ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-19 10:43:46

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠢᠲᠡᠭᠡᠯ ᠵᠣᠷᠢᠭ᠋᠎ᠢᠶᠠᠨ ᠪᠠᠲᠤᠳᠬᠠᠵᠤ ᠡᠷᠡᠰ ᠰᠢᠭᠤᠷᠬᠠᠢ ᠪᠡᠷ ᠤᠷᠤᠭᠰᠢᠯᠠᠵᠤ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠭᠡᠭᠡᠨ ᠰᠠᠷᠠᠭᠤᠯ ᠢᠷᠡᠭᠡᠳᠦᠢ᠎ᠶᠢ ᠬᠠᠮᠲᠤ ᠪᠠᠷ ᠴᠣᠭᠴᠠᠯᠠᠶ᠎ᠠ

— ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠦᠢᠯᠡᠳᠪᠦᠷᠢ ᠬᠤᠳᠠᠯᠳᠤᠭᠠᠨ᠎ᠤ ᠤᠳᠤᠷᠢᠳᠬᠤ ᠬᠥᠮᠥᠰ᠎ᠦᠨ ᠲᠦᠷᠦᠭᠦᠴᠦᠳ᠎ᠦᠨ ᠬᠤᠷᠠᠯ ᠳᠡᠭᠡᠷᠡᠬᠢ ᠭᠣᠣᠯ ᠵᠤᠷᠢᠯᠳᠠᠳᠤ ᠶᠠᠷᠢᠶ᠎ᠠ ᠢᠯᠡᠳᠬᠡᠯ

( 2026 ᠣᠨ᠎ᠤ  11  ᠰᠠᠷ᠎ᠠ᠎ᠶᠢᠨ  18 ᠤ᠋  ᠡᠳᠦᠷ᠂ ᠱᠧᠨᠵᠧᠨ ᠳ᠋ᠤ )

ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ  ᠰᠢ ᠵᠢᠨ ᠫᠢᠩ


ᠡᠷᠬᠢᠮ ᠵᠣᠴᠢᠳ ᠡ᠂

ᠠᠪᠠᠬᠠᠢ ᠨᠠᠷ᠂ ᠠᠪᠤᠭᠠᠢ ᠨᠠᠷ᠂ ᠨᠠᠢᠵᠠ ᠨᠠᠷ ᠡ ᠄

ᠲᠠ ᠨᠠᠷ ᠰᠠᠢᠨ ᠪᠠᠢᠨ᠎ᠠ ᠤ᠋ᠤ ! ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠦᠨ ᠨᠠᠢᠵᠠ ᠨᠠᠷ᠎ᠢ ᠪᠠᠶᠠᠷᠯᠠᠨ ᠤᠭᠲᠤᠵᠤ ᠪᠠᠢᠨ᠎ᠠ! ᠲᠠ ᠣᠯᠠᠨ᠎ᠲᠠᠢ ᠱᠧᠨᠵᠧᠨ᠎ᠳᠦ ᠠᠭᠤᠯᠵᠠᠭᠰᠠᠨ᠎ᠳᠠᠭᠠᠨ ᠲᠤᠩ ᠪᠠᠶᠠᠷᠯᠠᠵᠤ ᠪᠠᠢᠨ᠎ᠠ᠃

ᠡᠮᠦᠨᠡᠲᠦ ᠲᠠᠩᠭᠢᠰ᠎ᠤᠨ ᠬᠥᠪᠡᠭᠡᠨ᠎ᠳᠦ᠂ ᠰᠦᠷ ᠲᠠᠯᠠᠢᠴᠠᠳᠠᠢ ᠦᠷᠨᠢᠭᠦᠨ ᠬᠦᠭᠵᠢᠩᠭᠦᠢ ᠪᠠᠢᠳᠠᠯ ᠢᠯᠡᠷᠡᠨ᠎ᠠ᠃ 40 ᠭᠠᠷᠤᠢ ᠵᠢᠯ᠎ᠦᠨ ᠲᠤᠷᠰᠢ᠂ ᠱᠧᠨᠵᠧᠨ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ᠎ᠶᠢᠨ ᠬᠦᠴᠦᠳᠤ ᠤᠷᠤᠰᠬᠠᠯ  ᠤ᠋ᠨ ᠡᠮᠦᠨ᠎ᠠ ᠵᠤᠷᠢᠭᠳᠠᠢ ᠬᠤᠰᠢᠭᠤᠷᠠᠵᠤ᠂ ᠡᠷᠡᠮᠡᠬᠡᠢᠯᠡᠨ ᠤᠷᠤᠭᠰᠢᠯᠠᠵᠤ᠂ ᠬᠢᠯᠢ ᠬᠢᠵᠠᠭᠠᠷ᠎ᠤᠨ ᠵᠢᠵᠢᠭ ᠪᠠᠯᠭᠠᠰᠤ ᠡᠴᠡ ᠳᠡᠯᠡᠬᠡᠢᠵᠢᠭᠰᠡᠨ ᠲᠣᠮᠣ᠌ ᠬᠤᠳᠠ ᠪᠣᠯᠤᠭᠰᠠᠨ ᠲᠡᠦᠬᠡᠲᠦ ᠴᠢᠨᠠᠷᠲᠠᠢ ᠳᠠᠪᠠᠯᠲᠠ᠎ᠶᠢ ᠪᠡᠶᠡᠯᠡᠭᠦᠯᠵᠦ᠂ ᠳᠡᠯᠡᠬᠡᠢ᠎ᠶᠢᠨ ᠬᠥᠭᠵᠢᠯᠲᠡ᠎ᠶᠢᠨ ᠲᠡᠦᠬᠡᠨ ᠳᠡᠭᠡᠷᠡᠬᠢ ᠭᠠᠢᠬᠠᠮᠰᠢᠭ᠋᠎ᠢ ᠡᠭᠦᠳᠴᠡᠢ᠃ ᠱᠧᠨᠵᠧᠨ᠎ᠦ ᠠᠮᠵᠢᠯᠲᠠ ᠨᠢ ᠬᠥᠮᠥᠰ᠎ᠲᠦ ᠮᠠᠰᠢ ᠤᠯᠠᠨ ᠰᠡᠩᠬᠡᠷᠡᠭᠦᠯᠦᠯ ᠤᠯᠭᠤᠪᠠ᠃

ᠣᠳᠣᠬᠠᠨ᠎ᠳᠤ᠂ ᠳᠡᠯᠡᠬᠡᠢ᠎ᠶᠢᠨ ᠪᠠᠢᠳᠠᠯ ᠡᠭᠡᠳᠡᠷᠡᠭᠡᠨ ᠪᠤᠳᠤᠯᠢᠶᠠᠨᠲᠠᠢ ᠪᠣᠯᠵᠤ᠂ ᠳᠡᠯᠡᠬᠡᠢ᠎ᠶᠢᠨ ᠠᠵᠤ ᠠᠬᠤᠢ᠎ᠶᠢᠨ ᠨᠡᠮᠡᠭᠳᠡᠯ᠎ᠦᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠶᠡᠬᠡᠳᠡ ᠬᠡᠴᠡᠭᠦᠳᠡᠵᠤ ᠪᠠᠢᠨ᠎ᠠ᠃ ᠡᠭᠦᠨ᠎ᠦ ᠵᠡᠷᠭᠡ᠎ᠪᠡᠷ᠂ ᠪᠦᠬᠦ ᠪᠥᠮᠪᠥᠷᠴᠡᠭ᠎ᠦᠨ ᠠᠷᠠᠯᠵᠢᠶ᠎ᠠ ᠰᠥᠷᠭᠡᠦ ᠪᠠᠢᠳᠠᠯ᠎ᠤᠨ ᠳᠤᠮᠳᠠ ᠨᠡᠮᠡᠭᠳᠡᠯ᠎ᠢᠶᠡᠨ ᠪᠠᠲᠤᠯᠠᠵᠤ᠂ ᠰᠢᠨ᠎ᠡ᠎ᠪᠡᠷ ᠮᠠᠨᠳᠤᠭᠰᠠᠨ ᠮᠡᠷᠭᠡᠵᠢᠯ ᠲᠦᠷᠭᠡᠨ ᠰᠢᠪᠲᠤᠯᠤᠯᠲᠠ᠎ᠲᠠᠢ ᠪᠣᠯᠵᠤ᠂ ᠳᠡᠯᠡᠬᠡᠢ ᠎ᠶᠢᠨ ᠬᠥᠭᠵᠢᠯᠲᠡ᠎ᠶᠢᠨ ᠪᠠᠢᠷᠢᠰᠢᠯ ᠎ᠢ ᠭᠦᠨᠵᠡᠭᠡᠢ ᠨᠥᠯᠥᠭᠡᠯᠡᠪᠡ᠃ ᠳᠡᠯᠡᠬᠡᠢ ᠶᠢᠷᠲᠢᠨᠴᠦ ᠶᠠᠭᠠᠬᠢᠭ᠍ᠰᠠᠨ ᠪᠤᠢ? ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ ᠶᠠᠭᠠᠬᠢᠬᠤ ᠪᠤᠢ? ᠨᠡᠬᠡᠬᠡᠯᠳᠡ ᠬᠢᠬᠦ ᠦᠦ ᠪᠢᠲᠡᠭᠦᠮᠵᠢᠯᠡᠬᠦ ᠦᠦ᠂ ᠬᠠᠮᠲᠤᠷᠠᠯᠴᠠᠬᠤ ᠦᠦ ᠵᠠᠳᠠᠷᠠᠬᠤ ᠦᠦ᠂ ᠥᠭᠡᠷᠡᠴᠢᠯᠡᠯᠲᠡ ᠬᠢᠬᠦ ᠦᠦ ᠬᠠᠭᠤᠴᠢᠨ᠎ᠢᠶᠠᠨ ᠪᠠᠷᠢᠮᠲᠠᠯᠠᠬᠤ ᠦᠦ?ᠴᠦᠮ ᠪᠢᠳᠡᠨ᠎ᠦ ᠵᠠᠪᠠᠯ ᠬᠠᠷᠢᠭᠤᠯᠬᠤ ᠶᠤᠰᠤᠳᠠᠢ ᠴᠠᠭ ᠦᠶ᠎ᠡ᠎ᠶᠢᠨ ᠰᠡᠳᠦᠪ ᠮᠦᠨ᠃

ᠠᠰᠢᠭ ᠲᠤᠰᠠ ᠤᠯᠬᠤ ᠵᠢᠨ ᠶᠤᠰᠤᠨ ᠠᠨᠤ ᠴᠠᠭ ᠦᠶ᠎ᠠ ᠵᠢ ᠳᠠᠭᠠᠨ ᠤᠷᠤᠭᠰᠢᠯᠠᠬᠤ ᠳ᠋ᠤ ᠠᠮᠤᠢ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠨᠢ ᠠᠵᠤ ᠠᠬᠤᠢ᠎ᠶᠢᠨ ᠳᠡᠯᠡᠬᠡᠢᠵᠢᠯᠲᠡ᠎ᠶᠢᠨ ᠤᠷᠤᠰᠬᠠᠯ᠎ᠢ ᠳᠠᠭᠠᠯᠳᠤᠨ ᠪᠤᠢ ᠪᠣᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠴᠠᠭ ᠦᠶ᠎ᠡ᠎ᠶᠢᠨ ᠬᠡᠪ ᠰᠤᠷᠲᠠᠯ᠎ᠢ ᠬᠥᠲᠥᠯᠥᠨ ᠳᠠᠭᠠᠭᠤᠯᠬᠤ ᠬᠣᠰᠢᠭᠤᠴᠢ ᠪᠣᠯᠬᠤ᠎ᠶᠢ ᠠᠬᠢᠭᠤᠯᠪᠠ᠃ ᠡᠨᠡ ᠵᠢᠯ᠂ ᠳᠤᠮᠳᠠᠳᠤ ᠤᠯᠤᠰ ᠭᠤᠷᠪᠠᠳᠠᠭᠢ ᠤᠳᠠᠭ᠎ᠠ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠡᠷᠬᠢᠯᠡᠭᠴᠢ ᠤᠯᠤᠰ ᠪᠣᠯᠪᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ᠎ᠶᠢᠨ ᠬᠢᠨ᠎ᠲᠠᠢ ᠬᠠᠮᠲᠤ᠎ᠪᠠᠷ᠂ ᠢᠲᠡᠭᠡᠯ ᠵᠣᠷᠢᠭ᠋᠎ᠢᠶᠠᠨ ᠪᠠᠲᠤᠳᠬᠠᠵᠤ᠂  ᠡᠷᠡᠰ ᠰᠢᠭᠤᠷᠬᠠᠢ ᠪᠡᠷ ᠤᠷᠤᠭᠰᠢᠯᠠᠵᠤ᠂ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠭᠠᠷ ᠬᠣᠯᠪᠣᠯᠴᠠᠨ ᠪᠠᠢᠭᠤᠯᠵᠤ᠂ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠬᠠᠮᠲᠤ᠎ᠶᠢᠨ ᠬᠥᠭᠵᠢᠯ ᠴᠡᠴᠡᠭᠯᠡᠯ᠎ᠢ ᠠᠬᠢᠭᠤᠯᠤᠨ᠎ᠠ᠃

— ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠡᠴᠡᠭᠯᠡᠯ ᠬᠥᠭᠵᠢᠯ᠎ᠢ ᠠᠬᠢᠭᠤᠯᠬᠤ ᠳ᠋ᠦ᠂ ᠡᠩᠬᠡ ᠲᠠᠶ᠋ᠢᠪᠤᠩ ᠲᠣᠭᠲᠠᠭᠤᠨ ᠪᠠᠶ᠋ᠢᠳᠠᠯ᠎ᠤᠨ ᠶᠡᠬᠡ ᠲᠠᠯ᠎ᠠ᠎ᠶᠢ ᠬᠠᠮᠠᠭᠠᠯᠠᠬᠤ ᠬᠡᠷᠡᠭᠳᠠᠢ᠃ ᠲᠣᠭᠲᠠᠭᠤᠨ ᠪᠠᠶ᠋ᠢᠪᠠᠯ ᠰᠠᠶᠢ ᠠᠮᠤᠷ ᠲᠦᠪᠰᠢᠨ ᠪᠠᠶ᠋ᠢᠵᠤ ᠴᠢᠳᠠᠨ᠎ᠠ; ᠠᠮᠤᠷ ᠲᠦᠪᠰᠢᠨ ᠪᠣᠯ ᠰᠠᠶᠢ ᠬᠥᠭᠵᠢᠵᠦ᠍ ᠴᠢᠳᠠᠨ᠎ᠠ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ ᠲᠣᠭᠲᠠᠭᠤᠨ᠎ᠤ ᠳᠤᠮᠳᠠ ᠰᠠᠶ᠋ᠢᠵᠢᠷᠠᠬᠤ᠎ᠶᠢ ᠪᠠᠲᠤᠯᠠᠵᠤ᠂ ᠪᠦᠬᠦ᠌ ᠪᠥᠮᠪᠥᠷᠴᠡᠭ᠎ᠦᠨ ᠠᠵᠤ ᠠᠬᠤᠢ᠎ᠶᠢᠨ ᠨᠡᠮᠡᠭᠳᠡᠯ᠎ᠦᠨ ᠴᠢᠬᠤᠯᠠ ᠬᠥᠳᠡᠯᠭᠡᠭᠦᠷ ᠪᠤᠯᠤᠭᠰᠠᠨ ᠨᠢ ᠤᠷᠳᠤ ᠬᠤᠭᠤᠴᠠᠭ᠎ᠠ ᠲᠣᠭᠲᠠᠭᠤᠨ ᠭᠠᠵᠠᠷ ᠣᠷᠣᠨ᠎ᠤ ᠣᠷᠴᠢᠨ ᠲᠣᠭᠣᠷᠢᠨ᠎ᠡᠴᠡ ᠪᠤᠯᠪᠠ᠃ ᠭᠠᠳᠠᠭᠠᠳᠤ ᠪᠠᠶ᠋ᠢᠳᠠᠯ ᠤᠯᠠᠮ ᠪᠤᠳᠤᠯᠢᠶᠠᠨᠲᠠᠢ ᠪᠣᠯᠬᠤ ᠲᠤᠳᠤᠮ᠂ ᠪᠢᠳᠡ ᠲᠠᠢ᠌ᠨ᠎ᠦ ᠳᠠᠷᠠᠭᠠᠬᠢ ᠤᠯᠠᠨ ᠤᠯᠤᠰ᠎ᠤᠨ ᠡᠮᠬᠢ ᠳᠢᠭᠯᠢᠮ᠎ᠢ ᠤᠯᠠᠮ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠵᠢᠷᠤᠮ᠎ᠲᠠᠶ ᠳᠡᠯᠡᠬᠡᠢ᠎ᠶᠢᠨ ᠤᠯᠠᠨ ᠲᠤᠶ᠋ᠢᠯᠵᠢᠯᠳᠠ᠂ ᠲᠦᠭᠡᠮᠡᠯ ᠬᠠᠷᠠᠭᠠᠯᠵᠠᠯᠳᠤ ᠪᠠᠭᠲᠠᠭᠠᠮᠵᠢᠲᠠᠢ ᠠᠵᠤ ᠠᠬᠤᠢ᠎ᠶᠢᠨ ᠳᠡᠯᠡᠬᠡᠶ᠋ᠢᠵᠢᠯᠲᠡ᠎ᠶᠢ ᠠᠬᠢᠭᠤᠯᠤᠶ᠎ᠠ; ᠶᠠᠷᠢᠯᠴᠠᠭ᠎ᠠ ᠵᠥᠪᠳᠡᠯᠴᠡᠭᠡ᠎ᠪᠡᠷ ᠳᠠᠮᠵᠢᠨ ᠵᠥᠷᠢᠯᠳᠦᠭᠡᠨ᠎ᠢᠶᠡᠨ ᠰᠢ᠌ᠳᠪᠦᠷᠢᠯᠡᠬᠦ᠌᠎ᠶᠢ ᠤᠯᠠᠮ ᠪᠠᠷᠢᠮᠲᠠᠯᠠᠵᠤ᠂ ᠪᠦᠯᠬᠦᠮᠳᠡᠨ ᠬᠠᠮᠵᠢᠯᠴᠠᠬᠤ᠎ᠪᠠᠷ ᠳᠠᠮᠵᠢᠨ ᠥᠷᠢᠰᠥᠯᠳᠦᠭᠡᠨ᠎ᠢ ᠠᠷᠭᠠᠴᠠᠭᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠥᠨᠢ ᠤᠳᠠᠭᠠᠨ ᠠᠮᠤᠷ ᠲᠦᠪᠰᠢᠨ ᠪᠠᠶ᠋ᠢᠬᠤ᠎ᠳᠤ ᠪᠠᠲᠤ᠌ ᠰᠠᠭᠤᠷᠢ ᠲᠠᠯᠪᠢᠵᠤ ᠥᠭᠬᠦᠶ᠎ᠠ᠃

— ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠡᠴᠡᠭᠯᠡᠯ ᠬᠥᠭᠵᠢᠯ᠎ᠢ ᠠᠬᠢᠭᠤᠯᠬᠤ᠎ᠳᠤ᠂ ᠨᠡᠭᠡᠭᠡᠯᠳᠡ ᠬᠢᠵᠦ ᠬᠠᠮᠲᠤᠷᠠᠯᠴᠠᠬᠤ ᠬᠥᠭᠥᠷᠭᠡ᠎ᠶᠢ ᠪᠠᠶ᠋ᠢᠭᠤᠯᠬᠤ ᠬᠡᠷᠡᠭᠳᠠᠢ᠃ ᠨᠡᠭᠡᠭᠡᠯᠲᠡ ᠬᠢᠪᠡᠯ ᠳᠠᠪᠰᠢᠵᠤ᠂ ᠪᠢᠲᠡᠭᠦᠮᠵᠢᠯᠡᠪᠡᠯ ᠯᠠᠪᠳᠠᠢ ᠬᠣᠴᠣᠷᠤᠨ᠎ᠠ ᠭᠡᠳᠡᠭ᠎ᠢ ᠲᠡᠦᠬᠡ᠎ᠶᠢᠨ ᠲᠤᠷᠰᠢᠯᠭ᠎ᠠ ᠭᠡᠷᠡᠴᠢᠯᠡᠪᠠ᠃ ᠪᠢᠳᠡ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠪᠠᠷ ᠭᠣᠣᠯ ᠪᠣᠯᠭᠠᠭᠰᠠᠨ᠂ ᠳᠦᠷᠢᠮ᠎ᠢᠶᠡᠷ ᠰᠠᠭᠤᠷᠢ ᠪᠣᠯᠭᠠᠭᠰᠠᠨ ᠤᠯᠠᠨ ᠲᠠᠯᠠᠲᠤ᠌ ᠠᠷᠠᠯᠵᠢᠶᠠᠨ᠎ᠤ ᠪᠠᠶ᠋ᠢᠭᠤᠯᠤᠮᠵᠢ᠎ᠶᠢ ᠡᠷᠡᠰ ᠬᠠᠮᠠᠭᠠᠯᠠᠵᠤ᠂ ᠴᠢᠯᠥᠭᠡᠲᠡᠢ ᠨᠡᠭᠡᠭᠡᠯᠲᠡᠲᠦ᠍ ᠠᠷᠠᠯᠵᠢᠶ᠎ᠠ ᠪᠣᠯᠤᠨ ᠪᠡᠯᠡ ᠣᠷᠣᠭᠤᠯᠤᠯᠲᠠ᠎ᠶᠢ ᠳᠡᠮᠵᠢᠵᠦ᠍᠂ ᠪᠦᠬᠦ᠌ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ᠌᠎ᠶᠢ ᠬᠠᠮᠠᠭᠠᠯᠠᠶ᠎ᠠ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠴᠢᠯᠥᠭᠡᠲᠦ᠍ ᠠᠷᠠᠯᠵᠢᠶᠠᠨ᠎ᠤ ᠣᠷᠣᠨ᠎ᠤ ᠠᠬᠢᠴᠠ᠎ᠶᠢ ᠯᠠᠪᠳᠠᠭᠤᠨ᠎ᠢᠶᠠᠷ ᠠᠬᠢᠭᠤᠯᠵᠤ᠂ ᠪᠦᠬᠦ᠌ ᠲᠠᠯ᠎ᠠ᠎ᠪᠠᠷ ᠬᠣᠯᠪᠣᠯᠳᠤᠨ ᠨᠡᠪᠲᠡᠷᠡᠯᠴᠡᠬᠦ᠌ ᠲᠣᠣᠷ᠎ᠢ ᠪᠠᠶ᠋ᠢᠭᠤᠯᠵᠤ᠂ ᠠᠷᠠᠯᠵᠢᠶᠠᠨ᠎ᠤ ᠲᠣᠭᠠᠴᠢᠯᠠᠯᠲᠠ ᠂ ᠬᠢᠯᠢ ᠠᠯᠤᠰᠯᠠᠭᠰᠠᠨ ᠡᠯᠧᠺᠲ᠋ᠷᠣᠨ ᠬᠤᠳᠠᠯᠳᠤᠭ᠎ᠠ᠂ ᠤᠶᠤᠨᠴᠢ ᠪᠣᠭᠣᠮᠲᠠ ᠵᠡᠷᠭᠡ᠎ᠶᠢᠨ ᠬᠠᠮᠲᠤᠷᠠᠯᠴᠠᠭ᠎ᠠ᠎ᠶᠢ ᠴᠢᠩᠭᠠᠳᠬᠠᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠵᠦ᠍᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠨᠢᠭᠡ ᠴᠤᠭᠴᠠᠵᠢᠯᠳᠠ᠎ᠳᠤ ᠵᠠᠮ ᠳᠡᠪᠢᠰᠴᠦ᠍ ᠬᠥᠭᠥᠷᠭᠡ ᠲᠠᠯᠪᠢᠵᠤ ᠥᠭᠬᠦᠶ᠎ᠠ᠃

— ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠡᠴᠡᠭᠯᠡᠯ ᠬᠥᠭᠵᠢᠯ᠎ᠢ ᠠᠬᠢᠭᠤᠯᠬᠤ᠎ᠳᠤ᠂ ᠰᠢᠨ᠎ᠡ᠎ᠶᠢ ᠡᠭᠦᠳᠬᠦ᠌ ᠨᠡᠮᠡᠭᠳᠡᠯ᠎ᠦᠨ ᠬᠥᠳᠡᠯᠭᠡᠬᠦ᠌ ᠬᠦᠴᠦᠨ᠎ᠢ ᠬᠥᠭᠵᠢᠭᠡᠬᠦ ᠬᠡᠷᠡᠭᠳᠠᠢ᠃ ᠰᠢᠨ᠎ᠡ᠎ᠶᠢ ᠡᠭᠦᠳᠬᠦ᠌ ᠪᠣᠯ ᠨᠡᠶ᠋ᠢᠭᠡᠮ᠎ᠦᠨ ᠳᠠᠪᠰᠢᠯᠲᠠ᠎ᠶᠢ ᠠᠬᠢᠭᠤᠯᠬᠤ ᠴᠢᠬᠤᠯᠠ ᠬᠦᠴᠦᠨ ᠮᠥᠨ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠪᠦᠷᠢᠯᠳᠦᠬᠦᠨ ᠪᠦᠬᠦ᠌ ᠪᠥᠮᠪᠥᠷᠴᠡᠭ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠳᠤᠮᠳᠠ ᠡᠷᠡᠮᠡᠬᠡᠶ᠋ᠢᠯᠡᠨ ᠤᠷᠤᠭᠰᠢᠯᠠᠵᠤ᠂ ᠠᠨᠭᠬᠠᠨ ᠤ᠋ ᠡᠬᠦᠳᠤᠯᠳᠠ ᠵᠢᠨ ᠴᠢᠨᠠᠷᠳᠠᠢ ᠰᠠᠭᠤᠷᠢ ᠴᠢᠨᠠᠷᠳᠠᠢ ᠠᠵᠤ ᠠᠬᠤᠶ᠋ᠢᠯᠠᠯ᠂ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ ᠵᠠᠭᠪᠤᠷ ᠥᠷᠨᠢᠭᠦᠨ᠎ᠢᠶᠡᠷ ᠢᠯᠡᠷᠡᠵᠦ᠍᠂ ᠦᠯᠡᠮᠵᠢ ᠤᠯᠠᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ ᠨᠢ ᠦᠢ ᠤᠯᠠᠨ ᠠᠵᠢᠯ ᠲᠦᠷᠦᠯ᠎ᠳᠦ ᠬᠦᠴᠦᠨ ᠨᠡᠮᠡᠷᠢᠯᠡᠵᠦ᠍᠂ ᠲᠦᠭ ᠲᠦᠮᠡᠨ ᠠᠶ᠋ᠢᠯ ᠡᠷᠦᠬᠡ᠎ᠳᠦ ᠣᠷᠣᠪᠠ᠃ ᠪᠢᠳᠡ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠬᠠᠨᠢᠲᠠᠨ᠎ᠤ ᠬᠠᠷᠢᠯᠴᠠᠭ᠎ᠠ᠎ᠶᠢ ᠢᠳᠡᠪᠬᠢᠲᠡᠢ ᠪᠠᠶ᠋ᠢᠭᠤᠯᠵᠤ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ᠎ᠶᠢᠨ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠵᠦ᠍᠂ ᠪᠣᠬᠢᠷᠲᠤᠯ ᠦᠭᠡᠢ ᠪᠠᠭ᠎ᠠ ᠨᠡᠭᠦᠷᠡᠰᠦᠲᠥᠶ᠋ᠷᠥᠭᠴᠢᠲᠦ᠍ ᠲᠡᠢᠰᠢ ᠬᠡᠯᠪᠡᠷᠢ ᠪᠡᠨ ᠬᠤᠪᠢᠷᠠᠭᠤᠯᠬᠤ᠎ᠶᠢ ᠠᠬᠢᠭᠤᠯᠵᠤ᠂ ᠰᠢᠨ᠎ᠡ᠎ᠶᠢ ᠡᠭᠦᠳᠬᠦ᠌ ᠳᠠᠪᠠᠭᠤᠯᠢᠭ᠎ᠢ ᠲᠠᠰᠤᠷᠠᠯᠲᠠ ᠦᠭᠡᠢ ᠨᠡᠮᠡᠭᠳᠡᠯ᠎ᠦᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠨᠡᠮᠡᠭᠳᠡᠯ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠬᠠᠩᠭᠠᠶ᠎ᠠ᠃

— ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤ᠎ᠶᠢᠨ ᠴᠡᠴᠡᠭᠯᠡᠯ ᠬᠥᠭᠵᠢᠯ᠎ᠢ ᠠᠬᠢᠭᠤᠯᠬᠤ᠎ᠳᠤ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠳᠡᠬᠦ ᠵᠠᠮ᠎ᠢ ᠥᠷᠭᠡᠳᠬᠡᠬᠦ ᠬᠡᠷᠡᠭᠲᠡᠢ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠡᠯ᠎ᠡ ᠠᠵᠤ ᠠᠬᠤᠢ᠎ᠶᠢᠨ ᠴᠣᠭᠴᠠ᠎ᠶᠢᠨ ᠲᠡᠦᠬᠡ ᠰᠣᠶᠣᠯ ᠪᠠ ᠬᠥᠭᠵᠢᠯᠲᠡ᠎ᠶᠢᠨ ᠱᠠᠲᠤ ᠦᠶ᠎ᠡ ᠨᠢ ᠪᠦᠷᠢᠮᠦᠰᠦᠨ ᠠᠳᠠᠯᠢ ᠪᠢᠰᠢ᠂ ᠬᠠᠮᠲᠤᠷᠠᠯᠴᠠᠭ᠎ᠠ᠎ᠶᠢ ᠠᠬᠢᠭᠤᠯᠬᠤ᠎ᠳᠤ ᠪᠦᠷᠢᠮᠦᠰᠦᠨ ᠨᠢᠭᠡᠳᠦᠯᠲᠡᠢ ᠪᠠᠢᠵᠤ ᠪᠣᠯᠬᠤ ᠦᠭᠡᠢ᠃ ᠠᠷᠠᠯᠵᠢᠶ᠎ᠠ ᠪᠠ ᠪᠡᠯᠡ ᠣᠷᠣᠭᠤᠯᠤᠯᠲᠠ᠎ᠶᠢᠨ ᠪᠡᠬᠢᠯᠡᠯᠲᠡ᠎ᠶᠢ ᠠᠷᠢᠯᠭᠠᠵᠤ᠂ ᠨᠡᠭᠡᠭᠡᠯᠲᠡᠲᠤ ᠮᠠᠶᠢᠭ᠋᠎ᠤᠨ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢ ᠪᠦᠲᠦᠭᠡᠨ ᠪᠠᠶ᠋ᠢᠭᠤᠯᠬᠤ ᠮᠥᠷᠲᠡᠭᠡᠨ ᠲᠦᠭᠡᠮᠡᠯ ᠬᠠᠷᠠᠭᠠᠯᠵᠠᠯᠲᠤ ᠲᠡᠩᠴᠡᠭᠦᠷᠢᠲᠡᠢ ᠬᠥᠭᠵᠢᠯᠲᠡ᠎ᠶᠢ ᠠᠬᠢᠭᠤᠯᠵᠤ᠂ ᠦᠷ᠎ᠡ ᠪᠦᠲᠦᠮᠵᠢ ᠪᠠ ᠲᠥᠪ ᠭᠣᠣᠯᠴᠢ᠎ᠶᠢ ᠬᠠᠮᠲᠤ ᠳ᠋ᠤᠨᠢ ᠬᠠᠷᠠᠭᠠᠯᠵᠠᠬᠤ ᠬᠡᠷᠡᠭᠲᠡᠢ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠣᠢᠯᠠᠭᠠᠭᠳᠠᠬᠤᠨ᠎ᠢ ᠪᠠᠷᠢᠮᠲᠠᠯᠠᠵᠤ᠂ ᠬᠥᠭᠵᠢᠵᠦ ᠪᠠᠢᠭ᠎ᠠ ᠠᠵᠤ ᠠᠬᠤᠢ᠎ᠶᠢᠨ ᠴᠣᠭᠴᠠ᠎ᠳᠤ ᠬᠠᠨᠳᠤᠭᠤᠯᠤᠨ ᠠᠵᠤ ᠠᠬᠤᠢ ᠮᠡᠷᠭᠡᠵᠢᠯ᠎ᠦᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠵᠠᠮ ᠬᠠᠷᠢᠯᠴᠠᠭ᠎ᠠ ᠲᠡᠭᠡᠭᠡᠪᠦᠷᠢ᠂ ᠤᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠂ ᠡᠨᠧᠷᠭᠢ᠂ ᠠᠮᠤ ᠪᠤᠳᠠᠭᠠᠨ᠎ᠤ ᠠᠮᠤᠷ ᠲᠦᠪᠰᠢᠨ᠂ ᠢᠯᠵᠢᠷᠡᠯ᠎ᠢ ᠡᠰᠡᠷᠭᠦᠴᠡᠬᠦ ᠵᠡᠷᠭᠡ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠬᠥᠭᠵᠢᠯᠲᠡ᠎ᠶᠢᠨ ᠦᠷ᠎ᠡ ᠪᠦᠲᠦᠭᠡᠯ᠎ᠢ ᠡᠯ᠎ᠡ ᠠᠵᠤ ᠠᠬᠤᠢ᠎ᠶᠢᠨ ᠴᠣᠭᠴᠠ ᠪᠣᠯᠣᠨ ᠠᠳᠠᠯᠢ ᠪᠤᠰᠤ ᠠᠩᠭᠢ ᠳᠠᠪᠬᠤᠷᠭ᠎ᠠ ᠵᠢᠴᠢ ᠤᠯᠠᠨ ᠲᠦᠮᠡᠨ᠎ᠳᠦ ᠬᠦᠷᠲᠡᠭᠡᠬᠦ ᠬᠡᠷᠡᠭᠲᠡᠢ᠃

ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠳᠤ ᠳᠡᠯᠡᠬᠡᠢ ᠳᠡᠭᠡᠷᠡᠬᠢ ᠬᠠᠮᠤᠭ᠎ᠤᠨ ᠴᠢᠬᠤᠯᠠ ᠪᠤᠯᠤᠩ᠎ᠤᠨ ᠣᠷᠣᠨ ᠲᠥᠪᠯᠡᠷᠡᠵᠦ᠂ ᠪᠤᠯᠤᠩ᠎ᠤᠨ ᠣᠷᠣᠨ᠎ᠤ ᠠᠵᠤ ᠠᠬᠤᠢ ᠢᠯᠡ ᠲᠣᠳᠣ᠌ ᠨᠡᠭᠡᠭᠡᠯᠲᠡᠲᠤ ᠴᠢᠨᠠᠷ᠂ ᠬᠠᠮᠵᠢᠯᠴᠠᠬᠤ ᠴᠢᠨᠠᠷ᠂ ᠭᠠᠳᠠᠭᠰᠢᠯᠠᠯᠳᠤ ᠴᠢᠨᠠᠷ᠎ᠲᠠᠢ ᠪᠠᠢᠨ᠎ᠠ᠃ ᠪᠢᠳᠡᠨ᠎ᠦ ᠪᠠᠢᠭ᠎ᠠ ᠱᠧᠨᠵᠧᠨ ᠪᠣᠯ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠳᠤ ᠤᠷᠤᠰᠢᠵᠦ ᠪᠠᠢᠨ᠎ᠠ᠃ ᠳᠤᠮᠳᠠᠳᠤ ᠤᠯᠤᠰ ᠳᠡᠯᠡᠬᠡᠢ᠎ᠶᠢᠨ ᠪᠤᠯᠤᠩ᠎ᠤᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠬᠣᠯᠪᠣᠭ᠎ᠠ ᠪᠠᠢᠭᠤᠯᠵᠤ᠂ ᠡᠯ᠎ᠡ ᠪᠤᠯᠤᠩ᠎ᠤᠨ ᠣᠷᠣᠨ᠎ᠤ ᠰᠣᠯᠢᠯᠴᠠᠭ᠎ᠠ ᠬᠤᠷᠰᠢᠯᠴᠠᠭ᠎ᠠ ᠵᠢ ᠭᠦᠨᠵᠡᠭᠡᠢᠷᠡᠭᠦᠯᠵᠦ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠰᠢᠨ᠎ᠡ ᠠᠷᠭ᠎ᠠ ᠵᠠᠮ᠎ᠢ ᠰᠦᠪᠡᠭᠴᠢᠯᠡᠬᠦ᠎ᠶᠢ ᠳᠡᠮᠵᠢᠨ᠎ᠠ᠃

ᠡᠷᠬᠢᠮ ᠵᠣᠴᠢᠳ ᠡ᠂ ᠨᠠᠢᠵᠠ ᠨᠠᠷ ᠡ !

ᠡᠨᠡ ᠵᠢᠯ ᠪᠣᠯ ᠳᠤᠮᠳᠠᠳᠤ ᠤᠯᠤᠰ᠎ᠤᠨ  《ᠠᠷᠪᠠᠨ ᠲᠠᠪᠤᠳᠤᠭᠠᠷ ᠲᠠᠪᠤᠨ ᠵᠢᠯ 》 ᠎ᠤ᠋ᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠮᠥᠨ᠃ ᠣᠳᠣᠬᠠᠨ᠎ᠳᠤ᠂ ᠳᠤᠮᠳᠠᠳᠤ ᠤᠯᠤᠰ᠎ᠤᠨ ᠠᠵᠤ ᠠᠬᠤᠢ ᠰᠢᠨ᠎ᠡ ᠬᠥᠭᠵᠢᠯᠲᠡ᠎ᠪᠡᠨ ᠪᠠᠲᠤᠯᠠᠵᠤ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠣᠯᠣᠨ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠵᠦ ᠪᠠᠢᠨ᠎ᠠ᠃ ᠲᠦᠷᠦᠭᠦᠦ ᠭᠤᠷᠪᠠᠨ ᠤᠯᠠᠷᠢᠯ᠎ᠳᠤ᠂ ᠳᠤᠮᠳᠠᠳᠤ ᠤᠯᠤᠰ᠎ᠤᠨ ᠠᠵᠤ ᠠᠬᠤᠢ᠎ᠶᠢᠨ ᠨᠡᠮᠡᠭᠳᠡᠯ᠎ᠦᠨ ᠬᠤᠷᠳᠤᠴᠠ 4.6 %᠎ᠳ᠋ᠤ᠌ ᠬᠦᠷᠴᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠲᠦᠷᠭᠡᠨ ᠬᠥᠭᠵᠢᠵᠦ᠂ ᠰᠢᠨ᠎ᠡ ᠬᠥᠭᠵᠢᠯᠲᠡ᠎ᠶᠢᠨ ᠪᠠᠢᠷᠢᠰᠢᠯ ᠲᠦᠷᠭᠡᠨ ᠪᠦᠷᠢᠯᠳᠦᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ᠎ᠶᠢᠨ ᠬᠤᠪᠢᠷᠠᠭᠤᠯᠤᠯᠲᠠ ᠲᠦᠷᠭᠡᠨ ᠪᠥᠭᠡᠳ ᠯᠠᠪᠳᠠᠭᠤᠨ ᠶᠠᠪᠤᠭᠳᠠᠵᠤ᠂ 《 ᠠᠷᠪᠠᠨ ᠲᠠᠪᠤᠳᠤᠭᠠᠷ ᠲᠠᠪᠤᠨ ᠵᠢᠯ 》 ᠎ᠤ᠋ᠨ ᠲᠥᠯᠦᠪᠵᠢᠭᠦᠯᠭᠡ᠎ᠶᠢ ᠰᠠᠢᠨ ᠡᠬᠢᠯᠡᠯᠲᠡ᠎ᠲᠠᠢ ᠪᠣᠯᠭᠠᠪᠠ᠃ ᠳᠤᠮᠳᠠᠳᠤ ᠤᠯᠤᠰ᠎ᠤᠨ 《 ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠦᠪᠵᠢᠭᠦᠯᠭᠡ ᠨᠢ ᠲᠤᠰ ᠪᠡᠶ᠎ᠡ᠎ᠶᠢᠨ ᠬᠥᠭᠵᠢᠯᠲᠡ᠎ᠶᠢᠨ ᠵᠢᠷᠤᠭ ᠲᠥᠯᠥᠪᠯᠡᠭᠡ ᠪᠣᠯᠬᠤ᠎ᠪᠠᠷ ᠪᠠᠷᠠᠬᠤ ᠦᠭᠡᠢ᠂ ᠪᠠᠰᠠ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ ᠴᠢᠨᠠᠭᠰᠢᠯᠠᠪᠠᠯ ᠪᠦᠬᠦ ᠪᠥᠮᠪᠥᠷᠴᠡᠭ᠎ᠦᠨ ᠠᠵᠤ ᠠᠬᠤᠢ᠎ᠶᠢᠨ ᠨᠡᠮᠡᠭᠳᠡᠯ᠎ᠳᠦ ᠠᠵᠠ ᠲᠣᠬᠢᠶᠠᠯ᠎ᠤᠨ ᠨᠠᠷᠢᠨ ᠲᠠᠩᠰᠠ ᠬᠠᠩᠭᠠᠵᠤ᠂ ᠳᠤᠮᠳᠠᠳᠤ ᠤᠯᠤᠰ᠎ᠤᠨ ᠪᠦᠬᠦ ᠪᠥᠮᠪᠥᠷᠴᠡᠭ᠎ᠦᠨ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠲᠦ ᠲᠠᠯᠪᠢᠭ᠍ᠰᠠᠨ ᠬᠠᠮᠲᠤᠷᠠᠯᠴᠠᠭᠠᠨ᠎ᠤ ᠪᠣᠯᠵᠣᠭ᠎ᠠ ᠪᠣᠯᠣᠨ᠎ᠠ᠃

— ᠳᠤᠮᠳᠠᠳᠤ ᠤᠯᠤᠰ ᠪᠦᠬᠦ ᠪᠥᠮᠪᠥᠷᠴᠡᠭ᠎ᠦᠨ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠲᠦ ᠬᠡᠳᠦ ᠶᠡᠬᠡ ᠬᠡᠪᠴᠢᠶᠡᠨ᠎ᠦ ᠨᠡᠭᠡᠭᠡᠯᠲᠡᠲᠤ ᠵᠠᠬ᠎ᠠ ᠳᠡᠯᠭᠡᠭᠦᠷ ᠬᠠᠩᠭᠠᠨ᠎ᠠ᠃ ᠳᠤᠮᠳᠠᠳᠤ ᠤᠯᠤᠰ ᠪᠣᠯ ᠪᠥᠬᠥ ᠪᠥᠮᠪᠥᠷᠴᠡᠭ᠎ᠦᠨ ᠬᠣᠶᠠᠳᠤᠭᠠᠷ ᠲᠣᠮᠣ᠌ ᠬᠡᠷᠡᠭᠯᠡᠭᠡᠨ᠎ᠦ ᠵᠠᠬ᠎ᠠ ᠳᠡᠯᠭᠡᠭᠦᠷ ᠮᠥᠨ᠂ ᠪᠥᠬᠥ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠳᠤᠮᠳᠠ ᠵᠡᠷᠭᠡ᠎ᠶᠢᠨ ᠣᠷᠣᠯᠭ᠎ᠠ᠎ᠲᠠᠢ ᠬᠠᠮᠲᠤᠯᠢᠭ᠋᠎ᠲᠠᠢ ᠪᠠᠢᠵᠤ᠂ ᠪᠡᠯᠡ ᠣᠷᠣᠭᠤᠯᠤᠯᠲᠠ ᠪᠠ ᠬᠡᠷᠡᠭᠯᠡᠭᠡᠨ᠎ᠦ ᠳᠠᠯᠳᠠ ᠬᠦᠴᠦᠨ ᠯᠤᠲᠤ ᠶᠡᠬᠡ ᠪᠠᠢᠨ᠎ᠠ᠃ ᠰᠢᠨ᠎ᠡ ᠡᠨᠧᠷᠭᠢ᠎ᠶᠢᠨ ᠮᠠᠰᠢᠨ ᠲᠡᠷᠭᠡ᠎ᠡᠴᠡ ᠣᠶᠤᠨᠲᠤ ᠭᠡᠷ᠎ᠦᠨ ᠬᠡᠷᠡᠭᠰᠡᠯ ᠬᠦᠷᠲᠡᠯ᠎ᠡ᠂ ᠪᠤᠭᠤᠷᠤᠯᠴᠤᠳ ᠤ᠋ᠨ ᠠᠵᠤ ᠠᠬᠤᠢ᠎ᠡᠴᠡ ᠮᠥᠰᠥ ᠴᠠᠰᠤᠨ᠎ᠤ ᠵᠢᠭᠤᠯᠴᠢᠯᠠᠯ ᠬᠦᠷᠲᠡᠯ᠎ᠡ᠂ ᠰᠢᠨ᠎ᠡ ᠤᠷᠤᠯᠳᠤᠭᠠᠨ ᠤ᠋ ᠵᠠᠮ ᠪᠦᠷᠢ ᠨᠢ ᠴᠥᠮ ᠪᠦᠬᠦ ᠪᠥᠮᠪᠥᠷᠴᠡᠭ᠎ᠦᠨ ᠠᠵᠤ ᠠᠬᠤᠢᠯᠠᠯ᠎ᠳᠤ ᠰᠢᠨ᠎ᠡ ᠠᠵᠠ ᠲᠣᠬᠢᠶᠠᠯ ᠠᠪᠴᠢᠷᠠᠵᠤ ᠥᠭᠪᠡ᠃ ᠳᠤᠮᠳᠠᠳᠤ ᠤᠯᠤᠰ ᠶᠠᠭ ᠨᠡᠭᠡᠭᠡᠯᠲᠡᠲᠡᠢ ᠲᠣᠮᠣ᠌ ᠵᠠᠬ᠎ᠠ ᠳᠡᠯᠭᠡᠭᠦᠷ᠎ᠢ ᠲᠦᠷᠭᠡᠪᠴᠢᠯᠡᠨ ᠪᠠᠢᠭᠤᠯᠵᠤ᠂ ᠴᠢᠨᠠᠷ ᠰᠠᠢᠲᠠᠢ ᠦᠢᠯᠡᠳᠬᠦᠨ ᠪᠠ ᠦᠢᠯᠡᠴᠢᠯᠡᠭᠡ᠎ᠶᠢ ᠭᠠᠳᠠᠭᠠᠳᠤ᠎ᠠᠴᠠ ᠣᠷᠣᠭᠤᠯᠬᠤ᠎ᠶᠢ ᠥᠷᠭᠡᠳᠬᠡᠵᠦ ᠪᠠᠢᠭ᠎ᠠ ᠪᠣᠯᠬᠣᠷ ᠤᠯᠠᠨ ᠶᠠᠩᠵᠤᠴᠢᠯᠠᠭᠰᠠᠨ ᠰᠢᠨ᠎ᠡ ᠬᠡᠷᠡᠭᠴᠡᠭᠡ᠎ᠶᠢ ᠲᠠᠰᠤᠷᠠᠯᠳᠠ ᠦᠭᠡᠢ ᠪᠤᠢ ᠪᠣᠯᠭᠠᠬᠤ ᠪᠣᠯᠣᠨ᠎ᠠ᠃ ᠬᠡᠳᠦᠨ ᠡᠳᠦᠷ᠎ᠦᠨ ᠡᠮᠦᠨ᠎ᠡ᠂ ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠱᠠᠩᠬᠠᠢ᠎ᠳᠤ ᠶᠠᠪᠤᠭᠳᠠᠵᠤ᠂ ᠡᠨᠳᠡ ᠰᠠᠭᠤᠵᠤ ᠪᠠᠢᠭ᠎ᠠ ᠮᠠᠰᠢ ᠤᠯᠠᠨ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠦᠨ ᠨᠠᠢᠵᠠ ᠨᠠᠷ ᠪᠦᠷ ᠣᠷᠣᠯᠴᠠᠬᠤ᠎ᠪᠠᠷ ᠣᠴᠢᠵᠤ᠂ ᠰᠢᠨ᠎ᠡ ᠬᠠᠮᠲᠤᠷᠠᠯᠴᠠᠭᠠᠨ᠎ᠤ ᠠᠵᠠ ᠲᠣᠬᠢᠶᠠᠯ᠎ᠢ ᠢᠯᠡᠷᠡᠭᠦᠯᠪᠡ᠃ ᠳᠤᠮᠳᠠᠳᠤ ᠤᠯᠤᠰ ᠪᠠᠰᠠ 《ᠭᠠᠳᠠᠭᠠᠳᠤ ᠳ᠋ᠤ ᠭᠠᠷᠭᠠᠬᠤ ᠳᠤᠮᠳᠠᠳᠤ ᠤᠯᠤᠰ》 ᠵᠡᠷᠭᠡ ᠰᠢᠷᠢᠰ ᠠᠵᠢᠯᠯᠠᠭ᠎ᠠ᠎ᠶᠢ ᠦᠷᠭᠦᠯᠵᠢᠯᠡᠨ ᠡᠷᠬᠢᠯᠡᠵᠦ᠂ ᠡᠯ᠎ᠡ ᠤᠯᠤᠰ᠎ᠤᠨ ᠴᠢᠨᠠᠷ ᠰᠠᠢᠲᠠᠢ ᠲᠠᠸᠠᠷ᠎ᠢ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠦ ᠣᠷᠣᠭᠤᠯᠬᠤ ᠥᠨᠳᠥᠷ ᠪᠦᠲᠦᠮᠵᠢᠲᠡᠢ ᠵᠠᠮ᠎ᠢ ᠪᠠᠢᠭᠤᠯᠤᠨ᠎ᠠ᠃

— ᠳᠤᠮᠳᠠᠳᠤ ᠤᠯᠤᠰ ᠪᠦᠬᠦ᠌ ᠪᠥᠮᠪᠥᠷᠴᠡᠭ᠎ᠦᠨ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠲᠦ᠍ ᠰᠠᠷᠠᠭᠤᠯ ᠠᠭᠤᠳᠠᠮ ᠬᠥᠭᠵᠢᠯᠲᠡ᠎ᠶᠢᠨ ᠣᠷᠣᠨ ᠵᠠᠢ ᠬᠠᠩᠭᠠᠨ᠎ᠠ᠃ ᠰᠢᠨ᠎ᠡ᠎ᠶᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠂ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠪᠣᠯ ᠳᠤᠮᠳᠠᠳᠤ ᠤᠯᠤᠰ᠎ᠤᠨ ᠠᠵᠤ ᠠᠬᠤᠢ᠎ᠶᠢᠨ ᠵᠠᠩᠭᠢᠯᠠᠭ᠎ᠠ᠎ᠶᠢᠨ ᠦᠭᠡ ᠪᠣᠯᠤᠨ᠎ᠠ᠃ ᠮᠠᠰᠢᠨ ᠬᠥᠮᠦᠨ 《ᠬᠦᠳᠡᠯᠮᠦᠷᠢ ᠬᠦᠴᠤ ᠵᠢ ᠤᠷᠤᠯᠠᠵᠤ ᠬᠦᠯᠦᠰᠦᠨ ᠠᠵᠢᠯ ᠬᠢᠬᠦ᠌》 ᠡᠴᠡ ᠮᠠᠰᠢᠨ ᠨᠣᠬᠠᠢ 《ᠬᠥᠳᠡᠭᠡ ᠪᠠᠭᠤᠵᠤ ᠲᠠᠷᠢᠶᠠᠨ ᠠᠵᠢᠯ ᠬᠢᠬᠦ》 ᠬᠦᠷᠲᠡᠯ᠎ᠡ᠂ ᠲᠠᠬᠢᠭᠠᠳ ᠠᠦ᠋ᠲ᠋ᠣ᠋ ᠵᠢᠯᠣᠭᠣᠳᠬᠤ ᠪᠠ ᠵᠢᠯᠣᠭᠣᠴᠢ ᠦᠭᠡᠢ ᠨᠢᠰᠬᠡᠯ ᠎ᠢ᠋ ᠵᠠᠬᠢᠶᠠᠯᠠᠭ᠎ᠠ ᠪᠡᠷ ᠬᠤᠳᠠᠯᠳᠤᠬᠤ ᠬᠦᠷᠲᠡᠯ᠎ᠡ᠂ ᠳᠤᠮᠳᠠᠳᠤ ᠤᠯᠤᠰ᠎ᠤᠨ ᠬᠡᠳᠦ ᠶᠡᠬᠡ ᠬᠡᠪᠴᠢᠶᠡᠨ᠎ᠦ ᠰᠢᠨ᠎ᠡ᠎ᠶᠢ ᠡᠭᠦᠳᠬᠦ᠌ ᠲᠤᠷᠰᠢᠯᠲᠠ᠎ᠶᠢᠨ ᠲᠠᠯᠠᠪᠠᠢ ᠨᠢ ᠬᠣᠰᠢᠭᠤᠷᠠᠯ ᠮᠡᠷᠭᠡᠵᠢᠯ᠎ᠢ ᠦᠨᠡᠨ ᠪᠣᠳᠠᠲᠠᠢ ᠠᠬᠤᠢ ᠪᠠᠶ᠋ᠢᠳᠠᠯ ᠳᠤᠮᠳᠠ ᠰᠢᠯᠭᠠᠨ ᠪᠠᠶ᠋ᠢᠴᠠᠭᠠᠵᠤ᠂ ᠲᠡᠰ ᠲᠡᠪᠰᠢᠭᠦᠯᠡᠨ ᠳᠠᠪᠲᠠᠨ ᠪᠤᠯᠪᠠᠰᠤᠷᠠᠭᠤᠯᠵᠤ᠂ ᠲᠠᠰᠤᠷᠠᠯᠲᠠ ᠦᠭᠡᠢ ᠴᠢᠨᠠᠷ ᠰᠠᠶ᠋ᠢᠲᠠᠢ ᠬᠥᠭᠵᠢᠯᠲᠡ᠎ᠶᠢᠨ ᠠᠮᠢᠵᠢᠷᠠᠯ᠎ᠤᠨ ᠬᠦᠴᠦᠨ ᠪᠣᠯᠭᠠᠨ ᠬᠤᠪᠢᠷᠠᠭᠤᠯᠪᠠ᠃ ᠳᠤᠮᠳᠠᠳᠤ ᠤᠯᠤᠰ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠲᠦᠷᠭᠡᠳᠭᠡᠨ ᠪᠠᠶ᠋ᠢᠭᠤᠯᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠌᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠤᠯᠠᠮᠵᠢᠯᠠᠯᠲᠤ᠌ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠭᠦ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠬᠥᠭᠵᠢᠨ ᠪᠤᠵᠠᠭᠠᠢ᠌ᠷᠠᠬᠤ᠂ ᠢᠷᠡᠭᠡᠳᠦᠢ᠎ᠶᠢᠨ ᠠᠵᠤ ᠦᠢᠯᠡᠰ᠎ᠦᠨ ᠠᠯᠤᠰ ᠬᠡᠳᠦ᠎ᠶᠢᠨ ᠪᠠᠶ᠋ᠢᠷᠢᠰᠢᠭᠤᠯᠤᠯᠲᠠ᠎ᠶᠢ ᠳᠡᠮᠵᠢᠵᠦ᠍᠂ ᠪᠦᠬᠦ᠌ ᠪᠥᠮᠪᠥᠷᠴᠡᠭ᠎ᠦᠨ ᠠᠵᠤ ᠠᠬᠤᠶ᠋ᠢᠯᠠᠯ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠠ ᠬᠥᠭᠵᠢᠨ ᠪᠤᠵᠠᠭᠠᠢ᠌ᠷᠠᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠬᠠᠩᠭᠠᠨ᠎ᠠ᠃

— ᠳᠤᠮᠳᠠᠳᠤ ᠤᠯᠤᠰ ᠪᠦᠬᠦ᠌ ᠪᠥᠮᠪᠥᠷᠴᠡᠭ᠎ᠦᠨ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠲᠦ᠍ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭᠰᠢᠯᠠᠬᠤ ᠬᠠᠮᠲᠤᠷᠠᠯᠴᠠᠭᠠᠨ᠎ᠤ ᠣᠷᠴᠢᠨ ᠲᠣᠭᠣᠷᠢᠨ᠎ᠢ ᠬᠠᠩᠭᠠᠨ᠎ᠠ᠃ 2001 ᠣᠨ᠎ᠳᠤ᠂ ᠳᠤᠮᠳᠠᠳᠤ ᠤᠯᠤᠰ ᠠᠩᠬ᠎ᠠ ᠤᠳᠠᠭ᠎ᠠ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠢ ᠡᠷᠬᠢᠯᠡᠵᠦ᠍᠂ ᠲᠤᠰ ᠵᠢᠯ᠎ᠳᠡᠭᠡᠨ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠳᠤ ᠣᠷᠣᠪᠠ᠃ 25 ᠵᠢᠯ᠎ᠦᠨ ᠲᠤᠷᠰᠢ᠂ ᠳᠤᠮᠳᠠᠳᠤ ᠤᠯᠤᠰ 《ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠳᠤ ᠣᠷᠣᠬᠤ》 ᠠᠮᠠᠯᠠᠯᠲᠠ᠎ᠪᠠᠨ ᠪᠦᠬᠦ᠌ ᠲᠠᠯ᠎ᠠ᠎ᠪᠠᠷ ᠭᠦᠢᠴᠡᠳᠬᠡᠵᠦ᠍᠂ ᠲᠤᠰ ᠪᠡᠶ᠎ᠡ᠎ᠶᠢᠨ ᠬᠥᠭᠵᠢᠯᠲᠡ᠎ᠪᠡᠨ ᠪᠡᠶᠡᠯᠡᠭᠦᠯᠬᠦ᠌᠎ᠶᠢᠨ ᠬᠠᠮᠲᠤ᠌ ᠳᠡᠯᠡᠬᠡᠢ᠎ᠶᠢᠨ ᠡᠯ᠎ᠡ ᠤᠯᠤᠰ᠎ᠲᠠᠶ ᠠᠵᠠ ᠲᠣᠬᠢᠶᠠᠯ᠎ᠢ ᠬᠠᠮᠲᠤ ᠪᠠᠷ ᠡᠳ᠋ᠯᠡᠵᠦ᠍᠂ ᠬᠥᠭᠵᠢᠯᠲᠡ᠎ᠶᠢ ᠬᠠᠮᠲᠤᠪᠠᠷ ᠠᠬᠢᠭᠤᠯᠪᠠ᠃ ᠭᠠᠭᠴᠠ ᠲᠠᠯᠠᠲᠤ᠌ ᠦᠵᠡᠯ᠂ ᠬᠠᠮᠠᠭᠠᠯᠠᠬᠤ ᠦᠵᠡᠯ᠎ᠦᠨ ᠲᠠᠭᠠᠷᠢᠯᠲᠠ᠎ᠶᠢᠨ ᠡᠮᠦᠨ᠎ᠡ᠂ ᠳᠤᠮᠳᠠᠳᠤ ᠤᠯᠤᠰ ᠢᠮᠠᠭᠲᠠ ᠵᠢᠩᠬᠢᠨᠢ ᠣᠯᠠᠨ ᠲᠠᠯᠠᠲᠤ᠌ ᠦᠵᠡᠯ᠎ᠢ ᠦᠢᠯᠡᠳᠦᠯᠭᠡᠵᠢᠭᠦᠯᠵᠦ᠍᠂ ᠣᠯᠠᠨ ᠲᠠᠯᠠᠲᠤ᠌ ᠠᠷᠠᠯᠵᠢᠶᠠᠨ᠎ᠤ ᠪᠠᠶ᠋ᠢᠭᠤᠯᠤᠮᠵᠢ᠎ᠶᠢ ᠡᠷᠡᠰ ᠬᠠᠮᠠᠭᠠᠯᠠᠵᠤ᠂ ᠳᠡᠯᠡᠬᠡᠶ᠎ᠶᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠶᠢᠨ ᠲᠦᠷᠢᠮ᠎ᠢ ᠬᠠᠮᠠᠭᠠᠯᠠᠵᠤ᠂ ᠳᠡᠯᠡᠬᠡᠶ᠎ᠶᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠶᠢᠨ ᠥᠭᠡᠷᠡᠴᠢᠯᠡᠯᠲᠡ᠎ᠶᠢ ᠠᠬᠢᠭᠤᠯᠵᠤ᠂ ᠳᠡᠯᠡᠬᠡᠶ᠎ᠶᠢᠨ ᠠᠵᠤ ᠠᠬᠤᠶ᠎ᠶᠢᠨ ᠨᠡᠮᠡᠭᠳᠡᠯ ᠪᠠ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠳᠤ ᠲᠠᠰᠤᠷᠠᠯᠲᠠ ᠥᠬᠡᠶ ᠲᠣᠭᠲᠠᠪᠤᠷᠢᠲᠤ᠌ ᠴᠢᠨᠠᠷ ᠪᠠ ᠲᠣᠭᠲᠠᠭᠠᠯᠲᠤ᠌ ᠴᠢᠨᠠᠷ ᠨᠡᠮᠡᠷᠢᠯᠡᠪᠡ᠃ ᠳᠡᠯᠡᠬᠡᠢ᠎ᠶᠢᠨ ᠪᠠᠶ᠋ᠢᠳᠠᠯ ᠶᠠᠭᠠᠬᠢᠵᠤ ᠬᠤᠪᠢᠷᠠᠭᠰᠠᠨ ᠴᠤ᠌᠂ ᠳᠤᠮᠳᠠᠳᠤ ᠤᠯᠤᠰ᠎ᠤᠨ ᠳᠡᠯᠡᠬᠡᠢ᠎ᠶᠢᠨ ᠡᠯ᠎ᠡ ᠤᠯᠤᠰ᠎ᠯᠤᠭ᠎ᠠ ᠬᠠᠮᠲᠤᠷᠠᠯᠴᠠᠨ ᠬᠠᠮᠲᠤ ᠪᠠᠷ ᠠᠰᠢᠭ ᠬᠦᠷᠳᠡᠬᠦ᠌ ᠵᠣᠷᠢᠭ ᠰᠠᠨᠠᠭ᠎ᠠ ᠬᠤᠪᠢᠷᠠᠬᠤ ᠦᠭᠡᠢ ᠶᠤᠮ᠃ ᠳᠤᠮᠳᠠᠳᠤ ᠤᠯᠤᠰ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠶ᠋ᠢᠭᠤᠯᠬᠤ ᠴᠢᠨᠠᠷ ᠰᠠᠶ᠋ᠢᠲᠠᠶ ᠬᠥᠭᠵᠢᠯᠲᠡ᠎ᠶᠢ ᠡᠷᠡᠰ ᠭᠤᠶ᠋ᠢᠪᠢᠰᠢ ᠥᠬᠡᠶ ᠠᠬᠢᠭᠤᠯᠵᠤ᠂ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠠᠵᠤ ᠠᠬᠤᠶ᠋ᠢᠯᠠᠯ᠎ᠤᠨ᠎ᠬᠢᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠳᠤᠵᠤ᠂ ᠬᠥᠭᠵᠢᠯᠲᠡ᠎ᠶᠢᠨ ᠠᠵᠠ ᠲᠣᠬᠢᠶᠠᠯ ᠎ᠢ ᠬᠠᠮᠲᠤ᠎ᠪᠠᠷ ᠡᠷᠢᠯᠬᠢᠯᠡᠵᠦ᠍᠂ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠨ᠎ᠡ᠃ ᠳᠤᠮᠳᠠᠳᠤ ᠤᠯᠤᠰ ᠪᠣᠭᠣᠮᠲᠠ᠎ᠶᠢᠨ ᠭᠠᠶ᠋ᠢᠯᠢ᠎ᠶᠢ ᠪᠠᠭᠤᠷᠠᠭᠤᠯᠬᠤ᠂ ᠵᠠᠬ᠎ᠠ ᠳᠡᠯᠭᠡᠭᠦᠷ᠎ᠲᠦ᠍ ᠣᠷᠣᠬᠤ ᠵᠥᠪᠰᠢᠶᠡᠷᠡᠯ ᠎ᠢ ᠥᠷᠭᠡᠳᠬᠡᠬᠦ᠌᠎ᠡᠴᠡ ᠲᠦᠷᠢᠮ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠲᠦᠭᠰᠢᠭᠦᠷᠢ᠎ᠶᠢ ᠳᠤᠭᠤᠯᠬᠤ ᠬᠤᠭᠤᠴᠠᠭᠠᠨ᠎ᠤ ᠥᠭᠡᠷᠡᠴᠢᠯᠡᠯᠲᠡ᠎ᠶᠢ ᠰᠦᠪᠡᠭᠴᠢᠯᠡᠬᠦ᠌ ᠬᠦᠷᠲᠡᠯ᠎ᠡ᠂ ᠦᠢᠯᠡᠳᠬᠦ᠌ ᠦᠢᠯᠡᠰ᠎ᠦᠨ ᠵᠠᠬ᠎ᠠ ᠳᠡᠯᠭᠡᠭᠦᠷ᠎ᠲᠦ᠍ ᠣᠷᠣᠬᠤ᠎ᠶᠢ ᠵᠥᠪᠰᠢᠶᠡᠷᠡᠬᠦ᠌ ᠮᠥᠷᠲᠡᠭᠡᠨ ᠡᠵᠡᠩᠨᠡᠬᠦ᠌᠎ᠶᠢ ᠵᠥᠪᠰᠢᠶᠡᠷᠡᠬᠦ᠌᠎ᠶᠢ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠬᠦᠷᠢᠶᠡᠨ᠎ᠦ ᠨᠡᠭᠡᠭᠡᠯᠲᠡ᠎ᠶᠢ ᠯᠠᠪᠳᠠᠭᠤᠨ᠎ᠢᠶᠠᠷ ᠥᠷᠭᠡᠳᠬᠡᠵᠦ᠍᠂ ᠪᠥᠬᠥ᠌ ᠪᠥᠮᠪᠥᠷᠴᠡᠭ᠎ᠦᠨ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ᠌ ᠢᠷᠡᠵᠦ᠍ ᠪᠠᠯᠠ ᠣᠷᠣᠭᠤᠯᠤᠨ ᠦᠢᠯᠡᠰ᠎ᠢᠶᠡᠨ ᠬᠥᠭᠵᠢᠭᠦᠯᠬᠦ᠌᠎ᠳᠦ ᠨᠠᠩ ᠲᠣᠭᠲᠠᠭᠤᠨ᠂ ᠨᠠᠩ ᠵᠢᠱ᠌ᠢᠵᠦ᠍ ᠪᠣᠯᠬᠤᠶ᠋ᠢᠴᠠ ᠴᠢᠨᠠᠷ ᠰᠠᠶ᠋ᠢᠲᠠᠶ ᠣᠷᠴᠢᠨ ᠨᠥᠬᠥᠴᠡᠯ᠎ᠢ ᠬᠠᠩᠭᠠᠨ᠎ᠠ᠃

ᠡᠷᠬᠢᠮ ᠵᠣᠴᠢᠳ ᠡ᠂ ᠨᠠᠶ᠋ᠢᠵᠠ᠎ᠨᠠᠷ ᠡ!

ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ ᠪᠣᠯ ᠪᠢᠳᠡᠨ᠎ᠦ ᠬᠠᠮᠲᠤ ᠪᠠᠷ ᠬᠥᠭᠵᠢᠬᠦ᠌ ᠣᠷᠣᠨ ᠵᠠᠢ ᠮᠥᠨ᠂ ᠪᠠᠰᠠ ᠴᠤ᠌ ᠪᠢᠳᠡᠨ᠎ᠦ ᠮᠥᠷᠥ᠍ ᠵᠡᠷᠭᠡᠴᠡᠨ ᠬᠠᠮᠲᠤᠷᠠᠨ ᠠᠵᠢᠯᠯᠠᠬᠤ ᠲᠠᠪᠴᠠᠩ ᠮᠥᠨ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠦᠢᠯᠡᠳᠪᠦᠷᠢ ᠬᠤᠳᠠᠯᠳᠤᠭᠠᠨ᠎ᠤ ᠡᠲᠡᠭᠡᠳ ᠪᠣᠯ ᠪᠦᠬᠦ᠌ ᠪᠥᠮᠪᠥᠷᠴᠡᠭ᠎ᠦᠨ ᠠᠵᠤ ᠠᠬᠤᠢ᠎ᠶᠢᠨ ᠭᠠᠪᠰᠢᠭᠠᠶ᠋ᠢᠯᠠᠭᠴᠢ ᠮᠥᠨ᠃ ᠤᠯᠠᠨ᠎ᠢᠶᠠᠷ᠎ᠢᠶᠠᠨ ᠵᠣᠷᠢᠭᠲᠠᠢ᠎ᠪᠠᠷ ᠰᠢᠨ᠎ᠡ᠎ᠶᠢ ᠡᠭᠦᠳᠴᠦ᠂ ᠭᠠᠷᠮᠠᠭᠠᠢ ᠠᠵᠤ ᠠᠬᠤᠶ᠋ᠢᠯᠠᠯᠲᠠᠨ᠎ᠤ ᠵᠣᠷᠢᠭ ᠰᠠᠨᠠᠭ᠎ᠠ ᠎ᠶᠢ ᠬᠥᠭᠡᠭᠡᠴᠡᠯᠳᠦᠵᠦ ᠂ ᠬᠤᠳᠠᠯᠳᠤᠭᠠᠨ᠎ᠤ ᠬᠠᠮᠲᠤᠷᠠᠯᠴᠠᠭᠠᠨ᠎ᠤ ᠠᠵᠠ ᠲᠣᠬᠢᠶᠠᠯ ᠎ᠢ ᠢᠳᠡᠪᠬᠢᠲᠡᠢ ᠥᠷᠭᠡᠳᠬᠡᠵᠦ᠍᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠨᠢᠭᠡ ᠴᠤᠬᠴᠠᠵᠢᠯᠳᠠ ᠵᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠌᠎ᠶᠢ ᠬᠦᠰᠡᠵᠦ᠍ ᠪᠠᠶ᠋ᠢᠨ᠎ᠠ᠃ ᠲᠠ ᠪᠦᠬᠦᠨ᠎ᠦ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠳᠡ ᠪᠠ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ᠎ᠳᠤ ᠦᠷᠭᠦᠯᠵᠢᠯᠡᠨ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠠᠵᠠ ᠲᠣᠬᠢᠶᠠᠯ᠎ᠢ ᠬᠠᠮᠲᠤᠪᠠᠷ ᠡᠳ᠋ᠯᠡᠬᠦ᠌᠎ᠶᠢ ᠪᠠᠶᠠᠷᠯᠠᠨ ᠤᠭᠲᠤᠵᠤ ᠪᠠᠶ᠋ᠢᠨ᠎ᠠ᠃

ᠪᠢᠳᠡ ᠭᠠᠷ ᠬᠣᠯᠪᠣᠯᠴᠠᠨ᠂ ᠨᠡᠭᠡᠭᠡᠯᠲᠡ᠎ᠪᠡᠷ ᠬᠥᠭᠵᠢᠯᠲᠡ᠎ᠶᠢᠨ ᠬᠦᠴᠢᠷᠳᠡᠯ᠎ᠢ ᠰᠢ᠌ᠳᠪᠦᠷᠢᠯᠡᠵᠦ᠍᠂ ᠰᠢᠨ᠎ᠡ᠎ᠶᠢ ᠡᠭᠦᠳᠬᠦ᠌᠎ᠪᠡᠷ ᠨᠡᠮᠡᠭᠳᠡᠯ᠎ᠦᠨ ᠪᠠᠶ᠋ᠢᠳᠠᠯ᠎ᠢ ᠨᠢᠭᠲᠠᠷᠠᠭᠤᠯᠵᠤ᠂ ᠬᠠᠮᠲᠤᠷᠠᠯᠴᠠᠭ᠎ᠠ᠎ᠪᠠᠷ ᠬᠠᠮᠲᠤᠪᠠᠷ ᠡᠳ᠋ᠯᠡᠬᠦ᠌ ᠠᠵᠠ ᠵᠢᠷᠭᠠᠯ᠎ᠢ ᠡᠷᠢᠯᠬᠢᠯᠡᠵᠦ᠍᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠭᠡᠭᠡᠨ ᠰᠠᠷᠠᠭᠤᠯ ᠢᠷᠡᠭᠡᠳᠦᠢ᠎ᠶᠢ ᠬᠠᠮᠲᠤᠪᠠᠷ ᠴᠣᠭᠴᠠᠯᠠᠶ᠎ᠠ !

ᠣᠯᠠᠨ᠎ᠳᠤ ᠪᠠᠶᠠᠷᠯᠠᠯ᠎ᠠ᠃

(ᠰᠢᠨᠬᠤᠸᠠ ᠬᠣᠷᠢᠶ᠎ᠠ ᠵᠢᠨ ᠱᠧᠨᠵᠧᠨ᠎ᠦ 11 ᠰᠠᠷ᠎ᠠ᠎ᠶᠢᠨ 18 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面