2026-11-20 10:11:04
ᠯᠢ ᠴᠢᠶᠠᠩ ᠪᠦᠬᠦ ᠤᠯᠤᠰ᠎ᠤᠨ ᠨᠠᠰᠤᠵᠢᠯ᠎ᠤᠨ ᠠᠵᠢᠯ᠎ᠤᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ
ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ ᠣᠢᠷ᠎ᠠ᠎ᠳᠤ ᠨᠠᠰᠤᠵᠢᠯ᠎ᠤᠨ ᠠᠵᠢᠯ᠎ᠳᠤ ᠴᠢᠬᠤᠯᠠ ᠵᠢᠭᠠᠪᠤᠷᠢ ᠥᠭᠴᠦ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠮᠠᠨ᠎ᠤ ᠤᠯᠤᠰ᠎ᠤᠨ ᠨᠠᠰᠤᠵᠢᠯ᠎ᠤᠨ ᠠᠵᠢᠯ ᠰᠢᠨ᠎ᠡ ᠠᠬᠢᠴᠠ᠎ᠲᠠᠢ ᠪᠣᠯᠵᠤ ᠰᠢᠨ᠎ᠡ ᠦᠷ᠎ᠡ ᠪᠦᠲᠦᠮᠵᠢ ᠣᠯᠵᠤ᠂ ᠨᠠᠰᠤᠵᠢᠯ᠎ᠤᠨ ᠠᠰᠠᠷᠠᠮᠵᠢ ᠵᠢᠨ ᠦᠢᠯᠡᠰ ᠪᠣᠯᠣᠨ ᠨᠠᠰᠤᠵᠢᠯ᠎ᠤᠨ ᠠᠰᠠᠷᠠᠮᠵᠢ ᠵᠢᠨ ᠠᠵᠤ ᠦᠢᠯᠡᠰ ᠲᠦᠷᠭᠡᠨ ᠬᠥᠭᠵᠢᠵᠦ᠂ ᠥᠷᠭᠡᠨ ᠣᠯᠠᠨ ᠨᠠᠰᠤᠲᠠᠢᠴᠤᠳ᠎ᠤᠨ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ ᠦᠷᠭᠦᠯᠵᠢᠯᠡᠨ ᠴᠢᠩᠭᠠᠷᠠᠬᠰᠠᠨ ᠪᠠᠢᠨ᠎ᠠ ᠬᠡᠵᠦ ᠵᠢᠭᠠᠵᠦ ᠭᠠᠷᠭᠠᠪᠠ᠃
ᠰᠢ ᠵᠢᠨ ᠫᠢᠩ᠂ ᠰᠢᠨ᠎ᠡ ᠠᠶᠠᠨ᠎ᠳᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠬᠥᠮᠥᠨ ᠠᠮᠠ᠎ᠶᠢᠨ ᠨᠠᠰᠤᠵᠢᠯᠳᠠ᠎ᠶᠢ ᠢᠳᠡᠪᠬᠢᠲᠡᠢ ᠠᠷᠭᠠᠴᠡᠭᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠨᠡᠢᠭᠡᠮ᠂ ᠭᠡᠷ ᠪᠦᠯᠢ ᠬᠠᠮᠵᠢᠯᠴᠠᠨ ᠬᠦᠴᠦᠯᠡᠬᠦ᠎ᠶᠢ ᠪᠠᠷᠢᠮᠲᠠᠯᠠᠵᠤ᠂ ᠨᠠᠰᠤᠲᠠᠢᠴᠤᠳ᠎ᠤᠨ ᠨᠡᠢᠭᠡᠮ᠎ᠦᠨ ᠪᠠᠲᠤᠯᠠᠭ᠎ᠠ᠂ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡ᠂ ᠡᠷᠡᠭᠦᠯ ᠮᠡᠨᠳᠦ᠎ᠶᠢᠨ ᠦᠢᠯᠡᠴᠢᠯᠡᠭᠡ᠂ ᠨᠡᠢᠭᠡᠮ᠎ᠦᠨ ᠣᠷᠤᠯᠴᠠᠯᠭ᠎ᠠ ᠶ᠋ᠢ ᠤᠯᠠᠮ ᠴᠢᠨᠠᠭᠰᠢᠳᠠ ᠴᠢᠩᠭᠠᠳᠬᠠᠵᠤ᠂ ᠪᠤᠭᠤᠷᠤᠯᠴᠤᠳ ᠤ᠋ᠨ ᠠᠵᠤ ᠠᠬᠤᠢ᠎ᠶᠢ ᠶᠡᠬᠡᠪᠡᠷ ᠬᠥᠭᠵᠢᠭᠦᠯᠵᠦ᠂ ᠨᠠᠰᠤᠲᠠᠨ᠎ᠢᠶᠠᠨ ᠠᠴᠢᠯᠠᠵᠤ ᠨᠠᠰᠤᠲᠠᠨ᠎ᠢᠶᠠᠨ ᠬᠦᠨᠳᠦᠯᠡᠬᠦ ᠰᠠᠢᠨ ᠰᠠᠢᠬᠠᠨ ᠣᠷᠴᠢᠨ ᠨᠦᠭᠦᠴᠡᠯ᠎ᠢ ᠪᠤᠢ ᠪᠣᠯᠭᠠᠵᠤ᠂ ᠨᠠᠰᠤᠲᠠᠢᠴᠤᠳ ᠲᠤ᠌ ᠨᠥᠬᠥᠷᠰᠡᠭ ᠨᠡᠢᠭᠡᠮ᠎ᠢ ᠪᠠᠢᠭᠤᠯᠵᠤ᠂ ᠨᠠᠰᠤᠲᠠᠢᠴᠤᠳ᠎ᠤᠨ ᠠᠮᠢᠳᠤᠷᠠᠯ᠎ᠢ ᠨᠡᠩ ᠵᠣᠯ ᠵᠢᠷᠭᠠᠯ᠎ᠲᠠᠢ ᠰᠠᠢᠨ ᠰᠠᠢᠬᠠᠨ ᠪᠣᠯᠭᠠᠬᠤ᠎ᠪᠠᠷ ᠴᠢᠷᠮᠠᠢᠬᠤ ᠬᠡᠷᠡᠭᠲᠡᠢ ᠭᠡᠵᠦ ᠴᠢᠬᠤᠯᠠᠴᠢᠯᠠᠪᠠ᠃
ᠪᠦᠬᠦ ᠤᠯᠤᠰ᠎ᠤᠨ ᠨᠠᠰᠤᠵᠢᠯ᠎ᠤᠨ ᠠᠵᠢᠯ᠎ᠤᠨ ᠬᠤᠷᠠᠯ 18 ᠡᠴᠡ 19᠎ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠬᠤᠷᠠᠯ ᠳᠡᠭᠡᠷ᠎ᠡ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢ ᠤᠯᠠᠮᠵᠢᠯᠠᠪᠠ᠃ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ᠂ ᠲᠦᠷᠦ᠎ᠶᠢᠨ ᠶᠠᠪᠤᠳᠠᠯ᠎ᠤᠨ ᠬᠤᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃
ᠯᠢ ᠴᠢᠶᠠᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠨᠢ ᠮᠠᠨ᠎ᠤ ᠤᠯᠤᠰ᠎ᠤᠨ ᠨᠠᠰᠤᠵᠢᠯ᠎ᠤᠨ ᠠᠵᠢᠯ᠎ᠤᠨ ᠣᠯᠣᠭᠰᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ᠎ᠶᠢ ᠭᠦᠢᠴᠡᠳ ᠨᠤᠲᠠᠯᠠᠵᠤ᠂ ᠰᠢᠨ᠎ᠡ ᠠᠶᠠᠨ᠎ᠳᠤ ᠬᠥᠮᠥᠨ ᠠᠮᠠ᠎ᠶᠢᠨ ᠨᠠᠰᠤᠵᠢᠯ᠎ᠢ ᠢᠳᠡᠪᠬᠢᠲᠡᠢ ᠠᠷᠭᠠᠴᠡᠭᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠬᠦ ᠴᠢᠭᠯᠡᠯ ᠵᠠᠮ ᠪᠣᠯᠣᠨ ᠭᠣᠣᠯᠳᠠᠯᠭ᠎ᠠ᠎ᠲᠠᠢ ᠡᠭᠦᠷᠭᠡ᠎ᠶᠢ ᠭᠦᠨᠵᠡᠭᠡᠢ ᠲᠣᠳᠣᠷᠬᠠᠢᠯᠠᠨ ᠥᠭᠦᠯᠡᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠣᠳᠬᠤ ᠴᠢᠨᠠᠷᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃
ᠯᠢ ᠴᠢᠶᠠᠩ᠂ ᠶᠡᠷᠦᠩᠬᠡᠢ ᠱᠦᠵᠢ ᠰᠢ ᠵᠢᠨ ᠫᠢᠩ᠎ᠦᠨ ᠨᠠᠰᠤᠵᠢᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠨᠡᠪᠳᠡᠷᠡᠳᠡᠯ᠎ᠠ ᠣᠢᠯᠠᠭᠠᠵᠤ᠂ ᠬᠥᠮᠥᠨ ᠠᠮᠠ᠎ᠶᠢᠨ ᠨᠠᠰᠤᠵᠢᠯᠳᠠ᠎ᠶᠢᠨ ᠶᠠᠪᠤᠴᠠ᠎ᠶᠢᠨ ᠱᠠᠲᠤᠴᠢ ᠴᠢᠨᠠᠷᠲᠠᠢ ᠣᠨᠴᠠᠯᠢᠭ᠋᠎ᠢ ᠣᠨᠣᠪᠴᠢᠲᠠᠢ ᠡᠵᠡᠮᠳᠡᠵᠦ᠂ ᠬᠥᠮᠥᠨ ᠠᠮᠠ᠎ᠶᠢᠨ ᠨᠠᠰᠤᠵᠢᠯᠳᠠ᠎ᠶᠢᠨ ᠠᠪᠴᠢᠷᠠᠭᠰᠠᠨ ᠭᠦᠨᠵᠡᠭᠡᠢ ᠨᠥᠯᠥᠭᠡ᠎ᠳᠦ ᠬᠤᠪᠢᠰᠤᠩᠭᠤᠢ᠎ᠪᠠᠷ ᠬᠠᠨᠳᠤᠵᠤ᠂ ᠮᠠᠨ᠎ᠤ ᠤᠯᠤᠰ᠎ᠤᠨ ᠬᠥᠮᠥᠨ ᠠᠮᠠ᠎ᠶᠢᠨ ᠨᠠᠰᠤᠵᠢᠯᠳᠠ᠎ᠶᠢ ᠠᠷᠭᠠᠴᠡᠭᠠᠬᠤ ᠥᠪᠡᠷᠮᠢᠴᠡ ᠳᠠᠪᠠᠭᠤᠯᠢᠭ᠋᠎ᠢ ᠭᠦᠢᠴᠡᠳ ᠲᠠᠨᠢᠵᠤ᠂ ᠨᠠᠰᠤᠵᠢᠯ᠎ᠤᠨ ᠠᠵᠢᠯ᠎ᠢ ᠰᠠᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠰᠠᠨᠠᠭᠠᠴᠢᠯᠠᠭᠠᠲᠤ ᠴᠢᠨᠠᠷ᠎ᠢ ᠤᠬᠠᠮᠰᠠᠷ᠎ᠡᠴᠡ᠎ᠪᠠᠨ ᠴᠢᠩᠭᠠᠳᠬᠠᠬᠤ ᠬᠡᠷᠡᠭᠲᠡᠢ᠃ ᠬᠥᠮᠥᠨ ᠠᠮᠠ᠎ᠶᠢᠨ ᠨᠠᠰᠤᠵᠢᠯᠳᠠ᠎ᠶᠢᠨ ᠶᠠᠪᠤᠴᠠ᠎ᠶᠢᠨ ᠬᠠᠨᠳᠤᠰᠢ ᠬᠤᠪᠢᠷᠠᠯᠲᠠ᠎ᠳᠤ ᠵᠣᠬᠢᠴᠠᠭᠤᠯᠵᠤ᠂ ᠨᠠᠰᠤᠵᠢᠯ᠎ᠤᠨ ᠠᠵᠢᠯ᠎ᠢ ᠲᠡᠰ ᠳᠠᠪᠬᠤᠷᠭ᠎ᠠ ᠲᠦᠷᠦᠯ ᠬᠤᠪᠢᠶᠠᠨ ᠰᠠᠢᠲᠤᠷ ᠬᠢᠵᠦ᠂ ᠨᠠᠰᠤᠲᠠᠢᠴᠤᠳ᠎ᠤᠨ ᠨᠠᠰᠤ ᠵᠢᠯ ᠪᠠ ᠡᠷᠡᠭᠦᠯ ᠮᠡᠨᠳᠦ᠎ᠶᠢᠨ ᠪᠠᠢᠳᠠᠯ᠎ᠤᠨ ᠵᠥᠷᠢᠶ᠎ᠡ᠎ᠶᠢ ᠡᠵᠡᠮᠳᠡᠵᠦ᠂ ᠥᠲᠡᠯᠪᠡᠯ ᠬᠦᠷᠳᠡᠬᠦ ᠠᠰᠠᠷᠠᠮᠵᠢ᠎ᠲᠠᠢ ᠪᠠᠢᠬᠤ ᠪᠠ ᠥᠲᠡᠯᠪᠡᠯ ᠬᠢᠬᠦ ᠠᠵᠢᠯ᠎ᠲᠠᠢ ᠪᠠᠢᠬᠤ᠎ᠶᠢ ᠨᠢᠭᠡᠳᠦᠯᠲᠡᠢ ᠲᠥᠯᠥᠪᠵᠢᠭᠦᠯᠬᠦ᠎ᠶᠢ ᠴᠢᠬᠤᠯᠠᠴᠢᠯᠠᠬᠤ ᠬᠡᠷᠡᠭᠲᠡᠢ; ᠨᠠᠰᠤᠲᠠᠢᠴᠤᠳ᠎ᠤᠨ ᠠᠵᠤ ᠠᠬᠤᠢ᠎ᠶᠢᠨ ᠨᠥᠬᠥᠴᠡᠯ᠎ᠦᠨ ᠵᠥᠷᠢᠶ᠎ᠡ᠎ᠶᠢ ᠡᠵᠡᠮᠳᠡᠵᠦ᠂ ᠦᠢᠯᠡᠴᠢᠯᠡᠭᠡ ᠪᠠᠲᠤᠯᠠᠭ᠎ᠠ᠎ᠶᠢᠨ ᠱᠠᠲᠤᠯᠢᠭ᠋ ᠬᠠᠩᠭᠠᠯᠭ᠎ᠠ᠎ᠶᠢ ᠴᠢᠬᠤᠯᠠᠴᠢᠯᠠᠬᠤ ᠬᠡᠷᠡᠭᠳᠡᠢ; ᠨᠠᠰᠤᠲᠠᠢᠴᠤᠳ᠎ᠤᠨ ᠨᠠᠰᠤᠵᠢᠯ᠎ᠤᠨ ᠠᠰᠠᠷᠠᠮᠵᠢ᠎ᠶᠢᠨ ᠠᠷᠭ᠎ᠠ ᠮᠠᠶᠢᠭ᠋᠎ᠤᠨ ᠵᠥᠷᠢᠶ᠎ᠡ᠎ᠶᠢ ᠡᠵᠡᠮᠳᠡᠵᠦ᠂ ᠭᠡᠷ᠎ᠲᠡᠬᠡᠨ ᠰᠠᠭᠤᠵᠤ ᠪᠠᠢᠭ᠎ᠠ ᠪᠠ ᠨᠡᠢᠭᠡᠮ ᠲᠣᠭᠣᠷᠢᠭ᠋᠎ᠤᠨ ᠪᠠᠢᠭᠤᠯᠤᠮᠵᠢ᠎ᠶᠢᠨ ᠦᠢᠯᠡᠴᠢᠯᠡᠭᠡ᠎ᠶᠢ ᠨᠡᠪᠲᠡᠷᠡᠯᠴᠡᠭᠦᠯᠦᠨ ᠵᠣᠬᠢᠴᠠᠭᠤᠯᠬᠤ᠎ᠶᠢ ᠴᠢᠬᠤᠯᠠᠴᠢᠯᠠᠬᠤ ᠬᠡᠷᠡᠭᠳᠡᠢ; ᠨᠠᠰᠤᠲᠠᠢᠴᠤᠳ᠎ᠤᠨ ᠬᠣᠲᠠ ᠬᠥᠳᠡᠭᠡ᠎ᠶᠢᠨ ᠣᠷᠣᠨ ᠪᠦᠰᠡ᠎ᠶᠢᠨ ᠲᠠᠷᠬᠠᠯᠲᠠ᠎ᠶᠢᠨ ᠵᠥᠷᠢᠶ᠎ᠡ᠎ᠶᠢ ᠡᠵᠡᠮᠳᠡᠵᠦ᠂ ᠲᠥᠷᠥ᠎ᠶᠢᠨ ᠪᠣᠳᠣᠯᠭ᠎ᠠ᠎ᠶᠢᠨ ᠲᠡᠩᠴᠡᠭᠦᠷᠢᠲᠦ ᠴᠢᠨᠠᠷ ᠪᠠ ᠣᠨᠣᠴᠠᠲᠤ ᠴᠢᠨᠠᠷ᠎ᠢ ᠴᠢᠬᠤᠯᠠᠴᠢᠯᠠᠬᠤ ᠬᠡᠷᠡᠭᠳᠡᠢ ᠬᠡᠵᠦ ᠴᠢᠬᠤᠯᠠᠴᠢᠯᠠᠪᠠ᠃
ᠯᠢ ᠴᠢᠶᠠᠩ᠂ ᠨᠠᠰᠤᠲᠠᠢᠴᠤᠳ᠎ᠤᠨ ᠠᠵᠠ ᠵᠢᠷᠭᠠᠯ᠎ᠢ ᠨᠡᠮᠡᠭᠳᠡᠭᠦᠯᠬᠦ᠎ᠪᠡᠷ ᠬᠠᠷᠠᠯᠲᠠ ᠪᠣᠯᠭᠠᠵᠤ᠂ ᠨᠠᠰᠤᠲᠠᠢᠴᠤᠳ᠎ᠤᠨ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ᠎ᠶᠢ ᠪᠣᠳᠣᠯᠬᠢᠯᠠᠵᠤ᠂ ᠨᠠᠰᠤᠵᠢᠯ᠎ᠤᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ᠎ᠶᠢ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ᠃ ᠨᠠᠰᠤᠲᠠᠢᠴᠤᠳ᠎ᠤᠨ ᠦᠨᠳᠦᠰᠦᠨ ᠠᠮᠢᠳᠤᠷᠠᠯ᠎ᠤᠨ ᠬᠡᠷᠡᠭᠴᠡᠭᠡ᠎ᠶᠢᠨ ᠲᠣᠭᠣᠷᠢᠨ᠎ᠳᠤ ᠨᠠᠰᠤᠵᠢᠯ᠎ᠤᠨ ᠠᠰᠠᠷᠠᠮᠵᠢ ᠵᠢᠨ ᠪᠠᠲᠤᠯᠠᠭ᠎ᠠ ᠪᠠ ᠦᠢᠯᠡᠴᠢᠯᠡᠭᠡ ᠵᠢᠨ ᠲᠦᠪᠰᠢᠨ ᠢ᠋ ᠲᠣᠭᠲᠠᠭᠤᠨ᠎ᠢᠶᠠᠷ ᠳᠡᠭᠡᠭᠰᠢᠯᠡᠭᠦᠯᠬᠦ ᠬᠡᠷᠡᠭᠳᠡᠢ; ᠨᠠᠰᠤᠲᠠᠢᠴᠤᠳ᠎ᠤᠨ ᠪᠡᠶ᠎ᠡ ᠰᠡᠳᠬᠢᠯ᠎ᠦᠨ ᠡᠷᠡᠭᠦᠯ ᠮᠡᠨᠳᠦ᠎ᠶᠢᠨ ᠬᠡᠷᠡᠭᠴᠡᠭᠡ᠎ᠶᠢᠨ ᠲᠣᠭᠣᠷᠢᠨ᠎ᠳᠤ ᠡᠷᠡᠭᠦᠯ ᠮᠡᠨᠳᠦ᠎ᠶᠢ ᠠᠬᠢᠭᠤᠯᠬᠤ ᠪᠠ ᠣᠶᠤᠨ᠎ᠤ ᠰᠣᠶᠣᠯ᠎ᠤᠨ ᠦᠢᠯᠡᠴᠢᠯᠡᠭᠡ᠎ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠳᠡᠢ; ᠨᠠᠰᠤᠲᠠᠢᠴᠤᠳ᠎ᠤᠨ ᠥᠷᠲᠡᠭ᠎ᠢ ᠪᠡᠶᠡᠯᠡᠭᠦᠯᠬᠦ ᠬᠡᠷᠡᠭᠴᠡᠭᠡ᠎ᠶᠢᠨ ᠲᠣᠭᠣᠷᠢᠨ᠎ᠳᠤ᠂ ᠲᠡᠳᠡᠨ᠎ᠦ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠣᠷᠣᠯᠴᠠᠬᠤ ᠣᠷᠣᠨ ᠵᠠᠢ᠎ᠶᠢ ᠢᠳᠡᠪᠬᠢᠲᠡᠢ᠎ᠪᠡᠷ ᠥᠷᠭᠡᠳᠬᠡᠬᠦ ᠬᠡᠷᠡᠭᠳᠡᠢ; ᠨᠠᠰᠤᠲᠠᠢᠴᠤᠳ᠎ᠤᠨ ᠴᠢᠨᠠᠷᠯᠢᠭ᠋ ᠬᠡᠷᠡᠭᠯᠡᠭᠡᠨ ᠤ᠋ ᠬᠡᠷᠡᠭᠴᠡᠭᠡ᠎ᠶᠢᠨ ᠲᠣᠭᠣᠷᠢᠨ᠎ᠳᠤ᠂ ᠪᠤᠭᠤᠷᠤᠯᠴᠤᠳ ᠤ᠋ᠨ ᠠᠵᠤ ᠠᠬᠤᠢ᠎ᠶᠢ ᠶᠡᠬᠡ ᠪᠡᠷ ᠬᠥᠭᠵᠢᠭᠦᠯᠬᠦ ᠬᠡᠷᠡᠭᠳᠡᠢ᠃ ᠵᠣᠬᠢᠶᠠᠨ ᠪᠠᠢᠭᠤᠯᠵᠤ ᠤᠳᠤᠷᠢᠳᠬᠤ᠎ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭᠠᠳᠬᠠᠵᠤ᠂ ᠡᠯ᠎ᠡ ᠲᠠᠯ᠎ᠠ᠎ᠶᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠰᠡᠳᠭᠢᠯ ᠲᠠᠯᠪᠢᠨ ᠬᠠᠢᠷ᠎ᠠ ᠰᠡᠳᠭᠢᠯᠭᠡ ᠲᠠᠢ ᠪᠡᠷ ᠦᠢᠯᠡᠴᠢᠯᠡᠵᠤ᠂ ᠨᠠᠰᠤᠵᠢᠯ᠎ᠤᠨ ᠠᠵᠢᠯ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃
ᠲᠦᠷᠦ᠎ᠶᠢᠨ ᠶᠠᠪᠤᠳᠠᠯ᠎ᠤᠨ ᠭᠡᠰᠢᠭᠦᠨ᠂ ᠪᠦᠬᠦ ᠤᠯᠤᠰ᠎ᠤᠨ ᠨᠠᠰᠤᠵᠢᠯ᠎ᠤᠨ ᠠᠵᠢᠯ᠎ᠤᠨ ᠵᠥᠪᠯᠡᠯ᠎ᠦᠨ ᠡᠷᠬᠢᠯᠡᠭᠴᠢ ᠱᠸᠨ ᠢ ᠴᠢᠨ ᠳ᠋ᠦᠩᠨᠡᠯᠲᠡ᠎ᠶᠢᠨ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠦᠨ ᠨᠠᠰᠤᠵᠢᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠰᠠᠢᠳ ᠯᠢ ᠴᠢᠶᠠᠩ᠎ᠤᠨ ᠶᠠᠷᠢᠶᠠᠨ᠎ᠤ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠠᠷᠠᠯᠲᠠ ᠡᠭᠦᠷᠭᠡ᠎ᠶᠢ ᠪᠠᠳᠤ ᠡᠵᠡᠮᠳᠡᠵᠤ᠂ ᠨᠠᠰᠤᠲᠠᠢᠴᠤᠳ᠎ᠤᠨ ᠪᠠᠴᠢᠮᠳᠡᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠬᠦᠴᠦᠯᠡᠨ ᠰᠠᠢᠲᠤᠷ ᠰᠢᠢᠳᠪᠦᠷᠢᠯᠡᠵᠦ᠂ ᠨᠠᠰᠤᠲᠠᠢᠴᠤᠳ᠎ᠤᠨ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠲᠠᠰᠤᠷᠠᠯᠳᠠ ᠦᠭᠡᠢ ᠬᠠᠩᠭᠠᠵᠤ᠂ ᠰᠢᠨ᠎ᠡ ᠠᠶᠠᠨ᠎ᠳᠦ ᠨᠠᠰᠤᠵᠢᠯ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃
ᠠᠷᠠᠳ᠎ᠤᠨ ᠶᠠᠪᠤᠳᠠᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠪᠡᠭᠡᠵᠢᠩ ᠬᠣᠲᠠ᠂ ᠵᠧᠵᠢᠶᠠᠩ ᠮᠤᠵᠢ᠂ ᠰᠸᠴᠤᠸᠠᠨ ᠮᠤᠵᠢ᠎ᠶᠢᠨ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃
ᠦ᠋ ᠵᠧᠩ ᠯᠦᠩ ᠬᠤᠷᠠᠯ᠎ᠳᠤ ᠣᠷᠣᠯᠴᠠᠪᠠ᠃
ᠪᠦᠬᠦ ᠤᠯᠤᠰ᠎ᠤᠨ ᠨᠠᠰᠤᠵᠢᠯ᠎ᠤᠨ ᠠᠵᠢᠯ᠎ᠤᠨ ᠵᠥᠪᠯᠡᠯ᠎ᠦᠨ ᠭᠡᠰᠢᠭᠦᠨ᠂ ᠡᠯ᠎ᠡ ᠮᠤᠵᠢ ᠣᠷᠣᠨ ᠬᠤᠲᠠ ᠪᠣᠯᠣᠨ ᠲᠦᠯᠦᠪᠯᠡᠬᠡ ᠳ᠋ᠤ ᠲᠤᠰᠠᠭᠠᠷ ᠵᠢᠬᠰᠠᠭᠠᠬᠰᠠᠨ ᠬᠤᠲᠠ᠂ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠂ ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠠᠷᠠᠳ᠎ᠤᠨ ᠪᠦᠯᠬᠦᠮ᠎ᠦᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 11 ᠰᠠᠷ᠎ᠠ᠎ᠶᠢᠨ 19᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃