ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-20 10:12:22

ᠵᠣᠬᠢᠶᠠᠭ᠍ᠴᠢ᠄ ᠶᠠᠩ  ᠢ ᠵᠢᠶᠦ᠋ᠨ ᠸᠠᠩ ᠫᠠᠨ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 19 ᠤ᠋ ᠦᠳᠡ᠎ᠶᠢᠨ ᠬᠣᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ ᠲᠤ᠌ ᠢᠷᠡᠭᠰᠡᠨ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠲᠠᠢ ᠠᠭᠤᠯᠵᠠᠪᠠ᠃

ᠰᠢ ᠵᠢᠨ ᠫᠢᠩ᠂ ᠥᠩᠭᠡᠷᠡᠭᠰᠡᠨ ᠬᠡᠳᠦᠨ ᠰᠠᠷ᠎ᠠ᠎ᠳᠤ᠂ ᠪᠡᠭᠡᠵᠢᠩ᠎ᠡᠴᠡ ᠸᠠᠰᠢᠩᠲ᠋ᠣᠨ ᠬᠦᠷᠲᠡᠯ᠎ᠡ᠂ ᠪᠢ ᠶᠡᠷᠦᠩᠬᠡᠢᠯᠡᠭᠴᠢ ᠲᠸᠷᠠᠮᠫᠦ᠋ ᠲᠠᠢ ᠳᠤᠮᠳᠠᠳᠤ ᠠᠮᠧᠷᠢᠺᠠ ᠬᠣᠶᠠᠷ ᠲᠤᠮᠤ ᠤᠯᠤᠰ᠎ᠤᠨ ᠵᠥᠪ᠎ᠢᠶᠡᠷ ᠬᠠᠷᠢᠯᠴᠠᠬᠤ ᠵᠠᠮ᠎ᠢ ᠬᠠᠮᠳᠤ ᠪᠡᠷ ᠰᠦᠪᠡᠭᠴᠢᠯᠡᠵᠦ᠂ 《ᠳᠤᠮᠳᠠᠳᠤ ᠠᠮᠧᠷᠢᠺᠠ᠎ᠶᠢᠨ ᠪᠦᠲᠦᠭᠡᠯᠴᠢ ᠴᠢᠨᠠᠷᠲᠠᠢ ᠪᠠᠢᠯᠳᠤᠬᠤ ᠪᠣᠳᠣᠯᠭ᠎ᠠ᠎ᠶᠢᠨ ᠲᠣᠭᠲᠠᠭᠤᠨ ᠬᠠᠷᠢᠯᠴᠠᠭ᠎ᠠ》 ᠵᠢᠨ ᠰᠢᠨ᠎ᠡ ᠪᠠᠢᠷᠢ ᠲᠣᠭᠲᠠᠭᠠᠯᠲᠠ᠎ᠶᠢ ᠲᠣᠭᠲᠠᠭᠠᠭᠰᠠᠨ ᠪᠥᠭᠡᠳ ᠲᠡᠭᠦᠨ᠎ᠳᠦ 《ᠬᠦᠨᠳᠦᠳᠬᠡᠬᠦ᠂ ᠲᠦᠪ ᠭᠤᠤᠯᠴᠢ᠂ ᠡᠷᠬᠡ ᠲᠡᠭᠰᠢ ᠳ᠋ᠤ ᠰᠠᠭᠤᠷᠢᠯᠠᠬᠤ》 ᠰᠢᠨ᠎ᠡ ᠠᠭᠤᠯᠤᠭᠳᠠᠬᠤᠨ ᠤᠯᠭᠤᠵᠤ᠂ ᠳᠤᠮᠳᠠᠳᠤ ᠠᠮᠧᠷᠢᠺᠠ ᠬᠣᠶᠠᠷ ᠤᠯᠤᠰ᠎ᠤᠨ ᠠᠷᠠᠳ ᠲᠦᠮᠡᠨ᠎ᠦ ᠵᠥᠪᠰᠢᠶᠡᠷᠡᠯ ᠪᠠ ᠳᠡᠯᠡᠬᠡᠢ ᠨᠡᠢᠭᠡᠮ᠎ᠦᠨ ᠬᠦᠷᠢᠶᠡᠯᠡᠯ᠎ᠢ ᠣᠯᠵᠠᠢ᠃ ᠳᠤᠮᠳᠠᠳᠤ ᠠᠮᠧᠷᠢᠺᠠ᠎ᠶᠢᠨ ᠬᠠᠷᠢᠯᠴᠠᠭ᠎ᠠ ᠶᠡᠷᠦᠩᠬᠡᠢ᠎ᠳᠡᠭᠡᠨ ᠲᠣᠭᠲᠠᠭᠤᠨ᠎ᠢᠶᠠᠷ ᠰᠠᠢᠵᠢᠷᠠᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠢ ᠠᠰᠢᠭ᠋ ᠲᠤᠰᠠ ᠣᠯᠭᠣᠭᠰᠠᠨ ᠪᠥᠭᠡᠳ ᠳᠡᠯᠡᠬᠡᠢ ᠳ᠋ᠠᠬᠢᠨ᠎ᠳᠤ ᠲᠣᠭᠲᠠᠭᠤᠨ ᠴᠢᠨᠠᠷ ᠪᠠ ᠲᠣᠭᠲᠠᠭᠠᠯᠲᠤ ᠴᠢᠨᠠᠷ᠎ᠢ ᠨᠡᠮᠡᠷᠢᠯᠡᠪᠡ᠃ ᠪᠢ ᠶᠡᠷᠦᠩᠬᠡᠢᠯᠡᠭᠴᠢ ᠲᠸᠷᠠᠮᠫᠦ᠋ ᠲᠠᠢ ᠬᠠᠮᠲᠤ᠎ᠪᠠᠷ᠂ ᠦᠷᠭᠦᠯᠵᠢᠯᠡᠨ ᠳᠤᠮᠳᠠᠳᠤ ᠠᠮᠧᠷᠢᠺᠠ᠎ᠶᠢᠨ ᠬᠠᠷᠢᠯᠴᠠᠭ᠎ᠠ᠎ᠶᠢᠨ ᠠᠶᠠᠯᠠᠯ ᠢ᠋ ᠵᠢᠯᠤᠭᠤᠳᠤᠨ ᠵᠠᠯᠠᠭᠤᠷ᠎ᠢ ᠡᠵᠡᠮᠳᠡᠵᠦ᠂ ᠡᠨᠡ ᠬᠦ᠌ ᠲᠣᠮᠣ᠌ ᠣᠩᠭᠣᠴᠠ᠎ᠶᠢᠨ ᠢᠮᠠᠭᠲᠠ ᠵᠥᠪ ᠠᠶᠠᠯᠠᠯ᠎ᠤᠨ ᠱᠤᠭᠤᠮ᠎ᠢᠶᠠᠷ ᠳᠠᠷᠪᠠᠭᠤᠯ ᠬᠡᠢᠰᠬᠡᠨ ᠬᠤᠯᠠ ᠠᠶᠠᠯᠠᠬᠤ᠎ᠶᠢ ᠪᠠᠲᠤᠯᠠᠬᠤ᠎ᠶᠢ ᠬᠦᠰᠡᠵᠦ ᠪᠠᠢᠨ᠎ᠠ ᠭᠡᠵᠤ ᠵᠢᠭᠠᠵᠤ ᠭᠠᠷᠭᠠᠵᠠᠢ᠃

ᠰᠢ ᠵᠢᠨ ᠫᠢᠩ᠂ ᠳᠤᠮᠳᠠᠳᠤ ᠠᠮᠧᠷᠢᠺᠠ᠎ᠶᠢᠨ ᠪᠦᠲᠦᠭᠡᠯᠴᠢ ᠴᠢᠨᠠᠷᠲᠠᠢ ᠪᠠᠢᠯᠳᠤᠬᠤ ᠪᠣᠳᠣᠯᠭ᠎ᠠ᠎ᠶᠢᠨ ᠲᠣᠭᠲᠠᠭᠤᠨ ᠬᠠᠷᠢᠯᠴᠠᠭ᠎ᠠ᠎ᠶᠢ ᠪᠠᠶ᠋ᠢᠭᠤᠯᠬᠤ ᠪᠣᠯ ᠤᠷᠢᠳ ᠡᠮᠦᠨ᠎ᠡ ᠪᠠᠢᠭ᠎ᠠ ᠦᠭᠡᠢ ᠡᠭᠦᠳᠦᠯᠳᠡ ᠵᠢᠨ ᠴᠢᠨᠠᠷᠲᠠᠢ ᠦᠢᠯᠡᠰ ᠮᠥᠨ᠂ ᠵᠣᠷᠢᠭ᠍ᠲᠠᠢ ᠬᠢᠵᠦ ᠵᠣᠷᠢᠭ᠍ᠲᠠᠢ ᠲᠤᠷᠰᠢᠵᠤ᠂ ᠯᠠᠪᠳᠠᠭᠤᠨ ᠪᠠᠲᠤᠲᠠᠢ ᠠᠵᠢᠯᠯᠠᠵᠤ᠂ ᠴᠢᠳᠠᠮᠠᠭᠠᠢ᠎ᠪᠠᠷ ᠬᠢᠵᠦ ᠪᠦᠲᠦᠭᠡᠬᠦ ᠴᠢᠬᠤᠯᠠᠳᠠᠢ ᠶᠤᠮ᠃ ᠳᠤᠮᠳᠠᠳᠤ ᠠᠮᠧᠷᠢᠺᠠ᠎ᠶᠢᠨ ᠲᠡᠷᠢᠭᠦᠨ᠎ᠦ ᠭᠠᠳᠠᠭᠠᠳᠤ ᠬᠠᠷᠢᠯᠴᠠᠭᠠᠨ᠎ᠤ ᠬᠥᠲᠥᠯᠥᠨ ᠳᠠᠭᠠᠭᠤᠯᠬᠤ ᠦᠢᠯᠡᠳᠦᠯ ᠣᠷᠣᠯᠠᠭᠤᠯᠵᠤ ᠪᠣᠯᠣᠰᠢ ᠦᠭᠡᠢ ᠶᠤᠮ᠃ ᠳᠤᠮᠳᠠᠳᠤ ᠠᠮᠧᠷᠢᠺᠠ᠎ᠶᠢᠨ ᠬᠠᠷᠢᠯᠴᠠᠭ᠎ᠠ᠎ᠶᠢᠨ ᠣᠳᠣᠬᠠᠨ᠎ᠤ ᠲᠣᠭᠲᠠᠭᠤᠨ᠎ᠢᠶᠠᠷ ᠰᠠᠢᠵᠢᠷᠠᠬᠤ ᠬᠠᠨᠳᠤᠰᠢ᠎ᠶᠢ ᠦᠷᠭᠦᠯᠵᠢᠯᠡᠭᠦᠯᠬᠦ᠎ᠳᠦ ᠵᠠᠩᠭᠢᠯᠠᠭ᠎ᠠ ᠨᠢ ᠲᠡᠷᠢᠭᠦᠨ᠎ᠦ ᠬᠠᠮᠲᠤ᠎ᠶᠢᠨ ᠲᠠᠨᠢᠯᠲᠠ᠎ᠶᠢ ᠨᠠᠢᠳᠠᠪᠤᠷᠢᠵᠢᠭᠤᠯᠬᠤ ᠲᠠᠯ᠎ᠠ᠎ᠪᠠᠷ ᠪᠣᠳᠠᠲᠠᠢ ᠠᠵᠢᠯᠯᠠᠭ᠎ᠠ ᠠᠪᠬᠤ᠎ᠳᠤ ᠪᠠᠢᠨ᠎ᠠ᠃ ᠬᠣᠶᠠᠷ ᠲᠠᠯ᠎ᠠ᠎ᠶᠢᠨ ᠪᠦᠯᠬᠦᠮ᠎ᠦᠨ ᠨᠡᠪᠲᠡᠷᠡᠯᠴᠡᠭᠡ ᠴᠦ᠍ ᠳᠠᠭᠠᠵᠤ ᠠᠮᠵᠢᠬᠤ ᠬᠡᠷᠡᠭᠲᠡᠢ᠃ ᠬᠠᠮᠲᠤᠷᠠᠯᠴᠠᠭᠠᠨ᠎ᠤ ᠨᠠᠷᠢᠨ ᠲᠠᠩᠰᠠ᠎ᠶᠢ ᠤᠷᠲᠤᠳᠬᠠᠵᠤ᠂ ᠠᠰᠠᠭᠤᠳᠠᠯ᠎ᠤᠨ ᠨᠠᠷᠢᠨ ᠲᠠᠩᠰᠠ᠎ᠶᠢ ᠪᠠᠭᠠᠰᠬᠠᠨ᠂ ᠲᠦᠷ ᠴᠠᠭ ᠰᠢᠢᠳᠪᠦᠷᠢᠯᠡᠵᠦ ᠳᠡᠶ᠋ᠢᠯᠬᠦ ᠦᠭᠡᠢ ᠵᠥᠷᠢᠯᠳᠦᠭᠡᠨ᠎ᠢ ᠪᠦᠲᠦᠭᠡᠯᠴᠢ᠎ᠪᠡᠷ ᠬᠠᠮᠢᠶᠠᠷᠤᠨ ᠡᠵᠡᠮᠳᠡᠵᠦ᠂ ᠵᠥᠷᠢᠴᠡᠯ᠎ᠦᠨ ᠲᠡᠰ ᠳᠡᠪᠰᠢᠬᠦ᠎ᠶᠢ ᠰᠡᠷᠭᠡᠢᠯᠡᠶ᠎ᠠ᠃ ᠲᠠᠶ᠋ᠢᠸᠠᠨ᠎ᠤ ᠠᠰᠠᠭᠤᠳᠠᠯ ᠳᠡᠭᠡᠷ᠎ᠡ᠂ ᠠᠮᠧᠷᠢᠺᠠ᠎ᠶᠢᠨ ᠬᠢᠨ ᠵᠥᠪ ᠶᠠᠪᠤᠳᠠᠯ ᠬᠢᠬᠦ᠌᠎ᠶᠢ ᠪᠠᠷᠢᠮᠲᠠᠯᠠᠵᠤ᠂ ᠳᠤᠮᠳᠠᠳᠤ ᠠᠮᠧᠷᠢᠺᠠ᠎ᠶᠢᠨ ᠬᠠᠷᠢᠯᠴᠠᠭ᠎ᠠ᠎ᠳᠤ ᠶᠡᠬᠡ ᠨᠤᠭᠤᠷᠠᠯ ᠪᠦᠳᠦᠷᠢᠯ ᠭᠠᠷᠬᠤ᠎ᠡᠴᠡ ᠵᠠᠶ᠋ᠢᠯᠠᠰᠬᠢᠬᠦ᠌ ᠬᠡᠷᠡᠭᠲᠡᠢ᠃ ᠠᠵᠤ ᠠᠬᠤᠢ ᠠᠷᠠᠯᠵᠢᠶᠠᠨ᠎ᠤ ᠬᠦᠷᠢᠶᠡᠨ᠎ᠳᠡᠬᠢ ᠤᠯᠤᠯᠴᠠᠭ᠎ᠠ᠎ᠪᠡᠨ ᠴᠢᠩᠭᠠᠳᠬᠠᠵᠤ᠂ ᠲᠤᠰ ᠲᠤᠰ ᠤ᠋ᠨ ᠠᠩᠬᠠᠷᠴᠤ᠌ ᠪᠠᠶ᠋ᠢᠭ᠎ᠠ ᠠᠰᠠᠭᠤᠳᠠᠯ ᠵᠢᠡᠨ ᠰᠢ᠌ᠳᠪᠦᠷᠢᠯᠡᠵᠦ᠍᠂ ᠬᠠᠷᠢᠯᠴᠠᠨ ᠠᠰᠢᠭᠳᠠᠢ ᠬᠠᠷᠢᠯᠴᠠᠨ ᠬᠠᠷᠠᠭᠠᠯᠵᠠᠬᠤ᠎ᠪᠠᠷ ᠴᠢᠷᠮᠠᠶ᠋ᠢᠬᠤ ᠬᠡᠷᠡᠭᠲᠡᠢ᠃ ᠬᠣᠶᠠᠷ ᠤᠯᠤᠰ ᠬᠣᠣᠷ ᠴᠠᠭᠠᠵᠠᠯᠠᠬᠤ᠂ ᠬᠠᠤᠯᠢ ᠪᠤᠰᠤ ᠨᠡᠭᠦᠳᠡᠯ ᠠᠷᠠᠳ᠎ᠢ ᠡᠭᠡᠭᠦᠯᠦᠨ ᠪᠤᠴᠠᠭᠠᠬᠤ᠂ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠳᠦ ᠴᠣᠬᠢᠯᠲᠠ ᠥᠭᠬᠦ᠌ ᠵᠡᠷᠭᠡ ᠬᠦᠷᠢᠶᠡᠨ᠎ᠳᠡᠬᠢ ᠬᠠᠮᠲᠤᠷᠠᠯᠴᠠᠭ᠎ᠠ ᠲᠤᠪᠤᠢ᠌ᠮ᠎ᠠ ᠦᠷ᠎ᠡ ᠪᠦᠲᠦᠮᠵᠢ ᠤᠯᠵᠠᠢ᠂ ᠬᠦᠨᠳᠦᠳᠬᠡᠬᠦ᠌᠂ ᠲᠦᠪ ᠭᠤᠤᠯᠴᠢ᠂ ᠠᠳᠠᠯᠢ ᠲᠡᠭᠰᠢ ᠪᠠᠶ᠋ᠢᠬᠤ ᠵᠠᠷᠴᠢᠮ᠎ᠢᠶᠠᠷ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭᠠᠳᠬᠠᠵᠤ ᠪᠣᠯᠤᠨ᠎ᠠ᠃ ᠳᠤᠮᠳᠠᠳᠤ ᠠᠮᠧᠷᠢᠺᠠ ᠤᠯᠤᠯᠴᠠᠭ᠎ᠠ ᠪᠠ ᠵᠣᠬᠢᠴᠠᠭᠤᠯᠭ᠎ᠠ᠎ᠪᠠᠨ ᠴᠢᠩᠭᠠᠳᠬᠠᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠡᠷᠭᠡᠶ᠋ᠢᠯᠡᠵᠦ᠍᠂ ᠵᠣᠬᠢᠶᠠᠮᠠᠯ ᠤᠶᠤᠨ ᠴᠢᠳᠠᠪᠤᠷᠢ ᠢᠮᠠᠭᠲᠠ ᠬᠥᠮᠦᠨ ᠲᠥᠷᠥᠯᠬᠢᠲᠡᠨ᠎ᠦ ᠡᠵᠡᠮᠰᠢᠯ ᠳᠣᠣᠷ᠎ᠠ ᠪᠠᠶ᠋ᠢᠬᠤ᠎ᠶᠢ ᠦᠨᠡᠨ ᠬᠦ᠌ ᠪᠠᠲᠤᠯᠠᠪᠠᠯ ᠵᠣᠬᠢᠨ᠎ᠠ ᠭᠡᠵᠤ ᠴᠢᠬᠤᠯᠠᠴᠢᠯᠠᠪᠠ᠃

ᠲᠸᠷᠠᠮᠫᠦ᠋ ᠳᠤᠮᠳᠠᠳᠤ᠎ᠤᠯᠤᠰ ᠡᠴᠡ ᠲᠡᠭᠦᠨ᠎ᠢ ᠬᠠᠯᠠᠭᠤᠨ᠎ᠢᠶᠠᠷ ᠵᠣᠴᠢᠯᠠᠭᠰᠠᠨ᠎ᠳᠤ ᠲᠤᠶ᠋ᠢᠯ᠎ᠢᠶᠠᠷ ᠲᠠᠯᠠᠷᠬᠠᠵᠤ᠂ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 40 ᠭᠠᠷᠤᠢ ᠵᠢᠯ᠎ᠦᠨ ᠲᠤᠷᠰᠢ᠂ ᠠᠮᠧᠷᠢᠺᠠ ᠳᠤᠮᠳᠠᠳᠤ᠎ᠶᠢᠨ ᠬᠠᠷᠢᠯᠴᠠᠭ᠎ᠠ ᠢᠯᠡᠳᠲᠡ ᠠᠬᠢᠴᠠ᠎ᠲᠠᠶ ᠪᠣᠯᠵᠠᠢ᠃ ᠪᠢ ᠲᠡᠷᠢᠭᠦᠯᠡᠭᠴᠢ ᠰᠢ ᠵᠢᠨ ᠫᠢᠩ᠎ᠯᠤᠭᠡ ᠨᠢᠭᠲᠠ ᠶᠠᠪᠤᠯᠴᠠᠭ᠎ᠠ᠎ᠪᠠᠨ ᠪᠠᠲᠤᠯᠠᠵᠤ᠂ ᠨᠥᠬᠥᠷᠯᠡᠯ ᠡᠳᠦᠷ ᠢᠷᠡᠬᠦᠶ᠎ᠡ ᠵᠤᠵᠠᠭᠠᠳᠴᠤ᠌᠂ ᠠᠮᠧᠷᠢᠺᠠ ᠳᠤᠮᠳᠠᠳᠤ᠎ᠶᠢᠨ ᠬᠠᠷᠢᠯᠴᠠᠭ᠎ᠠ᠎ᠶᠢᠨ ᠬᠥᠭᠵᠢᠯᠲᠡ᠎ᠶᠢ ᠬᠠᠮᠲᠤ᠎ᠪᠠᠷ ᠬᠦᠳᠦᠯᠥᠨ ᠳᠠᠭᠠᠭᠤᠯᠵᠤ ᠪᠠᠶ᠋ᠢᠨ᠎ᠠ᠃ ᠬᠣᠶᠠᠷ ᠤᠯᠤᠰ᠎ᠤᠨ ᠠᠷᠠᠯᠵᠢᠶ᠎ᠠ᠂ ᠪᠡᠯᠡ ᠣᠷᠣᠭᠤᠯᠤᠯᠲᠠ᠎ᠶᠢᠨ ᠬᠠᠷᠢᠯᠴᠠᠭ᠎ᠠ ᠲᠠᠰᠤᠷᠠᠯᠲᠠ ᠦᠭᠡᠢ ᠴᠢᠩᠭᠠᠷᠠᠵᠤ᠂ ᠹᠸᠨᠲ᠋ᠠᠢ᠌ᠨᠢ ᠵᠡᠷᠭᠡ ᠬᠦᠷᠢᠶᠡᠨ᠎ᠳ᠋ᠡᠬᠢ ᠬᠠᠮᠲᠤᠷᠠᠯᠴᠠᠭ᠎ᠠ ᠦᠷ᠎ᠡ ᠪᠦᠲᠦᠮᠵᠢ ᠤᠯᠪᠠ᠃ ᠬᠣᠶᠠᠷ ᠲᠠᠯ᠎ᠠ᠎ᠪᠠᠷ᠎ᠢᠶᠠᠨ ᠠᠮᠧᠷᠢᠺᠠ ᠳᠤᠮᠳᠠᠳᠤ᠎ᠶᠢᠨ ᠬᠠᠷᠢᠯᠴᠠᠭ᠎ᠠ᠎ᠶᠢᠨ ᠲᠣᠭᠲᠠᠭᠤᠨ ᠬᠥᠭᠵᠢᠯᠲᠡ᠎ᠶᠢᠨ ᠬᠠᠨᠳᠤᠰᠢ᠎ᠶᠢ ᠪᠠᠲᠤᠯᠠᠵᠤ᠂ ᠲᠠᠷᠢᠶᠠᠯᠠᠩ᠎ᠤᠨ ᠪᠦᠲᠦᠭᠡᠭᠳᠡᠬᠦᠨ᠂ ᠡᠨᠧᠷᠭᠢ᠂ ᠲᠡᠰ᠎ᠡᠴᠡ ᠳᠠᠪᠠᠭᠰᠠᠨ ᠤᠶᠤᠨ ᠴᠢᠳᠠᠪᠤᠷᠢ ᠵᠡᠷᠭᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠲᠤᠰ ᠲᠤᠰ᠎ᠤᠨ ᠠᠩᠬᠠᠷᠴᠤ᠌ ᠪᠠᠶ᠋ᠢᠭ᠎ᠠ ᠠᠰᠠᠭᠤᠳᠠᠯ᠎ᠢᠶᠠᠨ ᠲᠥᠪ ᠭᠣᠣᠯᠴᠢ᠎ᠪᠠᠷ ᠰᠢ᠌ᠳᠪᠦᠷᠢᠯᠡᠪᠡᠯ ᠵᠣᠬᠢᠨ᠎ᠠ᠃ ᠠᠮᠧᠷᠢᠺᠠ 《ᠲᠠᠶ᠋ᠢᠸᠠᠨ᠎ᠢ ᠲᠤᠰᠠᠭᠠᠷ ᠲᠣᠭᠲᠠᠨᠢᠭᠤᠯᠬᠤ》 ᠵᠢ ᠳᠡᠮᠵᠢᠬᠦ᠌ ᠦᠭᠡᠢ᠃ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠢ ᠠᠮᠵᠢᠯᠲᠠ᠎ᠲᠠᠶ ᠡᠷᠬᠢᠯᠡᠭᠰᠡᠨ᠎ᠳᠦ ᠪᠠᠶᠠᠷ ᠬᠦᠷᠭᠡᠵᠦ᠍ ᠪᠠᠶ᠋ᠢᠨ᠎ᠠ᠃ ᠠᠮᠧᠷᠢᠺᠠ ᠮᠠᠰᠢ ᠬᠦᠴᠦᠷᠬᠡᠭ᠂ ᠳᠤᠮᠳᠠᠳᠤ ᠤᠯᠤᠰ ᠴᠤ᠌ ᠮᠠᠰᠢ ᠬᠦᠴᠦᠷᠬᠡᠭ ᠶᠤᠮ᠂ ᠬᠣᠶᠠᠷ ᠤᠯᠤᠰ᠎ᠢᠶᠠᠷ᠎ᠢᠶᠠᠨ ᠳᠡᠯᠡᠬᠡᠢ᠎ᠶᠢᠨ ᠡᠩᠬᠡ ᠲᠠᠶ᠋ᠢᠪᠤᠩ ᠲᠣᠭᠲᠠᠭᠤᠨ᠎ᠢ ᠬᠠᠮᠲᠤ᠎ᠪᠠᠷ ᠬᠦᠳᠦᠯᠦᠨ ᠳᠠᠭᠠᠭᠤᠯᠵᠤ ᠠᠬᠢᠭᠤᠯᠤᠶ᠎ᠠ ᠭᠡᠵᠤ ᠢᠯᠡᠳᠭᠡᠪᠡ᠃

ᠬᠣᠶᠠᠷ ᠲᠠᠯ᠎ᠠ᠎ᠪᠠᠷ᠎ᠢᠶᠠᠨ ᠡᠨᠡ ᠤᠳᠠᠭ᠎ᠠ᠎ᠶᠢᠨ ᠠᠭᠤᠯᠵᠠᠯᠲᠠ ᠪᠣᠯ ᠢᠳᠡᠪᠬᠢᠲᠡᠢ᠂ ᠪᠦᠲᠦᠭᠡᠯᠴᠢ ᠴᠢᠨᠠᠷᠲᠠᠢ ᠭᠡᠵᠦ᠍ ᠦᠵᠡᠵᠦ᠍᠂ ᠪᠦᠲᠦᠭᠡᠯᠴᠢ ᠴᠢᠨᠠᠷᠲᠠᠢ ᠪᠠᠶ᠋ᠢᠯᠳᠤᠬᠤ ᠪᠤᠳᠤᠯᠭ᠎ᠠ᠎ᠶᠢᠨ ᠲᠣᠭᠲᠠᠭᠤᠨ ᠬᠠᠷᠢᠯᠴᠠᠭᠠᠨ᠎ᠤ ᠠᠵᠢᠯᠯᠠᠭᠠᠨ᠎ᠤ ᠲᠥᠯᠥᠪᠯᠡᠭᠡ ᠲᠣᠭᠲᠠᠭᠠᠵᠤ᠂ ᠬᠣᠶᠠᠷ ᠤᠯᠤᠰ᠎ᠤᠨ ᠲᠡᠷᠢᠭᠦᠨ᠎ᠦ ᠬᠠᠮᠲᠤ᠎ᠶᠢᠨ ᠲᠠᠨᠢᠯᠲᠠ᠎ᠶᠢ ᠨᠠᠶ᠋ᠢᠳᠠᠪᠤᠷᠢᠵᠢᠭᠤᠯᠵᠤ᠂ ᠬᠦᠨᠳᠤᠳᠭᠡᠬᠦ᠂ ᠲᠦᠪ ᠭᠤᠤᠯᠴᠢ᠂ ᠠᠳᠠᠯᠢ ᠲᠡᠭᠰᠢ ᠪᠠᠢᠬᠤ ᠳ᠋ᠤ ᠰᠠᠭᠤᠷᠢᠯᠠᠬᠰᠡᠨ ᠳᠤᠮᠳᠠᠳᠤ ᠠᠮᠧᠷᠢᠺᠠ᠎ᠶᠢᠨ ᠪᠦᠲᠦᠭᠡᠯᠴᠢ ᠴᠢᠨᠠᠷᠲᠠᠢ ᠪᠠᠶ᠋ᠢᠯᠳᠤᠬᠤ ᠪᠤᠳᠤᠯᠭ᠎ᠠ᠎ᠶᠢᠨ ᠲᠣᠭᠲᠠᠭᠤᠨ ᠬᠠᠷᠢᠯᠴᠠᠭ᠎ᠠ᠎ᠶᠢ ᠪᠠᠶ᠋ᠢᠭᠤᠯᠬᠤ᠎ᠶᠢ ᠵᠥᠪᠰᠢᠶᠡᠷᠡᠪᠡ᠃

ᠬᠣᠶᠠᠷ ᠤᠯᠤᠰ᠎ᠤᠨ ᠲᠡᠷᠢᠭᠦᠨ ᠪᠠᠰᠠ ᠬᠠᠮᠲᠤ᠎ᠪᠠᠷ ᠠᠩᠬᠠᠷᠴᠤ᠌ ᠪᠠᠶ᠋ᠢᠭ᠎ᠠ ᠳᠡᠯᠡᠬᠡᠢ᠎ᠶᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠤᠬᠠᠢ ᠰᠠᠨᠠᠯ᠎ᠢᠶᠠᠨ ᠰᠣᠯᠢᠯᠴᠠᠪᠠ᠃

ᠼᠠᠢ ᠴᠢ᠂ ᠸᠠᠩ  ᠢ᠂ ᠾᠧ ᠯᠢ ᠹᠸᠩ᠂ ᠬᠤᠸᠠᠩ ᠺᠦᠨ ᠮᠢᠩ᠎ᠨᠡᠷ ᠠᠭᠤᠯᠵᠠᠯᠲᠠ᠎ᠳᠤ ᠣᠷᠣᠯᠴᠠᠵᠠᠢ᠃

(ᠰᠢᠨᠬᠤᠸᠠ ᠬᠣᠷᠢᠶ᠎ᠠ ᠵᠢᠨ ᠱᠧᠨᠵᠧᠨ᠎ᠦ 11 ᠰᠠᠷ᠎ᠠ᠎ᠶᠢᠨ 19 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面