ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-19 10:41:47

ᠵᠣᠬᠢᠶᠠᠭ᠍ᠴᠢ᠄ ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠣᠩᠱᠢᠭ᠍ᠰᠠᠨ ᠣᠳᠠᠭ᠎ᠠ᠄ 3

— ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠨᠢ ᠰᠢᠭᠦᠬᠦ᠌ ᠬᠤᠷᠢᠶ᠎ᠠ ᠵᠢᠨ ᠡᠩᠨᠡᠭᠡ᠎ᠶᠢᠨ ᠰᠢᠨ᠎ᠡ ᠠᠶᠠᠨ ᠳ᠋ᠤ ᠡᠷᠡᠮᠡᠬᠡᠶ᠋ᠢᠯᠡᠨ ᠤᠷᠤᠭᠰᠢᠯᠠᠬᠤ᠎ᠶᠢ ᠵᠣᠷᠢᠭᠵᠢᠭᠤᠯᠪᠠ


ᠬᠣᠷᠢᠨ ᠭᠤᠷᠪᠠᠳᠤᠭᠠᠷ ᠤᠳᠠᠭ᠎ᠠ᠎ᠶᠢᠨ ᠪᠦᠬᠦ᠌ ᠤᠯᠤᠰ᠎ᠤᠨ ᠰᠢᠭᠦᠬᠦ᠌ ᠬᠤᠷᠢᠶ᠎ᠠ ᠵᠢᠨ ᠠᠵᠢᠯ᠎ᠤᠨ ᠬᠤᠷᠠᠯ 11 ᠰᠠᠷ᠎ᠠ᠎ᠶᠢᠨ 16 ᠤ᠋ ᠡᠳᠦᠷ᠎ᠡᠴᠡ 17 ᠤ᠋ ᠡᠳᠦᠷ ᠪᠡᠭᠡᠵᠢᠩ᠎ᠳᠦ ᠬᠤᠷᠠᠯᠳᠤᠵᠤ᠂ ᠬᠤᠷᠠᠯ ᠳᠡᠭᠡᠷ᠎ᠡ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠰᠢᠭᠦᠬᠦ᠌ ᠬᠤᠷᠢᠶ᠎ᠠ ᠵᠢᠨ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶᠢ ᠤᠯᠠᠮᠵᠢᠯᠠᠪᠠ᠃

ᠴᠢᠩ ᠰᠡᠳᠬᠢᠯ᠎ᠤᠨ ᠬᠦᠰᠡᠯ ᠨᠠᠢᠳᠠᠯᠭ᠎ᠠ ᠬᠦᠨᠳᠤ ᠡᠴᠡ ᠬᠦᠨᠳᠦ᠃ ᠰᠢᠭᠦᠬᠦ᠌ ᠬᠤᠷᠢᠶ᠎ᠠ ᠵᠢᠨ ᠡᠩᠨᠡᠭᠡ ᠵᠢᠨ ᠬᠢᠨ ᠶᠡᠬᠡᠳᠡ ᠤᠷᠮᠠᠰᠢᠵᠤ᠂ ᠲᠤᠶ᠋ᠢᠯ᠎ᠢᠶᠠᠷ ᠵᠣᠷᠢᠭᠵᠢᠪᠠ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠨᠢ ᠰᠢᠨ᠎ᠡ ᠠᠶᠠᠨ᠎ᠳᠡᠬᠢ ᠠᠷᠠᠳ᠎ᠤᠨ ᠰᠢᠭᠦᠬᠦ᠌ ᠬᠤᠷᠢᠶ᠎ᠠ ᠵᠢᠨ ᠠᠵᠢᠯ᠎ᠢ ᠰᠠᠶ᠋ᠢᠲᠤᠷ ᠬᠢᠬᠦ᠌᠎ᠳᠦ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠤᠷᠤᠭᠰᠢᠯᠠᠯᠲᠠ᠎ᠶᠢᠨ ᠴᠢᠭᠯᠡᠯ᠎ᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ ᠬᠠᠩᠭᠠᠪᠠ᠃ ᠭᠦᠨᠵᠡᠭᠡᠢ ᠰᠤᠷᠤᠯᠴᠠᠨ ᠣᠶ᠋ᠢᠯᠠᠭᠠᠵᠤ᠂ ᠨᠠᠶ᠋ᠢᠳᠠᠪᠤᠷᠢᠵᠢᠭᠤᠯᠤᠯᠲᠠ᠎ᠶᠢ ᠪᠦᠬᠦ᠌ ᠬᠦᠴᠦᠨ᠎ᠢᠶᠡᠷ᠎ᠢᠶᠡᠨ ᠰᠠᠶ᠋ᠢᠲᠤᠷ ᠠᠳᠬᠤᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠨᠡᠩ ᠴᠤᠭ ᠪᠠᠳᠠᠷᠠᠩᠭᠤᠢ ᠡᠷᠴᠢ ᠵᠣᠷᠢᠭ᠎ᠢᠶᠠᠷ ᠬᠠᠤᠯᠢ ᠴᠠᠭᠠᠵᠠ᠎ᠶᠢᠨ ᠦᠢᠯᠡᠰ᠎ᠲᠦ᠍ ᠣᠷᠣᠯᠴᠠᠵᠤ᠂ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠬᠡᠵᠦ᠍᠂ ᠲᠥᠪ ᠭᠣᠣᠯᠴᠢ ᠥᠨᠳᠥᠷ ᠪᠦᠲᠦᠮᠵᠢᠲᠡᠢ ᠡᠷᠬᠡ ᠰᠦᠷᠲᠤ ᠨᠡᠶ᠋ᠢᠭᠡᠮ ᠵᠢᠷᠤᠮ᠎ᠤᠨ ᠬᠠᠤᠯᠢ ᠴᠠᠭᠠᠵᠠ᠎ᠶᠢᠨ ᠪᠠᠢᠭᠤᠯᠤᠯ᠎ᠢ ᠲᠦᠷᠭᠡᠳᠬᠡᠨ ᠪᠠᠶ᠋ᠢᠭᠤᠯᠵᠤ᠂ ᠴᠢᠨᠠᠷ ᠰᠠᠶ᠋ᠢᠲᠠᠢ ᠬᠠᠤᠯᠢ ᠴᠠᠭᠠᠵᠠ ᠪᠡᠷ ᠴᠢᠨᠠᠷ ᠰᠠᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠡᠩ ᠰᠠᠶ᠋ᠢᠲᠤᠷ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ᠃

ᠶᠡᠷᠦᠩᠬᠡᠢ ᠱᠦᠵᠢ ᠰᠢ ᠵᠢᠨ ᠫᠢᠩ ᠴᠢᠬᠤᠯᠠ ᠵᠢᠭᠠᠪᠤᠷᠢ᠎ᠳᠠᠭᠠᠨ᠂ 《ᠰᠢᠨ᠎ᠡ ᠠᠶᠠᠨ᠎ᠳᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠬᠠᠤᠯᠢ ᠪᠡᠷ ᠵᠠᠰᠠᠬᠤ ᠵᠠᠮ᠎ᠢᠶᠠᠷ ᠵᠠᠮᠨᠠᠬᠤ᠎ᠶᠢ ᠪᠠᠷᠢᠮᠲᠠᠯᠠᠵᠤ᠂ ᠰᠢᠭᠦᠨ ᠲᠠᠰᠤᠯᠬᠤ ᠡᠷᠬᠡ᠎ᠪᠡᠨ ᠬᠠᠤᠯᠢ ᠶᠣᠰᠣᠭᠠᠷ ᠪᠡᠶ᠎ᠡ᠎ᠪᠡᠨ ᠳᠠᠭᠠᠭᠠᠵᠤ  ᠲᠥᠪ ᠭᠣᠣᠯᠴᠢ᠎ᠪᠠᠷ  ᠬᠡᠷᠡᠭᠵᠢᠭᠦᠯᠬᠦ᠌᠎ᠶᠢ  ᠪᠠᠷᠢᠮᠲᠠᠯᠠᠬᠤ  ᠬᠡᠷᠡᠭᠲᠡᠢ》 ᠭᠡᠵᠦ᠍  ᠴᠢᠬᠤᠯᠠᠴᠢᠯᠠᠪᠠ᠃

ᠠᠷᠠᠳ᠎ᠤᠨ ᠳᠡᠭᠡᠳᠦ ᠰᠢᠭᠦᠬᠦ᠌ ᠬᠤᠷᠢᠶ᠎ᠠ ᠵᠢᠨ ᠢᠷᠭᠡᠨ᠎ᠦ ᠬᠡᠷᠡᠭ᠎ᠦᠨ ᠰᠢᠭᠦᠨ ᠲᠠᠰᠤᠯᠤᠯᠲᠠ᠎ᠶᠢᠨ ᠳᠥᠷᠪᠡᠳᠦᠭᠡᠷ ᠰᠢᠭᠦᠬᠦ ᠲᠢᠩᠬᠢᠮ᠎ᠦᠨ ᠳᠠᠷᠤᠭ᠎ᠠ ᠱᠸᠨ ᠬᠣᠩ ᠢᠦᠶ᠂《ᠪᠢᠳᠡ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠪᠠᠷ ᠰᠡᠳᠬᠢᠯ᠎ᠢᠶᠡᠨ ᠨᠢᠭᠡᠳᠬᠡᠨ ᠰᠥᠭ ᠰᠦᠨᠡᠰᠦ᠎ᠪᠡᠨ ᠱᠤᠭᠤᠬᠤ᠎ᠶᠢ ᠢᠮᠠᠭᠲᠠ ᠪᠠᠷᠢᠮᠲᠠᠯᠠᠵᠤ᠂ ᠬᠠᠤᠯᠢ ᠴᠠᠭᠠᠵᠠ ᠵᠢᠨ ᠠᠵᠢᠯ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶᠢ ᠪᠠᠷᠢᠮᠲᠠᠯᠠᠨ᠂ ᠠᠮᠤᠭᠤᠯᠠᠩᠲᠤ ᠳᠤᠮᠳᠠᠳᠤ ᠤᠯᠤᠰ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ᠎ᠶᠢᠨ ᠳᠤᠮᠳᠠ ᠡᠷᠡᠯᠬᠡᠭᠯᠡᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠨ᠎ᠠ》 ᠭᠡᠵᠡᠢ᠃

ᠶᠦᠨᠨᠠᠨ ᠮᠤᠵᠢ᠎ᠶᠢᠨ ᠳ᠋ᠠᠯᠢ᠎ᠶᠢᠨ ᠪᠠᠢ ᠦᠨᠳᠦᠰᠦᠲᠡᠨ᠎ᠦ ᠥᠪᠡᠷᠲᠡᠭᠡᠨ ᠵᠠᠰᠠᠬᠤ ᠵᠧᠦ᠎ᠶᠢᠨ ᠨᠠᠨ ᠵᠢᠶᠠᠨ ᠢ ᠦᠨᠳᠦᠰᠦᠲᠡᠨ᠎ᠦ ᠥᠪᠡᠷᠲᠡᠭᠡᠨ ᠵᠠᠰᠠᠬᠤ ᠰᠢᠶᠠᠨ᠎ᠤ ᠠᠷᠠᠳ᠎ᠤᠨ ᠰᠢᠭᠦᠬᠦ᠌ ᠬᠤᠷᠢᠶ᠎ᠠ ᠵᠢᠨ ᠭᠦᠩ ᠯᠠᠩ ᠠᠷᠠᠳ᠎ᠤᠨ ᠰᠢᠭᠦᠬᠦ᠌ ᠲᠢᠩᠬᠢᠮ᠎ᠦᠨ ᠳᠠᠷᠤᠭ᠎ᠠ ᠯᠦᠩ ᠵᠢᠨ ᠫᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢ ᠲᠡᠷᠡ ᠲᠤᠤᠷ᠎ᠠ ᠨᠢ ᠰᠤᠷᠤᠯᠴᠠᠵᠤ᠂ 《ᠪᠢ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠬᠠᠤᠯᠢ ᠪᠡᠷ ᠵᠠᠰᠠᠬᠤ ᠨᠢ ᠠᠷᠠᠳ ᠲᠦᠮᠡᠨ᠎ᠦ ᠲᠥᠯᠥᠭᠡ᠂ ᠠᠷᠠᠳ ᠲᠦᠮᠡᠨ᠎ᠳᠦ ᠲᠦᠰᠢᠭᠯᠡᠬᠦ᠌᠂ ᠠᠷᠠᠳ ᠲᠦᠮᠡᠨ᠎ᠳᠦ ᠪᠤᠶᠠᠨ ᠦᠢᠯᠡᠳᠬᠦ᠌᠂ ᠠᠷᠠᠳ ᠲᠦᠮᠡᠨ᠎ᠢ ᠬᠠᠮᠠᠭᠠᠯᠠᠬᠤ᠎ᠶᠢ ᠪᠠᠷᠢᠮᠲᠠᠯᠠᠵᠤ᠂ ᠠᠷᠠᠳ᠎ᠤᠨ ᠲᠥᠯᠥᠭᠡ ᠬᠠᠤᠯᠢ ᠬᠡᠷᠡᠭᠵᠢᠭᠦᠯᠬᠦ᠌ ᠬᠠᠷᠢᠭᠤᠯᠲᠠ᠎ᠶᠢᠨ ᠬᠠᠭᠤᠳᠠᠰᠤ᠎ᠶᠢ ᠰᠠᠶ᠋ᠢᠲᠤᠷ ᠪᠢᠴᠢᠭᠯᠡᠨ᠎ᠡ》 ᠭᠡᠪᠡ᠃

《ᠶᠡᠷᠦᠩᠬᠡᠢ ᠱᠦᠵᠢ ᠰᠢ ᠵᠢᠨ ᠫᠢᠩ〈ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠬᠠᠤᠯᠢ ᠪᠡᠷ ᠵᠠᠰᠠᠬᠤ ᠵᠠᠮ᠎ᠢᠶᠠᠷ ᠵᠠᠮᠨᠠᠬᠤ᠎ᠶᠢ ᠪᠠᠷᠢᠮᠲᠠᠯᠠᠬᠤ ᠬᠡᠷᠡᠭᠲᠡᠢ〉 ᠭᠡᠵᠦ ᠴᠢᠬᠤᠯᠠᠴᠢᠯᠠᠵᠤ᠂ ᠪᠢᠳᠡᠨ᠎ᠤ ᠬᠠᠤᠯᠢ ᠴᠠᠭᠠᠵᠠ᠎ᠶᠢᠨ ᠬᠦᠷᠢᠶᠡᠨ᠎ᠦ ᠦᠵᠡᠯ ᠤᠬᠠᠮᠰᠠᠷ᠎ᠤᠨ ᠬᠡᠯᠪᠡᠷᠢ᠎ᠶᠢᠨ ᠠᠮᠤᠷ ᠲᠦᠪᠰᠢᠨ᠎ᠢ ᠡᠷᠡᠰ ᠬᠠᠮᠠᠭᠠᠯᠠᠵᠤ᠂ ᠠᠷᠠᠳ᠎ᠤᠨ ᠰᠢᠭᠦᠬᠦ᠌ ᠬᠤᠷᠢᠶ᠎ᠠ ᠵᠢᠨ ᠬᠠᠤᠯᠢ ᠴᠠᠭᠠᠵᠠ᠎ᠶᠢᠨ ᠦᠢᠯᠡᠳᠦᠯᠭᠡ ᠳᠤᠮᠳᠠ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠬᠠᠤᠯᠢ ᠴᠠᠭᠠᠵᠠ᠎ᠶᠢᠨ ᠰᠣᠶᠣᠯ᠎ᠢ ᠲᠠᠰᠤᠷᠠᠯᠳᠠ ᠦᠭᠡᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠬᠠᠤᠯᠢ ᠴᠠᠭᠠᠵᠠ᠎ᠶᠢᠨ ᠪᠠᠢᠭᠤᠯᠤᠯ᠎ᠦᠨ ᠠᠭᠤᠯᠤᠭᠳᠠᠬᠤᠨ᠎ᠢ ᠨᠡᠩ ᠡᠯᠪᠡᠭ ᠪᠠᠶᠠᠯᠢᠭ᠂ ᠳᠠᠪᠠᠭᠤᠯᠢᠭ᠎ᠢ ᠨᠡᠩ ᠭᠦᠢᠴᠡᠳ ᠢᠯᠡᠷᠡᠭᠦᠯᠬᠦ᠌ ᠵᠢ ᠵᠤᠷᠢᠭᠵᠢᠭᠤᠯᠪᠠ》 ᠭᠡᠵᠦ᠍ ᠤᠯᠤᠰ᠎ᠤᠨ ᠰᠢᠭᠦᠬᠦ᠌ ᠲᠤᠰᠢᠶᠠᠯᠲᠠᠨ᠎ᠤ ᠳᠡᠭᠡᠳᠦ ᠰᠤᠷᠭᠠᠭᠤᠯᠢ᠎ᠶᠢᠨ ᠵᠠᠬᠢᠷᠤᠯ ᠯᠢ ᠴᠧᠩ ᠢᠦᠶ ᠢᠯᠡᠳᠭᠡᠪᠡ᠃

ᠰᠢᠨ᠎ᠡ ᠴᠠᠭ ᠦᠶ᠎ᠡ᠎ᠳᠤ ᠤᠷᠤᠬᠰᠠᠨ ᠡᠴᠡ ᠨᠠᠭᠠᠰᠢ᠂ ᠬᠠᠤᠯᠢ ᠴᠠᠭᠠᠵᠠ᠎ᠶᠢᠨ ᠪᠠᠶ᠋ᠢᠭᠤᠯᠤᠯ᠎ᠤᠨ ᠥᠭᠡᠷᠡᠴᠢᠯᠡᠯᠲᠡ ᠲᠠᠰᠤᠷᠠᠯᠳᠠ ᠦᠭᠡᠢ ᠭᠦᠨᠵᠡᠭᠡᠶ᠋ᠢᠷᠡᠵᠦ᠍᠂ ᠲᠥᠪ ᠭᠣᠣᠯᠴᠢ ᠥᠨᠳᠥᠷ ᠪᠦᠲᠦᠮᠵᠢᠲᠡᠢ ᠡᠷᠬᠡ ᠰᠦᠷᠲᠤ ᠨᠡᠶ᠋ᠢᠭᠡᠮ ᠵᠢᠷᠤᠮ᠎ᠤᠨ ᠬᠠᠤᠯᠢ ᠴᠠᠭᠠᠵᠠ᠎ᠶᠢᠨ ᠪᠠᠢᠭᠤᠯᠤᠯ ᠡᠳᠦᠷ ᠢᠷᠡᠬᠦᠶ᠎ᠡ ᠪᠦᠷᠢᠨᠰᠢᠪᠡ᠃

《ᠶᠡᠷᠦᠩᠬᠡᠢ ᠱᠦᠵᠢ ᠰᠢ᠎ᠶᠢᠨ ᠫᠢᠩ 〈ᠬᠠᠤᠯᠢ ᠴᠠᠭᠠᠵᠠ ᠶ᠋ᠢᠨ ᠪᠠᠢᠭᠤᠯᠤᠯ᠎ᠤᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ᠂ ᠬᠠᠤᠯᠢ ᠴᠠᠭᠠᠵᠠ ᠶ᠋ᠢᠨ ᠡᠷᠬᠡ ᠶ᠋ᠢᠨ ᠠᠵᠢᠯᠯᠠᠭᠠᠨ ᠢ᠋ ᠵᠢᠷᠤᠮᠵᠢᠭᠤᠯᠤᠨ᠂ ᠲᠥᠪ ᠭᠣᠣᠯᠴᠢ ᠥᠨᠳᠥᠷ ᠪᠦᠲᠦᠮᠵᠢᠲᠡᠶ ᠡᠷᠬᠡ ᠰᠦᠷᠲᠦ ᠨᠡᠢᠭᠡᠮ ᠵᠢᠷᠤᠮ᠎ᠤᠨ ᠬᠠᠤᠯᠢ ᠴᠠᠭᠠᠵᠠ ᠶ᠋ᠢᠨ ᠪᠠᠢᠭᠤᠯᠤᠯ ᠢ᠋ ᠲᠦᠷᠭᠡᠪᠴᠢᠯᠡᠨ ᠪᠠᠶ᠋ᠢᠭᠤᠯᠬᠤ ᠬᠡᠷᠡᠭᠲᠡᠢ〉 ᠭᠡᠵᠦ ᠴᠢᠬᠤᠯᠠᠴᠢᠯᠠᠵᠤ᠂ ᠮᠠᠨ᠎ᠤ ᠳᠠᠷᠠᠭᠠᠴᠢ ᠶ᠋ᠢᠨ ᠠᠯᠬᠤᠮ᠎ᠤᠨ ᠠᠵᠢᠯ᠎ᠳᠤ ᠴᠢᠷᠮᠠᠢᠬᠤ ᠴᠢᠭᠯᠡᠯ ᠢ᠋ ᠲᠣᠳᠣᠷᠬᠠᠢ ᠲᠣᠭᠲᠠᠭᠠᠵᠤ ᠦᠭᠴᠡᠢ》᠃ ᠵᠧᠵᠢᠶᠠᠩ ᠮᠤᠵᠢ᠎ᠶᠢᠨ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶᠠᠨ᠎ᠤ ᠰᠤᠳᠤᠯᠬᠤ ᠲᠠᠰᠤᠭ᠎ᠤᠨ ᠡᠷᠭᠢᠯᠡᠭᠴᠢ ᠯᠢᠦ ᠸᠧᠢ ᠶᠢᠩ᠂ ᠬᠠᠤᠯᠢ ᠴᠠᠭᠠᠵᠠ᠎ᠶᠢᠨ ᠬᠠᠷᠢᠭᠤᠴᠠᠯᠭ᠎ᠠ᠎ᠶᠢᠨ ᠳᠦᠷᠢᠮ ᠭᠡᠬᠦ ᠡᠨᠡ᠎ᠬᠦ ᠵᠠᠩᠭᠢᠯᠠᠭ᠎ᠠ ᠎ᠶᠢ ᠴᠢᠩᠭ᠎ᠠ ᠠᠳᠬᠤᠵᠤ᠂ ᠬᠠᠤᠯᠢ ᠴᠠᠭᠠᠵᠠ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠰᠢᠨ᠎ᠡ ᠎ᠶᠢ ᠡᠭᠦᠳᠬᠦ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠤᠨᠤᠯ᠎ᠤᠨ ᠲᠠᠨᠢᠯᠲᠠ ᠪᠣᠯᠣᠨ ᠪᠣᠳᠠᠲᠠᠢ ᠦᠢᠯᠡᠳᠦᠯᠭᠡ᠎ᠶᠢ ᠲᠠᠰᠤᠷᠠᠯᠳᠡ ᠦᠭᠡᠢ ᠭᠦᠨᠵᠡᠭᠡᠢᠷᠡᠭᠦᠯᠵᠦ᠂ ᠬᠠᠤᠯᠢ ᠴᠠᠭᠠᠵᠠ᠎ᠶᠢᠨ ᠥᠭᠡᠷᠡᠴᠢᠯᠡᠯᠲᠡ᠎ᠶᠢᠨ ᠠᠰᠢᠭ᠋ ᠲᠤᠰᠠ᠎ᠶᠢ ᠨᠡᠩ ᠢᠯᠡᠭᠦᠦ ᠬᠦᠷᠲᠡᠭᠡᠬᠦ᠎ᠪᠡᠷ ᠴᠢᠷᠮᠠᠢᠨ᠎ᠡ ᠭᠡᠵᠦ ᠢᠯᠡᠳᠬᠡᠪᠡ᠃       

ᠬᠥᠬᠡᠨᠠᠭᠤᠷ ᠮᠤᠵᠢ᠎ᠶᠢᠨ ᠰᠢᠨᠢᠩ ᠬᠣᠲᠠ᠎ᠶᠢᠨ ᠠᠷᠠᠳ᠎ᠤᠨ ᠳᠤᠮᠳᠠ ᠵᠡᠷᠭᠡ᠎ᠶᠢᠨ ᠰᠢᠭᠦᠬᠦ ᠬᠣᠷᠢᠶᠠᠨ᠎ᠤ ᠭᠦᠢᠴᠡᠳᠬᠡᠬᠦ ᠲᠣᠪᠴᠢᠶ᠎ᠠ᠎ᠶᠢᠨ ᠶᠡᠷᠦᠩᠬᠡᠢᠯᠡᠭᠰᠡᠨ ᠭᠠᠵᠠᠷ᠎ᠤᠨ ᠳᠡᠳ᠋ ᠳᠠᠷᠤᠭ᠎ᠠ ᠯᠢᠶᠠᠩ ᠢ ᠮᠢᠨ᠂ ᠬᠠᠤᠯᠢ ᠪᠠᠷᠢᠬᠤ ᠦᠢᠯᠡᠳᠦᠯᠭᠡ᠎ᠶᠢᠨ ᠳᠤᠮᠳᠠ 《ᠭᠦᠢᠴᠡᠳᠬᠡᠬᠦ᠎ᠳᠦ ᠪᠡᠷᠬᠡᠲᠡᠢ》 ᠵᠡᠷᠭᠡ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠨ᠎ᠡ᠃ 《ᠪᠢᠳᠡ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠤᠯᠢ ᠴᠠᠭᠠᠵᠠ ᠵᠢᠨ ᠡᠷᠬᠡ᠎ᠶᠢᠨ ᠠᠵᠢᠯᠯᠠᠭᠠᠨ᠎ᠢ ᠦᠷᠭᠦᠯᠵᠢᠯᠡᠨ ᠵᠢᠷᠤᠮᠵᠢᠭᠤᠯᠵᠤ᠂ ᠭᠦᠢᠴᠡᠳᠬᠡᠵᠦ ᠳᠠᠭᠤᠰᠤᠭᠰᠠᠨ ᠨᠤᠷᠮ᠎ᠠ᠂ ᠪᠣᠳᠠᠲᠠᠢ ᠨᠠᠢᠳᠠᠪᠤᠷᠢᠵᠢᠭᠤᠯᠤᠭᠰᠠᠨ ᠨᠤᠷᠮ᠎ᠠ᠎ᠶᠢ ᠯᠠᠪᠳᠠᠭᠤᠨ᠎ᠢᠶᠠᠷ ᠳᠡᠭᠡᠭᠰᠢᠯᠡᠭᠦᠯᠭᠦ᠎ᠶᠢ ᠠᠬᠢᠭᠤᠯᠵᠤ᠂ ᠲᠤᠬᠠᠢ᠎ᠶᠢᠨ ᠬᠥᠮᠥᠨ᠎ᠦ ᠵᠠᠷᠭᠤ ᠢᠯᠠᠬᠤ ᠡᠷᠬᠡ ᠠᠰᠢᠭ᠋᠎ᠢ ᠦᠨᠡᠨ ᠬᠦ᠌ ᠪᠡᠶᠡᠯᠡᠭᠦᠯᠦᠨ᠎ᠡ》 ᠭᠡᠪᠡ᠃     

《ᠪᠢᠳᠡ ᠶᠡᠷᠦᠩᠬᠡᠢ ᠱᠦᠵᠢ ᠰᠢ᠎ᠶᠢᠨ ᠫᠢᠩ  ᠤ᠋ᠨ ᠴᠢᠬᠤᠯᠠ ᠵᠢᠭᠠᠪᠤᠷᠢ᠎ᠶᠢ ᠰᠤᠷᠤᠯᠴᠠᠨ ᠲᠤᠭᠤᠰᠢᠯᠠᠭᠤᠯᠬᠤ ᠶ᠋ᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠯᠤᠭ᠎ᠠ ᠨᠡᠪᠳᠡᠷᠡᠯᠴᠡᠬᠦᠯᠵᠦ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠂ ᠪᠠᠭᠤᠷᠠᠢ ᠭᠣᠭᠴᠣᠭ᠎ᠠ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠠᠬᠢᠯᠭ᠎ᠠ ᠪᠠᠲᠤ᠎ᠶᠢᠨ ᠵᠢᠷᠤᠮᠵᠢᠯ᠎ᠢ ᠲᠡᠭᠦᠯᠳᠡᠷᠵᠢᠭᠦᠯᠵᠦ᠂ ᠴᠢᠩᠭ᠎ᠠ ᠪᠠᠢᠬᠤ ᠭᠦᠭ ᠠᠶᠠᠰ ᠎ᠢ ᠡᠬᠢᠨ᠎ᠡᠴᠡ ᠨᠢ ᠳᠠᠭᠤᠰᠲᠠᠯ᠎ᠠ ᠲᠤᠭᠤᠰᠢᠯᠠᠭᠤᠯᠵᠤ᠂ ᠨᠠᠮ᠎ᠢ ᠪᠦᠭᠦ ᠲᠠᠯ᠎ᠠ᠎ᠪᠠᠷ ᠴᠢᠩᠭ᠎ᠠ ᠬᠠᠮᠢᠶᠠᠷᠴᠤ ᠰᠢᠭᠦᠬᠦ ᠬᠣᠷᠢᠶ᠎ᠠ᠎ᠶᠢ ᠴᠢᠩᠭ᠎ᠠ ᠵᠠᠰᠠᠬᠤ᠎ᠶᠢ ᠨᠠᠢᠳᠠᠪᠤᠷᠢᠵᠢᠭᠤᠯᠬᠤ᠎ᠶᠢ ᠤᠷᠳᠤ ᠬᠤᠭᠤᠴᠠᠭ᠎ᠠ᠎ᠪᠠᠷ ᠪᠠᠷᠢᠮᠲᠠᠯᠠᠨ᠎ᠠ》 ᠭᠡᠵᠦ ᠹᠦᠵᠢᠶᠠᠨ ᠮᠤᠵᠢ ᠵᠢᠨ ᠠᠷᠠᠳ᠎ᠤᠨ ᠦᠨᠳᠦᠷ ᠵᠡᠷᠬᠡ ᠵᠢᠨ ᠰᠢᠬᠦᠬᠦ ᠬᠤᠷᠢᠶ᠎ᠠ ᠵᠢᠨ ᠬᠢᠨᠠᠨ ᠪᠠᠢᠴᠠᠭᠠᠬᠤ ᠲᠠᠰᠤᠭ᠎ᠤᠨ ᠡᠷᠬᠢᠯᠡᠭᠴᠢ ᠴᠧᠨ ᠢᠦᠢ ᠬᠡᠯᠡᠪᠡ᠃     

《ᠣᠢᠷ᠎ᠠ ᠶ᠋ᠢᠨ ᠵᠢᠯ ᠡᠴᠡ ᠨᠠᠭᠠᠰᠢ᠂ ᠮᠠᠨ᠎ᠤ ᠤᠯᠤᠰ᠎ᠤᠨ ᠰᠢᠭᠦᠬᠦ ᠬᠣᠷᠢᠶ᠎ᠠ ᠲᠣᠭ᠎ᠠ ᠪᠠᠷᠢᠮᠲᠠ ᠶ᠋ᠢᠨ ᠠᠮᠤᠷ ᠲᠦᠪᠰᠢᠨ᠂ ᠵᠣᠬᠢᠶᠠᠮᠠᠯ ᠣᠶᠤᠨ ᠴᠢᠳᠠᠪᠤᠷᠢ᠂ ᠲᠠᠪᠴᠠᠩ᠎ᠤᠨ ᠵᠠᠰᠠᠯᠲᠠ ᠵᠡᠷᠭᠡ ᠬᠦᠷᠢᠶᠡᠨ᠎ᠳᠠᠬᠢ ᠨᠢᠭᠡ ᠪᠦᠯᠦᠭ ᠬᠡᠷᠡᠭ ᠢ᠋ ᠰᠢᠭᠦᠨ ᠰᠢᠢᠳᠪᠦᠷᠢᠯᠡᠵᠦ᠂ ᠰᠢᠨ᠎ᠡ ᠴᠢᠨᠡᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠂ ᠲᠣᠭᠠᠴᠢᠯᠠᠭᠰᠠᠨ ᠳᠤᠮᠳᠠᠳᠤ ᠤᠯᠤᠰ ᠪᠠ ᠰᠦᠯᠵᠢᠶᠡᠨ᠎ᠦ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ ᠎ᠳᠤ ᠬᠠᠤᠯᠢ ᠴᠠᠭᠠᠵᠠ ᠶ᠋ᠢᠨ ᠬᠦᠴᠦᠲᠡᠢ ᠪᠠᠲᠤᠯᠠᠭ᠎ᠠ ᠬᠠᠩᠭᠠᠭᠰᠠᠨ ᠪᠠᠢᠨ᠎ᠠ》᠃ ᠪᠡᠭᠡᠵᠢᠩ᠎ᠦᠨ ᠢᠨᠲᠧᠷ ᠰᠦᠯᠵᠢᠶᠡᠨ᠎ᠦ ᠰᠢᠭᠦᠬᠦ ᠬᠣᠷᠢᠶᠠᠨ᠎ᠤ ᠳᠡᠳ᠋ ᠳᠠᠷᠤᠭ᠎ᠠ ᠰᠦᠨ ᠮᠢᠩ ᠰᠢ᠂ 《ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠠᠲᠤ ᠴᠡᠭᠡᠵᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠦᠴᠦᠨ ᠣᠯᠭᠣᠬᠤ᠎ᠶᠢ ᠴᠢᠩᠭᠠᠳᠬᠠᠨ᠂ ᠰᠢᠭᠦᠨ ᠲᠠᠰᠤᠯᠤᠯᠲᠠ᠎ᠶᠢᠨ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠴᠢᠨᠠᠷ ᠰᠠᠢᠲᠠᠢ ᠬᠠᠤᠯᠢ ᠴᠠᠭᠠᠵᠠ᠎ᠪᠠᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ᠎ᠶᠢ ᠪᠠᠳᠤ ᠡᠵᠡᠮᠳᠡᠵᠤ᠂ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ ᠪᠠ ᠨᠡᠢᠭᠡᠮ᠎ᠦᠨ ᠵᠠᠰᠠᠯᠲᠠ᠎ᠶᠢᠨ ᠣᠳᠣᠬᠢᠴᠢᠯᠠᠯᠲᠠ᠎ᠶᠢ ᠪᠠᠲᠤᠯᠠᠬᠤ᠎ᠳᠤ ᠨᠠᠩ ᠶᠡᠬᠡ ᠦᠢᠯᠡᠳᠦᠯ ᠪᠠᠳᠠᠷᠠᠭᠤᠯᠤᠨ᠎ᠠ》 ᠭᠡᠵᠠᠢ ᠃     

《ᠦᠨᠳᠦᠰᠦᠨ ᠱᠠᠲᠤᠨ᠎ᠤ ᠭᠡᠷ᠎ᠦᠨ ᠶᠠᠪᠤᠳᠠᠯ᠎ᠤᠨ ᠰᠢᠭᠦᠭᠴᠢ ᠪᠣᠯᠤᠭᠰᠠᠨ᠎ᠤ ᠬᠤᠪᠢ᠎ᠳᠤ᠂ ᠪᠢ ᠶᠡᠷᠦᠩᠬᠡᠢ ᠱᠦᠵᠢ ᠰᠢ᠎ᠶᠢᠨ ᠫᠢᠩ ᠤ᠋ᠨ ᠳᠤᠷᠠᠳᠤᠭᠰᠠᠨ 〈ᠲᠥᠪ ᠭᠣᠣᠯᠴᠢ ᠬᠠᠤᠯᠢ ᠴᠠᠭᠠᠵᠠ ᠵᠢᠨ ᠲᠤᠬᠠᠢ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ᠎ᠢ ᠦᠷᠭᠦᠯᠵᠢᠯᠡᠨ ᠨᠡᠮᠡᠭᠳᠡᠭᠦᠯᠬᠦ〉 ᠲᠤᠬᠠᠢ ᠨᠡᠩ ᠭᠦᠨᠵᠡᠭᠡᠢ ᠣᠢᠯᠠᠭᠠᠵᠠᠢ》᠃ ᠱᠠᠩᠬᠠᠢ ᠬᠣᠲᠠ᠎ᠶᠢᠨ ᠵᠢᠩ ᠠᠨ ᠲᠣᠭᠣᠷᠢᠭ᠋᠎ᠤᠨ ᠠᠷᠠᠳ᠎ᠤᠨ ᠰᠢᠭᠦᠬᠦ ᠬᠣᠷᠢᠶᠠᠨ᠎ᠤ ᠨᠠᠰᠤᠨ᠎ᠳᠤ ᠥᠯᠥ ᠭᠦᠷᠦᠭᠰᠡᠳ ᠬᠢᠭᠡᠳ ᠭᠡᠷ᠎ᠦᠨ ᠶᠠᠪᠤᠳᠠᠯ᠎ᠤᠨ ᠬᠡᠷᠡᠭ᠎ᠦᠨ ᠶᠡᠷᠦᠩᠬᠡᠢᠯᠡᠭᠰᠡᠨ ᠰᠢᠭᠦᠨ ᠲᠠᠰᠤᠯᠬᠤ ᠲᠢᠩᠬᠢᠮ᠎ᠦᠨ ᠳᠠᠷᠤᠭ᠎ᠠ ᠪᠠᠢ ᠶᠦᠨ᠂ 《ᠪᠢᠳᠡ 〈ᠬᠠᠤᠯᠢ ᠴᠠᠭᠠᠵᠠ᠎ᠶᠢᠨ ᠬᠡᠷᠡᠭ ᠨᠢᠭᠡ ᠪᠦᠷᠢ ᠡᠴᠡ ᠠᠷᠠᠳ ᠤᠯᠠᠨ᠎ᠳᠤ ᠲᠥᠪ ᠭᠣᠣᠯᠴᠢ ᠰᠢᠳᠤᠷᠭᠤ ᠶᠣᠰᠣ᠌᠎ᠶᠢ ᠮᠡᠳᠡᠷᠡᠭᠦᠯᠬᠦ᠎ᠪᠡᠷ ᠴᠢᠷᠮᠠᠢᠬᠤ〉 ᠬᠠᠷᠠᠯᠲᠠ᠎ᠶᠢᠨ ᠲᠣᠭᠣᠷᠢᠨ᠎ᠳᠤ᠂ ᠤᠯᠠᠨ ᠲᠦᠮᠡᠨ᠎ᠦ ᠰᠣᠨᠣᠰᠴᠤ ᠣᠢᠯᠠᠭᠠᠬᠤ ᠦᠭᠡ ᠭᠡᠯᠡ᠂ ᠢᠲᠡᠭᠡᠵᠦ ᠪᠤᠯᠬᠤ ᠠᠷᠭ᠎ᠠ ᠭᠡᠯᠪᠡᠷᠢ᠎ᠪᠡᠷ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠵᠦ᠂ ᠠᠷᠠᠳ ᠤᠯᠠᠨ᠎ᠢ ᠲᠥᠪ ᠭᠣᠣᠯᠴᠢ ᠰᠢᠳᠤᠷᠭᠤ ᠶᠣᠰᠣ᠌᠎ᠶᠢ ᠨᠡᠩ ᠢᠯᠡᠭᠦᠦ ᠣᠢᠯᠠᠭᠠᠬᠤ ᠪᠣᠯᠭᠠᠨ᠎ᠠ》 ᠭᠡᠵᠦ ᠢᠯᠡᠳᠬᠡᠪᠡ᠃     

ᠱᠠᠨᠰᠢ ᠮᠤᠵᠢ᠎ᠶᠢᠨ ᠰᠢ ᠠᠨ ᠬᠤᠳᠠ᠎ᠶᠢᠨ ᠠᠷᠠᠳ᠎ᠤᠨ ᠳᠤᠮᠳᠠ ᠵᠡᠷᠭᠡ᠎ᠶᠢᠨ ᠰᠢᠭᠦᠬᠦ ᠬᠣᠷᠢᠶᠠᠨ᠎ᠤ ᠳᠠᠷᠤᠭ᠎ᠠ ᠵᠤᠤ ᠯᠧᠢ᠄《ᠶᠡᠷᠦᠩᠬᠡᠢ ᠱᠦᠵᠢ ᠰᠢ᠎ᠶᠢᠨ ᠫᠢᠩ ᠤ᠋ᠨ ᠴᠢᠬᠤᠯᠠ ᠵᠢᠭᠠᠪᠤᠷᠢ ᠨᠢ ᠪᠢᠳᠡᠨ ᠳ᠋ᠤ ᠶᠡᠬᠡ ᠲᠠᠯ᠎ᠠ᠎ᠳᠤ ᠦᠢᠯᠡᠴᠢᠯᠡᠬᠦ᠂ ᠠᠷᠠᠳ ᠲᠦᠮᠡᠨ᠎ᠦ ᠲᠥᠯᠥᠭᠡ ᠬᠠᠤᠯᠢ ᠪᠠᠷᠢᠬᠤ ᠢᠷᠠᠭᠤ ᠠᠯᠳᠠᠷᠲᠤ ᠡᠭᠦᠷᠭᠡ᠎ᠵᠢ ᠭᠦᠨᠵᠡᠭᠡᠢ ᠲᠠᠨᠢᠭᠤᠯᠪᠠ᠂ ᠪᠢᠳᠡ ᠠᠷᠠᠳ᠎ᠤᠨ ᠲᠥᠯᠥᠭᠡ ᠬᠠᠤᠯᠢ ᠪᠠᠷᠢᠬᠤ᠎ᠶᠢ ᠰᠢᠭᠦᠨ ᠲᠠᠰᠤᠯᠬᠤ᠂ ᠭᠦᠢᠴᠡᠳᠬᠡᠬᠦ ᠵᠡᠷᠭᠡ ᠡᠯ᠎ᠡ ᠭᠣᠭᠴᠣᠭ᠎ᠠ᠎ᠳᠤ ᠢᠯᠡᠷᠡᠭᠦᠯᠵᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠂ ᠲᠣᠭ᠎ᠠ ᠪᠠᠷᠢᠮᠲᠠ᠎ᠪᠠᠷ ᠬᠦᠴᠦᠨ ᠣᠯᠭᠣᠬᠤ᠂ ᠰᠢᠨᠵᠢᠯᠡᠬᠦ ᠤᠬᠠᠭᠠᠨᠴᠢ᠎ᠪᠠᠷ ᠬᠠᠮᠢᠶᠠᠷᠬᠤ ᠪᠠ ᠡᠬᠢ ᠡᠭᠦᠰᠦᠯ᠎ᠡᠴᠡ ᠨᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠲᠥᠪ ᠭᠣᠣᠯᠴᠢ᠎ᠪᠠᠷ ᠬᠠᠤᠯᠢ ᠪᠠᠷᠢᠬᠤ᠎ᠶᠢ ᠨᠡᠩ ᠰᠠᠢᠲᠤᠷ ᠪᠡᠶᠡᠯᠡᠭᠦᠯᠵᠦ᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ᠎ᠳᠦ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ》 ᠭᠡᠪᠡ᠃

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 17 ᠎ᠤ᠋ ᠴᠠᠬᠢᠯᠭᠠᠨ ᠮᠡᠳᠡᠭᠡ ᠡᠴᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面