ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-20 12:10:26

ᠵᠣᠬᠢᠶᠠᠭ᠍ᠴᠢ᠄ ᠶᠠᠩ  ᠢ ᠵᠢᠶᠦ᠋ᠨ ᠹᠸᠩ ᠰᠢᠨ ᠷᠠᠨ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 19 ᠤ᠋ ᠦᠳᠡ᠎ᠶᠢᠨ ᠬᠣᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠤᠷᠤᠰ᠎ᠤᠨ ᠶᠡᠷᠦᠩᠬᠡᠢᠯᠡᠭᠴᠢ ᠫᠦᠲ᠋ᠢᠨ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠲᠠᠢ ᠳᠤᠮᠳᠠᠳᠤ ᠤᠷᠤᠰ ᠠᠮᠸᠷᠢᠺᠠ ᠵᠢᠨ ᠲᠡᠷᠢᠭᠦᠨ᠎ᠦ ᠠᠭᠤᠯᠵᠠᠯᠲᠠ ᠬᠢᠪᠡ᠃ ᠭᠤᠷᠪᠠᠨ ᠤᠯᠤᠰ᠎ᠤᠨ ᠲᠡᠷᠢᠭᠦᠨ 《ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠵᠤ᠂ ᠲᠣᠮᠣ᠌ ᠤᠯᠤᠰ᠎ᠤᠨ ᠬᠠᠷᠢᠯᠴᠠᠭᠠᠨ᠎ᠤ ᠪᠠᠢᠯᠳᠤᠬᠤ ᠪᠣᠳᠣᠯᠭ᠎ᠠ᠎ᠶᠢᠨ ᠲᠣᠭᠲᠠᠭᠤᠨ᠎ᠢ ᠠᠬᠢᠭᠤᠯᠤᠶ᠎ᠠ》 ᠭᠡᠬᠦ ᠭᠣᠣᠯ ᠰᠡᠳᠦᠪ᠎ᠦᠨ ᠲᠣᠭᠣᠷᠢᠨ᠎ᠳᠤ ᠭᠦᠨᠵᠡᠭᠡᠢ ᠶᠠᠷᠢᠯᠴᠠᠪᠠ᠃



11 ᠰᠠᠷ᠎ᠠ᠎ᠶᠢᠨ 19 ᠎ᠤ᠋ ᠦᠳᠡ᠎ᠶᠢᠨ ᠬᠣᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠣᠷᠣᠰ᠎ᠤᠨ ᠶᠡᠷᠦᠩᠬᠡᠢᠯᠡᠭᠴᠢ ᠫᠦᠲ᠋ᠢᠨ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋᠎ᠲᠠᠢ ᠳᠤᠮᠳᠠᠳᠤ ᠣᠷᠣᠰ ᠠᠮᠸᠷᠢᠺᠠ᠎ᠶᠢᠨ ᠲᠡᠷᠢᠭᠦᠨ᠎ᠦ ᠠᠭᠤᠯᠵᠠᠯᠲᠠ ᠬᠢᠪᠡ᠃  

          ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭ᠍ᠴᠢ  ᠱᠧᠨ ᠬᠣᠩ  ᠰᠡᠭᠦᠳᠡᠷᠯᠡᠪᠡ

ᠰᠢ ᠵᠢᠨ ᠫᠢᠩ᠂ ᠳᠤᠮᠳᠠᠳᠤ ᠤᠷᠤᠰ ᠠᠮᠧᠷᠢᠺᠠ ᠭᠤᠷᠪᠠᠨ ᠤᠯᠤᠰ᠎ᠤᠨ ᠬᠠᠮᠤᠭ᠎ᠤᠨ ᠳᠡᠭᠡᠳᠦ ᠤᠳᠤᠷᠢᠳᠬᠤ ᠬᠥᠮᠥᠨ ᠲᠡᠦᠬᠡᠨ ᠳᠡᠭᠡᠷ᠎ᠡ ᠠᠩᠬ᠎ᠠ ᠤᠳᠠᠭ᠎ᠠ ᠠᠭᠤᠯᠵᠠᠵᠤ ᠪᠠᠢᠭ᠎ᠠ ᠨᠢ ᠡᠭᠦᠳᠦᠯᠳᠡ ᠵᠢᠨ ᠴᠢᠨᠠᠷᠲᠠᠢ ᠠᠴᠢ ᠬᠣᠯᠪᠣᠭᠳᠠᠯ᠎ᠲᠠᠢ ᠶᠤᠮ᠃ ᠲᠣᠮᠣ᠌ ᠤᠯᠤᠰ ᠡᠪ ᠨᠠᠢᠷᠲᠠᠢ ᠪᠠᠢᠪᠠᠯ ᠳᠡᠯᠡᠬᠡᠢ ᠳ᠋ᠠᠬᠢᠨ ᠠᠮᠤᠷ ᠲᠠᠢᠪᠤᠩ ᠪᠠᠢᠵᠤ᠂ ᠲᠣᠮᠣ᠌ ᠤᠯᠤᠰ ᠲᠡᠮᠡᠴᠡᠯᠳᠦᠪᠡᠯ ᠳᠡᠯᠡᠬᠡᠢ ᠳ᠋ᠠᠬᠢᠨ ᠰᠠᠮᠠᠭᠤᠷᠠᠨ᠎ᠠ ᠬᠡᠳᠡᠭ᠎ᠢ ᠲᠡᠤᠬᠡ ᠪᠢᠳᠡᠨ ᠳ᠋ᠤ ᠬᠡᠯᠡᠵᠤ ᠦᠭᠪᠡ᠃ ᠡᠩᠬᠡ ᠲᠠᠢᠪᠤᠩ ᠪᠣᠯ ᠬᠥᠮᠥᠨ ᠲᠥᠷᠥᠯᠬᠢᠲᠡᠨ᠎ᠦ ᠨᠡᠢᠭᠡᠮ᠎ᠦᠨ ᠥᠨᠢᠳᠡ᠎ᠶᠢᠨ ᠬᠦᠰᠡᠯ ᠡᠷᠡᠮᠡᠯᠵᠡᠯ ᠮᠥᠨ᠃ ᠮᠠᠨ᠎ᠤ ᠡᠨᠡ ᠬᠦ᠌ ᠪᠥᠮᠪᠥᠷᠴᠡᠭ ᠳᠡᠭᠡᠷ᠎ᠡ ᠲᠦᠮᠡ ᠭᠠᠷᠤᠢ ᠤᠳᠠᠭᠠᠨ᠎ᠤ ᠲᠠᠢ᠍ᠢᠨ  ᠲᠠᠵᠢᠨ ᠡᠭᠦᠰᠴᠦ ᠥᠩᠭᠡᠷᠡᠭᠰᠡᠨ ᠶᠤᠮ᠂ ᠣᠳᠣᠬᠠᠨ᠎ᠳᠤ ᠳᠡᠯᠡᠬᠡᠢ ᠳᠡᠭᠡᠷᠡᠬᠢ 60 ᠭᠠᠷᠤᠢ  ᠭᠠᠵᠠᠷ ᠣᠷᠣᠨ᠎ᠤ ᠮᠥᠷᠭᠥᠯᠳᠦᠭᠡᠨ ᠮᠥᠨ ᠯᠡ ᠦᠷᠭᠦᠯᠵᠢᠯᠡᠵᠦ ᠪᠠᠢᠨ᠎ᠠ᠃ 80 ᠭᠠᠷᠤᠢ ᠵᠢᠯ᠎ᠦᠨ ᠡᠮᠦᠨ᠎ᠡ᠂ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠤᠯᠭᠠᠭᠤᠷᠢ ᠬᠦᠴᠦᠨ ᠪᠣᠯᠤᠭᠰᠠᠨ᠎ᠤ ᠬᠤᠪᠢ᠎ᠳᠤ᠂ ᠳᠤᠮᠳᠠᠳᠤ ᠤᠷᠤᠰ ᠠᠮᠧᠷᠢᠺᠠ ᠭᠤᠷᠪᠠᠨ ᠤᠯᠤᠰ ᠮᠥᠷᠥ ᠵᠡᠷᠭᠡᠴᠡᠨ ᠪᠠᠢᠯᠳᠤᠵᠤ᠂ ᠠᠭᠤᠤ ᠶᠡᠬᠡ ᠢᠯᠠᠯᠲᠠ᠎ᠶᠢ ᠣᠯᠵᠤ᠂ ᠳᠡᠯᠡᠬᠡᠢ᠎ᠶᠢᠨ ᠡᠩᠬᠡ ᠲᠠᠢᠪᠤᠩ ᠠᠮᠤᠷ ᠲᠣᠭᠲᠠᠭᠤᠨ᠎ᠢ ᠲᠡᠮᠡᠴᠡᠨ ᠣᠯᠪᠠ᠃ ᠲᠡᠦᠬᠡ ᠪᠣᠯ ᠬᠠᠮᠤᠭ᠎ᠤᠨ ᠰᠠᠢᠨ ᠰᠤᠷᠬᠤ ᠪᠢᠴᠢᠭ ᠮᠥᠨ᠃ ᠪᠢᠳᠡ ᠲᠡᠦᠬᠡ᠎ᠪᠡᠨ ᠪᠠᠲᠤ ᠴᠡᠭᠡᠵᠢᠯᠡᠵᠦ᠂ ᠲᠡᠦᠬᠡ᠎ᠪᠡᠷ ᠲᠣᠯᠢ ᠪᠣᠯᠭᠠᠵᠤ᠂ ᠢᠷᠡᠭᠡᠳᠦᠢ᠎ᠪᠡᠨ ᠡᠬᠥᠲᠤᠶ᠎ᠡ  ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠬᠥᠮᠥᠨ ᠲᠥᠷᠥᠯᠬᠢᠲᠡᠨ ᠨᠢᠭᠡ ᠯᠡ ᠪᠥᠮᠪᠥᠷᠴᠡᠭ᠎ᠤᠨ ᠲᠣᠰᠬᠣᠨ᠎ᠳᠤ ᠠᠮᠢᠳᠤᠷᠠᠵᠤ ᠪᠠᠢᠨ᠎ᠠ᠂  ᠬᠤᠪᠢ ᠵᠠᠶᠠᠭᠠᠨ᠎ᠤ ᠬᠠᠮᠲᠤ᠎ᠶᠢᠨ ᠴᠣᠭᠴᠠ ᠮᠥᠨ᠃ ᠡᠨᠡ  ᠪᠥᠮᠪᠥᠷᠴᠡᠭ᠎ᠤᠨ ᠲᠣᠰᠬᠣᠨ᠎ᠳᠤ᠂ ᠲᠣᠮᠣ᠌ ᠤᠯᠤᠰ ᠣᠨᠴᠠᠭᠠᠢ ᠬᠠᠷᠢᠭᠤᠴᠠᠯᠭ᠎ᠠ ᠡᠭᠦᠷᠭᠡᠯᠡᠵᠦ ᠪᠠᠢᠨ᠎ᠠ᠃ ᠲᠣᠮᠣ᠌ ᠤᠯᠤᠰ᠎ᠤᠨ ᠰᠠᠢᠨ ᠬᠤᠷᠰᠢᠯᠴᠠᠯ ᠨᠢ ᠰᠣᠩᠭᠣᠬᠤ ᠰᠡᠳᠦᠪ ᠪᠢᠰᠢ᠂ ᠬᠠᠷᠢᠨ ᠵᠠᠪᠠᠯ ᠬᠠᠷᠢᠭᠤᠯᠬᠤ ᠰᠡᠳᠦᠪ ᠪᠣᠯᠣᠨ᠎ᠠ᠃ ᠣᠢᠷ᠎ᠠ᠎ᠶᠢᠨ ᠵᠢᠯ᠎ᠡᠴᠡ᠂ ᠳᠤᠮᠳᠠᠳᠤ ᠤᠯᠤᠰ ᠳᠤᠮᠳᠠᠳᠤ ᠤᠷᠤᠰ᠎ᠤᠨ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢ ᠠᠬᠢᠭᠤᠯᠵᠤ᠂ ᠳᠤᠮᠳᠠᠳᠤ ᠠᠮᠧᠷᠢᠺᠠ᠎ᠶᠢᠨ ᠪᠦᠲᠦᠭᠡᠯᠴᠢ ᠴᠢᠨᠠᠷᠲᠠᠢ ᠪᠠᠢᠯᠳᠤᠬᠤ ᠪᠣᠳᠣᠯᠭ᠎ᠠ᠎ᠶᠢᠨ ᠲᠣᠭᠲᠠᠭᠤᠨ ᠬᠠᠷᠢᠯᠴᠠᠭ᠎ᠠ᠎ᠶᠢ ᠢᠳᠡᠪᠬᠢᠲᠡᠢ ᠪᠠᠢᠭᠤᠯᠵᠤ᠂ ᠨᠠᠢᠷᠠᠮᠳᠠᠯ᠎ᠢᠶᠠᠷ ᠵᠡᠷᠭᠡᠴᠡᠨ ᠣᠷᠣᠰᠢᠬᠤ᠂ ᠶᠡᠷᠦᠩᠬᠡᠢ᠎ᠳᠡᠭᠡᠨ ᠲᠣᠭᠲᠠᠭᠤᠨ᠂ ᠲᠡᠩᠴᠡᠭᠦᠷᠢᠲᠡᠢ ᠬᠥᠭᠵᠢᠬᠦ ᠲᠣᠮᠣ᠌ ᠤᠯᠤᠰ᠎ᠤᠨ ᠬᠠᠷᠢᠯᠴᠠᠭ᠎ᠠ᠎ᠶᠢᠨ ᠪᠠᠢᠷᠢᠰᠢᠯ᠎ᠢ ᠪᠦᠷᠢᠯᠳᠦᠭᠦᠯᠬᠦ᠎ᠶᠢ ᠠᠬᠢᠭᠤᠯᠵᠤ᠂ ᠬᠠᠷᠢᠯᠴᠠᠨ ᠠᠰᠢᠭ᠋ ᠬᠦᠷᠲᠡᠭᠡᠭᠰᠡᠨ ᠵᠢᠡᠷ ᠪᠠᠷᠠᠬᠤ ᠦᠭᠡᠢ ᠪᠠᠰᠠ ᠳᠡᠯᠡᠬᠡᠢ ᠳ᠋ᠠᠬᠢᠨ᠎ᠳᠤ ᠪᠤᠶᠠᠨ ᠦᠢᠯᠡᠳᠴᠠᠢ᠃ ᠣᠳᠣᠬᠠᠨ᠎ᠳᠤ᠂ ᠳᠡᠯᠡᠬᠡᠢ ᠶᠢᠷᠳᠢᠨᠴᠤ ᠵᠢᠨ ᠵᠠᠭᠤᠨ ᠵᠢᠯ ᠳ᠋ᠤ ᠳᠤᠬᠢᠶᠠᠯᠳᠤᠭ᠎ᠠ ᠦᠭᠡᠢ ᠬᠤᠪᠢᠰᠤᠯᠲᠠ ᠲᠦᠷᠭᠡᠳᠦᠨ ᠠᠬᠢᠵᠤ᠂ ᠳᠡᠯᠡᠬᠡᠢ ᠳ᠋ᠠᠬᠢᠨ ᠠᠮᠤᠷ ᠲᠠᠢᠪᠤᠩ ᠪᠤᠰᠤ ᠪᠠᠢᠨ᠎ᠠ᠃ ᠳᠤᠮᠳᠠᠳᠤ ᠤᠷᠤᠰ ᠠᠮᠧᠷᠢᠺᠠ ᠳᠡᠯᠡᠬᠡᠢ᠎ᠶᠢᠨ ᠭᠣᠣᠯ ᠪᠣᠯᠬᠤ ᠲᠣᠮᠣ᠌ ᠤᠯᠤᠰ ᠪᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠶᠤᠯ ᠦᠭᠡᠢ᠎ᠶᠢᠨ ᠵᠥᠪᠯᠡᠯ᠎ᠦᠨ ᠪᠠᠢᠩᠭᠤ᠎ᠶᠢᠨ ᠬᠡᠷᠡᠭ ᠡᠷᠬᠢᠯᠡᠭᠴᠢ ᠤᠯᠤᠰ ᠪᠣᠯᠤᠭᠰᠠᠨ᠎ᠤ ᠬᠤᠪᠢ᠎ᠳᠤ᠂ ᠰᠠᠢᠨ ᠦᠯᠢᠭᠡᠷ ᠳᠠᠭᠤᠷᠢᠶᠠᠯ ᠪᠣᠯᠵᠤ᠂ ᠪᠦᠬᠦ ᠪᠥᠮᠪᠥᠷᠴᠡᠭ᠎ᠦᠨ ᠴᠢᠨᠠᠷᠲᠠᠢ ᠥᠷᠢᠰᠦᠯᠳᠦᠭᠡᠨ᠎ᠢ ᠬᠠᠮᠲᠤᠷᠠᠯᠴᠠᠨ ᠠᠷᠭᠠᠴᠠᠭᠠᠵᠤ᠂ ᠳᠡᠯᠡᠬᠡᠢ᠎ᠶᠢᠨ ᠡᠩᠬᠡ ᠲᠠᠢᠪᠤᠩ ᠲᠣᠭᠲᠠᠭᠤᠨ᠎ᠢ ᠬᠠᠮᠲᠤ᠎ᠪᠠᠷ ᠬᠠᠮᠠᠭᠠᠯᠠᠵᠤ᠂ ᠬᠥᠮᠥᠨ ᠲᠥᠷᠥᠯᠬᠢᠲᠡᠨ᠎ᠦ ᠳᠠᠪᠰᠢᠯᠲᠠ᠎ᠳᠤ ᠨᠡᠩ ᠶᠡᠬᠡ ᠬᠤᠪᠢ ᠨᠡᠮᠡᠷᠢ ᠦᠵᠡᠭᠦᠯᠪᠡᠯ ᠵᠣᠬᠢᠨ᠎ᠠ ᠭᠡᠵᠤ ᠴᠢᠬᠤᠯᠠᠴᠢᠯᠠᠵᠠᠢ᠃

ᠰᠢ ᠵᠢᠨ ᠫᠢᠩ᠂ ᠲᠣᠮᠣ ᠤᠯᠤᠰ ᠬᠡᠷᠬᠢᠨ ᠵᠥᠪ᠎ᠢᠶᠡᠷ ᠬᠠᠷᠢᠯᠴᠠᠵᠤ᠂ ᠬᠠᠮᠲᠤ᠎ᠪᠠᠷ ᠳᠡᠯᠡᠬᠡᠶ᠎ᠶᠢᠨ ᠡᠩᠬᠡ ᠲᠠᠶ᠋ᠢᠪᠤᠩ᠎ᠤᠨ ᠰᠠᠭᠤᠷᠢ᠎ᠶᠢ ᠪᠠᠲᠤᠯᠠᠬᠤ ᠪᠣᠯ ᠡᠷᠬᠡᠪᠰᠢ ᠰᠠᠶ᠋ᠢᠲᠤᠷ ᠬᠠᠷᠢᠭᠤᠯᠬᠤ ᠴᠠᠭ ᠦᠶ᠎ᠡ᠎ᠶᠢᠨ ᠰᠡᠳᠦᠪ ᠪᠣᠯᠤᠨ᠎ᠠ ᠭᠡᠵᠤ ᠵᠢᠭᠠᠵᠤ ᠭᠠᠷᠭᠠᠪᠠ᠃ ᠲᠡᠷᠡ ᠡᠨᠡ ᠲᠤᠬᠠᠢ 4 ᠲᠠᠯ᠎ᠠ᠎ᠶᠢᠨ ᠦᠵᠡᠯᠲᠡ ᠳᠤᠷᠠᠳᠪᠠ᠄

ᠨᠢᠭᠡᠳᠦᠭᠡᠷ᠎ᠲᠦ᠍᠂ ᠬᠠᠷᠢᠯᠴᠠᠨ ᠬᠦᠨᠳᠦᠳᠬᠡᠬᠦ᠌᠎ᠶᠢ ᠪᠠᠷᠢᠮᠲᠠᠯᠠᠶ᠎ᠠ᠃ ᠬᠠᠷᠢᠯᠴᠠᠨ ᠬᠦᠨᠳᠦᠳᠬᠡᠬᠦ᠌ ᠪᠣᠯ ᠲᠣᠮᠣ ᠤᠯᠤᠰ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ ᠮᠥᠨ᠃ ᠳᠤᠮᠳᠠᠳᠤ ᠤᠷᠤᠰ ᠠᠮᠧᠷᠢᠺᠠ ᠭᠤᠷᠪᠠᠨ ᠤᠯᠤᠰ᠎ᠤᠨ ᠤᠯᠤᠰ᠎ᠤᠨ ᠪᠠᠶ᠋ᠢᠳᠠᠯ ᠠᠳᠠᠯᠢ ᠦᠭᠡᠢ᠂ ᠬᠠᠷᠢᠯᠴᠠᠨ ᠬᠦᠨᠳᠦᠳᠬᠡᠵᠦ᠍᠂ ᠠᠳᠠᠯᠢ ᠲᠠᠯ᠎ᠠ᠎ᠪᠠᠨ ᠡᠷᠢᠵᠦ᠍ ᠵᠥᠷᠢᠶ᠎ᠡ᠎ᠪᠡᠨ ᠦᠯᠡᠳᠡᠭᠡᠵᠦ᠍᠂ ᠬᠠᠮᠲᠤ᠎ᠪᠠᠷ ᠬᠥᠭᠵᠢᠶ᠎ᠠ᠂ ᠡᠭᠦᠨ᠎ᠳᠦ ᠲᠤᠰ ᠲᠤᠰ᠎ᠤᠨ᠎ᠢᠶᠠᠨ ᠡᠷᠬᠡ ᠮᠡᠳᠡᠯ ᠪᠠ ᠨᠤᠲᠤᠭ ᠳᠡᠪᠢᠰᠬᠡᠷ᠎ᠦᠨ ᠪᠦᠷᠢᠨ ᠪᠦᠲᠦᠨ ᠪᠠᠶ᠋ᠢᠬᠤ᠎ᠶᠢ ᠬᠦᠨᠳᠦᠳᠬᠡᠬᠦ᠌᠂ ᠲᠤᠰ ᠲᠤᠰ᠎ᠤᠨ᠎ᠢᠶᠠᠨ ᠰᠣᠩᠭᠣᠭᠰᠠᠨ ᠨᠡᠶ᠋ᠢᠭᠡᠮ᠎ᠦᠨ ᠪᠠᠶ᠋ᠢᠭᠤᠯᠤᠯ ᠪᠠ ᠬᠥᠭᠵᠢᠯᠲᠡ᠎ᠶᠢᠨ ᠵᠠᠮ᠎ᠢ ᠬᠦᠨᠳᠦᠳᠬᠡᠬᠦ᠌᠂ ᠲᠤᠰ ᠲᠤᠰ᠎ᠤᠨ᠎ᠢᠶᠠᠨ ᠭᠣᠣᠯᠯᠠᠬᠤ ᠠᠰᠢᠭ ᠲᠤᠰᠠ ᠪᠠ ᠴᠢᠬᠤᠯᠠ ᠶᠡᠬᠡ ᠠᠩᠬᠠᠷᠤᠯ᠎ᠢ ᠬᠦᠨᠳᠦᠳᠬᠡᠬᠦ᠌ ᠶᠠᠪᠤᠳᠠᠯ ᠪᠠᠭᠲᠠᠨ᠎ᠠ᠃ ᠪᠤᠰᠤᠳ ᠤᠯᠤᠰ᠎ᠤᠨ ᠳᠣᠲᠣᠭᠠᠳᠤ ᠵᠠᠰᠠᠭ᠎ᠲᠦ᠍ ᠭᠠᠷ ᠲᠦᠷᠦᠭᠦ᠌ ᠦᠭᠡᠢ᠂ ᠲᠤᠰ ᠲᠤᠰ᠎ᠤᠨ᠎ᠢᠶᠠᠨ ᠳᠣᠲᠣᠭᠠᠳᠤ ᠶᠠᠪᠤᠳᠠᠯ᠎ᠳᠤ ᠭᠠᠷ ᠲᠦᠷᠦᠭᠦ᠌ ᠦᠭᠡᠢ ᠪᠠᠶ᠋ᠢᠬᠤ᠎ᠶᠢ ᠪᠠᠷᠢᠮᠲᠠᠯᠠᠶ᠎ᠠ᠃ ᠨᠥᠭᠥᠭᠡ ᠡᠲᠡᠭᠡᠳ᠎ᠲᠡᠬᠡᠨ ᠬᠣᠯᠪᠣᠭᠳᠠᠬᠤ ᠴᠢᠬᠤᠯᠠ ᠶᠡᠬᠡ ᠰᠡᠷᠭᠡᠭ ᠠᠰᠠᠭᠤᠳᠠᠯ᠎ᠤᠨ ᠲᠠᠯ᠎ᠠ᠎ᠪᠠᠷ᠂ ᠤᠷᠢᠳᠴᠢᠯᠠᠨ ᠤᠯᠤᠯᠴᠠᠵᠤ᠂ ᠪᠠᠶ᠋ᠢᠷᠢ᠎ᠪᠠᠨ ᠰᠣᠯᠢᠵᠤ ᠪᠣᠳᠣᠯᠬᠢᠯᠠᠨ᠂ ᠪᠣᠯᠭᠣᠮᠵᠢᠲᠠᠶ ᠠᠵᠢᠯᠯᠠᠵᠤ᠂ ᠢᠯᠠᠩᠭᠤᠶ᠎ᠠ ᠨᠥᠭᠥᠭᠡ ᠡᠲᠡᠭᠡᠳ᠎ᠦᠨ᠎ᠢᠶᠡᠨ ᠬᠣᠷᠢᠭ᠎ᠠ ᠱᠤᠭᠤᠮ᠎ᠢ ᠭᠦᠨᠳᠡᠬᠦ ᠦᠭᠡᠢ ᠪᠠᠢᠶ᠎ᠠ᠃

ᠬᠣᠶᠠᠳᠤᠭᠠᠷ᠎ᠲᠤ᠌᠂ ᠨᠠᠶ᠋ᠢᠷᠠᠮᠳᠠᠯ᠎ᠢᠶᠠᠷ ᠵᠡᠷᠭᠡᠴᠡᠨ ᠣᠷᠣᠰᠢᠬᠤ᠎ᠶᠢ ᠪᠠᠷᠢᠮᠲᠠᠯᠠᠶ᠎ᠠ᠃ 《ᠰᠦᠺᠢᠳ᠋ᠢᠳ᠋ᠸᠰ ᠤ᠋ᠨ ᠤᠨᠠᠭᠤᠯᠢ》 ᠪᠣᠯ ᠬᠤᠪᠢ ᠵᠠᠶᠠᠭ᠎ᠠ ᠤᠬᠳᠤ ᠪᠢᠰᠢ᠂ ᠵᠠᠩᠭᠢᠯᠠᠭ᠎ᠠ ᠨᠢ ᠭᠣᠣᠯ ᠪᠣᠯᠬᠤ ᠲᠤᠮᠤ ᠤᠯᠤᠰ ᠬᠡᠷᠬᠢᠨ ᠰᠣᠩᠭᠣᠯᠳᠠ ᠬᠢᠬᠦ᠎ᠳᠤ ᠪᠠᠶ᠋ᠢᠨ᠎ᠠ᠃ ᠳᠤᠮᠳᠠᠳᠤ ᠤᠷᠤᠰ ᠠᠮᠧᠷᠢᠺᠠ ᠬᠠᠨᠢᠲᠠᠨ ᠪᠤᠯᠵᠤ᠂ ᠨᠠᠶ᠋ᠢᠵᠠ ᠪᠣᠯᠤᠯᠴᠠᠨ᠂ ᠮᠥᠷᠭᠥᠯᠳᠦᠬᠦ᠌ ᠦᠭᠡᠢ᠂ ᠡᠰᠡᠷᠭᠦᠴᠡᠯᠳᠦᠬᠦ᠌ ᠦᠭᠡᠢ ᠪᠠᠶ᠋ᠢᠵᠤ᠂ ᠨᠠᠶ᠋ᠢᠷᠠᠮᠳᠠᠯ᠎ᠢᠶᠠᠷ ᠵᠡᠷᠭᠡᠴᠡᠨ ᠣᠷᠣᠰᠢᠬᠤ ᠬᠣᠷᠢᠭ᠎ᠠ ᠱᠤᠭᠤᠮ᠎ᠢ ᠪᠠᠲᠤ᠌ ᠰᠠᠬᠢᠶ᠎ᠠ᠃ ᠳᠤᠮᠳᠠᠳᠤ ᠤᠷᠤᠰ ᠠᠮᠧᠷᠢᠺᠠ ᠪᠣᠯ ᠴᠥᠮ ᠳᠡᠯᠡᠬᠡᠢ᠎ᠶᠢᠨ ᠬᠣᠶᠠᠳᠤᠭᠠᠷ ᠲᠠᠢ᠌ᠨ᠎ᠦ ᠭᠣᠣᠯ ᠪᠣᠯᠬᠤ ᠢᠯᠠᠭᠰᠠᠨ ᠤᠯᠤᠰ ᠮᠥᠨ᠂ ᠲᠠᠢ᠌ᠨ᠎ᠦ ᠳᠠᠷᠠᠭᠠᠬᠢ ᠤᠯᠠᠨ ᠤᠯᠤᠰ᠎ᠤᠨ ᠡᠮᠬᠢ ᠵᠢᠷᠤᠮ᠎ᠢ ᠡᠷᠡᠰ ᠬᠠᠮᠠᠭᠠᠯᠠᠵᠤ᠂ 《ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠎ᠶᠢᠨ ᠦᠨᠳᠦᠰᠦᠨ ᠲᠦᠷᠢᠮ》 ᠤ᠋ᠨ ᠵᠣᠷᠢᠯᠲᠠ᠎ᠶᠢ ᠬᠠᠮᠠᠭᠠᠯᠠᠵᠤ᠂ ᠬᠢᠯᠪᠡᠷ ᠪᠤᠰᠤ᠎ᠪᠠᠷ ᠣᠯᠤᠭᠰᠠᠨ ᠳᠡᠯᠡᠬᠡᠢ᠎ᠶᠢᠨ ᠬᠣᠶᠠᠳᠤᠭᠠᠷ ᠲᠠᠢ᠌ᠨ᠎ᠦ ᠢᠯᠠᠯᠲᠠ᠎ᠶᠢᠨ ᠦᠷ᠎ᠡ ᠪᠦᠲᠦᠭᠡᠯ᠎ᠢ ᠬᠠᠮᠠᠭᠠᠯᠠᠪᠡᠯ ᠵᠤᠬᠢᠨ᠎ᠠ᠃ ᠴᠥᠮ᠎ᠡ᠎ᠶᠢᠨ ᠳᠠᠶ᠋ᠢᠨ᠎ᠳᠦ ᠢᠯᠠᠯᠳᠠ ᠤᠯᠵᠤ ᠲᠠᠢᠯᠬᠦ ᠦᠭᠡᠢ ᠪᠦᠭᠡᠳ ᠪᠠᠰᠠ ᠲᠠᠢᠯᠠᠯᠳᠤᠵᠤ ᠪᠣᠯᠬᠤ ᠦᠭᠡᠢ᠂ ᠠᠯᠢᠪᠠ ᠴᠢᠷᠮᠠᠶ᠋ᠢᠯᠭ᠎ᠠ ᠭᠠᠷᠭᠠᠵᠤ ᠪᠠᠢᠭᠠᠳ ᠰᠡᠷᠭᠡᠶ᠋ᠢᠯᠡᠶ᠎ᠠ᠃

ᠭᠤᠷᠪᠠᠳᠤᠭᠠᠷ᠎ᠲᠤ᠌᠂ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠳᠡᠬᠦ᠌᠎ᠶᠢ ᠪᠠᠷᠢᠮᠲᠠᠯᠠᠶ᠎ᠠ᠃ ᠳᠤᠮᠳᠠᠳᠤ ᠤᠷᠤᠰ ᠠᠮᠧᠷᠢᠺᠠ᠎ᠶᠢᠨ ᠭᠤᠷᠪᠠᠨ ᠤᠯᠤᠰ᠎ᠤᠨ ᠬᠥᠭᠵᠢᠯᠲᠡ᠎ᠶᠢᠨ ᠳᠠᠪᠠᠭᠤᠯᠢᠭ ᠠᠳᠠᠯᠢ ᠦᠭᠡᠢ᠂ ᠠᠵᠤ ᠠᠬᠤᠢ᠎ᠶᠢᠨ ᠬᠠᠷᠢᠯᠴᠠᠨ ᠨᠥᠬᠥᠪᠥᠷᠢᠯᠡᠬᠦ᠌ ᠴᠢᠨᠠᠷ ᠴᠢᠩᠭ᠎ᠠ᠂ ᠲᠤᠰ ᠪᠡᠶ᠎ᠡ᠎ᠶᠢᠨ ᠳᠠᠪᠠᠭᠤᠯᠢᠭ᠎ᠢᠶᠠᠨ ᠪᠠᠳᠠᠷᠠᠭᠤᠯᠵᠤ᠂ ᠪᠠᠶ᠋ᠢᠬᠤ ᠪᠠ ᠦᠭᠡᠢ᠎ᠪᠡᠨ ᠰᠣᠯᠢᠯᠴᠠᠵᠤ ᠪᠣᠯᠤᠨ᠎ᠠ᠃ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠬᠠᠮᠲᠤᠷᠠᠯᠴᠠᠭ᠎ᠠ᠎ᠵᠢᠨ ᠪᠤᠭᠤᠷᠰᠤᠭ ᠢ᠋ ᠬᠠᠮᠲᠤ᠎ᠪᠠᠷ ᠪᠤᠵᠠᠭᠠᠶ᠋ᠢᠷᠠᠭᠤᠯᠵᠤ᠂ ᠬᠣᠶᠠᠷ ᠲᠠᠯ᠎ᠠ᠎ᠪᠠᠷ᠎ᠢᠶᠠᠨ ᠠᠰᠢᠭ ᠬᠦᠷᠲᠡᠵᠦ᠍ ᠬᠠᠮᠲᠤ᠎ᠪᠠᠷ ᠠᠰᠢᠭ ᠬᠦᠷᠲᠡᠬᠦ᠌᠎ᠶᠢ ᠪᠡᠶᠡᠯᠡᠭᠦᠯᠪᠡᠯ ᠵᠤᠬᠢᠨ᠎ᠠ᠂ ᠬᠠᠷᠢᠨ 《ᠬᠠᠷᠢᠯᠴᠠᠭ᠎ᠠ ᠬᠤᠯᠪᠤᠭ᠎ᠠ ᠪᠡᠨ ᠲᠠᠰᠤᠯᠵᠤ》 ᠪᠣᠯᠬᠤ ᠦᠭᠡᠢ᠃ ᠪᠦᠬᠦ᠌ ᠪᠥᠮᠪᠥᠷᠴᠡᠭ᠎ᠦᠨ ᠡᠨᠧᠷᠭᠢ᠎ᠶᠢᠨ ᠠᠮᠤᠷ ᠲᠦᠪᠰᠢᠨ ᠬᠦᠨᠳᠦ ᠬᠡᠴᠡᠭᠦᠦ ᠥᠷᠢᠰᠥᠯᠳᠦᠭᠡᠨ᠎ᠳᠦ ᠲᠤᠯᠭᠠᠷᠠᠵᠤ᠂ ᠭᠤᠷᠪᠠᠨ ᠤᠯᠤᠰ᠎ᠢᠶᠠᠷ᠎ᠢᠶᠠᠨ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠬᠠᠵᠤ᠂ ᠡᠨᠧᠷᠭᠢ᠎ᠶᠢᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ᠌᠎ᠶᠢ ᠬᠠᠮᠲᠤ᠎ᠪᠠᠷ ᠬᠠᠮᠠᠭᠠᠯᠠᠵᠤ᠂ ᠪᠦᠬᠦ᠌ ᠪᠥᠮᠪᠥᠷᠴᠡᠭ᠎ᠦᠨ ᠡᠨᠧᠷᠭᠢ᠎ᠶᠢᠨ ᠵᠠᠬ᠎ᠠ ᠳᠡᠯᠭᠡᠭᠦᠷ᠎ᠦᠨ ᠠᠮᠤᠷ ᠲᠦᠪᠰᠢᠨ ᠲᠣᠭᠲᠠᠭᠤᠨ᠎ᠢ ᠬᠠᠮᠠᠭᠠᠯᠠᠵᠤ ᠪᠣᠯᠤᠨ᠎ᠠ᠃

ᠳᠥᠷᠪᠡᠳᠦᠭᠡᠷ᠎ᠲᠦ᠍᠂ ᠶᠠᠷᠢᠯᠴᠠᠭ᠎ᠠ ᠵᠥᠪᠳᠡᠯᠴᠡᠭᠡ ᠬᠢᠬᠦ᠌᠎ᠶᠢ ᠪᠠᠷᠢᠮᠲᠠᠯᠠᠶ᠎ᠠ᠃ ᠲᠤᠮᠤ ᠤᠯᠤᠰ᠎ᠤᠳ᠎ᠤᠨ ᠬᠣᠭᠣᠷᠣᠨᠳᠣ ᠵᠥᠷᠢᠯᠳᠦᠭᠡᠨ ᠭᠠᠷᠬᠤ ᠨᠢ ᠵᠠᠶ᠋ᠢᠯᠠᠰᠢ ᠦᠭᠡᠢ ᠶᠤᠮ᠂ ᠬᠡᠷᠪᠡ ᠤᠯᠤᠯᠴᠠᠭ᠎ᠠ ᠬᠢᠬᠦ ᠦᠭᠡᠢ ᠪᠣᠯ ᠰᠡᠵᠢᠭ ᠲᠠᠭᠠᠮᠠᠭ ᠲᠦᠷᠦᠵᠦ᠂ ᠪᠠᠭ᠎ᠠ ᠮᠥᠷᠭᠥᠯᠳᠦᠭᠡᠨ ᠨᠢ ᠶᠡᠬᠡ ᠮᠥᠷᠭᠥᠯᠳᠦᠭᠡᠨ ᠪᠤᠯᠵᠤ ᠬᠤᠪᠢᠷᠠᠬᠤ ᠪᠣᠯᠤᠨ᠎ᠠ᠃ ᠭᠤᠷᠪᠠᠨ ᠤᠯᠤᠰ᠎ᠢᠶᠠᠷ᠎ᠢᠶᠠᠨ ᠳᠡᠭᠡᠳᠦ ᠳᠠᠪᠬᠤᠷᠭ᠎ᠠ᠎ᠶᠢᠨ ᠪᠠᠢ᠌ᠩᠭᠤᠵᠢᠭᠰᠠᠨ ᠶᠠᠪᠤᠯᠴᠠᠭ᠎ᠠ᠎ᠪᠠᠨ ᠪᠠᠲᠤᠯᠠᠵᠤ᠂ ᠡᠯ᠎ᠡ ᠱᠠᠳᠤ ᠳᠠᠪᠬᠤᠷᠭ᠎ᠠ᠎ᠶᠢᠨ ᠶᠠᠷᠢᠯᠴᠠᠭ᠎ᠠ ᠬᠢᠬᠦ᠌ ᠠᠷᠭ᠎ᠠ ᠵᠠᠮ᠎ᠢ ᠰᠢᠯᠤᠭᠤᠳᠬᠠᠵᠤ᠂ ᠠᠶᠤᠯ ᠲᠦᠭᠰᠢᠭᠦᠷᠢ᠎ᠵᠢᠨ ᠤᠯᠤᠯᠴᠠᠭ᠎ᠠ ᠪᠠ ᠤᠷᠢᠳᠴᠢᠯᠠᠨ ᠰᠡᠷᠭᠡᠶ᠋ᠢᠯᠡᠬᠦ᠌ ᠲᠣᠭᠲᠠᠴᠠ᠎ᠶᠢ ᠪᠠᠶ᠋ᠢᠭᠤᠯᠵᠤ᠂ ᠪᠤᠷᠤᠭᠤ ᠮᠠᠭᠠᠳᠯᠠᠯᠲᠠ ᠴᠥᠭᠡᠨ ᠡᠭᠦᠰᠬᠦ᠌᠂ ᠵᠥᠷᠢᠯᠳᠦᠭᠡᠨ᠎ᠢ ᠬᠠᠮᠢᠶᠠᠷᠴᠤ᠌ ᠳᠡᠶ᠋ᠢᠯᠬᠦ᠌᠂ ᠮᠦᠷᠬᠦᠯᠳᠤᠭᠡᠨ ᠤᠯᠠᠮ ᠰᠢᠷᠦᠭᠦᠰᠬᠦ᠌ ᠦᠭᠡᠢ ᠪᠠᠶ᠋ᠢᠬᠤ᠎ᠶᠢ ᠦᠨᠡᠨ ᠬᠦ᠌ ᠪᠠᠲᠤᠯᠠᠶ᠎ᠠ᠃ ᠳᠡᠯᠡᠬᠡᠢ ᠨᠡᠶ᠋ᠢᠭᠡᠮ᠎ᠦᠨ ᠬᠢᠨ ᠲᠤᠮᠤ ᠤᠯᠤᠰ᠎ᠤᠳ ᠬᠠᠯᠠᠮᠰᠢᠯ ᠠᠰᠠᠭᠤᠳᠠᠯ᠎ᠤᠨ ᠲᠤᠬᠠᠢ ᠢᠳᠬᠠᠨ ᠡᠪᠰᠡᠭᠦᠯᠬᠦ᠌ ᠪᠠ ᠬᠡᠯᠡᠯᠴᠡᠭᠡ᠎ᠶᠢ ᠠᠬᠢᠭᠤᠯᠬᠤ ᠠᠵᠢᠯ᠎ᠢ ᠢᠯᠡᠭᠦᠬᠡᠨ ᠬᠢᠬᠦ᠌᠎ᠶᠢ ᠬᠦᠰᠡᠵᠦ᠍ ᠪᠠᠶ᠋ᠢᠨ᠎ᠠ᠂ ᠳᠤᠮᠳᠠᠳᠤ ᠤᠷᠤᠰ ᠠᠮᠧᠷᠢᠺᠠ ᠭᠤᠷᠪᠠᠨ ᠤᠯᠤᠰ ᠮᠥᠷᠭᠥᠯᠳᠦᠭᠡᠨ᠎ᠦ ᠲᠤᠬᠠᠢ᠎ᠶᠢᠨ ᠲᠠᠯ᠎ᠠ᠎ᠶᠢᠨ ᠬᠢᠨ᠎ᠦ ᠬᠠᠮᠳᠤ ᠰᠠᠭᠤᠵᠠᠭᠠᠵᠤ᠂ ᠶᠠᠷᠢᠯᠴᠠᠬᠤ᠎ᠶᠢ ᠦᠷᠭᠦᠯᠵᠢᠯᠡᠨ ᠠᠬᠢᠭᠤᠯᠵᠤ᠂ ᠤᠯᠤᠰ ᠲᠦᠷᠦ᠎ᠶᠢᠨ ᠭᠠᠳᠠᠭᠠᠳᠤ ᠬᠠᠷᠢᠯᠴᠠᠭᠠᠨ᠎ᠤ ᠠᠷᠭ᠎ᠠ ᠪᠠᠷᠢᠯ᠎ᠢᠶᠠᠷ ᠳᠠᠮᠵᠢᠭᠤᠯᠤᠨ ᠵᠠᠭᠤᠷᠠᠯᠳᠤᠭᠠᠨ᠎ᠢ ᠠᠷᠢᠯᠭᠠᠪᠡᠯ ᠵᠤᠬᠢᠨ᠎ᠠ ᠭᠡᠵᠤ ᠵᠢᠭᠠᠵᠤ ᠭᠠᠷᠭᠠᠪᠠ᠃

ᠫᠦᠲ᠋ᠢᠨ᠂ ᠳᠤᠮᠳᠠᠳᠤ᠎ᠶᠢᠨ ᠲᠠᠯ᠎ᠠ ᠲᠡᠦᠬᠡᠨ ᠳᠡᠭᠡᠷᠡᠬᠢ ᠠᠩᠬᠠᠳᠠᠭ᠍ᠴᠢ ᠤᠳᠠᠭ᠎ᠠ᠎ᠶᠢᠨ ᠤᠷᠤᠰ ᠲᠤᠮᠳᠠᠳᠤ ᠠᠮᠧᠷᠢᠺᠠ᠎ᠶᠢᠨ ᠲᠡᠷᠢᠭᠦᠨ᠎ᠦ ᠠᠭᠤᠯᠵᠠᠯᠲᠠ᠎ᠶᠢ ᠲᠣᠬᠢᠷᠠᠭᠤᠯᠤᠭᠰᠠᠨ᠎ᠳᠤ ᠲᠠᠯᠠᠷᠬᠠᠵᠤ ᠪᠠᠢᠨ᠎ᠠ᠃ ᠤᠷᠤᠰ ᠳᠤᠮᠳᠠᠳᠤ ᠠᠮᠧᠷᠢᠺᠠ ᠪᠣᠯ ᠴᠥᠮ ᠲᠣᠮᠣ᠌ ᠤᠯᠤᠰ ᠪᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠶᠤᠯ ᠦᠭᠡᠢ᠎ᠶᠢᠨ ᠵᠥᠪᠯᠡᠯ᠎ᠦᠨ ᠪᠠᠢᠩᠭᠤ᠎ᠶᠢᠨ ᠬᠡᠷᠡᠭ ᠡᠷᠬᠢᠯᠡᠭᠴᠢ ᠤᠯᠤᠰ ᠮᠥᠨ᠂ ᠳᠡᠯᠡᠬᠡᠢ᠎ᠶᠢᠨ ᠬᠣᠶᠠᠳᠤᠭᠠᠷ ᠳᠠᠢ᠍ᠢᠨ᠎ᠦ ᠢᠯᠠᠯᠲᠠ᠎ᠶᠢᠨ ᠦᠷ᠎ᠡ ᠪᠦᠲᠦᠭᠡᠯ ᠨᠢ ᠪᠢᠳᠠᠨ᠎ᠢ ᠬᠣᠯᠪᠣᠵᠤ᠂ 《ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠦᠨᠳᠦᠰᠦᠨ ᠳᠦᠷᠢᠮ》 ᠤ᠋ᠨ ᠵᠣᠷᠢᠯᠲᠠ᠎ᠶᠢ ᠬᠠᠮᠠᠭᠠᠯᠠᠬᠤ᠂ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠬᠤ ᠪᠣᠯ ᠭᠤᠷᠪᠠᠨ ᠤᠯᠤᠰ᠎ᠤᠨ ᠬᠠᠮᠲᠤ᠎ᠶᠢᠨ ᠬᠠᠷᠢᠭᠤᠴᠠᠯᠭ᠎ᠠ ᠮᠥᠨ᠂ ᠬᠠᠯᠠᠮᠰᠢᠯ ᠠᠰᠠᠭᠤᠳᠠᠯ᠎ᠢ ᠵᠣᠬᠢᠰᠲᠠᠢ ᠰᠢᠢᠳᠪᠦᠷᠢᠯᠡᠬᠦ ᠨᠢ ᠭᠤᠷᠪᠠᠨ ᠤᠯᠤᠰ᠎ᠤᠨ ᠬᠠᠮᠲᠤ᠎ᠶᠢᠨ ᠠᠰᠢᠭ᠋ ᠲᠤᠰᠠ᠎ᠳᠤ ᠨᠡᠢᠴᠡᠨ᠎ᠡ᠃ ᠭᠤᠷᠪᠠᠨ ᠤᠯᠤᠰ᠎ᠢᠶᠠᠷ᠎ᠢᠶᠠᠨ ᠡᠷᠬᠡ ᠮᠡᠳᠡᠯ ᠡᠷᠬᠡ ᠲᠡᠭᠰᠢ᠂ ᠳᠣᠲᠣᠭᠠᠳᠤ ᠵᠠᠰᠠᠭ᠎ᠲᠤ ᠭᠠᠷ ᠦᠯᠦ ᠲᠦᠷᠦᠭᠦ ᠵᠠᠷᠴᠢᠮ᠎ᠢ ᠪᠠᠷᠢᠮᠲᠠᠯᠠᠵᠤ᠂ ᠬᠠᠮᠲᠤᠷᠠᠯᠴᠠᠭ᠎ᠠ ᠬᠢᠬᠦ᠎ᠪᠡᠷ ᠳᠠᠮᠵᠢᠨ ᠬᠠᠯᠠᠮᠰᠢᠯ ᠠᠰᠠᠭᠤᠳᠠᠯ᠎ᠢ ᠲᠡᠩᠴᠡᠭᠦᠷᠢᠲᠡᠢ ᠰᠢᠢᠳᠪᠦᠷᠢᠯᠡᠬᠦ ᠠᠷᠭ᠎ᠠ᠎ᠶᠢ ᠡᠷᠢᠯᠬᠢᠯᠡᠶ᠎ᠠ᠃ ᠤᠷᠤᠰ᠎ᠤᠨ ᠬᠢᠨ ᠳᠤᠷᠠᠲᠠᠶ᠎ᠠ ᠳᠤᠮᠳᠠᠳᠤ ᠤᠯᠤᠰ ᠪᠣᠯᠣᠨ ᠠᠮᠧᠷᠢᠺᠠ᠎ᠶᠢᠨ ᠬᠢᠨ᠎ᠲᠠᠢ ᠬᠠᠷᠢᠯᠴᠠᠨ ᠬᠦᠨᠳᠦᠳᠬᠡᠵᠦ᠂ ᠡᠷᠬᠡ ᠲᠡᠭᠰᠢ᠎ᠪᠡᠷ ᠶᠠᠷᠢᠯᠴᠠᠵᠤ᠂ ᠨᠠᠢᠷᠠᠮᠳᠠᠯ᠎ᠢᠶᠠᠷ ᠵᠡᠷᠭᠡᠴᠡᠨ ᠣᠷᠣᠰᠢᠵᠤ᠂ ᠵᠥᠷᠢᠯᠳᠦᠭᠡᠨ᠎ᠢᠶᠡᠨ ᠵᠣᠬᠢᠰᠲᠠᠢ ᠰᠢᠢᠳᠪᠦᠷᠢᠯᠡᠵᠦ᠂ ᠴᠢᠯᠦᠭᠡᠲᠤ ᠨᠡᠭᠡᠭᠡᠯᠲᠡᠲᠤ ᠤᠯᠠᠨ ᠤᠯᠤᠰ᠎ᠤᠨ ᠠᠷᠠᠯᠵᠢᠶ᠎ᠠ᠎ᠶᠢ ᠠᠬᠢᠭᠤᠯᠵᠤ᠂ ᠡᠨᠧᠷᠭᠢ᠂ ᠠᠮᠤ ᠪᠤᠳᠠᠭᠠᠨ᠎ᠤ ᠠᠮᠤᠷ ᠲᠦᠪᠰᠢᠨ᠎ᠢ ᠬᠠᠮᠠᠭᠠᠯᠠᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠵᠠᠰᠠᠯᠲᠠ᠎ᠶᠢᠨ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠴᠢᠩᠭᠠᠳᠬᠠᠵᠤ᠂ ᠳᠡᠯᠡᠬᠡᠢ᠎ᠶᠢᠨ ᠡᠩᠬᠡ ᠲᠠᠢᠪᠤᠩ ᠠᠮᠤᠷ ᠲᠦᠪᠰᠢᠨ᠎ᠳᠦ ᠬᠠᠮᠲᠤ᠎ᠪᠠᠷ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃

ᠲᠸᠷᠠᠮᠫᠦ᠋᠂ ᠠᠮᠧᠷᠢᠺᠠ ᠳᠤᠮᠳᠠᠳᠤ ᠤᠷᠤᠰ ᠭᠤᠷᠪᠠᠨ ᠤᠯᠤᠰ᠎ᠤᠨ ᠲᠡᠷᠢᠭᠦᠨ᠎ᠦ ᠠᠭᠤᠯᠵᠠᠯᠲᠠ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ ᠮᠠᠰᠢ ᠴᠢᠬᠤᠯᠠ ᠤᠳᠬ᠎ᠠ ᠠᠭᠤᠯᠭ᠎ᠠ ᠲᠠᠢ᠂ ᠲᠡᠦᠬᠡ᠎ᠶᠢ ᠡᠭᠦᠳᠦᠭᠰᠡᠨ ᠶᠠᠪᠤᠳᠠᠯ ᠪᠤᠯᠵᠠᠢ᠃ ᠭᠤᠷᠪᠠᠨ ᠤᠯᠤᠰ ᠪᠣᠯ ᠴᠥᠮ ᠴᠥᠮ᠎ᠡ᠎ᠶᠢᠨ ᠵᠡᠪᠰᠡᠭ᠎ᠲᠠᠢ ᠤᠯᠤᠰ ᠮᠥᠨ ᠪᠣᠯᠬᠣᠷ ᠳᠡᠯᠡᠬᠡᠢ᠎ᠶᠢᠨ ᠡᠩᠬᠡ ᠲᠠᠢᠪᠤᠩ ᠠᠮᠤᠷ ᠲᠣᠭᠲᠠᠭᠤᠨ᠎ᠢ ᠬᠠᠮᠠᠭᠠᠯᠠᠬᠤ᠎ᠳᠤ ᠣᠨᠴᠠᠭᠠᠢ ᠴᠢᠬᠤᠯᠠ ᠬᠠᠷᠢᠭᠤᠴᠠᠯᠭ᠎ᠠ᠎ᠲᠠᠢ ᠶᠤᠮ᠃ ᠭᠤᠷᠪᠠᠨ ᠲᠠᠯ᠎ᠠ᠎ᠪᠠᠷ᠎ᠢᠶᠠᠨ ᠴᠥᠮ᠎ᠡ᠎ᠶᠢᠨ ᠵᠡᠪᠰᠡᠭ᠎ᠦᠨ ᠲᠠᠷᠬᠠᠯᠲᠠ᠎ᠶᠢ ᠬᠠᠮᠲᠤ᠎ᠪᠠᠷ ᠰᠡᠷᠭᠡᠢᠯᠡᠵᠦ᠂ ᠴᠥᠮ᠎ᠡ᠎ᠶᠢᠨ ᠵᠡᠪᠰᠡᠭ᠎ᠦᠨ ᠬᠥᠮᠥᠨ ᠲᠥᠷᠥᠯᠬᠢᠲᠡᠨ᠎ᠳᠦ ᠭᠠᠢ ᠭᠠᠮᠰᠢᠭ᠋ ᠤᠴᠠᠷᠠᠭᠤᠯᠬᠤ᠎ᠡᠴᠡ ᠵᠠᠢᠯᠠᠰᠬᠢᠬᠦ ᠬᠡᠷᠡᠭᠲᠡᠢ᠃ ᠠᠮᠤᠷ ᠲᠤᠭᠳᠠᠭᠤᠨ᠎ᠢ ᠬᠠᠮᠠᠭᠠᠯᠠᠬᠤ᠂ ᠡᠩᠬᠡ ᠲᠠᠢᠪᠤᠩ᠎ᠢ ᠪᠡᠶᠡᠯᠡᠭᠦᠯᠬᠦ᠎ᠳᠦ ᠶᠠᠷᠢᠯᠴᠠᠬᠤ ᠴᠢᠬᠤᠯᠠᠲᠠᠢ᠂ ᠶᠠᠮᠠᠷᠪᠠ ᠠᠰᠠᠭᠤᠳᠠᠯ᠎ᠢ ᠴᠥᠮ ᠶᠠᠷᠢᠯᠴᠠᠭ᠎ᠠ᠎ᠪᠠᠷ ᠳᠠᠮᠵᠢᠭᠤᠯᠤᠨ ᠰᠢᠢᠳᠪᠦᠷᠢᠯᠡᠪᠡᠯ ᠵᠤᠬᠢᠨ᠎ᠠ᠃ ᠪᠢ ᠲᠡᠷᠢᠭᠦᠯᠡᠭᠴᠢ ᠰᠢ ᠵᠢᠨ ᠫᠢᠩ ᠪᠣᠯᠣᠨ ᠶᠡᠷᠦᠩᠬᠡᠢᠯᠡᠭᠴᠢ ᠫᠦᠲ᠋ᠢᠨ ᠲᠠᠢ ᠬᠠᠮᠲᠤ᠎ᠪᠠᠷ ᠳᠡᠯᠡᠬᠡᠢ᠎ᠶᠢᠨ ᠪᠥᠮᠪᠥᠷᠴᠡᠭ᠎ᠢᠶᠡᠨ ᠨᠡᠩ ᠰᠠᠢᠲᠤᠷ ᠬᠠᠮᠠᠭᠠᠯᠠᠵᠤ᠂ ᠢᠷᠡᠭᠡᠳᠦᠢ᠎ᠪᠡᠨ ᠨᠡᠩ ᠠᠮᠤᠷ ᠲᠦᠪᠰᠢᠨ ᠪᠠᠢᠯᠭᠠᠬᠤ᠎ᠶᠢ ᠬᠦᠰᠡᠵᠦ ᠪᠠᠢᠨ᠎ᠠ ᠬᠡᠵᠦ ᠢᠯᠡᠳᠭᠡᠪᠡ᠃

ᠭᠤᠷᠪᠠᠨ ᠤᠯᠤᠰ᠎ᠤᠨ ᠲᠡᠷᠢᠭᠦᠨ ᠪᠠᠰᠠ ᠦᠺᠷᠠᠢᠨ᠎ᠤ ᠬᠢᠮᠤᠷᠠᠯ᠂ ᠴᠥᠮ᠎ᠡ᠎ᠶᠢᠨ ᠵᠡᠪᠰᠡᠭ᠎ᠦᠨ ᠲᠠᠷᠬᠠᠯᠲᠠ᠎ᠶᠢ ᠰᠡᠷᠭᠡᠢᠯᠡᠬᠦ᠂ ᠳᠤᠮᠳᠠᠳᠤ ᠳᠣᠷᠣᠨᠠᠲᠤ᠎ᠶᠢᠨ ᠪᠠᠢᠳᠠᠯ᠂ ᠰᠣᠯᠣᠩᠭᠣᠰ ᠬᠣᠢᠭ᠋ ᠵᠡᠷᠭᠡ ᠳᠡᠯᠡᠬᠡᠢ᠎ᠶᠢᠨ ᠪᠠ ᠭᠠᠵᠠᠷ ᠣᠷᠣᠨ᠎ᠤ ᠴᠢᠬᠤᠯᠠ ᠶᠡᠬᠡ ᠠᠰᠠᠭᠤᠳᠠᠯ᠎ᠤᠨ ᠲᠤᠬᠠᠢ ᠰᠠᠨᠠᠯ᠎ᠢᠶᠠᠨ ᠰᠣᠯᠢᠯᠴᠠᠪᠠ᠃

ᠰᠢ ᠵᠢᠨ ᠫᠢᠩ ᠳ᠋ᠦᠩᠨᠡᠯᠲᠡ᠎ᠶᠢᠨ ᠶᠠᠷᠢᠶᠠᠨ᠎ᠳᠠᠭᠠᠨ᠂ ᠡᠨᠡ ᠡᠳᠦᠷ᠎ᠦᠨ ᠳᠤᠮᠳᠠᠳᠤ ᠤᠷᠤᠰ ᠠᠮᠸᠷᠢᠺᠠ᠎ᠶᠢᠨ ᠲᠡᠷᠢᠭᠦᠨ᠎ᠦ ᠠᠭᠤᠯᠵᠠᠯᠲᠠ ᠪᠣᠯ ᠢᠳᠡᠪᠬᠢᠲᠡᠢ᠂ ᠪᠦᠲᠦᠭᠡᠯᠴᠢ ᠴᠢᠨᠠᠷᠲᠠᠢ ᠪᠥᠭᠡᠳ ᠡᠯᠪᠡᠭ ᠦᠷ᠎ᠡ ᠪᠦᠲᠦᠭᠡᠯ᠎ᠲᠠᠢ ᠶᠤᠮ᠂ ᠭᠤᠷᠪᠠᠨ ᠤᠯᠤᠰ᠎ᠢᠶᠠᠷ᠎ᠢᠶᠠᠨ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠬᠤ ᠲᠠᠯ᠎ᠠ᠎ᠪᠠᠷ ᠦᠵᠡᠯᠲᠡ ᠨᠢᠭᠡᠲᠡᠢ ᠪᠠᠢᠨ᠎ᠠ᠃ ᠭᠤᠷᠪᠠᠨ ᠤᠯᠤᠰ ᠴᠥᠮ ᠳᠡᠯᠡᠬᠡᠢ᠎ᠶᠢᠨ ᠬᠣᠶᠠᠳᠤᠭᠠᠷ ᠲᠠᠢ᠍ᠢᠨ᠎ᠦ ᠬᠤᠭᠤᠴᠠᠭᠠᠨ᠎ᠳᠤ ᠮᠥᠷᠥ ᠵᠡᠷᠭᠡᠴᠡᠨ ᠪᠠᠢᠯᠳᠤᠭᠰᠠᠨ ᠲᠡᠦᠬᠡ᠎ᠶᠢ ᠴᠡᠭᠡᠵᠢᠯᠡᠵᠦ ᠪᠠᠢᠨ᠎ᠠ᠂ ᠬᠢᠯᠪᠡᠷ ᠪᠤᠰᠤ᠎ᠪᠠᠷ ᠢᠷᠡᠭᠰᠡᠨ ᠡᠩᠬᠡ ᠲᠠᠢᠪᠤᠩ᠎ᠢ ᠨᠠᠨᠳᠢᠩᠨᠠᠵᠤ᠂ ᠲᠣᠮᠣ᠌ ᠤᠯᠤᠰ ᠡᠯ᠎ᠡ ᠤᠯᠤᠰ᠎ᠤᠨ ᠵᠦᠢ ᠶᠣᠰᠣᠨ᠎ᠤ ᠠᠮᠤᠷ ᠲᠦᠪᠰᠢᠨ᠎ᠦ ᠠᠰᠠᠭᠤᠳᠠᠯ ᠢ᠋ ᠠᠩᠬᠠᠷᠤᠨ ᠴᠢᠬᠤᠯᠠᠴᠢᠯᠠᠶ᠎ᠠ; ᠶᠠᠷᠢᠯᠴᠠᠭ᠎ᠠ ᠬᠡᠯᠡᠯᠴᠡᠭᠡ ᠬᠢᠬᠦ ᠪᠣᠯ ᠵᠥᠷᠢᠯᠳᠦᠭᠡᠨ᠎ᠢᠶᠡᠨ ᠰᠢᠢᠳᠪᠦᠷᠢᠯᠡᠬᠦ ᠵᠥᠪ ᠰᠣᠩᠭᠣᠯᠲᠠ ᠮᠥᠨ᠂ ᠶᠠᠷᠢᠯᠴᠠᠭ᠎ᠠ ᠪᠠᠨ ᠵᠤᠬᠰᠤᠭᠠᠬᠤ ᠦᠬᠡᠢ᠂ ᠡᠭᠦᠳᠡ᠎ᠪᠡᠨ ᠬᠠᠭᠠᠬᠤ ᠦᠭᠡᠢ ᠯᠡ ᠶᠤᠮ ᠪᠣᠯ ᠡᠩᠬᠡ ᠲᠠᠢᠪᠤᠩ ᠳᠠᠷᠤᠢ ᠡᠷᠡᠮᠡᠯᠵᠡᠯ᠎ᠲᠠᠢ ᠪᠣᠯᠣᠨ᠎ᠠ; ᠬᠠᠮᠲᠤᠷᠠᠯᠴᠠᠭ᠎ᠠ ᠪᠣᠯ ᠥᠷᠢᠰᠦᠯᠳᠦᠭᠡᠨ᠎ᠢ ᠠᠷᠭᠠᠴᠡᠭᠠᠬᠤ ᠵᠠᠢᠯᠠᠰᠢ ᠦᠭᠡᠢ ᠵᠠᠮ ᠮᠥᠨ᠂ ᠬᠠᠮᠲᠤ᠎ᠶᠢᠨ ᠠᠰᠢᠭ᠋ ᠲᠤᠰᠠ᠎ᠳᠤ ᠰᠠᠭᠤᠷᠢᠯᠠᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠬᠠᠮᠲᠤᠷᠠᠯᠴᠠᠭ᠎ᠠ᠎ᠪᠠᠷ ᠡᠩᠬᠡ ᠲᠠᠢᠪᠤᠩ᠎ᠢ ᠠᠬᠢᠭᠤᠯᠵᠤ᠂ ᠬᠠᠮᠲᠤ᠎ᠪᠠᠷ ᠠᠰᠢᠭ᠋ ᠬᠦᠷᠲᠡᠬᠦ᠎ᠶᠢ ᠡᠷᠢᠯᠬᠢᠯᠡᠶ᠎ᠠ ᠭᠡᠵᠦ ᠴᠢᠬᠤᠯᠠᠴᠢᠯᠠᠪᠠ᠃

ᠰᠢ ᠵᠢᠨ ᠫᠢᠩ᠂ ᠡᠨᠡ ᠡᠳᠦᠷ᠎ᠦᠨ ᠭᠤᠷᠪᠠᠨ ᠤᠯᠤᠰ᠎ᠤᠨ ᠲᠡᠷᠢᠭᠦᠨ᠎ᠦ ᠠᠭᠤᠯᠵᠠᠯᠲᠠ ᠵᠢᠨ ᠰᠠᠴᠤᠭᠰᠠᠨ ᠦᠷ᠎ᠡ ᠯᠠᠪᠲᠠᠢ ᠦᠨᠳᠦᠰᠦᠯᠡᠨ ᠨᠠᠬᠢᠶᠠᠯᠠᠵᠤ᠂ ᠴᠡᠴᠡᠭᠯᠡᠨ ᠵᠢᠮᠢᠰᠯᠡᠬᠦ ᠪᠣᠯᠣᠨ᠎ᠠ᠃ ᠭᠤᠷᠪᠠᠨ ᠤᠯᠤᠰ᠎ᠢᠶᠠᠷ᠎ᠢᠶᠠᠨ ᠠᠭᠤᠯᠵᠠᠯᠲᠠ᠎ᠶᠢᠨ ᠬᠠᠮᠲᠤ᠎ᠶᠢᠨ ᠲᠠᠨᠢᠯᠲᠠ᠎ᠪᠠᠨ ᠰᠠᠢᠲᠤᠷ ᠨᠠᠢᠳᠠᠪᠤᠷᠢᠵᠢᠭᠤᠯᠵᠤ᠂ ᠣᠯᠣᠯᠴᠠᠭ᠎ᠠ᠎ᠪᠠᠨ ᠦᠷᠭᠦᠯᠵᠢᠯᠡᠨ ᠴᠢᠩᠭᠠᠳᠬᠠᠵᠤ᠂ ᠶᠠᠷᠢᠯᠴᠠᠭ᠎ᠠ᠎ᠪᠠᠷ ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠵᠤ᠂ ᠡᠭᠦᠷᠭᠡᠯᠡᠯ᠎ᠢᠶᠡᠷ ᠥᠷᠢᠰᠦᠯᠳᠦᠭᠡᠨ᠎ᠢ ᠤᠭᠲᠤᠵᠤ᠂ ᠬᠠᠮᠲᠤᠷᠠᠯᠴᠠᠭ᠎ᠠ᠎ᠪᠠᠷ ᠡᠩᠬᠡ ᠲᠠᠢᠪᠤᠩ᠎ᠢ ᠠᠬᠢᠭᠤᠯᠵᠤ᠂ ᠨᠡᠩ ᠰᠠᠢᠨ ᠰᠠᠢᠬᠠᠨ ᠳᠡᠯᠡᠬᠡᠢ ᠶᠢᠷᠲᠢᠨᠴᠦ᠎ᠶᠢ ᠪᠠᠶ᠋ᠢᠭᠤᠯᠬᠤ᠎ᠶᠢ ᠬᠠᠮᠲᠤ᠎ᠪᠠᠷ ᠠᠬᠢᠭᠤᠯᠤᠶ᠎ᠠ ᠬᠡᠵᠦ ᠴᠢᠬᠤᠯᠠᠴᠢᠯᠠᠪᠠ᠃

ᠬᠤᠷᠠᠯ᠎ᠤᠨ ᠳᠠᠷᠠᠭ᠎ᠠ᠂ ᠭᠤᠷᠪᠠᠨ ᠤᠯᠤᠰ 《ᠳᠤᠮᠳᠠᠳᠤ ᠣᠷᠣᠰ ᠠᠮᠸᠷᠢᠺᠠ᠎ᠶᠢᠨ ᠲᠡᠷᠢᠭᠦᠨ ᠨᠠᠷ ᠤ᠋ᠨ ᠡᠩᠬᠡ ᠲᠠᠢᠪᠤᠩ᠎ᠤᠨ ᠲᠤᠩᠬᠠᠭ》᠎ᠢ᠋ ᠨᠡᠢᠲᠡᠯᠡᠪᠡ᠃

ᠼᠠᠢ ᠴᠢ᠂ ᠸᠠᠩ  ᠢ ᠣᠷᠣᠯᠴᠠᠪᠠ᠃

(ᠰᠢᠨᠬᠤᠸᠠ ᠬᠣᠷᠢᠶ᠎ᠠ ᠵᠢᠨ ᠱᠧᠨᠵᠧᠨ᠎ᠦ 11 ᠰᠠᠷ᠎ᠠ᠎ᠶᠢᠨ 19 ᠤ᠋ ᠴᠠᠬᠢᠯᠭᠠᠨ ᠮᠡᠳᠡᠭᠡ) 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面