ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-20 11:39:10

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

ᠶᠠᠩ ᠵᠧᠨ ᠶᠠᠷᠢᠶ᠎ᠠ ᠲᠠᠯᠪᠢᠵᠤ     ᠸᠠᠩ ᠸᠧᠢ ᠵᠦᠩ ᠣᠪᠣᠷ᠎ᠢᠶᠠᠨ ᠢᠯᠡᠳᠬᠡᠬᠦ᠌  ᠦᠭᠡ ᠬᠡᠯᠡᠵᠤ    ᠪᠦᠦ ᠭᠠᠩ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠵᠠᠢ


11 ᠰᠠᠷ᠎ᠠ᠎ᠶᠢᠨ 19᠎ᠤ᠋ ᠡᠳᠦᠷ᠂ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠤᠷᠢᠶ᠎ᠠ ᠠᠵᠢᠯ ᠲᠦᠷᠦᠯ ᠵᠢᠡᠷ ᠦᠪᠦᠷ ᠮᠤᠨᠭᠭᠤᠯ᠎ᠳᠦ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ᠎ᠶᠢᠨ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ ᠥᠷᠨᠢᠭᠦᠯᠬᠦ᠌ ᠲᠤᠬᠠᠢ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ᠂ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠤᠷᠢᠶ᠎ᠠ ᠵᠢᠨ ᠪᠠᠶ᠋ᠢᠩᠭᠤ᠎ᠶᠢᠨ ᠳᠡᠳ᠋ ᠲᠡᠷᠢᠭᠦᠯᠡᠭᠴᠢ ᠶᠠᠩ ᠵᠧᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠢ ᠵᠦᠩ ᠣᠪᠣᠷ᠎ᠢᠶᠠᠨ ᠢᠯᠡᠳᠬᠡᠬᠦ᠌ ᠦᠭᠡ ᠬᠡᠯᠡᠵᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦᠦ ᠭᠠᠩ ᠮᠠᠨ᠎ᠤ ᠣᠷᠣᠨ᠎ᠤ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ᠎ᠶᠢᠨ ᠠᠵᠢᠯ᠎ᠤᠨ ᠪᠠᠶ᠋ᠢᠳᠠᠯ᠎ᠢ ᠲᠠᠨᠢᠯᠴᠠᠭᠤᠯᠪᠠ᠃





11 ᠰᠠᠷ᠎ᠠ᠎ᠶᠢᠨ 19᠎ᠤ᠋ ᠡᠳᠦᠷ᠂ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠤᠷᠢᠶ᠎ᠠ ᠠᠵᠢᠯ ᠲᠦᠷᠦᠯ ᠵᠢᠡᠷ ᠦᠪᠦᠷ ᠮᠤᠨᠭᠭᠤᠯ᠎ᠳᠦ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ᠎ᠶᠢᠨ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠥᠷᠨᠢᠭᠦᠯᠬᠦ᠌ ᠲᠤᠬᠠᠢ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃

           ᠰᠤᠷᠪᠤᠯᠵᠢᠯᠠᠭ᠍ᠴᠢ  ᠮᠠ ᠵᠢᠶᠠᠨ ᠪᠢᠩ  ᠰᠡᠭᠦᠳᠡᠷᠯᠡᠪᠡ


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶᠢᠨ ᠪᠠᠶ᠋ᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠰᠦᠢ ᠴᠢᠩ ᠶᠠᠷᠢᠯᠴᠠᠬᠤ ᠬᠤᠷᠠᠯ᠎ᠢ ᠡᠷᠬᠢᠯᠡᠪᠡ᠃ ᠲᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠤᠷᠢᠶ᠎ᠠ ᠵᠢᠨ ᠪᠠᠶ᠋ᠢᠴᠠᠭᠠᠨ ᠰᠤᠳᠤᠯᠬᠤ ᠳᠤᠭᠤᠶ᠋ᠢᠯᠠᠩ᠎ᠤᠨ ᠪᠦᠷᠢᠯᠳᠦᠬᠦᠨ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠤᠰᠤᠨ ᠠᠰᠢᠭᠯᠠᠯᠲᠠ᠎ᠶᠢᠨ ᠲᠢᠩᠬᠢᠮ᠎ᠦᠨ ᠬᠠᠷᠢᠭᠤᠴᠠᠯᠭᠠᠲᠠᠨ ᠨᠥᠬᠥᠳ ᠦᠭᠡ ᠬᠡᠯᠡᠪᠡ᠃

ᠶᠠᠩ ᠵᠧᠨ ᠬᠤᠷᠠᠯ᠎ᠳᠤ ᠣᠷᠣᠯᠴᠠᠭᠰᠠᠨ ᠨᠥᠬᠥᠳ᠎ᠦᠨ ᠶᠠᠷᠢᠶ᠎ᠠ᠎ᠶᠢ ᠨᠠᠷᠢᠨ ᠬᠢᠨᠠᠮᠠᠭᠠᠶ ᠰᠣᠨᠣᠰᠤᠭᠰᠠᠨ᠎ᠤ ᠳᠠᠷᠠᠭ᠎ᠠ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠪᠣᠯ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠳᠤᠮᠳᠠᠳᠤ᠎ᠶᠢᠨ ᠦᠨᠳᠦᠰᠦᠲᠡᠨ ᠪᠣᠯᠤᠨ ᠳᠤᠮᠳᠠᠳᠤ᠎ᠶᠢᠨ ᠪᠣᠯᠪᠠᠰᠤᠨ᠎ᠤ ᠥᠨᠢᠳᠡ᠎ᠶᠢᠨ ᠬᠥᠭᠵᠢᠯᠲᠡ᠎ᠶᠢᠨ ᠦᠨᠳᠦᠷᠴᠡ᠎ᠡᠴᠡ ᠭᠠᠷᠭᠠᠭᠰᠠᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠎ᠶᠢᠨ ᠰᠢᠢᠳᠪᠦᠷᠢᠲᠦ᠍ ᠪᠣᠳᠣᠯᠭ᠎ᠠ ᠪᠣᠯᠤᠨ᠎ᠠ᠃ ᠠᠵᠢᠯ ᠲᠦᠷᠦᠯ ᠵᠢᠡᠷ ᠥᠪᠥᠷ ᠮᠣᠩᠭᠣᠯ᠎ᠳᠤ ᠲᠤᠰᠬᠠᠶ ᠬᠢᠨᠠᠯᠲᠠ ᠲᠠᠯᠪᠢᠬᠤ ᠠᠵᠢᠯ ᠦᠷᠨᠢᠭᠦᠯᠬᠦ ᠪᠣᠯ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ᠎ᠡᠴᠡ ᠲᠠᠷᠢᠶᠠᠴᠢᠨ ᠠᠵᠢᠯᠴᠢᠨ᠎ᠤ ᠨᠠᠮ᠎ᠳᠤ ᠣᠯᠭᠣᠭᠰᠠᠨ ᠴᠢᠬᠤᠯᠠ ᠤᠯᠤᠰ ᠲᠥᠷᠥ᠎ᠶᠢᠨ ᠡᠭᠦᠷᠭᠡ ᠮᠥᠨ᠃ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ᠎ᠶᠢᠨ ᠲᠤᠬᠠᠢ ᠴᠢᠬᠤᠯᠠ ᠥᠭᠦᠯᠡᠯᠲᠡ ᠵᠢᠴᠢ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ᠎ᠶᠢᠨ ᠵᠣᠭᠰᠣᠴᠠ᠎ᠪᠠᠨ ᠪᠠᠲᠤᠳᠬᠠᠵᠤ᠂ ᠡᠯ᠎ᠡ ᠡᠲᠡᠭᠡᠳ᠎ᠦᠨ ᠬᠠᠮᠲᠤ᠎ᠶᠢᠨ ᠲᠠᠨᠢᠯᠲᠠ᠎ᠶᠢ ᠨᠢᠭᠲᠠᠷᠠᠭᠤᠯᠵᠤ᠂ ᠲᠤᠰᠬᠠᠢ ᠬᠢᠨᠠᠯᠲᠠ᠎ᠶᠢᠨ ᠰᠢᠨᠵᠢ ᠴᠢᠨᠠᠷ᠎ᠤᠨ ᠪᠠᠶ᠋ᠢᠷᠢ ᠲᠣᠭᠲᠠᠭᠠᠯᠲᠠ᠎ᠶᠢ ᠣᠨᠣᠪᠴᠢᠲᠠᠢ ᠡᠵᠡᠮᠳᠡᠵᠦ᠍᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠲᠤᠰᠬᠠᠢ ᠬᠢᠨᠠᠯᠲᠠ᠎ᠶᠢᠨ ᠬᠦᠴᠦᠯᠡᠬᠦ᠌ ᠴᠡᠭ᠎ᠢ ᠣᠨᠣᠪᠴᠢᠲᠠᠢ ᠣᠯᠵᠤ᠂ ᠥᠪᠥᠷ ᠮᠣᠩᠭᠣᠯ᠎ᠯᠤᠭ᠎ᠠ ᠠᠳᠠᠯᠢ ᠰᠡᠳᠦᠪ᠎ᠢ ᠬᠠᠮᠲᠤ᠎ᠪᠠᠷ ᠬᠠᠷᠢᠭᠤᠯᠤᠨ᠎ᠠ ᠭᠡᠵᠦ ᠴᠢᠬᠤᠯᠠᠴᠢᠯᠠᠪᠠ᠃

ᠶᠠᠩ ᠵᠧᠨ᠂ ᠥᠪᠥᠷ ᠮᠣᠩᠭᠣᠯ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠳᠡᠭᠡᠳᠦ ᠬᠡᠮᠵᠢᠶᠡᠨ᠎ᠦ ᠤᠯᠤᠰ ᠲᠦᠷᠦ᠎ᠶᠢᠨ ᠤᠬᠠᠮᠰᠠᠷ᠎ᠢᠶᠠᠷ ᠬᠠᠳᠤᠨ ᠭᠣᠣᠯ᠎ᠤᠨ ᠬᠠᠮᠠᠭᠠᠯᠠᠯᠲᠠ ᠵᠠᠰᠠᠯᠲᠠ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ᠍᠂ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠡᠷᠭᠢᠯᠲᠡ᠎ᠶᠢᠨ ᠴᠢᠨᠠᠷᠲᠠᠢ ᠬᠤᠪᠢᠷᠠᠯᠲᠠ ᠭᠠᠷᠬᠤ᠎ᠶᠢ ᠠᠬᠢᠭᠤᠯᠪᠠ᠃ ᠣᠳᠣᠬᠠᠨ᠎ᠳᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠶᠠᠭ ᠵᠠᠩᠭᠢᠯᠠᠭ᠎ᠠ᠎ᠶᠢᠨ ᠱᠠᠲᠤᠨ᠎ᠳᠤ ᠣᠷᠣᠰᠢᠵᠤ ᠪᠠᠶ᠋ᠢᠨ᠎ᠠ᠂ ᠪᠢᠳᠡ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠡᠴᠡ ᠡᠭᠦᠰᠴᠦ᠍᠂ ᠬᠠᠮᠠᠭᠠᠯᠠᠬᠤ ᠪᠠ ᠬᠥᠭᠵᠢᠭᠦᠯᠬᠦ᠌᠎ᠶᠢᠨ ᠬᠠᠷᠢᠴᠠᠭ᠎ᠠ᠂ ᠥᠩᠭᠡᠨ ᠲᠠᠯ᠎ᠠ ᠪᠠ ᠡᠬᠢ ᠦᠨᠳᠦᠰᠦ ᠡᠴᠡ ᠨᠢ ᠵᠠᠰᠠᠬᠤ᠎ᠶᠢᠨ ᠬᠠᠷᠢᠴᠠᠭ᠎ᠠ᠂ ᠰᠠᠯᠠᠭ᠎ᠠ ᠮᠥᠴᠢᠷ᠎ᠦᠨ ᠬᠠᠮᠵᠢᠯᠴᠠᠭ᠎ᠠ ᠪᠠ ᠰᠢᠰᠲ᠋ᠧᠮ ᠵᠢᠡᠷ ᠲᠤᠰᠠᠭᠠᠷᠯᠠᠬᠤ ᠬᠠᠷᠢᠴᠠᠭ᠎ᠠ᠂ ᠪᠤᠳᠤᠯᠲᠠ ᠵᠢᠨ ᠬᠦᠴᠦᠨ᠎ᠦ ᠥᠷᠭᠡᠳᠬᠡᠯ ᠪᠠ ᠪᠤᠳᠤᠯᠲᠠ ᠵᠢᠨ ᠬᠦᠴᠦᠨ ᠪᠤᠯᠤᠨ ᠤᠰᠤᠨ᠎ᠤ ᠡᠬᠢ ᠪᠠᠶᠠᠯᠭ᠎ᠤᠨ ᠬᠠᠮᠵᠢᠯᠴᠠᠭᠠᠨ᠎ᠤ ᠬᠠᠷᠢᠴᠠᠭ᠎ᠠ᠎ᠶᠢ ᠰᠠᠶ᠋ᠢᠲᠤᠷ ᠡᠵᠡᠮᠳᠡᠬᠦ᠌ ᠬᠡᠷᠡᠭᠲᠡᠶ᠃ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ ᠡᠲᠡᠭᠡᠳ ᠢᠯᠭᠠᠯ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠥᠪᠥᠷ ᠮᠣᠩᠭᠣᠯ᠎ᠤᠨ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠌᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠶ᠋ᠢᠲᠠᠢ ᠬᠥᠭᠵᠢᠯᠲᠡ᠎ᠶᠢᠨ ᠳᠤᠮᠳᠠᠬᠢ ᠭᠣᠣᠯᠳᠠᠯᠭ᠎ᠠ᠎ᠲᠠᠶ ᠬᠦᠴᠢᠷ ᠠᠰᠠᠭᠤᠳᠠᠯ᠎ᠢ ᠴᠢᠩᠭ᠎ᠠ ᠡᠵᠡᠮᠳᠡᠵᠦ᠍᠂ ᠭᠦᠨᠵᠡᠭᠡᠢ ᠪᠠᠶ᠋ᠢᠴᠠᠭᠠᠨ ᠰᠤᠳᠤᠯᠵᠤ᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠲᠤᠷᠠᠳᠤᠨ ᠠᠷᠭ᠎ᠠ ᠤᠬᠠᠭᠠᠨ ᠳᠡᠪᠰᠢᠭᠦᠯᠵᠤ᠂ ᠥᠪᠥᠷ ᠮᠣᠩᠭᠣᠯ᠎ᠤᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ᠎ᠶᠢᠨ ᠳᠤᠮᠳᠠ ᠰᠢᠨ᠎ᠡ ᠵᠢᠳᠬᠦᠯ ᠴᠢᠷᠮᠠᠶ᠋ᠢᠯᠭ᠎ᠠ ᠭᠠᠷᠭᠠᠬᠤ᠎ᠳᠤ ᠬᠦᠴᠦᠨ ᠨᠡᠮᠡᠷᠢᠯᠡᠨ᠎ᠡ ᠭᠡᠵᠦ᠍ ᠵᠢᠭᠠᠵᠤ ᠭᠠᠷᠭᠠᠪᠠ᠃

ᠸᠠᠩ ᠸᠧᠶ ᠵᠥᠩ᠂ ᠲᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠣᠷᠢᠶ᠎ᠠ ᠠᠵᠢᠯ ᠲᠦᠷᠦᠯ ᠵᠢᠡᠷ ᠥᠪᠥᠷ ᠮᠣᠩᠭᠣᠯ᠎ᠳᠦ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ᠎ᠳᠦ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ ᠥᠷᠨᠢᠭᠦᠯᠦᠭᠰᠡᠨ ᠨᠢ᠂ ᠥᠪᠥᠷ ᠮᠣᠩᠭᠣᠯ᠎ᠤᠨ ᠡᠨᠡ ᠬᠦ᠌ ᠴᠢᠬᠤᠯᠠ ᠶᠡᠬᠡ ᠤᠯᠤᠰ᠎ᠤᠨ ᠪᠠᠶ᠋ᠢᠯᠳᠤᠬᠤ ᠪᠣᠳᠣᠯᠭ᠎ᠠ᠎ᠶᠢ ᠨᠠᠩ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠴᠢᠬᠤᠯᠠ ᠳᠡᠮᠵᠢᠯᠭᠡ ᠬᠠᠩᠭᠠᠪᠠ᠃ ᠣᠷᠣᠨ ᠳᠠᠶᠠᠭᠠᠷ᠎ᠢᠶᠠᠨ ᠶᠡᠷᠦᠩᠬᠡᠶ ᠱᠦᠵᠢ ᠰᠢ ᠵᠢᠨ ᠫᠢᠩ᠎ᠦᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ᠎ᠶᠢᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠤᠷᠢᠶ᠎ᠠ ᠵᠢᠨ ᠲᠤᠰᠬᠠᠶ ᠬᠢᠨᠠᠯᠲᠠ ᠲᠠᠯᠪᠢᠬᠤ ᠠᠵᠢᠯ᠎ᠢ ᠪᠥᠬᠥ᠌ ᠬᠦᠴᠦᠨ᠎ᠢᠶᠡᠷ᠎ᠢᠶᠡᠨ ᠬᠠᠮᠵᠢᠯᠴᠠᠨ ᠰᠠᠶ᠋ᠢᠲᠤᠷ ᠬᠢᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ᠎ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠦᠨᠡᠨ ᠬᠦ᠌ ᠪᠡᠬᠢᠵᠢᠭᠦᠯᠵᠦ᠍᠂ ᠪᠣᠳᠠᠲᠤ᠌ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠦᠨ᠎ᠠ᠃ ᠲᠤᠰᠬᠠᠢ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠤᠨ᠎ᠵᠢᠭᠠᠵᠤ ᠭᠠᠷᠭᠠᠭᠰᠠᠨ ᠠᠰᠠᠭᠤᠳᠠᠯ ᠪᠠ ᠳᠤᠷᠠᠳᠤᠭᠰᠠᠨ ᠰᠠᠨᠠᠭᠤᠯᠭ᠎ᠠ᠎ᠶᠢ ᠨᠠᠷᠢᠨ ᠬᠢᠨᠠᠮᠠᠭᠠᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠨ᠎ᠠ᠃ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠌ ᠵᠠᠮ᠎ᠢᠶᠠᠷ ᠡᠷᠡᠰ ᠭᠤᠶ᠋ᠢᠪᠢᠰᠢ ᠥᠬᠡᠶ ᠵᠠᠮᠨᠠᠵᠤ᠂ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠥᠶ ᠬᠠᠮᠠᠭᠠᠯᠠᠯᠲᠠ᠎ᠶᠢ ᠨᠢᠭᠡᠳᠦᠯᠲᠡᠶ ᠲᠥᠯᠥᠪᠵᠢᠭᠦᠯᠵᠦ᠍᠂ ᠶᠡᠬᠡ ᠬᠠᠮᠠᠭᠠᠯᠠᠯᠲᠠ ᠶᠡᠬᠡ ᠬᠠᠮᠵᠢᠯᠴᠠᠭ᠎ᠠ᠎ᠶᠢᠨ ᠪᠠᠶ᠋ᠢᠷᠢᠰᠢᠯ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠰᠠᠶ᠋ᠢᠲᠤᠷ ᠠᠳᠬᠤᠵᠤ᠂ ᠤᠰᠤᠨ᠎ᠤ ᠡᠬᠢ ᠪᠠᠶᠠᠯᠢᠭ᠎ᠢ ᠠᠷᠪᠢᠴᠢ ᠭᠠᠮᠲᠠᠢ ᠡᠷᠴᠢᠮᠵᠢᠭᠦᠯᠦᠨ ᠠᠰᠢᠭᠯᠠᠬᠤ᠎ᠶᠢ ᠴᠢᠩᠭᠠᠳᠬᠠᠵᠤ᠂ ᠬᠥᠷᠥᠰᠥ᠍ ᠰᠢᠷᠣᠶ᠎ᠶᠢᠨ ᠢᠳᠡᠭᠳᠡᠯ᠎ᠢ ᠵᠠᠰᠠᠬᠤ ᠪᠠ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠍᠂  ᠭᠠᠮᠰᠢᠭ᠎ᠢ ᠰᠡᠷᠭᠡᠶ᠋ᠢᠯᠡᠵᠦ᠍ ᠭᠠᠮᠰᠢᠭ᠎ᠢ ᠪᠠᠭᠠᠰᠬᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠍᠂ ᠬᠠᠲᠤᠨ ᠭᠤᠤᠯ᠎ᠢ ᠠᠷᠠᠳ ᠲᠦᠮᠡᠨ᠎ᠳᠦ ᠪᠤᠶᠠᠨ ᠦᠢᠯᠡᠳᠬᠦ᠌ ᠵᠢᠷᠭᠠᠯ᠎ᠤᠨ ᠭᠤᠤᠯ ᠪᠣᠯᠭᠠᠬᠤ᠎ᠪᠠᠷ ᠴᠢᠷᠮᠠᠶ᠋ᠢᠨ᠎ᠠ ᠭᠡᠵᠦ ᠢᠯᠡᠳᠭᠡᠪᠡ᠃

ᠶᠠᠷᠢᠯᠴᠠᠬᠤ ᠬᠤᠷᠠᠯ᠎ᠡᠴᠡ ᠡᠮᠦᠨ᠎ᠡ᠂ ᠲᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠤᠷᠢᠶ᠎ᠠ ᠵᠢᠨ ᠪᠠᠶ᠋ᠢᠴᠠᠭᠠᠨ ᠰᠤᠳᠤᠯᠬᠤ ᠳᠤᠭᠤᠶ᠋ᠢᠯᠠᠩ᠎ᠤᠨ ᠬᠢᠨ ᠬᠥᠬᠡᠬᠣᠲᠠ᠂ ᠤᠯᠠᠭᠠᠨᠴᠠᠪ ᠬᠤᠳᠠ᠎ᠳᠤ ᠭᠦᠨᠵᠡᠭᠡᠶ᠋ᠢᠷᠡᠵᠦ᠍᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ᠎ᠶᠢᠨ ᠬᠣᠯᠪᠣᠭᠳᠠᠯ ᠪᠦᠬᠦᠢ ᠠᠵᠢᠯ᠎ᠤᠨ ᠲᠣᠭᠣᠷᠢᠨ᠎ᠳᠤ ᠪᠠᠶ᠋ᠢᠴᠠᠭᠠᠨ ᠰᠤᠳᠤᠯᠤᠯᠲᠠ ᠥᠷᠨᠢᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面