ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-19 10:36:23

ᠵᠣᠬᠢᠶᠠᠭ᠍ᠴᠢ᠄ ​ ᠹᠸᠩ ᠰᠢᠨ ᠷᠠᠨ ᠵᠧᠦ ᠴᠢᠶᠠᠩ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 18 ᠤ᠋ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ ᠲᠤ᠌ ᠢᠷᠡᠭᠰᠡᠨ ᠤᠷᠤᠰ᠎ᠤᠨ ᠶᠡᠷᠦᠩᠬᠡᠢᠯᠡᠭᠴᠢ ᠫᠦᠲ᠋ᠢᠨ ᠲᠠᠢ ᠠᠭᠤᠯᠵᠠᠪᠠ᠃

ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠷᠤᠰ᠎ᠤᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ ᠪᠠᠢᠭᠤᠯᠤᠭᠳᠠᠭᠰᠠᠨ 30 ᠵᠢᠯ᠎ᠦᠨ ᠤᠢ ᠪᠣᠯᠬᠤ ᠪᠥᠭᠡᠳ 《ᠳᠤᠮᠳᠠᠳᠤ ᠤᠷᠤᠰ᠎ᠤᠨ ᠡᠶᠡᠯᠳᠡᠭ ᠬᠥᠷᠰᠢ᠎ᠶᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ》 ᠲᠣᠭᠲᠠᠭᠰᠠᠨ 25 ᠵᠢᠯ᠎ᠦᠨ ᠤᠢ ᠪᠣᠯᠣᠨ᠎ᠠ᠃ ᠳᠤᠮᠳᠠᠳᠤ ᠤᠷᠤᠰ᠎ᠤᠨ ᠬᠠᠷᠢᠯᠴᠠᠭ᠎ᠠ 《ᠰᠠᠯᠬᠢ ᠪᠣᠷᠣᠭᠠᠨ᠎ᠤ ᠲᠤᠮᠳᠠ ᠠᠭᠤᠯᠠ ᠬᠠᠳᠠ ᠮᠡᠳᠦ ᠰᠦᠭᠯᠡᠢᠬᠦ》 ᠮᠦᠷᠳᠡᠭᠡᠨ 《ᠠᠯᠤᠰ᠎ᠢ ᠪᠠᠷᠠᠯᠠᠨ ᠬᠤᠯᠠ ᠵᠢ ᠰᠢᠨᠵᠢᠵᠤ》᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠷᠲᠢᠨᠴᠦ᠎ᠳᠦ ᠨᠡᠩ ᠤᠯᠠᠨ ᠲᠣᠭᠲᠠᠪᠤᠷᠢᠲᠤ ᠴᠢᠨᠠᠷ ᠪᠠ ᠲᠣᠭᠲᠠᠭᠠᠯᠲᠤ ᠴᠢᠨᠠᠷ᠎ᠢ ᠬᠠᠩᠭᠠᠵᠤ᠂ ᠡᠷᠬᠡ ᠲᠡᠭᠰᠢ᠎ᠪᠡᠷ ᠬᠠᠨᠳᠤᠯᠴᠠᠬᠤ᠂ ᠬᠠᠷᠢᠯᠴᠠᠨ ᠬᠦᠨᠳᠦᠳᠬᠡᠬᠦ᠂ ᠢᠲᠡᠭᠡᠯ᠎ᠢ ᠴᠢᠬᠤᠯᠠᠴᠢᠯᠠᠵᠤ ᠵᠢᠷᠤᠮ᠎ᠢ ᠰᠠᠬᠢᠬᠤ᠂ ᠬᠠᠮᠲᠤᠷᠠᠯᠴᠠᠵᠤ ᠬᠠᠮᠲᠤ᠎ᠪᠠᠷ ᠠᠰᠢᠭ᠋ ᠬᠦᠷᠳᠡᠬᠦ ᠰᠢᠨ᠎ᠡ ᠬᠡᠯᠪᠡᠷᠢ᠎ᠶᠢᠨ ᠲᠣᠮᠣ᠌ ᠤᠯᠤᠰ᠎ᠤᠨ ᠬᠠᠷᠢᠯᠴᠠᠭ᠎ᠠ᠎ᠶᠢᠨ ᠬᠡᠪ ᠳᠠᠭᠤᠷᠢᠶᠠᠯ᠎ᠢ ᠪᠤᠢ ᠪᠣᠯᠭᠠᠪᠠ᠃ ᠢᠷᠡᠭᠡᠳᠦᠢ᠎ᠳᠦ ᠬᠠᠨᠳᠤᠵᠤ᠂ ᠬᠣᠶᠠᠷ ᠲᠠᠯ᠎ᠠ᠎ᠪᠠᠷ᠎ᠢᠶᠠᠨ ᠵᠠᠮ ᠨᠡᠭᠡᠭᠡᠨ ᠤᠷᠤᠭᠰᠢᠯᠠᠬᠤ ᠠᠮᠢᠵᠢᠷᠠᠯ᠎ᠤᠨ ᠬᠦᠴᠦᠨ᠎ᠢᠶᠡᠨ ᠡᠭᠡᠨᠡᠭᠳᠡ ᠪᠠᠲᠤᠯᠠᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠷᠤᠰ᠎ᠤᠨ ᠬᠠᠷᠢᠯᠴᠠᠭᠠᠨ᠎ᠤ ᠳᠠᠯᠳᠠ ᠬᠦᠴᠦᠨ ᠪᠠ ᠠᠭᠤᠯᠤᠭᠳᠠᠬᠤᠨ᠎ᠢ ᠲᠠᠰᠤᠷᠠᠯᠲᠠ ᠦᠭᠡᠢ ᠠᠭᠤᠳᠠᠯᠤᠶ᠎ᠠ; ᠯᠠᠪᠳᠠᠭᠤᠨ ᠪᠠᠲᠤᠲᠠᠢ ᠪᠠᠢᠬᠤ ᠵᠢ ᠪᠠᠷᠢᠮᠲᠠᠯᠠᠵᠤ᠂ ᠬᠣᠶᠠᠷ ᠤᠯᠤᠰ᠎ᠤᠨ ᠪᠦᠬᠦ ᠲᠠᠯ᠎ᠠ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠦᠶ᠎ᠡ; ᠲᠣᠮᠣ᠌ ᠤᠯᠤᠰ᠎ᠤᠨ ᠪᠠᠢᠪᠠᠰᠤ ᠵᠣᠬᠢᠬᠤ ᠬᠠᠷᠢᠭᠤᠴᠠᠯᠭ᠎ᠠ ᠪᠠ ᠡᠭᠦᠷᠭᠡᠯᠡᠯ᠎ᠢ ᠡᠷᠡᠰ ᠡᠭᠦᠷᠭᠡᠯᠡᠵᠦ᠂ ᠳᠡᠯᠡᠬᠡᠢ᠎ᠶᠢᠨ ᠤᠯᠠᠨ ᠲᠤᠢᠯᠵᠢᠯᠳᠡ ᠪᠠ ᠤᠯᠠᠨ ᠤᠯᠤᠰ᠎ᠤᠨ ᠬᠠᠷᠢᠯᠴᠠᠭᠠᠨ᠎ᠤ ᠠᠷᠠᠳᠴᠢᠯᠠᠯ ᠢ᠋ ᠬᠥᠲᠥᠯᠥᠨ ᠳᠠᠭᠠᠭᠤᠯᠵᠤ ᠠᠬᠢᠭᠤᠯᠤᠶ᠎ᠠ ᠭᠡᠵᠤ ᠵᠢᠭᠠᠵᠤ ᠭᠠᠷᠭᠠᠵᠠᠢ᠃

ᠰᠢ ᠵᠢᠨ ᠫᠢᠩ᠂ ᠬᠣᠶᠠᠷ ᠲᠠᠯ᠎ᠠ᠎ᠪᠠᠷ᠎ᠢᠶᠠᠨ ᠬᠣᠶᠠᠷ ᠤᠯᠤᠰ᠎ᠤᠨ ᠵᠠᠰᠠᠭ᠎ᠤᠨ ᠣᠷᠳᠣᠨ᠂ ᠬᠠᠤᠯᠢ ᠲᠣᠭᠲᠠᠭᠠᠬᠤ ᠪᠠᠢᠭᠤᠯᠤᠮᠵᠢ᠂ ᠴᠡᠷᠢᠭ ᠠᠩᠭᠢ᠂ ᠨᠠᠮ᠎ᠤᠨ ᠬᠣᠭᠣᠷᠣᠨᠳᠣᠬᠢ ᠶᠠᠪᠤᠯᠴᠠᠭᠠᠨ᠎ᠤ ᠲᠣᠭᠲᠠᠴᠠ᠎ᠶᠢᠨ ᠦᠢᠯᠡᠳᠦᠯ᠎ᠢ ᠪᠠᠳᠠᠷᠠᠭᠤᠯᠵᠤ᠂ ᠬᠣᠶᠠᠷ ᠤᠯᠤᠰ᠎ᠤᠨ ᠲᠡᠷᠢᠭᠦᠨ᠎ᠦ ᠲᠣᠬᠢᠷᠠᠯᠴᠠᠭᠰᠠᠨ ᠬᠠᠮᠲᠤ᠎ᠶᠢᠨ ᠲᠠᠨᠢᠯᠲᠠ᠎ᠶᠢ ᠪᠦᠲᠦᠮᠵᠢᠲᠡᠢ ᠨᠠᠢᠳᠠᠪᠤᠷᠢᠵᠢᠭᠤᠯᠬᠤ᠎ᠶᠢ ᠪᠠᠲᠤᠯᠠᠶ᠎ᠠ᠃ ᠳᠤᠮᠳᠠᠳᠤ ᠤᠷᠤᠰ᠎ᠤᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ ᠨᠢ ᠬᠠᠷᠢᠯᠴᠠᠨ ᠢᠲᠡᠭᠡᠯᠴᠡᠬᠦ ᠤᠯᠤᠰ ᠲᠦᠷᠦ᠎ᠶᠢᠨ ᠳᠠᠪᠠᠭᠤᠯᠢᠭ᠋᠂ ᠬᠥᠭᠵᠢᠨ ᠮᠠᠨᠳᠤᠬᠤ ᠬᠠᠮᠲᠤ᠎ᠶᠢᠨ ᠬᠠᠷᠠᠯᠲᠠ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠳᠡᠬᠦ ᠦᠨᠳᠦᠰᠦᠨ ᠯᠣᠭᠢᠭ᠋᠎ᠲᠠᠢ ᠶᠤᠮ᠂ ᠤᠳᠤ᠎ᠶᠢᠨ ᠪᠠᠢᠭ᠎ᠠ ᠬᠠᠮᠲᠤᠷᠠᠯᠴᠠᠭ᠎ᠠ᠎ᠪᠠᠨ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠨᠦᠬᠡᠴᠡ ᠪᠠᠨ ᠪᠡᠬᠢᠵᠢᠭᠦᠯᠦᠨ᠂ ᠨᠡᠮᠡᠭᠳᠡᠯ᠎ᠢᠶᠡᠨ ᠥᠷᠭᠡᠳᠬᠡᠪᠡᠯ ᠵᠣᠬᠢᠨ᠎ᠠ᠃ ᠨᠡᠩ ᠲᠣᠭᠲᠠᠭᠤᠨ᠂ ᠵᠢᠱ᠌ᠢᠵᠦ ᠪᠣᠯᠬᠤᠢᠴᠠ ᠪᠡᠯᠡ ᠣᠷᠣᠭᠤᠯᠤᠯᠲᠠ ᠪᠣᠯᠣᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠠᠩᠭᠠᠵᠤ᠂ ᠬᠣᠶᠠᠷ ᠤᠯᠤᠰ᠎ᠤᠨ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠋᠎ᠢ ᠰᠠᠢᠲᠤᠷ ᠬᠠᠮᠠᠭᠠᠯᠠᠶ᠎ᠠ᠃ ᠳᠤᠮᠳᠠᠳᠤ ᠤᠷᠤᠰ᠎ᠤᠨ ᠬᠥᠭᠵᠢᠯᠲᠡ ᠨᠢ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠥᠭᠵᠢᠯᠲᠡ᠎ᠲᠠᠢ ᠨᠢᠭ᠍ᠲᠠ ᠬᠣᠯᠪᠣᠯᠳᠤᠨ᠎ᠠ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ  ᠪᠤᠯ ᠬᠠᠮᠲᠤᠷᠠᠯᠴᠠᠭ᠎ᠠ᠎ᠶᠢ ᠴᠢᠩᠭᠠᠳᠬᠠᠬᠤ ᠴᠢᠬᠤᠯᠠ ᠲᠠᠪᠴᠠᠩ ᠮᠥᠨ᠃ ᠳᠤᠮᠳᠠᠳᠤ ᠤᠯᠤᠰ ᠳᠤᠷᠠᠲᠠᠶ᠎ᠠ ᠤᠷᠤᠰ᠎ᠢ ᠪᠠᠭᠲᠠᠭᠠᠭᠰᠠᠨ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠶᠡᠬᠡ ᠭᠡᠷ ᠪᠦᠯᠢ᠎ᠲᠠᠢ ᠬᠠᠮᠲᠤ᠎ᠪᠠᠷ  ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠥᠭᠵᠢᠯ ᠴᠡᠴᠡᠭᠯᠡᠯ᠎ᠦᠨ ᠶᠡᠬᠡ ᠪᠣᠳᠣᠯᠭ᠎ᠠ᠎ᠶᠢ ᠰᠦᠪᠡᠭᠴᠢᠯᠡᠵᠦ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠭᠠᠷ ᠬᠣᠯᠪᠣᠯᠴᠠᠨ ᠪᠠᠢᠭᠤᠯᠤᠨ᠎ᠠ ᠭᠡᠵᠤ ᠴᠢᠬᠤᠯᠠᠴᠢᠯᠠᠵᠠᠢ᠃

ᠫᠦᠲ᠋ᠢᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠠᠮᠵᠢᠯᠲᠠ᠎ᠲᠠᠢ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠵᠦ ᠪᠠᠢᠨ᠎ᠠ᠃ ᠡᠨᠡ ᠵᠢᠯ᠎ᠡᠴᠡ ᠨᠠᠭᠠᠰᠢ᠂ ᠪᠢ ᠲᠡᠷᠢᠭᠦᠯᠡᠭᠴᠢ ᠰᠢ ᠵᠢᠨ ᠫᠢᠩ᠎ᠲᠠᠢ 4 ᠤᠳᠠᠭ᠎ᠠ ᠲᠦᠢᠯ ᠤ᠋ᠨ ᠦᠷ᠎ᠠ ᠪᠦᠲᠦᠮᠵᠢᠲᠡᠢ ᠠᠭᠤᠯᠵᠠᠯᠲᠠ ᠬᠢᠵᠦ᠂ ᠤᠷᠤᠰ ᠳᠤᠮᠳᠠᠳᠤ᠎ᠶᠢᠨ ᠬᠠᠷᠢᠯᠴᠠᠭ᠎ᠠ᠎ᠶᠢᠨ ᠰᠠᠢᠨ ᠰᠠᠢᠬᠠᠨ ᠬᠥᠭᠵᠢᠯᠲᠡ᠎ᠶᠢᠨ ᠬᠠᠨᠳᠤᠰᠢ᠎ᠶᠢ ᠪᠠᠲᠤᠯᠠᠪᠠ᠂ ᠬᠣᠶᠠᠷ ᠲᠠᠯ᠎ᠠ᠎ᠶᠢᠨ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ ᠨᠢᠭ᠍ᠲᠠᠷᠠᠵᠤ᠂ ᠬᠣᠶᠠᠷ ᠲᠠᠯ᠎ᠠ᠎ᠶᠢᠨ ᠠᠷᠠᠯᠵᠢᠶᠠᠨ᠎ᠤ ᠬᠡᠮᠵᠢᠶ᠎ᠡ ᠲᠠᠬᠢᠨ ᠰᠢᠨ᠎ᠡ ᠲᠡᠮᠳᠡᠭᠯᠡᠯ᠎ᠢ ᠡᠭᠦᠳᠴᠦ᠂ ᠡᠯ᠎ᠡ ᠬᠦᠷᠢᠶᠡᠨ᠎ᠦ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ ᠲᠦᠷᠭᠡᠨ ᠠᠬᠢᠴᠠ᠎ᠲᠠᠢ ᠪᠣᠯᠵᠤ᠂ ᠤᠷᠤᠰ ᠳᠤᠮᠳᠠᠳᠤ᠎ᠶᠢᠨ ᠰᠤᠷᠭᠠᠨ ᠬᠥᠮᠦᠵᠢᠯ᠎ᠦᠨ ᠭᠣᠣᠯ ᠰᠡᠳᠦᠪᠲᠦ ᠣᠨ᠎ᠤ ᠠᠵᠢᠯᠯᠠᠭ᠎ᠠ ᠥᠷᠭᠡᠨ᠎ᠢᠶᠡᠷ ᠥᠷᠨᠢᠵᠦ᠂ ᠸᠢᠰᠠ ᠡᠴᠡ ᠬᠡᠯᠳᠦᠷᠢᠭᠦᠯᠬᠦ ᠲᠦᠷᠦ᠎ᠶᠢᠨ ᠪᠣᠳᠣᠯᠭ᠎ᠠ ᠬᠣᠶᠠᠷ ᠤᠯᠤᠰ᠎ᠤᠨ ᠬᠥᠮᠥᠰ᠎ᠦᠨ ᠶᠠᠪᠤᠯᠴᠠᠭ᠎ᠠ᠎ᠶᠢ ᠶᠡᠬᠡ᠎ᠪᠡᠷ ᠠᠬᠢᠭᠤᠯᠪᠠ᠃ ᠤᠷᠤᠰ᠎ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ 《ᠨᠢᠭᠳᠠ ᠲᠦᠰᠢᠭᠯᠡᠯᠴᠡᠬᠦ》ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠵᠤ᠂ ᠲᠤᠷᠰᠢᠯᠭ᠎ᠠ᠎ᠪᠠᠨ ᠳ᠋ᠦᠩᠨᠡᠵᠦ᠂ ᠢᠷᠡᠭᠡᠳᠦᠢ᠎ᠪᠡᠨ ᠲᠥᠯᠥᠪᠵᠢᠭᠦᠯᠵᠦ᠂ ᠠᠷᠠᠯᠵᠢᠶ᠎ᠠ᠂ ᠡᠨᠧᠷᠭᠢ᠂ ᠰᠤᠷᠭᠠᠨ ᠬᠥᠮᠦᠵᠢᠯ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠪᠠᠨ ᠭᠦᠨᠵᠡᠭᠡᠢ ᠥᠷᠭᠡᠳᠬᠡᠵᠦ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠥᠷᠭᠡᠳᠬᠡᠵᠦ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠳᠤᠷ ᠪᠤᠶᠠᠨ ᠦᠢᠯᠡᠳᠦᠨ᠎ᠡ᠃ ᠳᠤᠮᠳᠠᠳᠤ᠎ᠤᠯᠤᠰ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠢ ᠠᠮᠵᠢᠯᠲᠠ᠎ᠲᠠᠢ ᠡᠷᠬᠢᠯᠡᠭᠰᠡᠨ᠎ᠳᠦ ᠪᠠᠶᠠᠷ ᠬᠦᠷᠭᠡᠵᠤ ᠪᠠᠢᠨ᠎ᠠ᠃ ᠤᠷᠤᠰ᠎ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠥᠭᠵᠢᠯᠲᠡ᠎ᠶᠢᠨ ᠬᠠᠮᠲᠤᠷᠠᠯᠴᠠᠭ᠎ᠠ᠎ᠶᠢ ᠠᠬᠢᠭᠤᠯᠵᠤ᠂ ᠳᠡᠯᠡᠬᠡᠢ᠎ᠶᠢᠨ ᠤᠯᠠᠨ ᠲᠦᠢᠯᠵᠢᠯᠳᠠ ᠵᠢᠨ ᠠᠬᠢᠴᠠ᠎ᠶᠢ ᠬᠠᠮᠲᠤ᠎ᠪᠠᠷ ᠠᠬᠢᠭᠤᠯᠵᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠢ ᠪᠠᠶ᠋ᠢᠭᠤᠯᠬᠤ᠎ᠶᠢ ᠠᠬᠢᠭᠤᠯᠵᠤ᠂ ᠤᠯᠠᠨ ᠤᠯᠤᠰ᠎ᠤᠨ ᠬᠠᠷᠢᠯᠴᠠᠭᠠᠨ᠎ᠤ ᠲᠣᠭᠲᠠᠭᠤᠨ᠎ᠢ ᠬᠠᠮᠠᠭᠠᠯᠠᠬᠤ᠎ᠳᠤ ᠴᠢᠬᠤᠯᠠ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃

ᠼᠠᠢ ᠴᠢ᠂ ᠸᠠᠩ ᠢ᠂ ᠬᠤᠸᠠᠩ ᠺᠦᠨ ᠮᠢᠩ ᠨᠠᠷ ᠠᠭᠤᠯᠵᠠᠯᠲᠠ᠎ᠳᠤ ᠣᠷᠣᠯᠴᠠᠵᠠᠢ᠃

(ᠰᠢᠨᠬᠤᠸᠠ ᠬᠣᠷᠢᠶ᠎ᠠ ᠵᠢᠨ ᠱᠧᠨᠵᠧᠨ᠎ᠦ 11 ᠰᠠᠷ᠎ᠠ᠎ᠶᠢᠨ 18 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面