ᠡ᠎ᠶᠢᠨ ᠬᠠᠨᠳᠤᠰᠢ᠎ᠶᠢ ᠡᠵᠡᠮᠳᠡᠵᠦ᠍᠂ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ᠎ᠤ ᠠᠵᠤ ᠠᠬᠤᠶ᠎ᠶᠢᠨ ᠨᠢᠭᠡ ᠴᠤᠭᠴᠠᠵᠢᠯᠲᠠ᠎ᠶᠢᠨ ᠠᠬᠢᠴᠠ᠎ᠶᠢ ᠬᠥᠲᠥᠯᠥᠨ ᠳᠠᠭᠠᠭᠤᠯᠵᠤ᠂ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ᠎ᠢ ᠳᠡᠮᠵᠢᠵᠦ᠍ ᠪᠦᠬᠦ᠌ ᠪᠥᠮᠪᠥᠷᠴᠡᠭ᠎ᠦᠨ ᠠᠵᠤ ᠠᠬᠤᠶ᠎ᠶᠢᠨ ᠬᠠᠮᠤᠭ᠎ᠤᠨ ᠠᠮᠢᠵᠢᠷᠠᠯ᠎ᠤᠨ ᠬᠦᠴᠦᠨ᠎ᠲᠡᠶ ᠭᠠᠵᠠᠷ ᠣᠷᠣᠨ ᠪᠠ ᠴᠢᠬᠤᠯᠠ ᠨᠡᠮᠡᠭᠳᠡᠯ᠎ᠦᠨ ᠬᠥᠳᠡᠯᠭᠡᠭᠦᠷ ᠪᠣᠯᠭᠠᠭᠰᠠᠨ ᠪᠠᠶ᠋ᠢᠨ᠎ᠠ᠃ ᠳᠤᠮᠳᠠᠳᠤ ᠤᠯᠤᠰ ᠡᠨᠡ ᠵᠢᠯ᠎ᠦᠨ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠡᠷᠬᠢᠯᠡᠭᠴᠢ ᠤᠯᠤᠰ ᠤ᠋ᠨ ᠲᠤᠰᠢᠶᠠᠯ ᠢ᠋ ᠡᠬᠦᠷᠭᠡᠯᠡᠭᠰᠡᠨ ᠡᠴᠡ ᠨᠠᠭᠠᠰᠢ᠂ 16 ᠬᠤᠳᠠ᠎ᠳᠤ 300 ᠭᠠᠷᠤᠢ ᠲᠠᠯᠠᠪᠤᠷ ᠬᠤᠷᠠᠯ ᠪᠠ ᠠᠵᠢᠯᠯᠠᠭ᠎ᠠ ᠥᠷᠨᠢᠭᠦᠯᠵᠦ᠍᠂ 《ᠳᠤᠮᠳᠠᠳᠤ ᠤᠯᠤᠰ᠎ᠤᠨ ᠣᠨ》 ᠤ᠋ ᠨᠡᠩ ᠤᠯᠠᠨ ᠴᠢᠬᠤᠯᠠ ᠦᠷ᠎ᠡ ᠪᠦᠲᠦᠭᠡᠯ ᠤᠯᠬᠤ᠎ᠳᠤ ᠬᠤᠪᠢ ᠨᠡᠮᠡᠷᠢ ᠦᠵᠡᠭᠦᠯᠵᠦ᠍᠂ ᠮᠠᠷᠭᠠᠰᠢ᠎ᠶᠢᠨ ᠤᠳᠤᠷᠢᠳᠬᠤ ᠬᠥᠮᠦᠰ᠎ᠦᠨ ᠬᠤᠷᠠᠯ ᠳᠡᠭᠡᠷ᠎ᠡ ᠡᠯ᠎ᠡ ᠲᠠᠯ᠎ᠠ᠎ᠶᠢᠨ ᠬᠢᠨᠯᠤᠭᠡ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤᠷᠠᠯᠴᠠᠭᠠᠨ᠎ᠤ ᠶᠡᠬᠡ ᠪᠤᠳᠤᠯᠭ᠎ᠠ᠎ᠶᠢ ᠬᠠᠮᠲᠤ᠎ᠪᠠᠷ ᠵᠥᠪᠯᠡᠵᠦ᠍᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠥᠭᠵᠢᠯᠲᠡ᠎ᠶᠢᠨ ᠶᠡᠬᠡ ᠦᠢᠯᠡᠰ᠎ᠢ ᠬᠠᠮᠲᠤ᠎ᠪᠠᠷ ᠪᠦᠲᠦᠭᠡᠬᠦ᠌᠎ᠶᠢ ᠬᠦᠰᠡᠵᠦ᠍ ᠪᠠᠶ᠋ᠢᠨ᠎ᠠ ᠭᠡᠵᠤ ᠴᠢᠬᠤᠯᠠᠴᠢᠯᠠᠪᠠ᠃
ᠳᠠᠶ᠋ᠢᠯᠠᠯᠭ᠎ᠠ᠎ᠶᠢᠨ ᠲᠠᠷᠠᠭ᠎ᠠ᠂ ᠰᠢ ᠵᠢᠨ ᠫᠢᠩ ᠪᠣᠯᠤᠨ ᠫᠸᠩ ᠯᠢ ᠶᠤᠸᠠᠨ ᠬᠦᠷᠦᠯᠴᠡᠨ ᠢᠷᠡᠭᠰᠡᠨ ᠵᠣᠴᠢᠳ᠎ᠲᠠᠶ ᠬᠠᠮᠲᠤ᠌ ᠤᠷᠠᠨ ᠰᠠᠶ᠋ᠢᠬᠠᠨ᠎ᠤ ᠲᠣᠭᠯᠠᠯᠲᠠ᠎ᠶᠢ ᠰᠣᠨᠢᠷᠬᠠᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠪᠣᠯᠪᠠᠰᠤᠨ᠎ᠤ ᠰᠣᠯᠪᠢᠴᠠᠨ ᠬᠡᠷᠡᠯᠳᠤᠵᠤ᠂ ᠭᠤᠤ᠎ᠠ ᠰᠠᠶ᠋ᠢᠬᠠᠨ᠎ᠢᠶᠠᠨ ᠬᠠᠮᠲᠤᠳᠬᠠᠭᠰᠠᠨ ᠦᠪᠡᠳᠡᠭᠰᠢ ᠦᠵᠡᠮᠵᠢ᠎ᠶᠢ ᠰᠣᠨᠢᠷᠬᠠᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢᠨ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ᠌᠂ ᠭᠠᠷ ᠬᠣᠯᠪᠣᠯᠴᠠᠨ ᠰᠡᠳᠬᠢᠯ ᠨᠢᠭᠡᠳᠬᠦ᠌ ᠡᠶ᠎ᠡ ᠵᠣᠬᠢᠴᠠᠩᠭᠤᠢ ᠨᠠᠶ᠋ᠢᠷᠠᠯᠢ ᠮᠡᠳᠡᠷᠡᠪᠡ᠃
ᠼᠠᠢ ᠴᠢ᠂ ᠸᠠᠩ ᠢ ᠂ ᠾᠧ ᠯᠢ ᠹᠸᠩ᠂ ᠬᠤᠸᠠᠩ ᠺᠦᠨ ᠮᠢᠩ᠂ ᠸᠠᠩ ᠰᠢᠶᠤᠤ ᠬᠣᠩᠨᠠᠷ ᠠᠵᠢᠯᠯᠠᠭ᠎ᠠ᠎ᠳᠤ ᠣᠷᠣᠯᠴᠠᠵᠠᠢ᠃
(ᠰᠢᠨᠬᠤᠸᠠ ᠬᠣᠷᠢᠶ᠎ᠠ ᠵᠢᠨ ᠱᠧᠨᠵᠧᠨ᠎ᠦ 11 ᠰᠠᠷ᠎ᠠ᠎ᠶᠢᠨ 18 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃