2026-11-19 10:51:17
ᠠ᠋ᠠᠽᠢᠶᠡ ᠲᠢᠪ ᠨᠣᠮᠣᠬᠠᠨ ᠳᠠᠯᠠᠶ᠎ᠶᠢᠨ ᠡᠣᠷᠣᠠ ᠤ᠋ ᠠ᠋ᠠᠵᠤ ᠠ᠋ᠠᠬᠣᠢ ᠵᠢᠠ ᠬᠠᠮᠲᠤᠷᠠᠯᠴᠠᠭᠠᠨ ᠤ᠋ ᠵᠣᠬᠢᠶᠠᠨ ᠪᠠᠶ᠋ᠢᠭᠤᠯᠤᠯᠲᠠ᠎ᠶᠢᠨ ᠡᠣᠳᠣᠷᠢᠣᠠᠬᠤ ᠬᠥᠮᠦᠰ᠎ᠦᠨ ᠭᠤᠴᠢᠨ ᠭᠤᠷᠪᠠᠳᠤᠭᠠᠷ ᠤᠳᠠᠭ᠎ᠠ ᠵᠢᠨ ᠠ᠋ᠠᠯᠪᠠᠠ ᠶᠣᠰᠣᠨ ᠪ ᠪᠤᠰᠤ ᠬᠤᠷᠠᠯ ᠤ᠋ᠨ ᠤᠬᠲᠤᠯᠭᠠ ᠵᠢᠨ ᠥᠲᠡᠰᠢ ᠶᠢᠨ ᠳᠠᠶ᠋ᠢᠯᠠᠯᠭ᠎ᠠ ᠳᠡᠭᠡᠷᠡᠬᠢ ᠰᠠᠷᠬᠤᠳ ᠡᠷᠬᠦᠬᠦ ᠦᠭᠡ
( 2026 ᠣᠨ᠎ᠤ 11 ᠰᠠᠷ᠎ᠠ᠎ᠶᠢᠨ 18 ᠤ᠋ ᠡᠳᠦᠷ᠂ ᠱᠧᠨᠵᠧᠨ ᠳ᠋ᠤ )
ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠰᠢ ᠵᠢᠨ ᠫᠢᠩ
ᠬᠠᠮᠲᠤ᠌ ᠠᠵᠢᠯᠯᠠᠭᠰᠠᠳ ᠡ᠂
ᠡᠷᠬᠢᠮ ᠵᠣᠴᠢᠳ ᠡ᠂
ᠠᠪᠠᠬᠠᠶᠨᠠᠷ᠂ ᠠᠪᠤᠭᠠᠶᠨᠠᠷ᠂ ᠨᠠᠶ᠋ᠢᠵᠠᠨᠠᠷ ᠡ᠄
ᠲᠠ ᠪᠦᠬᠦᠨ ᠳ᠋ᠤ ᠣᠷᠣᠢ᠎ᠶᠢᠨ ᠮᠡᠨᠳᠦ ᠬᠦᠷᠭᠡᠶ᠎ᠡ!
ᠡᠨᠡ ᠣᠷᠣᠢ᠂ ᠡᠮᠦᠨᠡᠲᠦ᠍ ᠲᠠᠩᠭᠢᠰ᠎ᠤᠨ ᠬᠥᠪᠡᠭᠡᠨᠠ ᠦᠩᠭᠡᠳᠦ ᠳ᠋ᠧᠩ ᠳᠤᠸᠠᠯᠠᠵᠤ᠂ ᠠᠮᠢᠵᠢᠷᠠᠯ ᠪᠢᠯᠬᠠᠬᠰᠡᠨ ᠱᠧᠨᠵᠧᠨᠬᠤᠳᠠ ᠳ᠋ᠤ ᠨᠠᠮᠤᠷ᠎ᠤᠨ ᠦᠵᠡᠮᠵᠢ ᠪᠢᠯᠬᠠᠨ᠎ᠠ᠃ ᠠ᠋ᠠᠽᠢᠶᠡ ᠲᠢᠪ ᠨᠣᠮᠣᠬᠠᠨ ᠳᠠᠯᠠᠶ᠎ᠶᠢᠨ ᠤᠷᠤᠨ ᠤ᠋ ᠠᠵᠤ ᠠᠬᠤᠢ ᠵᠢᠨ ᠬᠠᠮᠳᠤᠷᠠᠯᠴᠠᠭᠠᠨ ᠤ᠋ ᠵᠤᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠦᠮᠦᠰ᠎ᠦᠨ ᠭᠤᠴᠢᠨ ᠭᠤᠷᠪᠠᠳᠤᠭᠠᠷ ᠤᠳᠠᠭ᠎ᠠ ᠵᠢᠨ ᠠᠯᠪᠡᠨ ᠶᠤᠰᠤᠨ ᠤ᠋ ᠪᠤᠰᠤ ᠬᠤᠷᠠᠯ ᠤᠳᠠᠯ ᠦᠭᠡᠶ ᠬᠤᠷᠠᠯᠳᠤᠬᠤ ᠭᠡᠵᠦ᠍ ᠪᠠᠶ᠋ᠢᠭ᠎ᠠ ᠲᠠᠰᠢᠷᠠᠮ ᠵᠢᠡᠷ᠂ ᠪᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠡᠮᠦᠨ᠎ᠡ᠎ᠡᠴᠡ ᠡᠷᠬᠢᠮ ᠵᠣᠴᠢᠳ ᠢ ᠬᠠᠯᠠᠭᠤᠨ ᠢᠶᠠᠷ ᠤᠭᠲᠤᠵᠤ ᠪᠠᠶ᠋ᠢᠬᠤ ᠪᠠᠨ ᠢᠯᠡᠳᠬᠡᠶ᠎ᠡ᠃
ᠮᠢᠩᠭᠠᠨ ᠵᠢᠯ᠎ᠦᠨ ᠳᠤᠮᠳᠠᠳᠤ ᠤᠯᠤᠰ ᠢ ᠦᠵᠡᠬᠦ ᠬᠡᠪᠡᠯ ᠰᠢ ᠠᠨ᠎ᠳᠤ ᠣᠴᠢᠵᠤ᠂ ᠲᠠᠪᠤᠨ ᠵᠠᠭᠤᠨ ᠵᠢᠯ᠎ᠦᠨ ᠳᠤᠮᠳᠠᠳᠤ ᠤᠯᠤᠰ᠎ᠢ ᠦᠵᠡᠬᠦ ᠬᠡᠪᠡᠯ ᠪᠡᠭᠡᠵᠢᠩ᠎ᠳᠦ ᠣᠴᠢᠵᠤ᠂ ᠵᠠᠭᠤᠨ ᠵᠢᠯ᠎ᠦᠨ ᠳᠤᠮᠳᠠᠳᠤ ᠤᠯᠤᠰ᠎ᠢ ᠦᠵᠡᠬᠦ ᠬᠡᠪᠡᠯ ᠱᠠᠩᠬᠠᠢ᠎ᠳᠤ ᠣᠴᠢᠭᠠᠷᠠᠢ ᠭᠡᠵᠦ᠍ ᠪᠢ ᠬᠡᠯᠡᠵᠦ᠍ ᠥᠩᠭᠡᠷᠡᠭᠰᠡᠨ ᠶᠤᠮ᠃ ᠥᠨᠥᠳᠦᠷ᠂ ᠲᠡᠪᠢᠠ ᠵᠢᠯ ᠤ᠋ᠨ ᠳᠤᠮᠳᠠᠳᠤ ᠤᠯᠤᠰ ᠢ᠋ ᠦᠵᠡᠬᠦ ᠭᠡᠪᠡᠯ ᠱᠧᠨᠵᠧᠨ᠎ᠳᠦ ᠢᠷᠡᠭᠡᠷᠠᠢ ᠭᠡᠵᠤ ᠪᠢ ᠬᠡᠯᠡᠶ᠎ᠠ᠃
ᠱᠧᠨᠵᠧᠨ ᠪᠣᠯ ᠦᠯᠢᠭᠡᠷ ᠲᠡᠦᠭᠡ᠎ᠲᠡᠶ ᠭᠠᠵᠠᠷ ᠶᠤᠮ᠃ 1978 ᠣᠨ᠎ᠳᠤ᠂ ᠪᠢ ᠠᠩᠬ᠎ᠠ ᠤᠳᠠᠭ᠎ᠠ ᠱᠧᠨᠵᠧᠨ᠎ᠳᠦ ᠬᠦᠷᠬᠦ᠌᠎ᠳᠦ᠂ ᠵᠦᠪᠬᠡᠨ ᠨᠢᠭᠡᠨ ᠵᠢᠵᠢᠭᠭᠡᠨ ᠵᠢᠭᠠᠰᠤᠴᠢᠨᠤ ᠲᠣᠰᠬᠣᠨ ᠪᠠᠢᠬᠰᠡᠨ ᠶᠤᠮ᠃ ᠦᠵᠡᠵᠦ ᠪᠠᠢᠳᠠᠯ᠎ᠠ 40 ᠭᠠᠷᠤᠢ ᠵᠢᠯ ᠥᠩᠭᠡᠷᠡᠨ ᠤᠳᠤᠯᠡ᠂ ᠡᠳᠤᠭᠡ ᠡᠨᠳᠡ ᠠᠰᠠᠷ ᠲᠠᠭᠳᠤ ᠰᠡᠭᠦᠢᠨ ᠰᠦᠨᠳᠡᠷᠯᠡᠵᠦ᠍᠂ ᠲᠡᠷᠭᠡ ᠬᠦᠰᠭᠡ ᠰᠦᠯᠵᠢᠯᠳᠦᠨ ᠲᠦᠮᠡᠨ ᠤᠯᠠᠨ᠎ᠤ ᠴᠤᠭᠯᠠᠭᠠᠨ ᠪᠤᠯᠵᠤ᠂ ᠯᠤᠳᠤ ᠶᠡᠬᠡ ᠬᠤᠪᠢᠷᠠᠯᠲᠠ ᠲᠠᠢ ᠪᠤᠯᠤᠭᠰᠠᠨ ᠪᠠᠢᠨ᠎ᠠ᠃
ᠨᠡᠭᠡᠭᠡᠯᠲᠡ ᠬᠢᠬᠦ᠌ ᠪᠣᠯ ᠱᠧᠨᠵᠧᠨ᠎ᠦ ᠲᠥᠷᠥᠯᠬᠢ᠎ᠶᠢᠨ ᠭᠧᠨ ᠮᠦᠨ᠃ ᠬᠢᠯᠢ ᠬᠢᠵᠠᠭᠠᠷ᠎ᠤᠨ ᠵᠢᠵᠢᠭ ᠪᠠᠯᠭᠠᠰᠤ᠎ᠡᠴᠡ ᠳᠡᠯᠡᠬᠡᠶ᠋ᠢᠵᠢᠭᠰᠡᠨ ᠲᠤᠮᠤ ᠬᠤᠳᠠ ᠪᠤᠯᠤᠭᠰᠠᠨ ᠬᠦᠷᠳᠡᠯ᠎ᠡ᠂ ᠭᠠᠳᠠᠭᠠᠳᠤ ᠪᠡᠯᠡ ᠪᠠ ᠮᠡᠷᠭᠡᠵᠢᠯ᠎ᠢ ᠣᠷᠣᠭᠤᠯᠤᠨ ᠠᠪᠴᠢᠷᠠᠬᠤ ᠡᠴᠡ ᠤᠯᠠᠨ ᠤᠯᠤᠰ᠎ᠤᠨ ᠲᠦᠷᠢᠮ᠎ᠢ ᠲᠣᠭᠲᠠᠭᠠᠬᠤ᠎ᠳᠤ ᠢᠳᠡᠪᠬᠢᠲᠡᠢ ᠣᠷᠣᠯᠴᠠᠬᠤ ᠪᠤᠯᠤᠭᠰᠠᠨ ᠬᠦᠷᠳᠡᠯ᠎ᠡ᠂ ᠥᠨᠥᠳᠦᠷ᠎ᠦᠨ ᠱᠧᠨᠵᠧᠨ ᠂ ᠠᠷᠠᠯᠵᠢᠶ᠎ᠠ ᠬᠤᠳᠠᠯᠳᠤᠭ᠎ᠠ ᠲᠦᠷᠪᠡᠨ ᠵᠦᠭ ᠲᠸ᠋ ᠨᠡᠪᠳᠡᠷᠡᠵᠦ᠍᠂ ᠬᠤᠳᠠᠯᠳᠤᠭᠠᠴᠢᠳ ᠪᠤᠯᠤᠨ ᠵᠢᠭᠤᠯᠴᠢᠯᠠᠭᠰᠠᠳ ᠲᠠᠰᠤᠷᠠᠯᠳᠡ ᠦᠭᠡᠢ ᠴᠤᠪᠤᠵᠤ᠂ ᠳᠤᠮᠳᠠᠳᠤ ᠤᠯᠤᠰ᠎ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ᠎ᠶᠢᠨ ᠴᠣᠩᠬᠣᠪᠴᠢ ᠪᠣᠯᠪᠠ᠃
ᠰᠢᠨ᠎ᠡ᠎ᠶᠢ ᠡᠭᠦᠳᠬᠦ᠌ ᠪᠣᠯ ᠱᠧᠨᠵᠧᠨ᠎ᠦ ᠠᠮᠢᠵᠢᠷᠠᠯ᠎ᠤᠨ ᠬᠦᠴᠦᠨ ᠮᠥᠨ᠃ ᠭᠠᠳᠠᠭᠠᠳᠤ᠎ᠳᠤ ᠭᠠᠷᠭᠠᠵᠤ ᠡᠳ᠋ᠰᠢᠭᠦᠯᠤᠨ ᠪᠤᠯᠪᠠᠰᠤᠷᠠᠭᠤᠯᠬᠤ ᠡᠴᠡ ᠪᠡᠶ᠎ᠡ ᠪᠡᠨ ᠳᠠᠭᠠᠭᠠᠵᠤ ᠰᠤᠳᠤᠯᠤᠨ ᠨᠡᠭᠡᠭᠡᠬᠦ᠌ ᠬᠦᠷᠲᠡᠯ᠎ᠡ᠂ 《ᠳᠡᠯᠡᠬᠡᠢ᠎ᠶᠢᠨ ᠦᠢᠯᠡᠳᠪᠦᠷᠢ》 ᠡᠴᠡ ᠰᠢᠨ᠎ᠡ᠎ᠶᠢ ᠡᠭᠦᠳᠬᠦ᠌ ᠬᠤᠳᠠ ᠬᠦᠷᠲᠡᠯ᠎ᠡ᠂ ᠥᠨᠥᠳᠦᠷ᠎ᠦᠨ ᠱᠧᠨᠵᠧᠨ ᠂ ᠵᠢᠯ ᠪᠦᠷᠢ ᠤᠯᠠᠨ ᠤᠯᠤᠰ᠎ᠤᠨ ᠲᠤᠰᠬᠠᠢ ᠠᠰᠢᠭ ᠢ ᠭᠤᠶᠤᠴᠢᠯᠠᠭᠰᠠᠨ ᠬᠡᠮᠵᠢᠶ᠎ᠡ 2 ᠲᠦᠮᠡ ᠰᠢᠬᠠᠮ ᠬᠤᠪᠢ᠎ᠳᠤ ᠬᠦᠷᠴᠦ᠍᠂ ᠲᠡᠷᠢᠭᠦᠨ᠎ᠦ ᠦᠢᠯᠡᠳᠬᠦ᠌ ᠦᠢᠯᠡᠰ ᠪᠣᠯᠤᠨ ᠤᠳᠤ ᠦᠶ᠎ᠡ᠎ᠶᠢᠨ ᠦᠢᠯᠡᠴᠢᠯᠡᠭᠡᠨ᠎ᠦ ᠦᠢᠯᠡᠰ ᠮᠥᠷᠥ᠍ ᠵᠡᠷᠭᠡᠴᠡᠨ ᠤᠷᠤᠭᠰᠢᠯᠠᠵᠤ᠂ ᠳᠤᠮᠳᠠᠳᠤ ᠤᠯᠤᠰ᠎ᠤᠨ ᠪᠦᠯᠦᠭᠵᠢᠯ ᠬᠡᠯᠪᠡᠷᠢ ᠵᠢᠨ ᠰᠢᠨ᠎ᠡ᠎ᠶᠢ ᠡᠭᠦᠳᠬᠦ᠌ ᠬᠣᠰᠢᠭᠤᠷᠠᠯ ᠪᠣᠯᠪᠠ᠃
ᠬᠠᠮᠲᠤᠷᠠᠯᠴᠠᠭ᠎ᠠ ᠪᠣᠯ ᠱᠧᠨᠵᠧᠨ᠎ᠦ ᠬᠦᠴᠦᠨ ᠴᠢᠳᠠᠯ᠎ᠤᠨ ᠡᠬᠢ ᠰᠤᠷᠪᠤᠯᠵᠢ ᠮᠥᠨ᠃《ᠡᠨᠳᠡ ᠢᠷᠡᠭᠰᠡᠭᠡᠷ ᠱᠧᠨᠵᠧᠨ᠎ᠦ ᠬᠥᠮᠦᠨ ᠪᠤᠯᠴᠢᠬᠠᠨ᠎ᠠ》᠃ ᠡᠨᠡ ᠬᠦ᠌ ᠬᠤᠳᠠ ᠠᠭᠤᠳᠠᠮᠴᠢ ᠪᠠᠬᠳᠠᠭᠠᠮᠵᠢ ᠪᠡᠷ ᠲᠦᠷᠪᠡᠨ ᠵᠦᠭ ᠨᠠᠢ᠍ᠮᠠᠨ ᠵᠣᠪᠬᠢᠰ᠎ᠤᠨ ᠡᠷᠡᠮᠡᠭᠡᠢᠯᠡᠨ ᠲᠡᠮᠡᠴᠡᠭᠰᠡᠳᠢ ᠬᠦᠯᠢᠶᠡᠨ ᠠᠪᠴᠤ᠌᠂ 100 ᠭᠠᠷᠤᠢ ᠤᠯᠤᠰ ᠪᠠ ᠭᠠᠵᠠᠷ ᠣᠷᠣᠨ᠎ᠡᠴᠡ ᠢᠷᠡᠭᠰᠡᠨ ᠳᠡᠯᠡᠬᠡᠶ᠋ᠢᠴᠢᠯᠡᠭᠰᠡᠨ ᠴᠢᠳᠠᠪᠤᠷᠢᠲᠠᠨ ᠢ ᠴᠤᠭᠯᠠᠷᠠᠭᠤᠯᠵᠤ᠂ ᠳᠤᠮᠳᠠᠳᠤ ᠤᠯᠤᠰ᠎ᠤᠨ ᠡᠯ᠎ᠡ ᠲᠠᠯ᠎ᠠ᠎ᠶᠢᠨ ᠬᠢᠨᠯᠤᠭᠡ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠳᠡᠬᠦ᠌ ᠬᠠᠯᠠᠭᠤᠨ ᠬᠥᠷᠥᠰᠥ᠍ ᠪᠣᠯᠪᠠ᠃
ᠱᠧᠨᠵᠧᠨ ᠦ ᠦᠯᠢᠭᠡᠷ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ᠎ᠶᠢᠨ ᠬᠤᠷᠢᠶᠠᠩᠭᠤᠢ ᠳᠦᠷᠰᠦ ᠮᠥᠨ᠃ ᠦᠶ᠎ᠡ ᠦᠶ᠎ᠡ᠎ᠶᠢᠨ ᠪᠦᠳᠦᠭᠡᠨ ᠪᠠᠶ᠋ᠢᠭᠤᠯᠤᠭᠴᠢᠳ ᠥᠭᠡᠷᠡᠴᠢᠯᠡᠯᠲᠡ ᠨᠡᠭᠡᠭᠡᠯᠳᠡ᠎ᠶᠢᠨ ᠳᠤᠮᠳᠠ ᠬᠦᠰᠢᠬᠦᠨ ᠦᠵᠡᠯ ᠰᠠᠨᠠᠭ᠎ᠠ ᠬᠡᠪᠰᠢᠮᠡᠯ ᠪᠠᠢᠭᠤᠯᠤᠯ ᠢ᠋ ᠡᠪᠳᠡᠨ ᠪᠦᠰᠡᠯᠡᠯᠲᠡ ᠰᠢᠪᠲᠤᠯᠵᠤ᠂ ᠦᠷᠭᠦᠯᠵᠢᠯᠡᠨ ᠲᠡᠮᠡᠴᠡᠵᠦ᠍᠂ ᠦᠢᠯᠡᠳᠪᠦᠷᠢᠯᠡᠯ᠎ᠦᠨ ᠬᠦᠴᠦᠨ᠎ᠢ ᠴᠢᠯᠥᠭᠡᠯᠡᠨ ᠬᠥᠭᠵᠢᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠲᠦᠭ ᠲᠦᠮᠡᠨ ᠳᠦᠷᠰᠦ ᠪᠠᠶ᠋ᠢᠳᠠᠯ᠎ᠢ ᠢᠯᠡᠷᠡᠭᠦᠯᠪᠡ᠃
ᠱᠧᠨᠵᠧᠨ᠎ᠦ ᠦᠯᠢᠭᠡᠷ ᠪᠣᠯ ᠮᠥᠨ ᠴᠦ᠍ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤᠷᠠᠯᠴᠠᠭᠠᠨ᠎ᠤ ᠠᠮᠵᠢᠯᠲᠠ᠎ᠲᠠᠶ ᠵᠢᠱ᠌ᠢᠶ᠎ᠡ ᠪᠣᠯᠤᠨ᠎ᠠ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠴᠣᠭᠴᠠ ᠭᠠᠵᠠᠷ ᠵᠦᠢ᠎ᠶᠢᠨ ᠬᠢᠵᠠᠭᠠᠷᠯᠠᠯ ᠪᠣᠯᠤᠨ ᠦᠵᠡᠯᠲᠡ ᠲᠠᠨᠢᠯᠳᠠ᠎ᠶᠢᠨ ᠵᠥᠷᠢᠶ᠎ᠡ᠎ᠵᠢ ᠢᠯᠠᠨ ᠳᠠᠪᠠᠵᠤ᠂ ᠣᠷᠣᠨ ᠪᠦᠰᠡ᠎ᠶᠢᠨ ᠬᠠᠮᠲᠤᠷᠠᠯᠴᠠᠭᠠᠨ᠎ᠤ ᠶᠡᠬᠡ ᠲᠠᠪᠴᠠᠩ᠎ᠳᠤ ᠢᠳᠡᠪᠬᠢᠲᠡᠢ ᠣᠷᠣᠯᠴᠠᠵᠤ᠂ ᠠᠵᠤ ᠠᠬᠤᠢ ᠲᠦᠷᠭᠡᠨ ᠬᠥᠭᠵᠢᠭᠰᠡᠨ 《ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠭᠠᠶ᠋ᠢᠬᠠᠮᠰᠢᠭ》 ᠢ᠋ ᠡᠭᠦᠳᠴᠡᠢ᠃
ᠠᠪᠠᠬᠠᠶᠨᠠᠷ᠂ ᠠᠪᠤᠭᠠᠶᠨᠠᠷ᠂ ᠨᠠᠶ᠋ᠢᠵᠠᠨᠠᠷ ᠡ!
ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠭᠳᠠᠭᠰᠠᠨ᠎ᠡᠴᠡ ᠨᠠᠭᠠᠰᠢ᠂ ᠨᠡᠬᠡᠬᠡᠯᠳᠡ ᠬᠢᠬᠦ᠌᠂ ᠰᠢᠨ᠎ᠡ᠎ᠶᠢ ᠡᠭᠦᠳᠬᠦ᠌᠂ ᠬᠠᠮᠲᠤᠷᠠᠯᠴᠠᠭ᠎ᠠ ᠬᠢᠬᠦ᠌ ᠨᠢ ᠲᠡᠭᠦᠨ᠎ᠦ ᠢᠯᠡ ᠲᠣᠳᠣ ᠢᠯᠡᠷᠭᠡᠢᠯᠡᠯ ᠳᠡᠮᠳᠡᠭ ᠪᠣᠯᠤᠭᠰᠠᠭᠠᠷ ᠢᠷᠡᠵᠠᠢ᠃ ᠰᠢᠶᠠᠲ᠋ᠸᠯᠳ᠋ᠤ ᠠᠩᠬ᠎ᠠ ᠤᠳᠠᠭ᠎ᠠ ᠭᠠᠷ ᠠᠳᠬᠤᠭᠰᠠᠨ᠎ᠡᠴᠡ ᠠᠪᠤᠭᠠᠳ ᠶᠠᠨ ᠴᠢ ᠬᠣ᠌ ᠨᠠᠭᠤᠷ᠎ᠤᠨ ᠲᠡᠦᠬᠡ᠎ᠶᠢᠨ ᠦᠪᠡᠳᠡᠭᠰᠢ ᠴᠤᠭᠯᠠᠭᠠᠨ ᠬᠦᠷᠲᠡᠯ᠎ᠡ᠂ ᠮᠤᠤ ᠡᠦᠶᠢᠨ ᠬᠠᠷᠠᠯᠲᠠ᠎ᠶᠢᠨ ᠲᠥᠪ ᠴᠢᠩᠭ᠎ᠠ ᠠᠮᠠᠯᠠᠯᠲᠠ᠎ᠡᠴᠡ ᠠᠪᠤᠭᠠᠳ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ᠎ᠤ ᠬᠠᠮᠲᠤ᠎ᠶᠢᠨ ᠴᠣᠭᠴᠠ᠎ᠶᠢᠨ ᠠᠤᠭ᠎ᠠ ᠶᠡᠬᠡ ᠬᠦᠰᠡᠯ ᠪᠠᠷᠠᠯᠠᠯ ᠬᠦᠷᠲᠡᠯ᠎ᠡ᠂ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ᠎ᠤ ᠠᠵᠤ ᠠᠬᠤᠶ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ ᠢᠮᠠᠭᠲᠠ ᠴᠠᠭ ᠦᠶ᠎ᠡ᠎ᠶᠢᠨ ᠬᠠᠨᠳᠤᠰᠢ᠎ᠶᠢ ᠡᠵᠡᠮᠳᠡᠵᠦ᠍᠂ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ᠎ᠤ ᠠᠵᠤ ᠠᠬᠤᠶ᠎ᠶᠢᠨ ᠨᠢᠭᠡ ᠴᠤᠭᠴᠠᠵᠢᠯᠲᠠ᠎ᠶᠢᠨ ᠠᠬᠢᠴᠠ᠎ᠶᠢ ᠬᠥᠲᠥᠯᠥᠨ ᠳᠠᠭᠠᠭᠤᠯᠵᠤ᠂ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ᠎ᠤ᠋ ᠪᠦᠬᠦ᠌ ᠪᠥᠮᠪᠥᠷᠴᠡᠭ᠎ᠦᠨ ᠠᠵᠤ ᠠᠬᠤᠶ᠎ᠶᠢᠨ ᠬᠠᠮᠤᠭ᠎ᠤᠨ ᠠᠮᠢᠵᠢᠷᠠᠯ᠎ᠤᠨ ᠬᠦᠴᠦᠨ᠎ᠲᠡᠶ ᠭᠠᠵᠠᠷ ᠣᠷᠣᠨ ᠪᠠ ᠴᠢᠬᠤᠯᠠ ᠨᠡᠮᠡᠭᠳᠡᠯ᠎ᠦᠨ ᠬᠥᠳᠡᠯᠭᠡᠭᠦᠷ ᠪᠤᠯᠬᠤ ᠳ᠋ᠤ ᠬᠦᠴᠤᠨ ᠨᠡᠮᠡᠷᠢᠯᠡᠭᠰᠡᠭᠡᠷ ᠢᠷᠠᠵᠠᠢ᠃
ᠵᠠᠮ ᠵᠠᠮ ᠵᠢᠡᠷ ᠵᠢᠡᠨ ᠶᠠᠪᠤᠵᠤ᠂ ᠬᠠᠷᠠᠯᠳᠠ ᠵᠤᠷᠢᠯᠳᠠ ᠪᠡᠷ ᠵᠢᠡᠨ ᠬᠤᠯᠪᠤᠯᠳᠤᠨ ᠨᠡᠪᠳᠡᠷᠡᠯᠴᠡᠨᠡ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢᠨ ᠲᠥᠯᠥᠭᠡ᠂ ᠪᠢᠳᠡ ᠠᠭᠤᠯᠠ ᠳᠠᠯᠠᠢ᠎ᠶᠢ ᠠᠯᠤᠰᠯᠠᠨ ᠭᠠᠷ ᠬᠤᠯᠪᠤᠨ ᠤᠷᠤᠭᠰᠢᠯᠠᠪᠠ᠃ ᠳᠤᠮᠳᠠᠳᠤ ᠤᠯᠤᠰ ᠡᠨᠡ ᠵᠢᠯ᠎ᠦᠨ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠡᠷᠬᠢᠯᠡᠭᠴᠢ ᠤᠯᠤᠰ ᠤ᠋ᠨ ᠲᠤᠰᠢᠶᠠᠯ ᠢ᠋ ᠡᠬᠦᠷᠭᠡᠯᠡᠭᠰᠡᠨ ᠡᠴᠡ ᠨᠠᠭᠠᠰᠢ᠂ 16 ᠬᠤᠳᠠ᠎ᠳᠤ 300 ᠭᠠᠷᠤᠢ ᠤᠳᠠᠭ᠎ᠠ᠎ᠶᠢᠨ ᠬᠤᠷᠠᠯ ᠪᠠ ᠠᠵᠢᠯᠯᠠᠭ᠎ᠠ ᠥᠷᠨᠢᠭᠦᠯᠵᠦ᠍᠂ ᠡᠯ᠎ᠡ ᠪᠦᠷᠢᠯᠳᠦᠬᠦᠨ ᠤᠯᠤᠰ᠎ᠤᠨ ᠠᠵᠤ ᠠᠬᠤᠢ᠎ᠶᠢᠨ ᠴᠣᠭᠴᠠ᠎ᠶᠢᠨ ᠲᠥᠯᠥᠭᠡᠯᠡᠭᠴᠢ ᠲᠦᠮᠡ ᠭᠠᠷᠤᠢ ᠬᠥᠮᠦᠨ ᠤᠳᠠᠭ᠎ᠠ ᠢᠳᠡᠪᠬᠢᠲᠡᠢ ᠣᠷᠣᠯᠴᠠᠵᠤ᠂《ᠳᠤᠮᠳᠠᠳᠤ ᠤᠯᠤᠰ᠎ᠤᠨ ᠣᠨ》 ᠤ᠋ ᠨᠡᠩ ᠤᠯᠠᠨ ᠴᠢᠬᠤᠯᠠ ᠦᠷ᠎ᠡ ᠪᠦᠲᠦᠭᠡᠯ ᠤᠯᠬᠤ᠎ᠳᠤ ᠬᠤᠪᠢ ᠨᠡᠮᠡᠷᠢ ᠦᠵᠡᠭᠦᠯᠪᠡ᠃ ᠮᠠᠷᠭᠠᠰᠢ᠎ᠶᠢᠨ ᠤᠳᠤᠷᠢᠳᠬᠤ ᠬᠥᠮᠦᠰ᠎ᠦᠨ ᠬᠤᠷᠠᠯ ᠳᠡᠭᠡᠷ᠎ᠡ᠂ ᠪᠢᠳᠡ ᠬᠠᠷᠢᠯᠴᠠᠨ ᠨᠡᠬᠡᠬᠡᠯᠳᠡ ᠬᠢᠬᠦ᠌᠎ᠶᠢ ᠥᠷᠭᠡᠳᠬᠡᠬᠦ᠌ ᠠᠷᠭ᠎ᠠ ᠬᠡᠮᠵᠢᠶ᠎ᠡ᠎ᠶᠢ ᠶᠠᠷᠢᠯᠴᠠᠵᠤ᠂ ᠰᠢᠨ᠎ᠡ᠎ᠶᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠨᠡᠮᠡᠭᠳᠡᠯ᠎ᠦᠨ ᠠᠷᠭ᠎ᠠ ᠵᠠᠮ᠎ᠢ ᠰᠦᠪᠡᠭᠴᠢᠯᠡᠵᠦ᠍᠂ ᠡᠯ᠎ᠡ ᠬᠦᠷᠢᠶᠡᠨ᠎ᠳ᠋ᠡᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭᠠᠨ᠎ᠤ ᠠᠵᠠ ᠲᠣᠬᠢᠶᠠᠯ ᠢ ᠥᠷᠭᠡᠳᠬᠡᠵᠦ᠍᠂ ᠨᠡᠩ ᠤᠯᠠᠨ ᠦᠷ᠎ᠡ ᠪᠦᠲᠦᠭᠡᠯ᠎ᠢ ᠨᠠᠶ᠋ᠢᠳᠠᠪᠤᠷᠢᠵᠢᠭᠤᠯᠬᠤ᠎ᠶᠢ ᠠᠬᠢᠭᠤᠯᠤᠨ᠎ᠠ᠃ ᠪᠢ ᠤᠯᠠᠨ᠎ᠲᠠᠶ ᠬᠠᠮᠲᠤ ᠪᠠᠷ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤᠷᠠᠯᠴᠠᠭᠠᠨ᠎ᠤ ᠶᠡᠬᠡ ᠪᠤᠳᠤᠯᠭ᠎ᠠ ᠶᠢ ᠵᠥᠪᠯᠡᠵᠦ᠍᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠥᠭᠵᠢᠯᠲᠡ᠎ᠶᠢᠨ ᠶᠡᠬᠡ ᠦᠢᠯᠡᠰ᠎ᠢ ᠬᠠᠮᠲᠤ᠎ᠪᠠᠷ ᠬᠥᠭᠵᠢᠭᠦᠯᠬᠦ᠌᠎ᠶᠢ ᠬᠦᠰᠡᠵᠦ᠍ ᠪᠠᠶ᠋ᠢᠨ᠎ᠠ᠃
ᠤᠳᠤ ᠤᠯᠠᠨ ᠵᠢᠡᠷ ᠵᠢᠡᠨ᠂
ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ᠎ᠤ ᠬᠠᠮᠲᠤ᠎ᠶᠢᠨ ᠬᠥᠭᠵᠢᠯ ᠪᠠᠳᠠᠷᠠᠯ᠎ᠤᠨ ᠲᠥᠯᠥᠭᠡ᠂
ᠡᠨᠡ ᠤᠳᠠᠭ᠎ᠠ ᠵᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ ᠤ᠋ᠨ ᠲᠡᠭᠦᠰ ᠠᠮᠵᠢᠯᠲᠠ ᠤᠯᠬᠤ ᠵᠢᠨ ᠲᠥᠯᠥᠭᠡ᠂
ᠡᠷᠬᠢᠮ ᠵᠣᠴᠢᠳ ᠪᠣᠯᠤᠨ ᠭᠡᠷ᠎ᠪᠦᠯᠢ ᠵᠢᠨ ᠬᠢᠨ ᠤ᠋ ᠡᠷᠡᠭᠦᠯ ᠮᠡᠨᠳᠦ᠎ᠶᠢᠨ ᠲᠥᠯᠥᠭᠡ᠂
ᠬᠤᠨᠳᠠᠭ᠎ᠠ ᠡᠷᠬᠦᠵᠡᠭᠡᠶᠠ!
(ᠰᠢᠨᠬᠤᠸᠠ ᠬᠣᠷᠢᠶ᠎ᠠ ᠵᠢᠨ ᠱᠧᠨᠵᠧᠨ᠎ᠦ 11 ᠰᠠᠷ᠎ᠠ᠎ᠶᠢᠨ 18 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃