ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-20 11:27:25

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠭᠤᠴᠢᠨ ᠭᠤᠷᠪᠠᠳᠤᠭᠠᠷ ᠤᠳᠠᠭ᠎ᠠ᠎ᠶᠢᠨ ᠠᠯᠪᠠᠨ ᠶᠣᠰᠣᠨ᠎ᠤ ᠪᠤᠰᠤ ᠬᠤᠷᠠᠯ ᠳᠡᠭᠡᠷᠡᠬᠢ ᠶᠠᠷᠢᠶ᠎ᠠ

(2026 ᠣᠨ᠎ᠤ 11 ᠰᠠᠷ᠎ᠠ᠎ᠶᠢᠨ 19 ᠤ᠋ ᠡᠳᠦᠷ᠂ ᠱᠧᠨᠵᠧᠨ ᠳ᠋ᠤ)

ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ  ᠰᠢ ᠵᠢᠨ ᠫᠢᠩ


ᠬᠠᠮᠲᠤ ᠠᠵᠢᠯᠯᠠᠭᠰᠠᠳ ᠡ ᠄

ᠦᠵᠡᠰᠬᠦᠯᠡᠩᠲᠦ ᠰᠠᠢᠬᠠᠨ ᠱᠧᠨᠵᠧᠨ᠎ᠳᠦ ᠲᠠ ᠨᠠᠷ ᠲᠠᠢ ᠠᠭᠤᠯᠵᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤᠷᠠᠯᠴᠠᠭᠠᠨ᠎ᠤ ᠶᠡᠬᠡ ᠪᠣᠳᠣᠯᠭ᠎ᠠ᠎ᠶᠢ ᠬᠠᠮᠲᠤ᠎ᠪᠠᠷ ᠰᠦᠪᠡᠭᠴᠢᠯᠡᠵᠦ ᠪᠠᠢᠭ᠎ᠠ ᠳ᠋ᠠᠭᠠᠨ ᠮᠠᠰᠢ ᠪᠠᠶᠠᠷ᠎ᠲᠠᠢ ᠪᠠᠢᠨ᠎ᠠ᠃

30 ᠭᠠᠷᠤᠢ ᠵᠢᠯ᠎ᠦᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠴᠠᠭ ᠤ᠋ᠨ ᠪᠠᠢᠳᠠᠯ ᠢ᠋  ᠲᠠᠭᠠᠨ ᠪᠤᠢ ᠪᠣᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠰᠦᠷ ᠳᠠᠯᠠᠢᠴᠠᠲᠠᠢ ᠲᠡᠦᠬᠡᠨ ᠶᠠᠪᠤᠴᠠ᠎ᠶᠢ ᠡᠬᠢᠯᠡᠭᠦᠯᠪᠡ᠃ 30 ᠭᠠᠷᠤᠢ ᠵᠢᠯ᠎ᠦᠨ ᠲᠤᠷᠰᠢ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠳᠦᠷᠰᠦ ᠪᠠᠢᠳᠠᠯ ᠡᠳᠦᠷ᠎ᠡᠴᠡ ᠡᠳᠦᠷ ᠰᠢᠨᠡᠳᠴᠦ᠂ ᠠᠵᠤ ᠠᠬᠤᠢ ᠲᠦᠷᠭᠡᠨ ᠬᠦᠭᠵᠢᠭᠰᠡᠨ 《ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠭᠠᠢᠬᠠᠮᠰᠢᠭ᠋》  ᠢ᠋ ᠡᠭᠦᠳᠴᠡᠢ᠃

ᠣᠳᠣᠬᠠᠨ᠎ᠳᠤ᠂ ᠳᠡᠯᠡᠬᠡᠢ ᠶᠢᠷᠳᠢᠨᠴᠤ ᠵᠢᠨ ᠵᠠᠭᠤᠨ ᠵᠢᠯ ᠳ᠋ᠤ ᠳᠤᠬᠢᠶᠠᠯᠳᠤᠭ᠎ᠠ ᠦᠭᠡᠢ ᠬᠤᠪᠢᠰᠤᠯᠳᠠ ᠲᠦᠷᠭᠡᠳᠦᠨ ᠤᠯᠠᠷᠢᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠪᠣᠯᠣᠨ ᠠᠵᠤ ᠦᠢᠯᠡᠰ᠎ᠦᠨ ᠰᠢᠨ᠎ᠡ ᠡᠭᠦᠳᠦᠯᠲᠡ ᠥᠷᠨᠢᠭᠦᠨ ᠬᠥᠭᠵᠢᠵᠦ ᠪᠠᠢᠨ᠎ᠠ᠃ ᠰᠢᠨ᠎ᠡ ᠠᠵᠠ ᠲᠣᠬᠢᠶᠠᠯ ᠪᠣᠯᠣᠨ ᠥᠷᠢᠰᠦᠯᠳᠦᠭᠡᠨ᠎ᠦ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤᠷᠠᠯᠴᠠᠭ᠎ᠠ ᠡᠷᠬᠡᠪᠰᠢ ᠰᠢᠨ᠎ᠡ ᠪᠠᠢᠳᠠᠯ᠎ᠳᠤ ᠵᠣᠬᠢᠴᠠᠵᠤ᠂ ᠰᠢᠨ᠎ᠡ ᠠᠯᠬᠤᠮ᠎ᠢ ᠠᠯᠬᠤᠵᠤ᠂ ᠰᠢᠨ᠎ᠡ ᠪᠠᠢᠳᠠᠯ᠎ᠢ ᠡᠭᠦᠳᠴᠦ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠬᠤ᠂ ᠨᠡᠭᠡᠭᠡᠯᠲᠡ ᠬᠢᠵᠦ ᠠᠭᠤᠰᠤᠯᠴᠠᠨ ᠨᠡᠪᠲᠡᠷᠡᠯᠴᠡᠬᠦ᠂ ᠵᠠᠮ ᠨᠡᠭᠡᠭᠡᠨ ᠰᠢᠨ᠎ᠡ᠎ᠶᠢ ᠡᠭᠦᠳᠬᠦ᠂ ᠪᠠᠭᠲᠠᠭᠠᠮᠵᠢᠲᠠᠢ ᠬᠥᠭᠵᠢᠬᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠬᠤ ᠬᠡᠷᠡᠭᠳᠠᠢ᠃

— ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠬᠤ᠎ᠶᠢ ᠪᠠᠷᠢᠮᠲᠠᠯᠠᠬᠤ ᠬᠡᠷᠡᠭᠲᠡᠢ᠃ ᠨᠡᠯᠦᠭᠡᠷ ᠶᠡᠬᠡ ᠨᠣᠮᠣᠬᠠᠨ ᠳᠠᠯᠠᠢ ᠮᠢᠩᠭᠠᠨ ᠳᠠᠷᠪᠠᠭᠤᠯ ᠢ᠋ ᠠᠴᠢᠶᠠᠯᠠᠵᠤ᠂ ᠲᠦᠮᠡᠨ ᠪᠣᠳᠠᠰ᠎ᠢ ᠤᠮᠳᠠᠯᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ ᠤ᠋ ᠠᠯᠢᠪᠠ ᠪᠦᠬᠦᠨ᠎ᠢ ᠪᠠᠭᠲᠠᠭᠠᠵᠤ᠂ ᠡᠶ᠎ᠡ ᠨᠠᠶ᠋ᠢᠷᠠᠮᠳᠠᠭᠤ ᠬᠠᠮᠲᠤ ᠣᠷᠣᠰᠢᠬᠤ ᠰᠦᠷ ᠳᠠᠯᠠᠢᠴᠠᠲᠠᠢ ᠪᠠᠢᠳᠠᠯ᠎ᠢ ᠪᠤᠢ ᠪᠣᠯᠭᠠᠪᠠ᠃ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠶᠡᠬᠡ ᠭᠡᠷ ᠪᠦᠯᠢ᠎ᠶᠢᠨ ᠪᠦᠷᠢᠯᠳᠦᠭᠦᠨ ᠨᠤᠭᠦᠳ ᠨᠢᠭᠡ ᠣᠩᠭᠣᠴᠠᠨ ᠳᠡᠭᠡᠷ᠎ᠡ ᠪᠠᠢᠬᠤ ᠲᠤᠯᠠ᠂ ᠨᠣᠮᠣᠬᠠᠨ ᠲᠠᠯᠠᠢ᠎ᠶᠢᠨ ᠰᠠᠯᠬᠢ ᠳᠠᠪᠠᠯᠭᠠᠨ᠎ᠢ ᠲᠤᠭᠤᠯᠬᠤ᠎ᠳᠤ ᠰᠡᠳᠬᠢᠯ᠎ᠨᠢᠭᠡᠳᠦᠨ ᠬᠦᠴᠦ ᠪᠠᠨ ᠬᠠᠮᠳᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ᠎ᠶᠢᠨ ᠠᠰᠢᠭ᠋ ᠲᠤᠰᠠ᠎ᠶᠢᠨ ᠬᠣᠯᠪᠣᠭᠠᠰᠤ᠎ᠪᠠᠨ ᠴᠢᠩᠭᠠᠯᠠᠵᠤ᠂ ᠬᠦᠴᠢᠷ ᠪᠡᠷᠬᠡᠰᠢᠶᠡᠯ ᠪᠣᠯᠣᠨ ᠥᠷᠢᠰᠦᠯᠳᠦᠭᠡᠨ᠎ᠢ ᠭᠠᠷ ᠬᠣᠯᠪᠣᠯᠴᠠᠨ ᠠᠷᠭᠠᠴᠠᠭᠠᠵᠤ᠂ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠦᠷᠭᠦᠯᠵᠢᠯᠡᠨ ᠪᠣᠢᠵᠢᠭᠤᠯᠬᠤ ᠬᠡᠷᠡᠭᠲᠡᠢ᠃

— ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠨᠡᠭᠡᠭᠡᠯᠲᠡ ᠬᠢᠵᠦ ᠠᠭᠤᠰᠤᠯᠴᠠᠨ ᠨᠡᠪᠲᠡᠷᠡᠯᠴᠡᠬᠦ᠎ᠶᠢ ᠪᠠᠷᠢᠮᠲᠠᠯᠠᠬᠤ ᠬᠡᠷᠡᠭᠲᠡᠢ᠃ ᠨᠡᠭᠡᠭᠡᠯᠲᠡ ᠬᠢᠵᠦ ᠬᠠᠮᠲᠤᠷᠠᠯᠴᠠᠬᠤ ᠪᠣᠯ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠥᠭᠵᠢᠨ ᠮᠠᠨᠳᠤᠬᠤ᠎ᠶᠢᠨ ᠵᠠᠢᠯᠠᠰᠢ ᠦᠭᠡᠢ ᠶᠠᠪᠤᠬᠤ ᠵᠠᠮ ᠮᠥᠨ᠃ ᠣᠷᠣᠨ ᠪᠦᠰᠡ᠎ᠶᠢᠨ ᠨᠡᠭᠡᠭᠡᠯᠲᠡᠲᠤ ᠦᠵᠡᠯ᠎ᠢ ᠪᠠᠷᠢᠮᠲᠠᠯᠠᠵᠤ᠂ ᠠᠵᠤ ᠠᠬᠤᠢ᠎ᠶᠢᠨ ᠨᠢᠭᠡ ᠴᠣᠭᠴᠠᠵᠢᠯᠲᠠ ᠵᠢᠨ ᠠᠬᠢᠴᠠ᠎ᠶᠢ ᠯᠠᠪᠳᠠᠭᠤᠨ᠎ᠢᠶᠠᠷ ᠠᠬᠢᠭᠤᠯᠵᠤ᠂ ᠨᠡᠭᠡᠭᠡᠯᠲᠡ ᠬᠢᠬᠦ᠎ᠡᠴᠡ ᠪᠢᠰᠢ ᠪᠤᠰᠤᠳ ᠎ᠢ ᠭᠠᠳᠠᠭᠤᠷᠴᠢᠯᠠᠬᠤ ᠦᠭᠡᠢ᠂ ᠠᠭᠤᠰᠤᠯᠴᠠᠬᠤ  ᠡᠴᠡ ᠪᠢᠰᠢ ᠵᠠᠳᠠᠷᠠᠬᠤ ᠦᠭᠡᠢ ᠬᠠᠮᠲᠤᠷᠠᠯᠴᠠᠭᠠᠨ᠎ᠤ ᠪᠠᠢᠷᠢᠰᠢᠯ᠎ᠢ ᠪᠠᠶ᠋ᠢᠭᠤᠯᠬᠤ ᠬᠡᠷᠡᠭᠲᠡᠢ᠃ ᠴᠢᠯᠦᠭᠡᠲᠤ ᠨᠡᠭᠡᠭᠡᠯᠲᠡᠲᠤ ᠠᠷᠠᠯᠵᠢᠶ᠎ᠠ ᠪᠣᠯᠣᠨ ᠪᠡᠯᠡ ᠣᠷᠣᠭᠤᠯᠤᠯᠲᠠ᠎ᠶᠢ ᠰᠠᠨᠠᠭᠠᠴᠢᠯᠠᠵᠤ᠂ ᠡᠯᠧᠮᠧᠨ᠋ᠲ᠎ᠦᠨ ᠰᠢᠯᠵᠢᠯᠳᠡ᠎ᠶᠢᠨ ᠲᠦᠭᠵᠢᠷᠡᠯ᠎ᠢ ᠨᠠᠪᠲᠠᠷᠡᠭᠦᠯᠵᠦ᠂ ᠠᠵᠤ ᠠᠬᠤᠢ᠎ᠶᠢᠨ ᠡᠷᠭᠢᠯᠲᠡ᠎ᠶᠢᠨ ᠰᠤᠳᠠᠰᠤ᠎ᠶᠢ ᠰᠢᠯᠤᠭᠤᠳᠬᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠨᠡᠮᠡᠭᠳᠡᠯ᠎ᠳᠦ ᠨᠡᠩ ᠥᠷᠭᠡᠨ ᠠᠭᠤᠳᠠᠮ ᠣᠷᠣᠨ ᠵᠠᠢ᠎ᠶᠢ ᠨᠡᠭᠡᠭᠡᠵᠦ ᠥᠭᠭᠦ ᠬᠡᠷᠡᠭᠳᠠᠢ᠃

— ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠵᠠᠮ ᠨᠡᠭᠡᠭᠡᠵᠤ ᠰᠢᠨ᠎ᠡ᠎ᠶᠢ ᠡᠭᠦᠳᠬᠦ᠎ᠶᠢ ᠪᠠᠷᠢᠮᠲᠠᠯᠠᠬᠤ ᠬᠡᠷᠡᠭᠲᠡᠢ᠃ ᠰᠢᠨ᠎ᠡ᠎ᠶᠢ ᠡᠭᠦᠳᠬᠦ ᠪᠣᠯ ᠬᠥᠭᠵᠢᠯᠲᠡ᠎ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠣᠯᠢᠯᠴᠠᠭ᠎ᠠ ᠬᠠᠮᠲᠤᠷᠠᠯᠴᠠᠭ᠎ᠠ ᠎ᠶᠢ ᠵᠣᠷᠢᠭ᠍ᠵᠢᠭᠤᠯᠵᠤ᠂ ᠰᠢᠨ᠎ᠡ ᠎ᠶᠢ ᠡᠭᠦᠳᠦᠭᠰᠡᠨ ᠦᠷ᠎ᠡ ᠪᠦᠲᠦᠭᠡᠯ ᠢ᠋ ᠤᠯᠠᠷᠢᠭᠤᠯᠬᠤ ᠵᠢ ᠠᠬᠢᠭᠤᠯᠵᠤ᠂ ᠨᠡᠭᠡᠭᠡᠯᠲᠡᠲᠡᠢ᠂ ᠡᠷᠬᠡ ᠲᠡᠭᠰᠢ᠂ ᠲᠥᠪ ᠭᠣᠣᠯᠴᠢ᠂ ᠭᠠᠳᠠᠭᠤᠷᠴᠢᠯᠠᠯ ᠦᠭᠡᠢ ᠬᠠᠮᠲᠤᠷᠠᠯᠴᠠᠭᠠᠨ᠎ᠤ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠲᠡᠢ᠃ ᠤᠷᠤᠭᠰᠢᠯᠠᠨ ᠳᠠᠪᠰᠢᠬᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠨᠡᠪᠴᠢᠭᠦᠯᠦᠭᠴᠢ᠎ᠶᠢᠨ ᠦᠢᠯᠡᠳᠦᠯ᠎ᠢ ᠪᠠᠳᠠᠷᠠᠭᠤᠯᠤᠨ᠂ ᠲᠣᠭᠲᠠᠴᠠ᠎ᠶᠢᠨ ᠣᠢᠯᠠᠭᠠᠭᠳᠠᠬᠤᠨ᠎ᠤ ᠰᠢᠨ᠎ᠡ ᠎ᠶᠢ ᠡᠭᠦᠳᠬᠦ ᠪᠠ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠠᠮᠢᠵᠢᠷᠠᠯ᠎ᠤᠨ ᠬᠦᠴᠦᠨ ᠪᠠ ᠳᠠᠯᠳᠠ ᠬᠦᠴᠦᠨ᠎ᠢ ᠲᠠᠰᠤᠷᠠᠯᠲᠠ ᠦᠭᠡᠢ ᠪᠠᠳᠠᠷᠠᠭᠤᠯᠬᠤ ᠬᠡᠷᠡᠭᠳᠠᠢ᠃

— ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠪᠠᠭᠲᠠᠭᠠᠮᠵᠢᠲᠠᠢ ᠬᠥᠭᠵᠢᠯᠲᠡ᠎ᠶᠢ ᠪᠠᠷᠢᠮᠲᠠᠯᠠᠬᠤ ᠬᠡᠷᠡᠭᠲᠡᠢ᠃ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠴᠣᠭᠴᠠ᠎ᠶᠢᠨ ᠤᠯᠠᠨ ᠶᠠᠩᠵᠤᠲᠤ ᠴᠢᠨᠠᠷ ᠲᠣᠪᠣᠢᠮ᠎ᠠ ᠪᠠᠢᠵᠤ᠂ ᠬᠥᠭᠵᠢᠯᠲᠡ᠎ᠶᠢᠨ ᠬᠦᠰᠡᠯ ᠱᠠᠭᠠᠷᠳᠠᠯᠭ᠎ᠠ ᠠᠳᠠᠯᠢ ᠪᠤᠰᠤ ᠪᠠᠢᠳᠠᠭ᠃ ᠬᠠᠨᠳᠤᠰᠢ ᠪᠠᠢᠳᠠᠯ ᠳ᠋ᠤᠨᠢ ᠲᠣᠬᠢᠷᠠᠭᠤᠯᠤᠨ ᠬᠠᠮᠲᠤᠷᠠᠯᠴᠠᠭ᠎ᠠ᠎ᠶᠢ ᠠᠬᠢᠭᠤᠯᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠲᠦᠭᠡᠮᠡᠯ ᠬᠠᠷᠠᠭᠠᠯᠵᠠᠯ ᠲᠠᠢ ᠬᠠᠮᠲᠤ᠎ᠪᠠᠷ ᠡᠳ᠋ᠯᠡᠭᠦᠯᠵᠦ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ᠎ᠢ ᠨᠡᠮᠡᠭᠳᠡᠭᠦᠯᠵᠦ᠂ ᠡᠯ᠎ᠡ ᠲᠠᠯ᠎ᠠ᠎ᠶᠢᠨ ᠲᠠᠭᠠᠯᠠᠮᠵᠢ᠎ᠶᠢᠨ ᠬᠡᠮᠵᠢᠶ᠎ᠡ᠎ᠶᠢ ᠬᠠᠷᠠᠭᠠᠯᠵᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢᠨ ᠬᠠᠷᠠᠯᠲᠠ᠎ᠶᠢ ᠪᠡᠶᠡᠯᠡᠭᠦᠯᠬᠦ᠎ᠳᠦ ᠠᠰᠢᠭ᠍ᠲᠠᠢ ᠨᠥᠬᠥᠴᠡᠯ ᠬᠤᠷᠠᠮᠳᠤᠭᠤᠯᠬᠤ ᠬᠡᠷᠡᠭᠲᠡᠢ᠃

ᠬᠠᠮᠲᠤ ᠠᠵᠢᠯᠯᠠᠭᠰᠠᠳ ᠡ!

ᠳᠤᠮᠳᠠᠳᠤ ᠤᠯᠤᠰ ᠪᠣᠯ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠰᠠᠨᠠᠭᠠᠴᠢᠯᠠᠭ᠍ᠴᠢ᠂ ᠠᠬᠢᠭᠤᠯᠤᠭ᠍ᠴᠢ᠂ ᠬᠣᠰᠢᠭᠤᠴᠢ ᠮᠥᠨ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ᠎ᠶᠢᠨ ᠬᠢᠨ᠎ᠲᠠᠢ ᠬᠠᠮᠲᠤ᠎ᠪᠠᠷ᠂ ᠣᠯᠠᠨ᠎ᠤ ᠣᠶᠤᠨ ᠤᠬᠠᠭᠠᠨ᠎ᠢ ᠲᠥᠪᠯᠡᠷᠡᠭᠦᠯᠵᠦ᠂ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠬᠠᠮᠲᠤ᠎ᠶᠢᠨ ᠴᠣᠭᠴᠠ᠎ᠶᠢᠨ 《ᠨᠢᠷᠤᠭᠤ ᠲᠤᠯᠭᠠᠭᠤᠷᠢ》 ᠵᠢ ᠭᠠᠷ ᠬᠣᠯᠪᠣᠯᠴᠠᠨ ᠪᠠᠢᠭᠤᠯᠤᠨ᠎ᠠ᠃

ᠨᠢᠭᠡᠳᠦᠭᠡᠷ᠎ᠲᠦ᠍᠂ ᠠᠵᠤ ᠠᠬᠤᠢ ᠠᠷᠠᠯᠵᠢᠶᠠᠨ᠎ᠤ ᠲᠤᠯᠭᠠᠭᠤᠷᠢ ᠵᠢ ᠴᠢᠩᠭᠠᠳᠬᠠᠶ᠎ᠠ᠃ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠴᠢᠯᠥᠭᠡᠲᠦ᠍ ᠠᠷᠠᠯᠵᠢᠶᠠᠨ᠎ᠤ ᠣᠷᠣᠨ ᠪᠣᠯ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠪᠦᠷᠢᠯᠳᠦᠬᠦᠨ᠎ᠦ ᠬᠠᠮᠲᠤ᠎ᠶᠢᠨ ᠬᠦᠰᠡᠯ ᠡᠷᠡᠮᠡᠯᠵᠡᠯ ᠮᠥᠨ᠂ ᠲᠣᠭᠲᠠᠭᠤᠨ᠎ᠢᠶᠠᠷ ᠤᠷᠤᠬᠰᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ᠍ ᠪᠠᠶ᠋ᠢᠷᠢᠰᠢᠯ᠎ᠢ ᠪᠤᠢ ᠪᠣᠯᠭᠠᠶ᠎ᠠ᠃ ᠣᠷᠣᠨ ᠪᠦᠰᠡ᠎ᠶᠢᠨ ᠠᠵᠤ ᠠᠬᠤᠢ ᠠᠷᠠᠯᠵᠢᠶᠠᠨ᠎ᠤ ᠵᠦᠪᠳᠡᠯᠴᠡᠭᠡᠷ᠎ᠦᠨ ᠵᠣᠯᠭᠠᠯᠴᠠᠭ᠎ᠠ᠎ᠶᠢ ᠠᠬᠢᠭᠤᠯᠵᠤ᠂ ᠠᠷᠠᠯᠵᠢᠶ᠎ᠠ ᠪᠡᠯᠡ ᠣᠷᠣᠭᠤᠯᠤᠯᠲᠠ᠎ᠶᠢᠨ ᠳᠥᠭᠥᠮᠴᠢᠯᠡᠯᠲᠡ᠂ ᠲᠣᠭᠠᠴᠢᠯᠠᠯᠲᠠ᠎ᠶᠢᠨ ᠲᠦᠪᠰᠢᠨ ᠎ᠢ ᠳᠡᠭᠡᠭᠰᠢᠯᠡᠭᠦᠯᠵᠦ᠍᠂ ᠠᠷᠠᠯᠵᠢᠶ᠎ᠠ ᠪᠡᠯᠡ ᠣᠷᠣᠭᠤᠯᠤᠯᠲᠠ᠎ᠶᠢᠨ ᠪᠡᠬᠢᠯᠡᠯᠲᠡ᠎ᠶᠢ ᠪᠠᠭᠠᠰᠬᠠᠶ᠎ᠠ᠃ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠴᠢᠯᠥᠭᠡᠲᠦ᠍ ᠠᠷᠠᠯᠵᠢᠶᠠᠨ᠎ᠤ ᠣᠷᠣᠨ᠎ᠤ ᠲᠣᠭᠣᠷᠢᠨ᠎ᠳᠤ ᠲᠦᠷᠦ᠎ᠶᠢᠨ ᠪᠤᠳᠤᠯᠭ᠎ᠠ᠎ᠶᠢᠨ ᠶᠠᠷᠢᠯᠴᠠᠭ᠎ᠠ᠎ᠶᠢ ᠴᠢᠩᠭᠠᠳᠬᠠᠵᠤ᠂ ᠲᠤᠷᠰᠢᠯᠭ᠎ᠠ᠎ᠶᠢᠨ ᠰᠣᠯᠢᠯᠴᠠᠭ᠎ᠠ ᠪᠠ ᠮᠡᠷᠭᠡᠵᠢᠯ᠎ᠦᠨ ᠬᠠᠮᠲᠤᠷᠠᠯᠴᠠᠭ᠎ᠠ ᠥᠷᠨᠢᠭᠦᠯᠵᠦ᠍᠂ ᠡᠯ᠎ᠡ ᠲᠠᠯ᠎ᠠ᠎ᠶᠢᠨ ᠬᠢᠨ᠎ᠦ ᠥᠨᠳᠥᠷ ᠲᠦᠪᠰᠢᠨ ᠪᠦᠬᠦᠢ ᠠᠵᠤ ᠠᠬᠤᠢ ᠠᠷᠠᠯᠵᠢᠶᠠᠨ᠎ᠤ ᠲᠤᠬᠢᠷᠠᠭᠤᠯᠤᠯᠳᠠ᠎ᠳᠤ ᠣᠷᠣᠯᠴᠠᠬᠤ ᠴᠢᠳᠠᠪᠤᠷᠢ᠎ᠶᠢ ᠳᠡᠭᠡᠭᠰᠢᠯᠡᠭᠦᠯᠦᠶ᠎ᠠ᠃

ᠬᠣᠶᠠᠳᠤᠭᠠᠷ᠎ᠲᠤ᠌᠂ ᠬᠤᠯᠪᠤᠯᠳᠤᠨ ᠨᠡᠪᠳᠡᠷᠡᠯᠴᠡᠬᠦ  ᠲᠤᠯᠭᠠᠭᠤᠷᠢ ᠵᠢ  ᠲᠠᠰ ᠳᠡᠪᠰᠢᠭᠦᠯᠦᠶ᠎ᠠ᠃ ᠬᠣᠯᠪᠣᠯᠳᠤᠨ ᠨᠡᠪᠲᠡᠷᠡᠯᠴᠡᠬᠦ᠌ ᠪᠣᠯ ᠣᠷᠣᠨ ᠪᠦᠰᠡ᠎ᠶᠢᠨ ᠠᠵᠤ ᠠᠬᠤᠢ᠎ᠶᠢᠨ ᠨᠢᠭᠡ ᠴᠤᠬᠴᠠᠵᠢᠯᠳᠠ ᠵᠢᠨ ᠬᠣᠯᠪᠣᠭᠠᠰᠤ ᠮᠥᠨ᠃ 2014 ᠣᠨ᠎ᠳᠤ᠂ ᠪᠢᠳᠡ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠬᠣᠯᠪᠣᠯᠳᠤᠨ ᠨᠡᠪᠲᠡᠷᠡᠯᠴᠡᠬᠦ᠌ ᠠᠯᠤᠰ ᠤ᠋ᠨ ᠲᠥᠰᠦᠪ᠎ᠢ ᠬᠠᠮᠲᠤ᠎ᠪᠠᠷ ᠵᠢᠷᠤᠬᠯᠠᠪᠠ᠃ ᠥᠨᠥᠳᠦᠷ᠂ ᠣᠷᠣᠨ ᠪᠦᠰᠡ᠎ᠶᠢᠨ ᠬᠣᠯᠪᠣᠯᠳᠤᠨ ᠨᠡᠪᠲᠡᠷᠡᠯᠴᠡᠬᠦ᠌ ᠰᠢᠨ᠎ᠡ ᠠᠵᠠ ᠲᠣᠬᠢᠶᠠᠯ᠎ᠢ ᠤᠭᠲᠤᠨ ᠠᠪᠴᠢᠷᠠᠪᠠ᠃《ᠬᠠᠲᠠᠭᠤ ᠬᠣᠯᠪᠣᠯᠳᠤᠨ ᠨᠡᠪᠲᠡᠷᠡᠯᠴᠡᠬᠦ᠌》ᠵᠢ ᠪᠡᠬᠢᠵᠢᠭᠦᠯᠵᠦ᠍᠂ ᠰᠠᠭᠤᠷᠢ ᠲᠥᠬᠥᠭᠡᠷᠦᠮᠵᠢ᠎ᠶᠢᠨ ᠲᠣᠣᠷ᠎ᠢ ᠲᠡᠭᠦᠯᠳᠡᠷᠵᠢᠭᠦᠯᠵᠦ᠍᠂ ᠤᠶᠤᠨᠴᠢ ᠪᠣᠭᠣᠮᠲᠠ᠂ ᠤᠶᠤᠨᠴᠢ ᠵᠠᠮ ᠬᠠᠷᠢᠯᠴᠠᠭᠠᠨ᠎ᠤ ᠪᠦᠳᠦᠭᠡᠨ ᠪᠠᠶ᠋ᠢᠭᠤᠯᠤᠯᠲᠠ᠎ᠶᠢ ᠠᠬᠢᠭᠤᠯᠤᠶ᠎ᠠ᠃ 《ᠵᠥᠭᠡᠯᠡᠨ ᠬᠣᠯᠪᠣᠯᠳᠤᠨ ᠨᠡᠪᠲᠡᠷᠡᠯᠴᠡᠬᠦ᠌》 ᠵᠢ ᠴᠢᠩᠭᠠᠳᠬᠠᠨ᠂ ᠲᠥᠷᠥ᠎ᠶᠢᠨ ᠪᠣᠳᠣᠯᠭ᠎ᠠ ᠪᠠ ᠬᠢᠨᠠᠯᠲᠠ ᠬᠠᠮᠢᠶᠠᠷᠤᠯᠲᠠ᠎ᠶᠢᠨ ᠵᠣᠬᠢᠴᠠᠭᠤᠯᠭ᠎ᠠ᠎ᠶᠢ ᠠᠬᠢᠭᠤᠯᠵᠤ᠂ ᠬᠢᠯᠢ ᠠᠯᠤᠰᠯᠠᠨ ᠲᠣᠭᠠᠴᠠᠭ᠎ᠠ ᠬᠢᠬᠦ᠌ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠦᠨ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠲᠣᠭᠲᠠᠭᠤᠨ ᠪᠥᠭᠡᠳ ᠰᠠᠭᠠᠳ ᠥᠬᠡᠶ ᠨᠡᠪᠲᠡᠷᠡᠬᠦ᠌᠎ᠶᠢ ᠬᠠᠮᠠᠭᠠᠯᠠᠶ᠎ᠠ᠃《ᠰᠡᠳᠬᠢᠯ ᠵᠢᠡᠷ ᠵᠢᠡᠨ ᠬᠤᠯᠪᠤᠯᠳᠤᠨ ᠨᠡᠪᠳᠡᠷᠡᠯᠴᠡᠬᠦ》 ᠵᠢ ᠨᠢᠭᠲᠠᠷᠠᠭᠤᠯᠵᠤ᠂ ᠬᠤᠳᠠᠯᠳᠤᠭᠠᠴᠢᠳ ᠵᠢᠭᠤᠯᠴᠢᠯᠠᠬᠰᠡᠳ ᠪᠠ ᠬᠥᠮᠦᠨ ᠬᠠᠷ᠎ᠠ ᠵᠢᠨ ᠶᠠᠪᠤᠯᠴᠠᠭ᠎ᠠ᠎ᠳᠤ ᠲᠥᠬᠥᠮ ᠦᠵᠡᠭᠦᠯᠵᠦ᠍᠂ ᠰᠣᠶᠣᠯ ᠢᠷᠭᠡᠨᠰᠢᠯ᠎ᠦᠨ ᠰᠣᠯᠢᠯᠴᠠᠭ᠎ᠠ ᠪᠠ ᠠᠷᠠᠳ ᠣᠯᠠᠨ᠎ᠤ ᠬᠠᠷᠢᠯᠴᠠᠨ ᠣᠶ᠋ᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠵᠢ ᠠᠬᠢᠭᠤᠯᠤᠶ᠎ᠠ᠃

ᠭᠤᠷᠪᠠᠳᠤᠭᠠᠷ᠎ᠲᠤ᠌᠂ ᠰᠢᠨ᠎ᠡ᠎ᠶᠢ ᠡᠭᠦᠳᠬᠦ᠌ ᠲᠤᠯᠭᠠᠭᠤᠷᠢ ᠵᠢ ᠴᠣᠭᠴᠠᠯᠠᠶ᠎ᠠ᠃ ᠲᠣᠭᠠᠴᠢᠯᠠᠭᠰᠠᠨ ᠠᠵᠤ ᠠᠬᠤᠢ ᠪᠣᠯᠤᠨ ᠵᠣᠬᠢᠶᠠᠮᠠᠯ ᠤᠶᠤᠨ ᠴᠢᠳᠠᠪᠤᠷᠢ ᠪᠣᠯ ᠰᠢᠨ᠎ᠡ᠎ᠶᠢ ᠡᠭᠦᠳᠬᠦ᠌ ᠨᠡᠮᠡᠭᠳᠡᠯ᠎ᠦᠨ ᠬᠥᠳᠡᠯᠭᠡᠭᠦᠷ ᠮᠥᠨ᠃ ᠲᠣᠭᠠᠴᠢᠯᠠᠭᠰᠠᠨ ᠰᠠᠭᠤᠷᠢ ᠲᠥᠬᠥᠭᠡᠷᠦᠮᠵᠢ᠎ᠶᠢᠨ ᠪᠦᠳᠦᠭᠡᠨ ᠪᠠᠶ᠋ᠢᠭᠤᠯᠤᠯᠲᠠ᠎ᠶᠢ ᠴᠢᠩᠭᠠᠳᠬᠠᠵᠤ᠂ ᠣᠷᠣᠨ ᠪᠦᠰᠡ᠎ᠶᠢᠨ ᠲᠣᠭ᠎ᠠ ᠪᠠᠷᠢᠮᠲᠠ᠎ᠵᠢᠨ ᠵᠠᠰᠠᠯᠳᠠ ᠪᠠ ᠬᠠᠮᠵᠢᠯᠴᠠᠭ᠎ᠠ ᠬᠠᠮᠲᠤᠷᠠᠯᠴᠠᠭ᠎ᠠ᠎ᠶᠢ ᠲᠡᠭᠦᠯᠳᠡᠷᠵᠢᠭᠦᠯᠵᠦ᠍᠂ ᠥᠨᠳᠥᠷ ᠪᠦᠲᠦᠮᠵᠢᠲᠡᠢ᠂ ᠳᠥᠭᠥᠮ ᠳᠥᠲᠡ᠂ ᠠᠮᠤᠷ ᠲᠦᠪᠰᠢᠨ ᠬᠢᠯᠢ ᠠᠯᠤᠰᠯᠠᠭᠰᠠᠨ ᠲᠣᠭ᠎ᠠ ᠪᠠᠷᠢᠮᠲᠠ᠎ᠶᠢᠨ ᠭᠦᠢᠯᠭᠡᠭᠡ᠎ᠶᠢ ᠪᠡᠶᠡᠯᠡᠭᠦᠯᠤᠶ᠎ᠠ᠃ ᠨᠡᠭᠡᠭᠡᠯᠲᠡ ᠬᠢᠵᠦ᠍ ᠰᠢᠨ᠎ᠡ᠎ᠶᠢ ᠡᠭᠦᠳᠬᠦ᠌ ᠠᠮᠢ ᠠᠬᠤᠶ᠎ᠶᠢ ᠪᠤᠢ ᠪᠣᠯᠭᠠᠵᠤ᠂ ᠵᠣᠬᠢᠶᠠᠮᠠᠯ ᠣᠶᠤᠨ ᠴᠢᠳᠠᠪᠤᠷᠢ᠎ᠶᠢ ᠥᠷᠭᠡᠨ᠎ᠢᠶᠡᠷ ᠬᠡᠷᠡᠭᠯᠡᠬᠦ᠌᠎ᠶᠢ ᠠᠬᠢᠭᠤᠯᠵᠤ᠂ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠬᠦ᠌᠂ ᠰᠢᠨ᠎ᠡ ᠲᠡᠢᠰᠢ ᠬᠥᠭᠵᠢᠬᠦ᠌᠎ᠶᠢ ᠠᠬᠢᠭᠤᠯᠤᠶ᠎ᠠ᠃

ᠳᠥᠷᠪᠡᠳᠦᠭᠡᠷ᠎ᠲᠦ᠍᠂ ᠬᠥᠭᠵᠢᠯᠲᠡ᠎ᠶᠢᠨ ᠲᠤᠯᠭᠠᠭᠤᠷᠢ ᠵᠢ  ᠪᠡᠬᠢᠵᠢᠭᠦᠯᠤᠶ᠎ᠠ᠃ ᠲᠠᠰᠤᠷᠠᠯᠲᠠ ᠦᠭᠡᠢ ᠭᠠᠷᠴᠤ᠌ ᠪᠠᠶ᠋ᠢᠭ᠎ᠠ ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ᠎ᠦ ᠡᠮᠦᠨ᠎ᠡ᠂ ᠴᠢᠳᠠᠪᠤᠷᠢ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ᠂ ᠣᠷᠣᠨ ᠪᠦᠰᠡ᠎ᠶᠢᠨ ᠡᠨᠧᠷᠭᠢ ᠪᠣᠯᠤᠨ ᠠᠮᠤ ᠪᠤᠳᠠᠭᠠᠨ᠎ᠤ ᠠᠮᠤᠷ ᠲᠦᠪᠰᠢᠨ᠎ᠦ ᠬᠠᠮᠲᠤᠷᠠᠯᠴᠠᠭ᠎ᠠ᠎ᠶᠢ ᠠᠬᠢᠭᠤᠯᠵᠤ᠂ ᠬᠢᠯᠢ ᠠᠯᠤᠰᠯᠠᠭᠰᠠᠨ ᠢᠯᠵᠢᠷᠡᠯ᠎ᠦᠨ ᠵᠠᠰᠠᠯᠲᠠ᠎ᠶᠢ ᠭᠦᠨᠵᠡᠭᠡᠶ᠋ᠢᠷᠡᠭᠦᠯᠤᠶ᠎ᠠ᠃ ᠡᠬᠢ ᠪᠠᠶᠠᠯᠢᠭ᠂ ᠣᠷᠴᠢᠨ ᠲᠤᠭᠤᠷᠢᠨ᠂ ᠬᠥᠮᠦᠨ ᠠᠮᠠ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠵᠤ᠂ ᠪᠠᠶ᠋ᠢᠭᠠᠯᠢ᠎ᠶᠢᠨ ᠡᠬᠢ ᠪᠠᠶᠠᠯᠢᠭ᠎ᠢ ᠵᠦᠢ ᠵᠣᠬᠢᠰᠲᠠᠢ ᠠᠰᠢᠭᠯᠠᠬᠤ ᠪᠠ ᠬᠠᠮᠠᠭᠠᠯᠠᠬᠤ᠎ᠶᠢ ᠴᠢᠩᠭᠠᠳᠬᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥᠢ᠍ᠷᠥᠭᠴᠢᠳᠤ ᠬᠠᠮᠲᠤᠷᠠᠯᠴᠠᠭ᠎ᠠ᠎ᠶᠢ ᠥᠷᠭᠡᠳᠬᠡᠵᠦ᠍᠂ ᠠᠵᠤ ᠠᠬᠤᠢ᠎ᠶᠢᠨ ᠦᠷᠭᠦᠯᠵᠢᠯᠡᠬᠦ᠌ ᠨᠡᠮᠡᠭᠳᠡᠯ᠎ᠢ ᠪᠡᠶᠡᠯᠡᠭᠦᠯᠦᠶ᠎ᠠ᠃ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠪᠠ ᠬᠥᠮᠦᠨ᠎ᠳᠦ ᠪᠠᠯᠠ ᠣᠷᠣᠭᠤᠯᠬᠤ᠎ᠶᠢ ᠳᠡᠮᠵᠢᠵᠦ᠍᠂ ᠡᠷᠡᠭᠦᠯ ᠮᠡᠨᠳᠦ᠎ᠪᠡᠷ ᠨᠠᠰᠤᠵᠢᠬᠤ ᠠᠵᠢᠯᠯᠠᠭ᠎ᠠ᠎ᠶᠢ ᠬᠡᠷᠡᠭᠵᠢᠭᠦᠯᠦᠨ᠂ ᠠᠵᠢᠯ ᠣᠯᠭᠣᠯᠲᠠ ᠪᠠ ᠠᠵᠢᠯ ᠮᠡᠷᠭᠡᠵᠢᠯ᠎ᠦᠨ ᠤᠷ᠎ᠠ ᠮᠡᠷᠭᠡᠵᠢᠯ ᠤ᠋ᠨ ᠨᠡᠭᠡᠭᠡᠨ ᠬᠥᠭᠵᠢᠭᠦᠯᠬᠦ᠌᠎ᠶᠢ ᠠᠬᠢᠭᠤᠯᠵᠤ᠂ ᠡᠮᠡᠭᠲᠡᠶ᠋ᠢᠴᠦᠳ᠎ᠦᠨ ᠠᠵᠤ ᠠᠬᠤᠶ᠎ᠶᠢᠨ ᠡᠷᠬᠡ ᠣᠯᠭᠣᠬᠤ ᠪᠠ ᠵᠠᠯᠠᠭᠤ ᠴᠢᠳᠠᠪᠤᠷᠢᠲᠠᠨ᠎ᠤ ᠰᠣᠯᠢᠯᠴᠠᠭ᠎ᠠ ᠬᠢᠬᠦ᠌᠎ᠶᠢ ᠳᠡᠮᠵᠢᠵᠦ᠍᠂ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠶ᠎ᠠ᠃

ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ ᠪᠣᠯ ᠳᠤᠮᠳᠠᠳᠤ ᠤᠯᠤᠰ᠎ᠤᠨ ᠣᠷᠣᠰᠢᠨ ᠲᠣᠭᠲᠠᠨᠢᠬᠤ ᠭᠠᠵᠠᠷ ᠮᠥᠨ᠃ ᠳᠤᠮᠳᠠᠳᠤ ᠤᠯᠤᠰ ᠢᠮᠠᠭᠲᠠ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤᠷᠠᠯᠴᠠᠭ᠎ᠠ᠎ᠶᠢ ᠳᠡᠮᠵᠢᠨ᠎ᠠ᠃ ᠳᠤᠮᠳᠠᠳᠤ ᠤᠯᠤᠰ 2000 ᠲᠦᠮᠡᠨ ᠳ᠋ᠣᠯᠯᠠᠷ ᠬᠠᠩᠭᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠥᠷᠨᠢᠭᠦᠯᠬᠦ᠌᠎ᠳᠦ ᠲᠤᠰᠠᠯᠠᠮᠵᠢ ᠦᠵᠡᠭᠦᠯᠦᠨ᠎ᠡ ᠭᠡᠵᠦ᠍ ᠪᠢ ᠵᠠᠷᠯᠠᠶ᠎ᠠ᠃ ᠳᠤᠮᠳᠠᠳᠤ᠎ᠤᠯᠤᠰ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢᠨ ᠰᠤᠳᠤᠯᠭᠠᠨ᠎ᠤ ᠲᠥᠪ ᠢ᠋ ᠪᠠᠶ᠋ᠢᠭᠤᠯᠵᠤ᠂ ᠲᠦᠷᠦ᠎ᠶᠢᠨ ᠪᠤᠳᠤᠯᠭ᠎ᠠ᠎ᠶᠢᠨ ᠰᠤᠳᠤᠯᠭᠠᠨ ᠪᠠ ᠰᠣᠯᠢᠯᠴᠠᠭ᠎ᠠ ᠥᠷᠨᠢᠭᠦᠯᠵᠦ᠍᠂ ᠤᠶᠤᠨ᠎ᠤ ᠲᠤᠯᠭᠠᠭᠤᠷᠢᠯᠠᠯ ᠬᠠᠩᠭᠠᠨ᠎ᠠ᠃ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤᠷᠠᠯᠴᠠᠭ᠎ᠠ᠎ᠳᠤ ᠰᠠᠭᠤᠷᠢᠯᠠᠵᠤ᠂ ᠲᠣᠭᠠᠴᠢᠯᠠᠭᠰᠠᠨ ᠮᠡᠷᠭᠡᠵᠢᠯ᠂ ᠲᠣᠭ᠎ᠠ ᠪᠠᠷᠢᠮᠲᠠ᠎ᠶᠢᠨ ᠬᠢᠯᠢ ᠠᠯᠤᠰᠯᠠᠭᠰᠠᠨ ᠰᠢᠯᠵᠢᠯᠲᠡ᠂ ᠴᠡᠪᠡᠷ ᠡᠨᠧᠷᠭᠢ᠂ ᠳᠤᠮᠳᠠ ᠪᠠᠭ᠎ᠠ ᠠᠵᠤ ᠠᠬᠤᠶ᠋ᠢᠯᠠᠯ᠎ᠤᠨ ᠬᠥᠭᠵᠢᠯᠲᠡ ᠵᠡᠷᠭᠡ ᠬᠦᠷᠢᠶᠡᠨ᠎ᠳᠦ ᠬᠠᠮᠲᠤᠷᠠᠯᠴᠠᠭᠠᠨ᠎ᠤ ᠪᠠᠶ᠋ᠢᠭᠤᠯᠤᠮᠵᠢ ᠪᠠᠶ᠋ᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠰᠢᠨ᠎ᠡ᠎ᠶᠢ ᠡᠭᠦᠳᠬᠦ᠌᠂ ᠪᠣᠬᠢᠷᠲᠤᠯ ᠦᠭᠡᠢ ᠨᠡᠮᠡᠭᠳᠡᠯ᠎ᠳᠦ ᠬᠦᠴᠦᠨ ᠨᠡᠮᠡᠷᠢᠯᠡᠨ᠎ᠡ᠃

ᠬᠠᠮᠲᠤ᠌ ᠠᠵᠢᠯᠯᠠᠭᠰᠠᠳ ᠡ!

ᠱᠧᠨᠵᠧᠨ᠎ᠢ᠋ ᠪᠠᠰᠠ《ᠬᠠᠨ ᠭᠠᠷᠤᠳᠢ ᠵᠢᠨ ᠬᠤᠳᠠ》ᠬᠡᠳᠡᠭ᠃ ᠪᠢᠳᠡᠨ᠎ᠦ ᠬᠠᠮᠲᠤ᠎ᠶᠢᠨ ᠴᠢᠷᠮᠠᠶ᠋ᠢᠯᠭ᠎ᠠ᠎ᠪᠠᠷ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤᠷᠠᠯᠴᠠᠭ᠎ᠠ ᠬᠠᠨ ᠭᠠᠷᠤᠳᠢ ᠰᠢᠭ᠋ ᠵᠢᠭᠦᠷ᠎ᠢᠶᠡᠨ ᠳᠡᠯᠭᠡᠨ ᠥᠨᠳᠥᠷ᠎ᠲᠦ᠍ ᠨᠢᠰᠴᠦ᠍᠂ ᠲᠦᠮᠡᠨ ᠭᠠᠵᠠᠷ ᠠᠶᠠᠯᠠᠬᠤ᠎ᠶᠢ ᠬᠦᠰᠡᠵᠦ᠍ ᠪᠠᠶ᠋ᠢᠨ᠎ᠠ᠃

ᠣᠯᠠᠨ᠎ᠳᠤ ᠪᠠᠶᠠᠷᠯᠠᠯ᠎ᠠ᠃

(ᠰᠢᠨᠬᠤᠸᠠ ᠬᠣᠷᠢᠶ᠎ᠠ ᠵᠢᠨ ᠱᠧᠨᠵᠧᠨ᠎ᠦ 11 ᠰᠠᠷ᠎ᠠ᠎ᠶᠢᠨ 19 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面