ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-19 10:34:51

ᠵᠣᠬᠢᠶᠠᠭ᠍ᠴᠢ᠄ ​ ᠮᠠ ᠵᠦᠸᠸ ᠶᠠᠨ ᠵᠤᠤ ᠬᠠᠨ ᠽᠸ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 18 ᠎ᠤ᠋ ᠦᠳᠡ᠎ᠶᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠦ ᠪᠦᠦ ᠠᠨ ᠤᠯᠠᠨ ᠤᠯᠤᠰ᠎ᠤᠨ ᠨᠢᠰᠬᠡᠯ᠎ᠦᠨ ᠪᠠᠭᠤᠳᠠᠯ᠎ᠳᠤ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ ᠲᠤ᠌ ᠢᠷᠡᠭᠰᠡᠨ ᠠᠮᠧᠷᠢᠺᠠ᠎ᠶᠢᠨ ᠶᠡᠷᠦᠩᠬᠡᠶ᠋ᠢᠯᠡᠭᠴᠢ ᠲᠸᠷᠠᠮᠫᠦ᠋ ᠵᠢ ᠤᠭᠲᠤᠪᠠ᠃

ᠵᠣᠴᠢᠨ ᠤᠭᠲᠤᠬᠤ ᠬᠥᠭᠵᠢᠮ᠎ᠦᠨ ᠳᠤᠮᠳᠠ᠂ ᠰᠢ ᠵᠢᠨ ᠫᠢᠩ ᠲᠸᠷᠠᠮᠫᠦ᠋ ᠲᠠᠢ ᠳᠣᠲᠣᠨᠣ᠎ᠪᠠᠷ ᠭᠠᠷ ᠠᠳᠬᠤᠪᠠ᠃ ᠭᠤᠷᠪᠠᠨ ᠵᠠᠮ᠎ᠤᠨ ᠴᠡᠷᠢᠭ᠎ᠦᠨ ᠶᠣᠰᠣᠯᠠᠯ᠎ᠤᠨ  ᠠᠩᠭᠢ ᠫᠤᠤ ᠡᠷᠭᠦᠬᠦ ᠶᠤᠰᠤ ᠭᠦᠢᠴᠡᠳᠭᠡᠵᠦ᠂ ᠪᠠᠭᠠᠴᠤᠳ ᠬᠡᠦᠬᠡᠳ ᠲᠸᠷᠠᠮᠫᠦ᠋᠎ᠳ᠋ᠤ ᠴᠡᠴᠡᠭ ᠬᠦᠷᠭᠡᠪᠡ᠃ ᠳᠤᠮᠳᠠᠳᠤ ᠠᠮᠧᠷᠢᠺᠠ ᠬᠣᠶᠠᠷ ᠤᠯᠤᠰ᠎ᠤᠨ ᠤᠯᠤᠰ᠎ᠤᠨ ᠲᠤᠭ ᠰᠠᠯᠬᠢᠨ᠎ᠤ ᠠᠶ᠎ᠠ᠎ᠪᠠᠷ ᠨᠠᠮᠢᠷᠠᠵᠤ᠂ ᠴᠡᠷᠢᠭ᠎ᠦᠨ ᠬᠥᠭᠵᠢᠮ᠎ᠦᠨ ᠪᠦᠯᠬᠦᠮ ᠬᠣᠶᠠᠷ ᠤᠯᠤᠰ᠎ᠤᠨ ᠰᠦᠯᠳᠡ ᠳᠠᠭᠤᠤ᠎ᠶᠢ ᠬᠥᠭᠵᠢᠮᠳᠡᠵᠦ᠍᠂ ᠪᠠᠶ᠋ᠢᠯᠳᠤᠭᠠᠨ᠎ᠤ ᠨᠢᠰᠬᠡᠯ ᠨᠢᠰᠭᠡᠵᠤ ᠶᠤᠰᠤ ᠭᠦᠢᠴᠡᠳᠭᠡᠪᠡ᠃ ᠬᠣᠶᠠᠷ ᠤᠯᠤᠰ᠎ᠤᠨ ᠲᠡᠷᠢᠭᠦᠨ ᠵᠠᠯᠠᠭᠤᠴᠤᠳ᠎ᠤᠨ ᠤᠭᠲᠤᠯᠭ᠎ᠠ᠎ᠶᠢᠨ ᠠᠩᠭᠢ ᠵᠦᠭ ᠭᠠᠷ ᠳᠠᠯᠠᠯᠤᠨ ᠮᠡᠨᠳᠦᠴᠢᠯᠡᠪᠡ᠃

ᠰᠢ ᠵᠢᠨ ᠫᠢᠩ᠂ ᠡᠨᠡ ᠵᠢᠯ᠎ᠦᠨ 9 ᠰᠠᠷ᠎ᠠ᠎ᠳᠤ ᠪᠢ ᠠᠮᠧᠷᠢᠺᠠ᠎ᠳᠤ ᠠᠶ᠋ᠢᠯᠴᠢᠯᠠᠬᠤ ᠦᠶ᠎ᠡ᠎ᠳᠦ᠂ ᠶᠡᠷᠦᠩᠬᠡᠶ᠋ᠢᠯᠡᠭᠴᠢ ᠲᠸᠷᠠᠮᠫᠦ᠋ ᠬᠠᠳᠤᠨ᠎ᠲᠠᠶ᠎ᠪᠠᠨ ᠲᠤᠰᠬᠠᠶ᠋ᠢᠯᠠᠨ ᠨᠢᠰᠬᠡᠯ᠎ᠦᠨ ᠪᠠᠭᠤᠳᠠᠯ᠎ᠳᠤ ᠬᠦᠷᠴᠦ᠍ ᠤᠭᠲᠤᠭᠰᠠᠨ ᠪᠥᠭᠡᠳ ᠦᠪᠡᠳᠡᠭᠰᠢ ᠶᠡᠬᠡ ᠤᠭᠲᠤᠬᠤ ᠶᠣᠰᠣᠯᠠᠯ ᠶᠠᠪᠤᠭᠤᠯᠪᠠ᠃ ᠳᠤᠮᠳᠠᠳᠤ ᠤᠯᠤᠰ ᠪᠣᠯ ᠶᠣᠰᠣᠯᠠᠯ᠎ᠢ ᠡᠷᠬᠢᠮᠯᠡᠳᠡᠭ ᠤᠯᠤᠰ᠂ ᠶᠣᠰᠣᠷᠬᠠᠭ᠎ᠢᠶᠠᠷ ᠶᠠᠪᠤᠯᠴᠠᠬᠤ ᠤᠯᠠᠮᠵᠢᠯᠠᠯ᠎ᠲᠠᠶ᠃ ᠪᠢ ᠲᠠᠨ᠎ᠤ ᠳᠤᠮᠳᠠᠳᠤ ᠤᠯᠤᠰ᠎ᠲᠤ᠌ ᠳᠠᠬᠢᠨᠲᠠ ᠠᠶ᠋ᠢᠯᠴᠢᠯᠠᠭᠰᠠᠨ ᠢ᠋ ᠪᠠᠶᠠᠷᠯᠠᠨ ᠤᠭᠲᠤᠵᠤ ᠪᠠᠶ᠋ᠢᠨ᠎ᠠ᠂ ᠲᠠᠨ ᠲᠠᠢ ᠳᠤᠮᠳᠠᠳᠤ ᠠᠮᠧᠷᠢᠺᠠ᠎ᠶᠢᠨ ᠬᠠᠷᠢᠯᠴᠠᠭ᠎ᠠ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤᠷᠠᠯᠴᠠᠭ᠎ᠠ ᠪᠣᠯᠤᠨ ᠳᠡᠯᠡᠬᠡᠢ᠎ᠶᠢᠨ ᠪᠠᠶ᠋ᠢᠷᠢᠰᠢᠯ᠎ᠳᠤ ᠬᠣᠯᠪᠣᠭᠳᠠᠬᠤ ᠴᠢᠬᠤᠯᠠ ᠶᠡᠬᠡ ᠠᠰᠠᠭᠤᠳᠠᠯ᠎ᠤᠨ ᠲᠤᠬᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠬᠦᠨᠳᠦᠳᠭᠡᠬᠦ᠂ ᠲᠦᠪ ᠭᠤᠤᠯᠴᠢ᠂ ᠡᠷᠬᠡ ᠲᠡᠭᠰᠢ᠎ᠪᠠᠢᠬᠤ ᠳ᠋ᠤ ᠰᠠᠭᠤᠷᠢᠯᠠᠭᠰᠠᠨ ᠳᠤᠮᠳᠠᠳᠤ ᠠᠮᠧᠷᠢᠺᠠ᠎ᠶᠢᠨ ᠪᠦᠲᠦᠭᠡᠯᠴᠢ ᠴᠢᠨᠠᠷᠲᠠᠢ ᠪᠠᠶ᠋ᠢᠯᠳᠤᠬᠤ ᠪᠤᠳᠤᠯᠭ᠎ᠠ᠎ᠶᠢᠨ ᠲᠣᠭᠲᠠᠭᠤᠨ ᠬᠠᠷᠢᠯᠴᠠᠭ᠎ᠠ ᠵᠢ ᠤᠷᠤᠭᠰᠢ ᠠᠬᠢᠭᠤᠯᠤᠨ ᠬᠦᠭᠵᠢᠬᠦᠯᠬᠦ ᠎ᠶᠢ ᠬᠦᠰᠡᠵᠦ᠍ ᠪᠠᠶ᠋ᠢᠨ᠎ᠠ ᠭᠡᠵᠦ ᠢᠯᠡᠳᠭᠡᠪᠡ᠃

ᠲᠸᠷᠠᠮᠫᠦ᠋᠂ ᠲᠡᠷᠢᠭᠦᠯᠡᠭᠴᠢ ᠰᠢ ᠵᠢᠨ ᠫᠢᠩ᠎ᠦᠨ ᠪᠡᠶ᠎ᠡ᠎ᠪᠡᠷ᠎ᠢᠶᠡᠨ ᠨᠢᠰᠬᠡᠯ᠎ᠦᠨ ᠪᠠᠭᠤᠳᠠᠯ᠎ᠳᠤ ᠢᠷᠡᠵᠦ ᠤᠭᠲᠤᠭᠰᠠᠨ᠎ᠳᠤ ᠲᠠᠯᠠᠷᠬᠠᠵᠤ ᠪᠠᠶ᠋ᠢᠨ᠎ᠠ᠂ ᠳᠤᠮᠳᠠᠳᠤ᠎ᠤᠯᠤᠰ  ᠤ᠋ᠨ ᠣᠨᠴᠠᠭᠠᠢ ᠲᠤᠬᠢᠷᠠᠭᠤᠯᠤᠯᠳᠠ ᠎ᠳᠤ ᠲᠠᠯᠠᠷᠬᠠᠵᠤ ᠪᠠᠶ᠋ᠢᠨ᠎ᠠ᠂ ᠠᠭᠤᠤ ᠶᠡᠬᠡ ᠳᠤᠮᠳᠠᠳᠤ ᠤᠯᠤᠰ᠎ᠲᠤ᠌ ᠳᠠᠬᠢᠨᠲᠠ ᠠᠶ᠋ᠢᠯᠴᠢᠯᠠᠭᠰᠠᠨ᠎ᠳᠠᠭᠠᠨ ᠮᠠᠰᠢ ᠪᠠᠶᠠᠷᠯᠠᠵᠤ ᠪᠠᠶ᠋ᠢᠨ᠎ᠠ᠃ ᠲᠡᠷᠢᠭᠦᠯᠡᠭᠴᠢ ᠰᠢ ᠵᠢᠨ ᠫᠢᠩ ᠪᠣᠯ ᠠᠭᠤᠤ ᠶᠡᠬᠡ ᠤᠳᠤᠷᠢᠳᠤᠭᠴᠢ ᠮᠥᠨ᠂ ᠲᠡᠷᠢᠭᠦᠯᠡᠭᠴᠢ ᠰᠢ ᠵᠢᠨ ᠫᠢᠩ᠎ᠲᠡᠶ ᠠᠭᠤᠯᠵᠠᠬᠤ ᠪᠦᠷᠢ ᠮᠠᠰᠢ ᠪᠠᠶᠠᠷ ᠲᠠᠢ ᠪᠠᠶ᠋ᠢᠳᠠᠭ᠂ ᠡᠨᠡ ᠤᠳᠠᠭ᠎ᠠ ᠎ᠶᠢᠨ ᠠᠶ᠋ᠢᠯᠴᠢᠯᠠᠯᠲᠠ ᠨᠢ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠎ᠶᠢ ᠤᠯᠠᠮ ᠨᠢᠭᠡ ᠠᠯᠬᠤᠮ ᠠᠬᠢᠭᠤᠯᠵᠤ᠂ ᠲᠡᠭᠦᠰ ᠠᠮᠵᠢᠯᠲᠠ ᠤᠯᠬᠤ᠎ᠶᠢ ᠢᠲᠡᠭᠡᠵᠦ᠍ ᠪᠠᠶ᠋ᠢᠨ᠎ᠠ ᠭᠡᠵᠦ ᠢᠯᠡᠳᠭᠡᠪᠡ᠃

ᠼᠠᠢ ᠴᠢ᠂ ᠸᠠᠩ  ᠢ᠂ ᠬᠤᠸᠠᠩ ᠺᠦᠨ ᠮᠢᠩ ᠣᠷᠣᠯᠴᠠᠪᠠ᠃

(ᠰᠢᠨᠬᠤᠸᠠ ᠬᠤᠷᠢᠶ᠎ᠠ ᠵᠢᠨ ᠱᠧᠨᠵᠧᠨ᠎ᠦ 11 ᠰᠠᠷ᠎ᠠ᠎ᠶᠢᠨ 18 ᠎ᠤ᠋ ᠴᠠᠬᠢᠯᠭᠠᠨ ᠮᠡᠳᠡᠭᠡ) 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面