2026-11-21 12:05:37
11 ᠰᠠᠷ᠎ᠠ᠎ᠶᠢᠨ 20 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ ᠲᠦ᠍ ᠢᠷᠡᠭᠰᠡᠨ ᠢᠨᠳᠤᠨᠧᠰᠢᠶ᠎ᠠ᠎ᠶᠢᠨ ᠶᠡᠷᠦᠩᠬᠡᠢᠯᠡᠭᠴᠢ ᠫᠷᠠᠪᠦᠢ᠍ᠸᠸ ᠲᠠᠢ ᠠᠭᠤᠯᠵᠠᠵᠤ᠂ ᠬᠣᠶᠠᠷ ᠤᠯᠤᠰ ᠤᠨ ᠲᠡᠷᠢᠭᠦᠨ ᠬᠠᠮᠲᠤ ᠪᠠᠷ ᠬᠣᠶᠠᠷ ᠤᠯᠤᠰ᠎ᠤᠨ ᠪᠦᠬᠦ ᠲᠠᠯ᠎ᠠ᠎ᠶᠢᠨ ᠠᠵᠤ ᠠᠬᠤᠢ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠬᠡᠯᠡᠯᠴᠡᠭᠡᠷ᠎ᠦᠨ ᠬᠡᠯᠡᠯᠴᠡᠭᠡ᠎ᠶᠢ ᠡᠬᠢᠯᠡᠭᠦᠯᠬᠦ᠎ᠪᠡᠷ ᠨᠡᠢᠲᠡᠯᠡᠪᠡ᠃
ᠰᠢ᠎ᠶᠢᠨ ᠫᠢᠩ᠂ ᠣᠢᠷ᠎ᠠ ᠶᠢᠨ ᠵᠢᠯ᠎ᠡᠴᠡ ᠳᠤᠮᠳᠠᠳᠤ ᠤᠯᠤᠰ ᠪᠣᠯᠣᠨ ᠢᠨᠳᠤᠨᠧᠰᠢᠶ᠎ᠠ᠎ᠶᠢᠨ ᠪᠠᠢᠯᠳᠤᠬᠤ ᠪᠣᠳᠣᠯᠭ᠎ᠠ᠎ᠶᠢᠨ ᠢᠲᠡᠭᠡᠯᠴᠡᠭᠡ ᠡᠳᠦᠷ ᠢᠷᠡᠬᠦᠶ᠎ᠡ ᠪᠠᠲᠤᠵᠢᠵᠤ᠂ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠤᠯᠵᠤ᠂ ᠬᠤᠪᠢ ᠵᠠᠶᠠᠭᠠᠨ ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠰᠢᠨ᠎ᠡ ᠳᠡᠭᠲᠡᠷ᠎ᠲᠦ ᠭᠠᠷᠴᠤ᠂ ᠬᠣᠶᠠᠷ ᠤᠯᠤᠰ᠎ᠤᠨ ᠲᠤᠰ ᠲᠤᠰ᠎ᠤᠨ ᠣᠳᠣᠬᠢᠴᠢᠯᠠᠯᠲᠠ᠎ᠪᠠᠨ ᠠᠬᠢᠭᠤᠯᠬᠤ᠎ᠳᠤ ᠴᠢᠬᠤᠯᠠ ᠬᠦᠴᠦᠨ ᠨᠡᠮᠡᠷᠢᠯᠡᠪᠡ᠃ ᠣᠳᠣᠬᠠᠨ᠎ᠳᠤ᠂ ᠬᠣᠶᠠᠷ ᠤᠯᠤᠰ ᠴᠥᠮ ᠣᠳᠣᠬᠢᠴᠢᠯᠠᠯᠲᠠ᠎ᠶᠢ ᠠᠬᠢᠭᠤᠯᠬᠤ᠂ ᠤᠯᠤᠰ ᠤᠨ ᠥᠨᠢ ᠤᠳᠠᠭᠠᠨ᠎ᠤ ᠠᠮᠤᠷ ᠲᠣᠭᠲᠠᠭᠤᠨ ᠵᠢᠡᠨ ᠪᠡᠶᠡᠯᠡᠭᠦᠯᠬᠦ᠂ ᠰᠠᠢᠨ ᠰᠠᠢᠬᠠᠨ ᠭᠠᠳᠠᠭᠠᠳᠤ ᠣᠷᠴᠢᠨ ᠨᠦᠬᠦᠴᠡᠯ᠎ᠢ ᠪᠤᠢ ᠪᠣᠯᠭᠠᠬᠤ ᠬᠠᠮᠲᠤ᠎ᠶᠢᠨ ᠡᠭᠦᠷᠭᠡ᠎ᠳᠦ ᠲᠤᠯᠭᠠᠷᠠᠵᠤ ᠪᠤᠢ᠂ ᠬᠣᠶᠠᠷ ᠲᠠᠯ᠎ᠠ᠎ᠪᠠᠷ᠎ᠢᠶᠠᠨ ᠪᠠᠢᠯᠳᠤᠬᠤ ᠪᠣᠳᠣᠯᠭ᠎ᠠ᠎ᠶᠢᠨ ᠣᠯᠣᠯᠴᠠᠭ᠎ᠠ ᠪᠠ ᠪᠦᠯᠬᠦᠮᠳᠡᠯ ᠬᠠᠮᠵᠢᠯᠴᠠᠭ᠎ᠠ᠎ᠪᠠᠨ ᠴᠢᠩᠭᠠᠳᠬᠠᠵᠤ᠂ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠳᠤᠮᠳᠠᠳᠤ ᠢᠨᠳᠤᠨᠧᠰᠢᠶ᠎ᠠ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠲᠠᠰᠤᠷᠠᠯᠳᠡ ᠦᠭᠡᠢ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠤᠶ᠎ᠠ᠃ ᠤᠯᠤᠰ ᠲᠦᠷᠦ᠎ᠶᠢᠨ ᠢᠲᠡᠭᠡᠯᠴᠡᠭᠡ᠎ᠶᠢᠨ ᠰᠠᠭᠤᠷᠢ᠎ᠶᠢ ᠪᠡᠬᠢᠵᠢᠭᠦᠯᠵᠦ᠂ ᠭᠠᠳᠠᠭᠠᠳᠤ᠎ᠶᠢᠨ ᠠᠶᠤᠯ ᠲᠦᠭᠰᠢᠭᠦᠷᠢ᠎ᠶᠢ ᠬᠠᠮᠲᠤ ᠪᠠᠷ ᠰᠡᠷᠭᠡᠢᠯᠡᠬᠦ ᠪᠠ ᠠᠷᠭᠠᠴᠠᠭᠠᠵᠤ᠂ ᠲᠦᠷᠦ ᠪᠠᠷᠢᠭ᠍ᠴᠢ ᠨᠠᠮ᠎ᠤᠨ ᠲᠦᠷᠦ᠎ᠶᠢ ᠵᠠᠰᠠᠬᠤ ᠲᠤᠷᠰᠢᠯᠭ᠎ᠠ᠎ᠶᠢᠨ ᠰᠣᠯᠢᠯᠴᠠᠭ᠎ᠠ᠎ᠶᠢ ᠴᠢᠩᠭᠠᠳᠬᠠᠵᠤ᠂ ᠲᠤᠰ ᠲᠤᠰ᠎ᠤᠨ ᠲᠦᠷᠦ ᠪᠠᠷᠢᠬᠤ ᠴᠢᠳᠠᠪᠤᠷᠢ᠎ᠪᠠᠨ ᠳᠡᠭᠡᠭᠰᠢᠯᠡᠭᠦᠯᠤᠶ᠎ᠡ᠃ ᠬᠠᠷᠢᠯᠴᠠᠨ ᠠᠰᠢᠭ᠍ᠲᠠᠢ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠨᠡᠮᠡᠭᠳᠡᠬᠦᠯᠵᠤ᠂ ᠵᠠᠺᠠᠷᠲ᠋ᠠ ︱ ᠪᠠᠨᠳᠦᠢ᠍ᠩ ᠬᠦᠷᠬᠦ ᠲᠦᠷᠭᠡᠨ᠎ᠦ ᠲᠡᠮᠦᠷ ᠵᠠᠮ᠂《ᠬᠣᠶᠠᠷ ᠤᠯᠤᠰ ᠤᠨ ᠬᠣᠣᠰ ᠬᠦᠷᠢᠶᠡᠯᠡᠩ》 ᠵᠡᠷᠭᠡ ᠲᠣᠮᠣ᠌ ᠲᠦᠷᠦᠯ ᠵᠦᠢᠯ᠎ᠦᠨ ᠬᠠᠮᠲᠤᠷᠠᠯᠴᠠᠭ᠎ᠠ᠎ᠶᠢ ᠰᠠᠢᠲᠤᠷ ᠠᠳᠬᠤᠵᠤ᠂ ᠡᠨᠧᠷᠭᠢ ᠠᠭᠤᠷᠬᠠᠢ᠎ᠶᠢᠨ ᠡᠬᠢ ᠪᠠᠶᠠᠯᠢᠭ᠋᠂ ᠵᠣᠬᠢᠶᠠᠮᠠᠯ ᠤᠶᠤᠨ ᠴᠢᠳᠠᠪᠤᠷᠢ᠂ ᠲᠣᠭᠠᠴᠢᠯᠠᠭᠰᠠᠨ ᠠᠵᠤ ᠠᠬᠤᠢ᠂ ᠴᠡᠪᠡᠷ ᠡᠨᠧᠷᠭᠢ ᠵᠡᠷᠭᠡ ᠲᠠᠯ᠎ᠠ᠎ᠶᠢᠨ ᠬᠠᠮᠲᠤᠷᠠᠯᠴᠠᠭ᠎ᠠ ᠪᠠᠨ ᠭᠦᠨᠵᠡᠭᠡᠢᠷᠡᠭᠦᠯᠵᠦ᠂ ᠳᠠᠯᠠᠢ ᠲᠠᠨᠭᠬᠢᠰᠤᠨ ᠬᠦᠷᠢᠶᠡᠨ ᠳ᠋ᠡᠬᠢ ᠬᠠᠨᠢᠲᠠᠨ᠎ᠤ ᠬᠠᠷᠢᠯᠴᠠᠭ᠎ᠠ᠎ᠶᠢ ᠢᠳᠡᠪᠬᠢᠲᠡᠢ ᠪᠠᠢᠭᠤᠯᠵᠤ᠂ ᠪᠦᠬᠦ ᠤᠷᠤᠨ ᠪᠠᠢᠷᠢ ᠵᠢᠨ᠂ ᠥᠨᠳᠥᠷ ᠲᠦᠪᠰᠢᠨ ᠪᠦᠬᠦᠢ ᠪᠦᠬᠦ ᠲᠠᠯ᠎ᠠ᠎ᠶᠢᠨ ᠠᠵᠤ ᠠᠬᠤᠢ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠬᠡᠯᠡᠯᠴᠡᠭᠡᠷ᠎ᠢ ᠡᠷᠲᠡᠬᠡᠨ ᠲᠣᠬᠢᠷᠠᠯᠴᠠᠶᠠ ᠭᠡᠵᠤ ᠵᠢᠭᠠᠵᠤ ᠭᠠᠷᠭᠠᠪᠠ᠃
ᠰᠢ᠎ᠶᠢᠨ ᠫᠢᠩ᠂ ᠣᠳᠣᠬᠠᠨ᠎ᠳᠤ ᠳᠡᠯᠡᠬᠡᠢ᠎ᠶᠢᠨ ᠵᠠᠭᠤᠨ ᠵᠢᠯ᠎ᠳᠦ ᠲᠤᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠠᠶᠤᠯ ᠲᠦᠭᠰᠢᠭᠦᠷᠢ ᠥᠷᠢᠰᠦᠯᠳᠦᠭᠡᠨ ᠲᠠᠰᠤᠷᠠᠯᠳᠠ ᠦᠬᠡᠢ ᠦᠷᠬᠦᠯᠵᠢᠯᠡᠵᠤ ᠪᠤᠢ ᠃ ᠳᠤᠮᠳᠠᠳᠤ ᠤᠯᠤᠰ ᠪᠣᠯᠣᠨ ᠢᠨᠳᠤᠨᠧᠰᠢᠶ᠎ᠠ ᠴᠠᠭ ᠦᠶ᠎ᠡ᠎ᠶᠢᠨ ᠬᠠᠷᠢᠭᠤᠴᠠᠯᠭ᠎ᠠ᠎ᠶᠢ ᠬᠠᠮᠲᠤ ᠪᠠᠷ ᠡᠭᠦᠷᠭᠡᠯᠡᠵᠦ᠂ ᠡᠩᠬᠡ ᠲᠠᠢᠪᠤᠩ ᠲᠣᠭᠲᠠᠭᠤᠨ᠎ᠢ ᠬᠠᠮᠠᠭᠠᠯᠠᠬᠤ ᠰᠢᠳᠤᠷᠭᠤ ᠶᠣᠰᠣᠨ᠎ᠤ ᠬᠦᠴᠦᠨ ᠪᠣᠯᠣᠨ ᠬᠥᠮᠥᠨ ᠲᠥᠷᠥᠯᠬᠢᠲᠡᠨ᠎ᠦ ᠬᠥᠭᠵᠢᠯᠲᠡ ᠳᠠᠪᠰᠢᠯᠲᠠ᠎ᠶᠢ ᠠᠬᠢᠭᠤᠯᠬᠤ ᠪᠦᠲᠦᠭᠡᠯᠴᠢ ᠴᠢᠨᠠᠷᠲᠠᠢ ᠬᠦᠴᠦᠨ ᠪᠣᠯᠤᠯᠴᠠᠶᠡ᠃ ᠳᠤᠮᠳᠠᠳᠤ᠎ᠶᠢᠨ ᠲᠠᠯ᠎ᠠ ᠵᠢᠨ ᠬᠢᠨ ᠳᠤᠷᠠᠲᠠᠶ᠎ᠠ ᠢᠨᠳᠤᠨᠧᠰᠢᠶ᠎ᠠ᠎ᠶᠢᠨ ᠲᠠᠯ᠎ᠠ᠎ᠯᠤᠭ᠎ᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠂ ᠳᠤᠮᠳᠠᠳᠤ ᠤᠯᠤᠰ ︱ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ ᠵᠡᠷᠭᠡ ᠤᠯᠠᠨ ᠲᠠᠯᠠᠲᠦ ᠪᠦᠳᠦᠬᠦᠪᠴᠢ ᠲᠦᠰᠦᠪ᠎ᠦᠨ ᠳᠣᠲᠣᠷ᠎ᠠ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠴᠢᠩᠭᠠᠳᠬᠠᠵᠤ᠂ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ᠎ᠶᠢᠨ ᠪᠦᠯᠬᠦᠮᠳᠡᠯ ᠪᠠ ᠪᠠᠢᠯᠳᠤᠬᠤ ᠪᠣᠳᠣᠯᠭ᠎ᠠ᠎ᠶᠢᠨ ᠪᠡᠶ᠎ᠡ᠎ᠪᠡᠨ ᠳᠠᠭᠠᠭᠠᠬᠤ᠎ᠪᠠᠨ ᠴᠢᠩᠭᠠᠳᠬᠠᠬᠤ᠎ᠶᠢ ᠲᠡᠮᠵᠢᠵᠤ᠂ ᠭᠠᠵᠠᠷ ᠣᠷᠣᠨ᠎ᠤ ᠠᠮᠤᠷ ᠲᠦᠪᠰᠢᠨ ᠪᠠ ᠬᠥᠭᠵᠢᠯᠲᠡ᠎ᠶᠢ ᠬᠠᠮᠠᠭᠠᠯᠠᠵᠤ᠂ ᠪᠦᠬᠦ ᠪᠥᠮᠪᠥᠷᠴᠡᠭ᠎ᠦᠨ ᠭᠦᠭᠵᠢᠵᠤ ᠪᠠᠢᠭ᠎ᠠ ᠤᠯᠤᠰ᠎ᠤᠳ᠎ᠤᠨ ᠬᠤᠯᠪᠤᠭᠠᠯᠠᠨ ᠬᠦᠴᠦᠷᠬᠡᠭᠵᠢᠬᠦ ᠵᠢ ᠬᠦᠲᠦᠯᠦᠨ ᠳᠠᠭᠠᠭᠤᠯᠵᠤ ᠪᠦᠬᠦ ᠪᠦᠮᠪᠦᠷᠴᠡᠭ᠎ᠤᠨ ᠵᠠᠰᠠᠯᠳᠠ ᠵᠢ ᠦᠭᠡᠷᠡᠴᠢᠯᠡᠨ ᠲᠡᠭᠦᠯᠳᠡᠷᠵᠢᠭᠦᠯᠦᠶ᠎ᠡ ᠭᠡᠵᠤ ᠴᠢᠬᠤᠯᠠᠴᠢᠯᠠᠪᠠ᠃
ᠫᠷᠠᠪᠦᠢ᠍ᠸᠸ᠂ ᠪᠢ ᠲᠡᠷᠢᠭᠦᠯᠡᠭᠴᠢ ᠰᠢ᠎ᠶᠢᠨ ᠫᠢᠩ ᠯᠤᠭᠡ ᠣᠢᠷ᠎ᠠ᠎ᠶᠢᠨ ᠵᠢᠯ᠎ᠳᠦ 4 ᠤᠳᠠᠭ᠎ᠠ ᠠᠭᠤᠯᠵᠠᠯᠲᠠ ᠬᠢᠵᠦ᠂ ᠬᠣᠶᠠᠷ ᠲᠠᠯ᠎ᠠ᠎ᠶᠢᠨ ᠬᠠᠷᠢᠯᠴᠠᠭ᠎ᠠ ᠴᠢᠬᠤᠯᠠ ᠠᠬᠢᠴᠠ᠎ᠲᠠᠢ ᠪᠣᠯᠬᠤ᠎ᠶᠢ ᠠᠬᠢᠭᠤᠯᠪᠠ᠃ ᠢᠨᠳᠤᠨᠧᠰᠢᠶ᠎ᠠ ᠪᠤᠯᠤᠨ ᠳᠤᠮᠳᠠᠳᠤ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ ᠥᠩᠭᠡᠷᠡᠭᠰᠡᠨ᠎ᠦ ᠠᠯᠢ ᠴᠤ᠌ ᠦᠶ᠎ᠡ᠎ᠡᠴᠡ ᠨᠡᠩ ᠡᠷᠴᠢᠮᠲᠡᠢ ᠪᠣᠯᠵᠤ᠂ ᠬᠣᠶᠠᠷ ᠤᠯᠤᠰ᠎ᠤᠨ ᠤᠯᠤᠰ ᠲᠦᠷᠦ᠎ᠶᠢᠨ ᠢᠲᠡᠭᠡᠯᠴᠡᠭᠡ ᠲᠠᠰᠤᠷᠠᠯᠳᠡ ᠦᠭᠡᠢ ᠴᠢᠩᠭᠠᠷᠠᠵᠤ᠂ ᠠᠵᠤ ᠠᠬᠤᠢ ᠶᠢᠨ ᠬᠠᠮᠲᠤᠷᠠᠯᠴᠠᠭᠠᠦᠯᠡᠮᠵᠢ ᠦᠷ᠎ᠡ ᠪᠦᠲᠦᠭᠡᠯ ᠣᠯᠵᠤ᠂ ᠳᠠᠯᠠᠢ ᠳᠡᠭᠡᠷᠡᠬᠢ ᠬᠠᠮᠲᠤ᠎ᠶᠢᠨ ᠨᠡᠭᠡᠭᠡᠨ ᠬᠥᠭᠵᠢᠭᠦᠯᠦᠯᠲᠡ ᠢᠳᠡᠪᠬᠢᠲᠡᠢ ᠠᠬᠢᠴᠠ᠎ᠲᠠᠢ ᠪᠣᠯᠪᠠ᠃ ᠢᠨᠳᠤᠨᠧᠰᠢᠶ᠎ᠠ ᠨᠢᠭᠡ ᠳᠤᠮᠳᠠᠳᠤ ᠤᠯᠤᠰ ᠪᠠᠢᠬᠤ ᠲᠦᠷᠦ᠎ᠶᠢᠨ ᠪᠣᠳᠣᠯᠭ᠎ᠠ᠎ᠶᠢ ᠡᠷᠡᠰ ᠬᠡᠷᠡᠭᠵᠢᠭᠦᠯᠵᠦ᠂ ᠲᠠᠢᠸᠠᠨ ᠪᠣᠯ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠡ ᠮᠤᠵᠢ ᠪᠣᠯᠣᠨ᠎ᠠ ᠭᠡᠵᠦ ᠦᠵᠡᠵᠤ ᠪᠠᠢᠨ᠎ᠠ᠃ ᠢᠨᠳᠤᠨᠧᠰᠢᠶ᠎ᠠ᠎ᠶᠢᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠳᠤᠮᠳᠠᠳᠤ᠎ᠶᠢᠨ ᠲᠠᠯ᠎ᠠ᠎ᠶᠢᠨ ᠬᠢᠨ ᠤᠷᠳᠤ ᠬᠤᠭᠤᠴᠠᠭᠠᠨ ᠤ ᠲᠤᠷᠰᠢ ᠢᠨᠳᠤᠨᠧᠰᠢᠶ᠎ᠠ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠳᠡᠮᠵᠢᠯᠭᠡ ᠦᠵᠡᠭᠦᠯᠦᠭᠰᠡᠨ ᠳᠦ ᠲᠠᠯᠠᠷᠬᠠᠵᠤ ᠪᠠᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ᠎ᠶᠢᠨ ᠬᠠᠮᠲᠤᠷᠠᠯᠴᠠᠭ᠎ᠠ ᠪᠡᠨ ᠲᠠᠰᠤᠷᠠᠯᠳᠠ ᠦᠭᠡᠢ ᠬᠦᠨᠵᠡᠭᠡᠢᠷᠡᠭᠦᠯᠦᠨᠡ᠃ ᠢᠨᠳᠤᠨᠧᠰᠢᠶ᠎ᠠ᠎ᠶᠢᠨ ᠬᠢᠨ ᠳᠤᠮᠳᠠᠳᠤ᠎ᠶᠢᠨ ᠪᠡᠯᠡᠳᠤ ᠠᠵᠤ ᠠᠬᠤᠢᠯᠠᠯ᠎ᠤᠨ ᠢᠨᠳᠤᠨᠧᠰᠢᠶ᠎ᠠ᠎ᠳᠤ ᠢᠷᠡᠵᠤ ᠪᠡᠯᠡ ᠣᠷᠣᠭᠤᠯᠤᠨ ᠦᠢᠯᠡᠰ ᠪᠣᠰᠬᠠᠬᠤ᠎ᠶᠢ ᠴᠢᠩ ᠰᠡᠳᠬᠢᠯ᠎ᠡᠴᠡ᠎ᠪᠡᠨ ᠪᠠᠶᠠᠷᠯᠠᠨ ᠤᠭᠲᠤᠵᠤ᠂ ᠨᠠᠢᠳᠠᠪᠤᠷᠢᠲᠠᠢ ᠪᠦᠬᠡᠳ ᠲᠣᠭᠲᠠᠭᠤᠨ᠂ ᠵᠢᠱ᠌ᠢᠵᠦ ᠪᠣᠯᠬᠤᠢᠴᠠ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠬᠠᠩᠭᠠᠬᠤ᠎ᠪᠠᠷ ᠬᠦᠴᠦᠯᠡᠨ ᠴᠢᠷᠮᠠᠢᠨ᠎ᠠ᠃ ᠳᠤᠮᠳᠠᠳᠤ᠎ᠤᠯᠤᠰ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠢ ᠠᠮᠵᠢᠯᠲᠠ᠎ᠲᠠᠢ ᠡᠷᠬᠢᠯᠡᠨ ᠬᠤᠷᠠᠯᠳᠤᠭᠤᠯᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ ᠤ ᠬᠠᠮᠲᠤᠷᠠᠯᠴᠠᠭ᠎ᠠ ᠰᠢᠨ᠎ᠡ ᠠᠬᠢᠴᠠ ᠲᠠᠢ ᠪᠤᠯᠬᠤ ᠵᠢ ᠬᠦᠲᠦᠯᠦᠨ ᠳᠠᠭᠠᠭᠤᠯᠤᠭᠰᠠᠨ᠎ᠳᠦ ᠪᠠᠶᠠᠷ ᠬᠦᠷᠭᠡᠵᠤ ᠪᠠᠢᠨ᠎ᠠ᠃ ᠢᠨᠳᠤᠨᠧᠰᠢᠶ᠎ᠠ᠎ᠶᠢᠨ ᠬᠢᠨ ᠳᠤᠮᠳᠠᠳᠤ ᠤᠯᠤᠰ᠎ᠤᠨ ᠳᠡᠯᠡᠬᠡᠢ᠎ᠶᠢᠨ ᠬᠡᠷᠡᠭ ᠶᠠᠪᠤᠳᠠᠯ ᠲᠤᠮᠳᠠ ᠬᠠᠷᠢᠭᠤᠴᠠᠯᠭ᠎ᠠ᠎ᠲᠠᠢ ᠲᠣᠮᠣ᠌ ᠤᠯᠤᠰ᠎ᠤᠨ ᠦᠢᠯᠡᠳᠦᠯ᠎ᠢᠶᠡᠨ ᠪᠠᠳᠠᠷᠠᠭᠤᠯᠤᠭᠰᠠᠨᠢ ᠳᠡᠭᠡᠳᠦ ᠬᠡᠮᠵᠢᠶ᠎ᠡ ᠪᠡᠷ ᠮᠠᠭᠲᠠᠨ ᠰᠠᠢᠰᠢᠶᠠᠵᠤ᠂ ᠲᠡᠷᠢᠭᠦᠯᠡᠭᠴᠢ ᠰᠢ᠎ᠶᠢᠨ ᠫᠢᠩ᠎ᠤᠨ ᠳᠤᠷᠠᠳᠤᠭᠰᠠᠨ ᠪᠦᠬᠦ ᠪᠥᠮᠪᠥᠷᠴᠡᠭ᠎ᠦᠨ ᠳᠦᠷᠪᠡᠨ ᠶᠡᠬᠡ ᠰᠠᠨᠠᠭᠠᠴᠢᠯᠠᠭ᠎ᠠ᠎ᠶᠢ ᠳᠡᠮᠵᠢᠵᠦ᠂ ᠳᠤᠷᠠᠲᠠᠶ᠎ᠠ ᠳᠤᠮᠳᠠᠳᠤ᠎ᠶᠢᠨ ᠲᠠᠯ᠎ᠠ᠎ᠲᠠᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠂ ᠳᠡᠯᠡᠬᠡᠢ᠎ᠶᠢᠨ ᠵᠣᠬᠢᠶᠠᠮᠠᠯ ᠣᠶᠤᠨ ᠴᠢᠳᠠᠪᠤᠷᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠂ ᠤᠯᠠᠨ ᠤᠯᠤᠰ᠎ᠤᠨ ᠡᠶᠡᠳᠡᠭᠦᠯᠭᠡ᠎ᠶᠢᠨ ᠬᠦᠷᠢᠶᠡᠯᠡᠩ ᠵᠡᠷᠭᠡ᠎ᠳᠡᠬᠢ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠴᠢᠩᠭᠠᠳᠬᠠᠵᠤ᠂ ᠤᠯᠠᠨ ᠲᠠᠯᠠᠲᠤ ᠦᠵᠡᠯ᠎ᠢ ᠪᠠᠲᠤ ᠰᠠᠬᠢᠵᠤ᠂ ᠪᠦᠬᠦ ᠪᠥᠮᠪᠥᠷᠴᠡᠭ᠎ᠦᠨ ᠵᠠᠰᠠᠯᠲᠠ᠎ᠶᠢ ᠲᠡᠭᠦᠯᠳᠡᠷᠵᠢᠭᠦᠯᠵᠦ᠂ ᠪᠦᠬᠦ ᠪᠥᠮᠪᠥᠷᠴᠡᠭ᠎ᠦᠨ ᠭᠦᠭᠵᠢᠵᠤ ᠪᠠᠢᠭ᠎ᠠ ᠤᠯᠤᠰ᠎ᠤᠳ᠎ᠤᠨ ᠬᠠᠮᠲᠤ᠎ᠶᠢᠨ ᠠᠰᠢᠭ᠋ ᠲᠤᠰᠠ᠎ᠶᠢ ᠬᠠᠮᠠᠭᠠᠯᠠᠵᠤ᠂ ᠭᠠᠵᠠᠷ ᠣᠷᠣᠨ ᠪᠠ ᠳᠡᠯᠡᠬᠡᠢ᠎ᠶᠢᠨ ᠡᠩᠬᠡ ᠲᠠᠢᠪᠤᠩ ᠲᠣᠭᠲᠠᠭᠤᠨ᠎ᠢ ᠬᠠᠮᠠᠭᠠᠯᠠᠨ᠎ᠠ ᠭᠡᠵᠦ ᠢᠯᠡᠳᠬᠡᠪᠡ᠃
ᠼᠠᠢ ᠴᠢ᠂ ᠸᠠᠩ ᠢ᠂ ᠬᠤᠸᠠᠩ ᠺᠦᠨ ᠮᠢᠩ ᠨᠠᠷ ᠠᠭᠤᠯᠵᠠᠯᠲᠠ᠎ᠳᠤ ᠣᠷᠣᠯᠴᠠᠵᠠᠢ᠃
11 ᠰᠠᠷ᠎ᠠ᠎ᠶᠢᠨ 20 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠲᠤᠮᠳᠠᠳᠤ ᠤᠯᠤᠰ ᠲᠤ᠌ ᠢᠷᠡᠭᠰᠡᠨ ᠠᠦ᠋ᠰᠲᠷᠠᠯᠢᠶ᠎ᠠ ᠵᠢᠨ ᠶᠡᠷᠦᠩᠬᠡᠢ ᠰᠠᠶ᠋ᠢᠳ ᠠᠯᠪᠠᠨᠢᠰ ᠲᠠᠢ ᠠᠭᠤᠯᠵᠠᠪᠠ᠃
ᠰᠢ ᠵᠢᠨ ᠫᠢᠩ᠂ ᠣᠳᠣᠬᠠᠨ᠎ᠳᠤ ᠳᠤᠮᠳᠠᠳᠤ ᠠᠦ᠋ᠰᠲ᠋ᠷᠠᠯᠢᠶ᠎ᠠ᠎ᠶᠢᠨ ᠬᠠᠷᠢᠯᠴᠠᠭ᠎ᠠ ᠲᠣᠭᠲᠠᠭᠤᠨ᠎ᠢᠶᠠᠷ ᠬᠥᠭᠵᠢᠵᠦ᠍᠂ ᠬᠣᠶᠠᠷ ᠤᠯᠤᠰ᠎ᠤᠨ ᠡᠯ᠎ᠡ ᠬᠦᠷᠢᠶᠡᠨ ᠳ᠋ᠡᠬᠢ ᠰᠣᠯᠢᠯᠴᠠᠭ᠎ᠠ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶ᠋ᠢᠷᠡᠵᠦ᠍ ᠪᠤᠢ᠃ ᠳᠤᠮᠳᠠᠳᠤ ᠠᠦ᠋ᠰᠲ᠋ᠷᠠᠯᠢᠢᠠ ᠬᠣᠶᠠᠷ ᠤᠯᠤᠰ᠎ᠲᠤ᠌ ᠲᠡᠦᠬᠡ᠎ᠶᠢᠨ ᠬᠠᠶ᠋ᠢᠷ᠎ᠠ ᠬᠣᠷᠣᠰᠤᠯ ᠭᠡᠵᠦ ᠪᠠᠶ᠋ᠢᠬᠤ ᠦᠭᠡᠢ ᠮᠥᠷᠲᠡᠭᠡᠨ ᠪᠠᠰᠠ ᠦᠨᠳᠦᠰᠦᠨ ᠠᠰᠢᠭ ᠲᠤᠰᠠ᠎ᠶᠢᠨ ᠮᠥᠷᠭᠥᠯᠳᠦᠭᠡᠨ ᠴᠦ᠍ ᠪᠠᠶ᠋ᠢᠬᠤ ᠦᠭᠡᠢ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠠᠮᠵᠢᠯᠲᠠ ᠣᠯᠬᠤ ᠬᠠᠮᠲᠤᠷᠠᠯᠴᠠᠭᠠᠨ᠎ᠤ ᠬᠠᠨᠢᠲᠠᠨ ᠪᠣᠯᠪᠠᠯ ᠵᠣᠬᠢᠨ᠎ᠠ᠃ ᠬᠣᠶᠠᠷ ᠲᠠᠯ᠎ᠠ᠎ᠪᠠᠷ᠎ᠢᠶᠠᠨ ᠢᠷᠡᠬᠦ᠌ ᠵᠢᠯ ᠦᠨ ᠬᠣᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 55 ᠵᠢᠯ᠎ᠦᠨ ᠤᠢ᠎ᠪᠠᠷ ᠠᠵᠠ ᠲᠣᠬᠢᠶᠠᠯ ᠪᠣᠯᠭᠠᠵᠤ᠂ ᠡᠷᠬᠡ ᠲᠡᠭᠰᠢ᠎ᠪᠡᠷ ᠬᠠᠨᠳᠤᠯᠴᠠᠬᠤ᠂ ᠠᠳᠠᠯᠢ᠎ᠪᠠᠨ ᠡᠷᠢᠵᠦ᠍ ᠵᠥᠷᠢᠢ᠎ᠡ᠎ᠪᠡᠨ ᠦᠯᠡᠳᠡᠭᠡᠬᠦ᠌᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠬᠦ᠌ ᠵᠣᠷᠢᠭ ᠰᠠᠨᠠᠭ᠎ᠠ᠎ᠪᠠᠷ᠂ ᠳᠤᠮᠳᠠᠳᠤ ᠠᠦ᠋ᠰᠲ᠋ᠷᠠᠯᠢᠶ᠎ᠠ᠎ᠶᠢᠨ ᠬᠠᠷᠢᠯᠴᠠᠭ᠎ᠠ᠎ᠶᠢᠨ ᠰᠢᠨ᠎ᠡ ᠭᠠᠷᠤᠭ᠎ᠠ᠎ᠲᠡᠭᠡᠷ᠎ᠡ ᠡᠴᠡ ᠨᠡᠩ ᠶᠡᠬᠡ ᠬᠥᠭᠵᠢᠯᠲᠡ᠎ᠲᠡᠶ ᠪᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠪᠤᠶᠠᠨ ᠦᠢᠯᠡᠳᠬᠦ ᠵᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃
ᠰᠢ ᠵᠢᠨ ᠫᠢᠩ ᠳᠤᠮᠳᠠᠳᠤ ᠠᠦ᠋ᠰᠲ᠋ᠷᠠᠯᠢᠶ᠎ᠠ᠎ᠶᠢᠨ ᠬᠠᠷᠢᠯᠴᠠᠭ᠎ᠠ᠎ᠶᠢ ᠠᠬᠢᠭᠤᠯᠵᠤ ᠰᠢᠨ᠎ᠡ ᠠᠬᠢᠴᠠ᠎ᠲᠠᠶ ᠪᠣᠯᠭᠠᠬᠤ ᠲᠤᠬᠠᠶ 4 ᠰᠠᠨᠠᠯ ᠳᠤᠷᠠᠳᠪᠠ᠃ ᠨᠢᠭᠡ ᠳᠦ ᠰᠠᠮᠠᠭᠤᠷᠠᠯ ᠲᠡᠪᠵᠢᠶᠠᠨ ᠰᠤᠯᠪᠢᠴᠠᠬᠰᠠᠨ ᠳᠡᠯᠡᠬᠡᠢ᠎ᠶᠢᠨ ᠪᠠᠶ᠋ᠢᠳᠠᠯ ᠳᠤᠮᠳᠠ ᠢᠲᠡᠭᠡᠯᠴᠡᠭᠡ᠎ᠪᠡᠨ ᠬᠠᠷᠢᠯᠴᠠᠨ ᠨᠡᠮᠡᠭᠳᠡᠭᠦᠯᠵᠦ᠍᠂ ᠪᠦᠬᠦ᠌ ᠲᠠᠯ᠎ᠠ᠎ᠶᠢᠨ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠪᠠᠶ᠋ᠢᠷᠢ ᠲᠣᠭᠲᠠᠭᠠᠯᠲᠠ᠎ᠶᠢ ᠪᠠᠷᠢᠮᠲᠠᠯᠠᠵᠤ᠂ ᠨᠦᠬᠦᠬᠡ ᠡᠲᠡᠭᠡᠳᠲᠡᠬᠡᠨ ᠣᠶᠤᠨᠴᠢ᠂ ᠨᠥᠬᠥᠷᠰᠡᠭ᠎ᠢᠶᠡᠷ ᠬᠠᠨᠳᠤᠵᠤ᠂ ᠲᠤᠰ ᠲᠤᠰᠦᠨ᠎ᠢᠶᠡᠨ ᠭᠣᠣᠯᠯᠠᠭᠴᠢ ᠠᠰᠢᠭ ᠲᠤᠰᠠ ᠪᠣᠯᠤᠨ ᠠᠩᠬᠠᠷᠴᠤ᠌ ᠪᠠᠶ᠋ᠢᠭ᠎ᠠ ᠴᠢᠬᠤᠯᠠ ᠶᠡᠬᠡ ᠠᠰᠠᠭᠤᠳᠠᠯ᠎ᠢ ᠬᠠᠷᠠᠭᠠᠯᠵᠠᠵᠤ᠂ ᠬᠣᠶᠠᠷ ᠤᠯᠤᠰ᠎ᠤᠨ ᠨᠥᠬᠥᠷᠰᠡᠭ ᠬᠠᠮᠲᠤᠷᠠᠯᠴᠠᠭᠠᠨ᠎ᠤ ᠶᠡᠬᠡ ᠴᠢᠭᠯᠡᠯ᠎ᠢ ᠪᠠᠲᠤ᠌ ᠡᠵᠡᠮᠳᠡᠶ᠎ᠡ; ᠬᠣᠶᠠᠷ᠎ᠲᠤ᠌ ᠲᠤᠰ ᠲᠤᠰ᠎ᠤᠨ᠎ᠢᠶᠠᠨ ᠬᠥᠭᠵᠢᠯᠲᠡ᠎ᠶᠢ ᠡᠷᠢᠯᠬᠢᠯᠡᠬᠦ᠌ ᠳᠤᠮᠳᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠵᠦ᠍᠂ ᠬᠥᠳᠡᠭᠡ ᠠᠵᠤ ᠠᠬᠤᠢ᠂ ᠡᠨᠧᠷᠭᠢ᠂ ᠠᠭᠤᠷᠬᠠᠢ᠎ᠶᠢᠨ ᠭᠠᠷᠤᠯᠲᠠ ᠵᠡᠷᠭᠡ ᠤᠯᠠᠮᠵᠢᠯᠠᠯᠲᠤ᠌ ᠬᠠᠮᠲᠤᠷᠠᠯᠴᠠᠭ᠎ᠠ᠎ᠶᠢ ᠠᠬᠢᠭᠤᠯᠵᠤ᠂ ᠪᠣᠬᠢᠷᠲᠤᠯ ᠦᠭᠡᠢ ᠠᠵᠤ ᠠᠬᠤᠢ᠂ ᠰᠢᠨ᠎ᠡ ᠡᠨᠧᠷᠭᠢ᠂ ᠲᠣᠭᠠᠴᠢᠯᠠᠭᠰᠠᠨ ᠠᠵᠤ ᠦᠢᠯᠡᠰ᠂ ᠵᠣᠬᠢᠶᠠᠮᠠᠯ ᠤᠶᠤᠨ ᠴᠢᠳᠠᠪᠤᠷᠢ᠂ ᠠᠭᠤᠷ ᠠᠮᠢᠰᠬᠤᠯ ᠤᠨ ᠬᠤᠪᠢᠷᠠᠯᠲᠠ᠎ᠶᠢ ᠠᠷᠭᠠᠴᠠᠭᠠᠬᠤ ᠵᠡᠷᠭᠡ ᠰᠢᠨ᠎ᠡ᠎ᠪᠡᠷ ᠮᠠᠨᠳᠤᠭᠰᠠᠨ ᠬᠠᠮᠲᠤᠷᠠᠯᠴᠠᠭ᠎ᠠ᠎ᠶᠢ ᠴᠢᠩᠭᠠᠳᠬᠠᠵᠤ᠂ ᠠᠵᠠ ᠲᠣᠬᠢᠶᠠᠯ᠎ᠢ ᠬᠠᠮᠲᠤ᠎ᠪᠠᠷ ᠡᠳ᠋ᠯᠡᠵᠦ᠍᠂ ᠬᠥᠭᠵᠢᠯᠲᠡ᠎ᠶᠢ ᠬᠠᠮᠲᠤ᠎ᠪᠠᠷ ᠡᠷᠢᠯᠬᠢᠯᠡᠶᠠ; ᠭᠤᠷᠪᠠ᠎ᠳᠤ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠥᠷᠭᠡᠳᠬᠡᠬᠦ᠌ ᠳᠤᠮᠳᠠ ᠬᠣᠶᠠᠷ ᠤᠯᠤᠰ᠎ᠤᠨ ᠨᠥᠬᠥᠷᠯᠡᠯ ᠢ ᠠᠬᠢᠭᠤᠯᠤᠶ᠎ᠠ᠂ ᠬᠣᠶᠠᠷ ᠲᠠᠯ᠎ᠠ᠎ᠪᠠᠷ᠎ᠢᠶᠠᠨ 2027 ᠣᠨ ᠢ 《ᠳᠤᠮᠳᠠᠳᠤ ᠠᠦ᠋ᠰᠲ᠋ᠷᠠᠯᠢᠶ᠎ᠠ᠎ᠶᠢᠨ ᠵᠢᠭᠤᠯᠴᠢᠯᠠᠯ᠎ᠤᠨ ᠣᠨ》 ᠪᠣᠯᠭᠠᠬᠤ᠎ᠪᠠᠷ ᠵᠥᠪᠳᠡᠨ ᠲᠣᠭᠲᠠᠵᠤ᠂ ᠬᠣᠶᠠᠷ ᠤᠯᠤᠰ᠎ᠤᠨ ᠣᠷᠣᠨ ᠨᠤᠲᠤᠭ᠂ ᠠᠷᠠᠳ᠎ᠤᠨ ᠬᠤᠭᠤᠷᠤᠨᠳᠤᠬᠢ᠂ ᠵᠠᠯᠠᠭᠤᠴᠤᠳ᠂ ᠵᠠᠭᠤᠴᠢᠯᠠᠭᠤᠷ᠂ ᠣᠶᠤᠨ᠎ᠤ ᠬᠥᠮᠥᠷᠭᠡ ᠵᠡᠷᠭᠡᠲᠠᠯᠠ ᠪᠡᠷ ᠨᠠᠩ ᠣᠯᠠᠨ ᠰᠣᠯᠢᠯᠴᠠᠭ᠎ᠠ ᠥᠷᠨᠢᠭᠦᠯᠬᠦ᠌᠎ᠶᠢ ᠵᠣᠷᠢᠭᠵᠢᠭᠤᠯᠵᠤ᠂ ᠳᠤᠮᠳᠠᠳᠤ ᠠᠦ᠋ᠰᠲ᠋ᠷᠠᠯᠢᠶ᠎ᠠ ᠶᠢᠨ ᠨᠥᠬᠥᠷᠯᠡᠯ᠎ᠦᠨ ᠠᠷᠠᠳ᠎ᠤᠨ ᠰᠠᠨᠠᠭᠠᠨ᠎ᠤ ᠰᠠᠭᠤᠷᠢ᠎ᠶᠢ ᠪᠡᠬᠢᠵᠢᠭᠦᠯᠦᠶ᠎ᠡ; ᠳᠦᠷᠪᠡ᠎ᠳᠦ ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ ᠢ ᠠᠷᠭᠠᠴᠠᠭᠠᠬᠤ ᠳᠤᠮᠳᠠ ᠤᠯᠠᠨ ᠲᠠᠯᠠᠲᠤ᠌ ᠬᠠᠮᠵᠢᠯᠴᠠᠭ᠎ᠠ᠎ᠶᠢ ᠴᠢᠩᠭᠠᠳᠬᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠵᠤ᠂ ᠤᠯᠠᠨ ᠤᠯᠤᠰ ᠤᠨ ᠬᠣᠯᠪᠣᠭᠠᠲᠤ᠌ ᠪᠠᠶ᠋ᠢᠭᠤᠯᠭ᠎ᠠ᠎ᠪᠠᠷ ᠭᠣᠣᠯ ᠪᠣᠯᠭᠠᠭᠰᠠᠨ ᠤᠯᠠᠨ ᠤᠯᠤᠰ᠎ᠤᠨ ᠰᠢᠰᠲ᠋ᠧᠮ ᠪᠠ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭᠠᠭᠰᠠᠨ ᠤᠯᠠᠨ ᠤᠯᠤᠰ᠎ᠤᠨ ᠡᠮᠬᠢ ᠲᠢᠭᠯᠢᠮ᠎ᠢ ᠬᠠᠮᠲᠤ᠎ᠪᠠᠷ ᠬᠠᠮᠠᠭᠠᠯᠠᠶ᠎ᠠ᠃
ᠠᠯᠪᠠᠨᠢᠰ᠂ ᠠᠦ᠋ᠰᠲ᠋ᠷᠠᠯᠢᠢᠠ ᠳᠤᠮᠳᠠᠳᠤ᠎ᠶᠢᠨ ᠬᠠᠷᠢᠯᠴᠠᠭ᠎ᠠ᠎ᠶᠢᠨ ᠰᠠᠶ᠋ᠢᠵᠢᠷᠠᠨ ᠬᠥᠭᠵᠢᠬᠰᠡᠨ ᠨᠢ ᠬᠣᠶᠠᠷ ᠲᠠᠯ᠎ᠠ᠎ᠶᠢᠨ ᠠᠰᠢᠭ ᠲᠤᠰᠠ᠎ᠳᠤ ᠨᠡᠶ᠋ᠢᠴᠡᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠢ ᠪᠤᠶᠠᠨ ᠵᠢᠷᠭᠠᠯ ᠠᠪᠴᠢᠷᠠᠵᠤ ᠥᠭᠴᠡᠢ᠃ ᠲᠡᠷᠢᠭᠦᠯᠡᠭᠴᠢ ᠰᠢ ᠵᠢᠨ ᠫᠢᠩ ᠠᠦ᠋ᠰᠲ᠋ᠷᠠᠯᠢᠶ᠎ᠠ᠎ᠶᠢᠨ ᠵᠠᠯᠠᠭᠤ ᠰᠤᠷᠤᠭᠴᠢᠳ᠎ᠲᠤ᠌ ᠬᠠᠷᠢᠭᠤ ᠵᠠᠬᠢᠳᠠᠯ ᠢᠯᠡᠭᠡᠭᠰᠡᠨ᠎ᠳᠦ ᠲᠠᠯᠠᠷᠬᠠᠵᠤ ᠪᠠᠶ᠋ᠢᠨ᠎ᠠ᠂ ᠡᠨᠡ ᠨᠢ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠯᠡᠯ᠎ᠢ ᠵᠤᠵᠠᠭᠠᠳᠬᠠᠬᠤ᠎ᠳᠤ ᠴᠢᠬᠤᠯᠠ ᠠᠴᠢ ᠬᠣᠯᠪᠣᠭᠳᠠᠯ᠎ᠲᠠᠶ ᠶᠤᠮ᠃ ᠠᠦ᠋ᠰᠲᠷᠠᠯᠢᠶ᠎ᠠ ᠵᠢᠨ ᠬᠢᠨ ᠨᠢᠭᠡ ᠳᠤᠮᠳᠠᠳᠤ ᠤᠯᠤᠰ ᠪᠠᠶ᠋ᠢᠬᠤ ᠲᠦᠷᠦ᠎ᠶᠢᠨ ᠪᠤᠳᠤᠯᠭ᠎ᠠ᠎ᠶᠢ ᠪᠠᠷᠢᠮᠲᠠᠯᠠᠬᠤ ᠵᠢ ᠠᠮᠠᠯᠳᠠᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠨᠢᠭᠲᠠᠷᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ᠎ᠳ᠋ᠡᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ ᠬᠠᠷᠢᠯᠴᠠᠨ ᠬᠦᠨᠳᠦᠳᠬᠡᠵᠦ᠍᠂ ᠵᠥᠷᠢᠯᠳᠦᠭᠡᠨ᠎ᠢᠶᠡᠨ ᠵᠣᠬᠢᠰᠲᠠᠢ ᠰᠢ᠌ᠳᠪᠦᠷᠢᠯᠡᠵᠦ᠍᠂ ᠠᠦ᠋ᠰᠲᠷᠠᠯᠢᠶ᠎ᠠ ᠳᠤᠮᠳᠠᠳᠤ ᠶᠢᠨ ᠬᠠᠷᠢᠯᠴᠠᠭ᠎ᠠ᠎ᠶᠢ ᠠᠳᠠᠯᠢ ᠪᠤᠰᠤ ᠪᠠᠶ᠋ᠢᠭᠤᠯᠤᠯ᠎ᠳᠤ ᠤᠯᠤᠰ᠎ᠤᠨ ᠬᠥᠭᠵᠢᠯᠲᠡ᠎ᠶᠢᠨ ᠪᠦᠲᠦᠭᠡᠯᠴᠢ ᠴᠢᠨᠠᠷᠲᠠᠢ ᠬᠠᠷᠢᠯᠴᠠᠭᠠᠨ᠎ᠤ ᠬᠡᠪ ᠳᠠᠭᠤᠷᠢᠶᠠᠯ ᠪᠣᠯᠭᠠᠨ᠎ᠠ᠃ ᠳᠤᠮᠳᠠᠳᠤ ᠤᠯᠤᠰ᠎ᠤᠨ ᠬᠢᠨ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠢ ᠠᠮᠵᠢᠯᠲᠠ ᠲᠠᠢ ᠡᠷᠬᠢᠯᠡᠭᠰᠡᠨ᠎ᠳᠤ ᠪᠠᠶᠠᠷ ᠬᠦᠷᠭᠡᠶ᠎ᠡ᠃ ᠣᠳᠣᠬᠠᠨ᠎ᠤ ᠦᠢᠮᠡᠭᠡᠨ ᠳᠡᠪᠵᠢᠶᠡᠨ᠎ᠲᠡᠶ ᠳᠡᠯᠡᠬᠡᠢ ᠶᠢᠷᠲᠢᠨᠴᠦ᠎ᠳᠦ᠂ ᠳᠤᠮᠳᠠᠳᠤ ᠤᠯᠤᠰ ᠪᠣᠯ ᠴᠢᠬᠤᠯᠠ ᠲᠣᠭᠲᠠᠭᠤᠨ ᠬᠦᠴᠦᠨ ᠮᠥᠨ᠃ ᠳᠤᠮᠳᠠᠳᠤ ᠵᠢᠨ ᠲᠠᠯ᠎ᠠ ᠵᠢᠨ ᠬᠢᠨ ᠳᠤᠮᠳᠠᠳᠤ ᠤᠷᠤᠰᠠᠮᠧᠷᠢᠺᠠ ᠵᠢᠨ ᠲᠡᠷᠢᠭᠦᠨ᠎ᠦ ᠠᠭᠤᠯᠵᠠᠯᠲᠠ᠎ᠶᠢ ᠠᠮᠵᠢᠯᠲᠠ᠎ᠲᠠᠶ ᠡᠷᠬᠢᠯᠡᠭᠰᠡᠡ᠎ᠳᠦ ᠪᠠᠶᠠᠷ ᠬᠦᠷᠭᠡᠵᠦ᠍ ᠪᠠᠶ᠋ᠢᠨ᠎ᠠ᠂ ᠡᠨᠡ ᠬᠦ᠌ ᠠᠭᠤᠯᠵᠠᠯᠲᠠ ᠨᠢ ᠲᠤᠶ᠋ᠢᠯ᠎ᠤᠨ ᠴᠢᠬᠤᠯᠠ ᠪᠠᠶ᠋ᠢᠵᠤ᠂ ᠳᠡᠯᠡᠬᠡᠢ᠎ᠶᠢᠨ ᠪᠠ ᠭᠠᠵᠠᠷ ᠣᠷᠣᠨ᠎ᠤ ᠡᠩᠬᠡ ᠲᠠᠶ᠋ᠢᠪᠤᠩ ᠲᠣᠭᠲᠠᠭᠤᠨ᠎ᠢ ᠬᠠᠮᠠᠭᠠᠯᠠᠬᠤ᠎ᠳᠤ ᠠᠰᠢᠭᠲᠠᠢ ᠶᠤᠮ ᠭᠡᠵᠦ ᠢᠯᠡᠳᠭᠡᠪᠡ᠃
ᠼᠠᠢ ᠴᠢ᠂ ᠸᠠᠩ ᠢ᠂ ᠬᠤᠸᠠᠩ ᠺᠦᠨ ᠮᠢᠩᠨᠡᠷ ᠠᠭᠤᠯᠵᠠᠯᠲᠠ᠎ᠳᠤ ᠣᠷᠣᠯᠴᠠᠵᠠᠢ᠃
11ᠰᠠᠷ᠎ᠠ᠎ᠶᠢᠨ 20 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠲᠤᠮᠳᠠᠳᠤ ᠤᠯᠤᠰ ᠲᠤ᠌ ᠢᠷᠡᠭᠰᠡᠨ ᠰᠢᠩᠭᠠᠫᠣᠷ᠎ᠤᠨ ᠶᠡᠷᠦᠩᠬᠡᠢ ᠰᠠᠶ᠋ᠢᠳ ᠬᠤᠸᠠᠩ ᠰᠢᠶᠦ᠋ᠨ ᠼᠠᠢ ᠲᠠᠢ ᠠᠭᠤᠯᠵᠠᠪᠠ᠃
ᠰᠢ ᠵᠢᠨ ᠫᠢᠩ᠂ ᠳᠤᠮᠳᠠᠳᠤ ᠤᠯᠤᠰ ᠪᠣᠯᠤᠨ ᠰᠢᠩᠭᠠᠫᠣᠷ ᠪᠣᠯ ᠨᠥᠬᠥᠷᠰᠡᠭ ᠬᠥᠷᠰᠢ ᠪᠦᠭᠡᠳ ᠴᠢᠬᠤᠯᠠ ᠬᠥᠭᠵᠢᠯᠲᠡ᠎ᠶᠢᠨ ᠬᠠᠨᠢᠲᠠᠨ ᠮᠥᠨ᠂ ᠡᠯ᠎ᠡ ᠬᠦᠷᠢᠶᠡᠨ ᠳ᠋ᠡᠬᠢ ᠰᠣᠯᠢᠯᠴᠠᠭ᠎ᠠ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠢ ᠠᠰᠢᠭ ᠬᠦᠷᠲᠡᠭᠡᠵᠡᠢ᠃ ᠳᠡᠯᠡᠬᠡᠢ᠎ᠶᠢᠨ ᠵᠠᠭᠤᠨ ᠵᠢᠯ᠎ᠳᠤ ᠲᠤᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠦᠨ ᠤᠯᠠᠷᠢᠵᠤ ᠪᠠᠢᠭ᠎ᠠ ᠪᠠᠢᠳᠠᠯ᠎ᠤᠨ ᠡᠮᠦᠨ᠎ᠡ᠂ ᠳᠤᠮᠳᠠᠳᠤ ᠰᠢᠩᠭᠠᠫᠣᠷ ᠬᠣᠶᠠᠷ ᠲᠠᠯ᠎ᠠ᠎ᠪᠠᠷ᠎ᠢᠶᠠᠨ ᠴᠠᠭ ᠦᠶ᠎ᠡ᠎ᠶᠢᠨ ᠤᠷᠤᠰᠬᠠᠯ᠎ᠢ ᠡᠵᠡᠮᠳᠡᠵᠦ᠍᠂ ᠪᠠᠶ᠋ᠢᠯᠳᠤᠬᠤ ᠪᠤᠳᠤᠯᠭ᠎ᠠ᠎ᠶᠢᠨ ᠤᠯᠤᠯᠴᠠᠭ᠎ᠠ᠎ᠪᠠᠨ ᠴᠢᠩᠭᠠᠳᠬᠠᠵᠤ᠂ ᠪᠦᠯᠬᠦᠮᠳᠡᠯ ᠬᠠᠮᠵᠢᠯᠴᠠᠭ᠎ᠠ᠎ᠪᠠᠨ ᠴᠢᠩᠭᠠᠳᠬᠠᠵᠤ᠂ ᠳᠤᠮᠳᠠᠳᠤ ᠰᠢᠩᠭᠠᠫᠣᠷ᠎ᠤᠨ ᠪᠦᠬᠦ᠌ ᠲᠠᠯ᠎ᠠ᠎ᠶᠢᠨ ᠴᠢᠨᠠᠷ ᠰᠠᠶ᠋ᠢᠲᠠᠢ ᠪᠠᠷᠠᠯᠠᠯᠲᠤ ᠴᠢᠨᠠᠷᠲᠠᠢ ᠬᠠᠨᠢᠲᠠᠨ᠎ᠤ ᠬᠠᠷᠢᠯᠴᠠᠭ᠎ᠠ᠎ᠶᠢᠨ ᠲᠠᠰᠤᠷᠠᠯᠳᠠ ᠦᠭᠡᠢ ᠰᠢᠨ᠎ᠡ ᠳᠡᠭᠲᠡᠷ᠎ᠲᠦ᠍ ᠭᠠᠷᠬᠤ᠎ᠶᠢ ᠠᠬᠢᠭᠤᠯᠵᠤ᠂ ᠲᠤᠰ ᠲᠤᠰ᠎ᠤᠨ ᠣᠳᠣᠬᠢᠴᠢᠯᠠᠯᠲᠠ᠎ᠶᠢᠨ ᠪᠦᠳᠦᠭᠡᠨ ᠪᠠᠶ᠋ᠢᠭᠤᠯᠤᠯᠲᠠ᠎ᠳᠤ ᠨᠡᠩ ᠰᠠᠢ᠌ᠳᠤᠷ ᠦᠢᠯᠡᠴᠢᠯᠡᠵᠦ᠍᠂ ᠳᠡᠯᠡᠬᠡᠢ᠎ᠶᠢᠨ ᠪᠠ ᠭᠠᠵᠠᠷ ᠣᠷᠣᠨ᠎ᠤ ᠬᠥᠭᠵᠢᠯ ᠴᠡᠴᠡᠭᠯᠡᠯ ᠲᠣᠭᠲᠠᠭᠤᠨ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠶ᠎ᠡ ᠭᠡᠵᠦ᠍ ᠵᠢᠭᠠᠵᠤ ᠭᠠᠷᠭᠠᠪᠠ᠃
ᠰᠢ ᠵᠢᠨ ᠫᠢᠩ᠂ ᠳᠤᠮᠳᠠᠳᠤ ᠰᠢᠩᠭᠠᠫᠣᠷ ᠬᠠᠷᠢᠯᠴᠠᠨ ᠢᠲᠡᠭᠡᠯᠴᠡᠬᠦ᠌ ᠦᠨᠡᠨ ᠰᠡᠳᠬᠢᠯ᠎ᠤᠨ ᠨᠠᠶ᠋ᠢᠵᠠ ᠪᠣᠯᠤᠯᠴᠠᠵᠤ᠂ ᠤᠯᠤᠰ ᠲᠦᠷᠦ᠎ᠶᠢᠨ ᠢᠲᠡᠭᠡᠯᠴᠡᠭᠡ᠎ᠪᠡᠨ ᠪᠡᠬᠢᠵᠢᠭᠦᠯᠵᠦ᠍᠂ ᠬᠠᠮᠲᠤ᠎ᠶᠢᠨ ᠠᠰᠢᠭ ᠲᠤᠰᠠ᠎ᠪᠠᠨ ᠬᠠᠮᠠᠭᠠᠯᠠᠵᠤ᠂ ᠲᠤᠰ ᠲᠤᠰ᠎ᠤᠨ᠎ᠢᠶᠠᠨ ᠦᠪᠡᠷ᠎ᠤᠨ ᠤᠯᠤᠰ᠎ᠤᠨ ᠪᠠᠶ᠋ᠢᠳᠠᠯ᠎ᠳᠤ ᠨᠡᠶ᠋ᠢᠴᠡᠭᠰᠡᠨ ᠬᠥᠭᠵᠢᠯᠲᠡ᠎ᠶᠢᠨ ᠵᠠᠮ᠎ᠢᠶᠠᠷ ᠰᠠᠶ᠋ᠢᠲᠤᠷ ᠵᠠᠮᠨᠠᠬᠤ᠎ᠶᠢ ᠳᠡᠮᠵᠢᠶ᠎ᠠ᠃ ᠰᠢᠨ᠎ᠡ᠎ᠶᠢ ᠡᠭᠦᠳᠬᠦ᠌᠎ᠶᠢ ᠬᠦᠳᠦᠯᠦᠨ ᠳᠠᠭᠠᠭᠤᠯᠬᠤ ᠬᠥᠭᠵᠢᠯᠲᠡ᠎ᠶᠢᠨ ᠬᠠᠨᠢᠲᠠᠨ ᠪᠤᠯᠵᠤ᠂《ᠨᠢᠭᠡ ᠪᠦᠰᠡ ᠨᠢᠭᠡ ᠵᠠᠮ》᠎ᠢ᠋ ᠦᠷᠭᠦᠯᠵᠢᠯᠡᠨ ᠴᠢᠨᠠᠷ ᠰᠠᠶ᠋ᠢᠲᠠᠢ᠎ᠪᠠᠷ ᠬᠠᠮᠲᠤ᠎ᠪᠠᠷ ᠪᠦᠳᠦᠭᠡᠨ ᠪᠠᠶ᠋ᠢᠭᠤᠯᠵᠤ᠂ ᠴᠢᠬᠤᠯᠠ ᠶᠡᠬᠡ ᠬᠠᠮᠲᠤᠷᠠᠯᠴᠠᠭᠠᠨ᠎ᠤ ᠲᠦᠷᠦᠯ ᠵᠦᠢᠯ᠎ᠢ ᠥᠨᠳᠥᠷ ᠲᠦᠪᠰᠢᠨ᠎ᠢᠶᠡᠷ ᠡᠵᠡᠩᠨᠡᠵᠦ᠍᠂ ᠴᠢᠯᠥᠭᠡᠲᠦ᠍ ᠠᠷᠠᠯᠵᠢᠶᠠᠨ᠎ᠤ ᠬᠡᠯᠡᠯᠴᠡᠭᠡᠷ᠎ᠤᠨ 4.0 ᠬᠡᠪᠯᠡᠯ᠎ᠦᠨ ᠬᠡᠯᠡᠯᠴᠡᠭᠡ᠎ᠶᠢ ᠡᠬᠢᠯᠡᠭᠦᠯᠵᠦ᠍᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠬᠥᠭᠵᠢᠯᠲᠡ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ᠎ᠳᠦ ᠪᠡᠯᠭᠡ ᠲᠡᠮᠳᠡᠭ᠎ᠦᠨ ᠴᠢᠨᠠᠷᠲᠠᠢ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠡᠭᠦᠳᠴᠦ᠍᠂ ᠬᠣᠶᠠᠷ ᠲᠠᠯ᠎ᠠ᠎ᠶᠢᠨ ᠬᠠᠮᠲᠤᠷᠠᠯᠴᠠᠭ᠎ᠠ᠎ᠶᠢᠨ ᠰᠢᠨ᠎ᠡ ᠲᠡᠢᠰᠢ᠂ ᠣᠶᠤᠨᠳᠤ ᠲᠡᠢᠰᠢ᠂ ᠪᠣᠬᠢᠷᠲᠤᠯ ᠦᠭᠡᠢ ᠲᠡᠶ᠋ᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠤᠶ᠎ᠠ᠃ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠬᠤ ᠨᠥᠬᠥᠷᠰᠡᠭ ᠬᠥᠷᠰᠢ ᠪᠤᠯᠵᠤ᠂ ᠲᠦᠷᠦ᠎ᠶᠢ ᠵᠠᠰᠠᠬᠤ ᠲᠤᠷᠰᠢᠯᠭ᠎ᠠ᠎ᠶᠢᠨ ᠰᠣᠯᠢᠯᠴᠠᠭ᠎ᠠ ᠪᠣᠯᠤᠨ ᠨᠠᠮ᠎ᠤᠨ ᠬᠣᠭᠣᠷᠣᠨᠳᠣᠬᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠥᠷᠭᠡᠳᠬᠡᠵᠦ᠍᠂ ᠳᠤᠮᠳᠠᠳᠤ ᠰᠢᠩᠭᠠᠫᠣᠷ᠎ᠤᠨ ᠨᠥᠬᠥᠷᠯᠡᠯ᠎ᠦᠨ ᠠᠷᠠᠳ᠎ᠤᠨ ᠰᠠᠨᠠᠭᠠᠨ᠎ᠤ ᠰᠠᠭᠤᠷᠢ᠎ᠶᠢ ᠵᠤᠵᠠᠭᠠᠳᠬᠠᠶ᠎ᠠ᠃ ᠳᠡᠯᠡᠬᠡᠢ᠎ᠶᠢᠨ ᠲᠥᠪ ᠭᠣᠣᠯᠴᠢ ᠰᠢᠳᠤᠷᠭᠤ ᠶᠣᠰᠣ᠎ᠶᠢ ᠬᠠᠮᠠᠭᠠᠯᠠᠬᠤ ᠳᠠᠪᠰᠢᠩᠭᠤᠢ ᠬᠦᠴᠦᠨ ᠪᠤᠯᠵᠥ᠍᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠂ ᠳᠤᠮᠳᠠᠳᠤ ᠤᠯᠤᠰ — ᠵᠡᠭᠦᠨ ᠡᠮᠦᠨᠡᠲᠦ᠍ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ ᠵᠡᠷᠭᠡ ᠤᠯᠠᠨ ᠲᠠᠯ᠎ᠠ᠎ᠶᠢᠨ ᠪᠣᠷᠣ ᠲᠥᠯᠥᠪ᠎ᠦᠨ ᠳᠣᠲᠣᠷᠠᠬᠢ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠴᠢᠩᠭᠠᠳᠬᠠᠵᠤ᠂ ᠵᠡᠭᠦᠨ ᠠᠽᠢᠶ᠎ᠠ᠎ᠶᠢᠨ ᠬᠠᠮᠲᠤᠷᠠᠯᠴᠠᠭᠠᠨ᠎ᠤ ᠵᠥᠪ ᠴᠢᠭᠯᠡᠯ᠎ᠢ ᠲᠣᠭᠲᠠᠭᠤᠨ ᠡᠵᠡᠮᠳᠡᠵᠦ᠂ ᠭᠠᠵᠠᠷ ᠣᠷᠣᠨ᠎ᠤ ᠡᠩᠬᠡ ᠲᠠᠶ᠋ᠢᠪᠤᠩ ᠲᠣᠭᠲᠠᠭᠤᠨ᠎ᠢ ᠬᠠᠮᠠᠭᠠᠯᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ ᠪᠣᠯᠤᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠬᠠᠮᠲᠤ᠎ᠪᠠᠷ ᠪᠠᠶ᠋ᠢᠭᠤᠯᠤᠶ᠎ᠠ ᠭᠡᠵᠦ ᠴᠢᠬᠤᠯᠠᠴᠢᠯᠠᠪᠠ᠃
ᠬᠤᠸᠠᠩ ᠰᠢᠶᠦ᠋ᠨ ᠼᠠᠢ᠂ ᠰᠢᠩᠭᠠᠫᠣᠷ ᠳᠤᠮᠳᠠᠳᠤ᠎ᠶᠢᠨ ᠡᠯ᠎ᠡ ᠬᠦᠷᠢᠶᠡᠨ ᠳ᠋ᠡᠬᠢ ᠬᠠᠮᠲᠤᠷᠠᠯᠴᠠᠭ᠎ᠠ ᠲᠠᠰᠤᠷᠠᠯᠳᠠ ᠦᠭᠡᠢ ᠭᠦᠨᠵᠡᠭᠡᠶ᠋ᠢᠷᠡᠵᠦ᠍᠂ ᠪᠦᠬᠦ᠌ ᠲᠠᠯ᠎ᠠ᠎ᠶᠢᠨ ᠬᠠᠨᠢᠲᠠᠨ᠎ᠤ ᠬᠠᠷᠢᠯᠴᠠᠭ᠎ᠠ ᠴᠢᠩᠭ᠎ᠠ ᠬᠦᠴᠦᠳᠠᠢ ᠪᠠᠶ᠋ᠢᠨ᠎ᠠ᠃ ᠰᠢᠩᠭᠠᠫᠣᠷ᠎ᠤᠨ ᠬᠢᠨ ᠨᠢᠭᠡ ᠳᠤᠮᠳᠠᠳᠤ ᠤᠯᠤᠰ ᠪᠠᠶ᠋ᠢᠬᠤ ᠲᠦᠷᠦ᠎ᠶᠢᠨ ᠪᠤᠳᠤᠯᠭ᠎ᠠ᠎ᠶᠢ ᠡᠷᠡᠰ ᠬᠡᠷᠡᠭᠵᠢᠭᠦᠯᠵᠦ᠍᠂《ᠲᠠᠶ᠋ᠢᠸᠠᠨ᠎ᠢ ᠲᠤᠰᠠᠭᠠᠷ ᠲᠣᠭᠲᠠᠨᠢᠭᠤᠯᠬᠤ》ᠵᠢ ᠡᠰᠡᠷᠭᠦᠴᠡᠨ᠎ᠡ᠃ ᠰᠢᠩᠭᠠᠫᠣᠷ᠎ᠤᠨ ᠬᠢᠨ ᠰᠢᠩᠭᠠᠫᠣᠷ ᠳᠤᠮᠳᠠᠳᠤ᠎ᠶᠢᠨ ᠬᠠᠨᠢᠲᠠᠨ᠎ᠤ ᠬᠠᠷᠢᠯᠴᠠᠭ᠎ᠠ᠎ᠶᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ ᠪᠤᠢ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠤᠰ ᠲᠦᠷᠦ᠎ᠶᠢᠨ ᠢᠲᠡᠭᠡᠯᠴᠡᠭᠡ᠎ᠪᠡᠨ ᠨᠡᠮᠡᠭᠳᠡᠭᠦᠯᠵᠦ᠍᠂ ᠡᠯ᠎ᠡ ᠲᠡᠰ ᠳᠠᠪᠬᠤᠷᠭ᠎ᠠ᠎ᠶᠢᠨ ᠶᠠᠪᠤᠯᠴᠠᠭ᠎ᠠ ᠪᠣᠯᠤᠨ ᠠᠷᠠᠯᠵᠢᠶ᠎ᠠ᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳ᠋ᠡᠬᠢ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠨᠡᠮᠡᠭᠳᠡᠭᠦᠯᠵᠦ᠍᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠲᠠᠰᠤᠷᠠᠯᠳᠠ ᠦᠭᠡᠢ ᠤᠷᠤᠬᠰᠢ ᠬᠥᠭᠵᠢᠬᠦ᠌᠎ᠶᠢ ᠠᠬᠢᠭᠤᠯᠤᠨ᠎ᠠ᠃ ᠳᠤᠮᠳᠠᠳᠤ᠎ᠶᠢᠨ ᠲᠠᠯ᠎ᠠ ᠵᠢᠨ ᠬᠢᠨ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠢ ᠠᠮᠵᠢᠯᠲᠠ᠎ᠲᠠᠶ ᠡᠷᠬᠢᠯᠡᠪᠡ᠂ ᠳᠤᠮᠳᠠᠳᠤ᠎ᠶᠢᠨ ᠲᠠᠯ᠎ᠠ᠎ᠶᠢᠨ ᠰᠠᠨᠠᠭᠠᠴᠢᠯᠠᠭᠰᠠᠨ ᠨᠡᠬᠡᠬᠡᠯᠳᠡ ᠬᠢᠬᠦ᠌᠂ ᠰᠢᠨ᠎ᠡ᠎ᠶᠢ ᠡᠭᠦᠳᠬᠦ᠌᠂ ᠬᠠᠮᠲᠤᠷᠠᠯᠴᠠᠬᠤ ᠣᠶ᠋ᠢᠯᠠᠭᠠᠭᠳᠠᠬᠤᠨ ᠨᠢ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠥᠭᠵᠢᠯᠲᠡ᠎ᠶᠢᠨ ᠬᠡᠷᠡᠭᠴᠡᠭᠡ᠎ᠲᠠᠢ ᠶᠠᠭ ᠨᠡᠶ᠋ᠢᠴᠡᠵᠤ ᠪᠠᠢᠨ᠎ᠠ᠃ ᠳᠤᠮᠳᠠᠳᠤ᠎ᠶᠢᠨ ᠲᠠᠯ᠎ᠠ᠎ᠶᠢᠨ ᠬᠢᠨ ᠳᠤᠮᠳᠠᠳᠤ ᠤᠷᠤᠰ ᠠᠮᠧᠷᠢᠺᠠ ᠭᠤᠷᠪᠠᠨ ᠤᠯᠤᠰ᠎ᠤᠨ ᠲᠡᠷᠢᠭᠦᠨ᠎ᠦ ᠠᠭᠤᠯᠵᠠᠯᠲᠠ᠎ᠶᠢ ᠭᠣᠣᠯᠯᠠᠨ ᠡᠷᠬᠢᠯᠡᠭᠰᠡᠨ᠎ᠳᠦ ᠪᠠᠶᠠᠷ ᠬᠦᠷᠭᠡᠶ᠎ᠡ᠂ ᠡᠨᠡ ᠨᠢ ᠣᠳᠣᠬᠠᠨ᠎ᠤ ᠰᠠᠮᠠᠭᠤᠷᠠᠯ ᠲᠠᠪᠵᠢᠶᠠᠨ ᠰᠤᠯᠪᠢᠴᠠᠬᠰᠠᠨ ᠳᠡᠯᠡᠬᠡᠢ᠎ᠶᠢᠨ ᠪᠠᠶ᠋ᠢᠳᠠᠯ ᠳᠣᠣᠷ᠎ᠠ ᠴᠢᠬᠤᠯᠠ ᠠᠴᠢ ᠬᠣᠯᠪᠣᠭᠳᠠᠯ᠎ᠲᠠᠶ ᠪᠠᠶ᠋ᠢᠵᠤ᠂ ᠳᠡᠯᠡᠬᠡᠢ᠎ᠶᠢᠨ ᠡᠩᠬᠡ ᠲᠠᠶ᠋ᠢᠪᠤᠩ ᠲᠣᠭᠲᠠᠭᠤᠨ᠎ᠢ ᠬᠠᠮᠠᠭᠠᠯᠠᠬᠤ᠎ᠳᠤ ᠠᠰᠢᠭᠲᠠᠢ ᠶᠤᠮ᠃ ᠰᠢᠩᠭᠠᠫᠣᠷ᠎ᠤᠨ ᠬᠢᠨ ᠲᠡᠷᠢᠭᠦᠯᠡᠭᠴᠢ ᠰᠢ ᠵᠢᠨ ᠫᠢᠩ᠎ᠦᠨ ᠳᠤᠷᠠᠳᠤᠭᠰᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠣᠶ᠋ᠢᠯᠠᠭᠠᠭᠳᠠᠬᠤᠨ ᠪᠣᠯᠤᠨ ᠪᠦᠬᠦ᠌ ᠪᠥᠮᠪᠥᠷᠴᠡᠭ᠎ᠦᠨ ᠲᠦᠷᠪᠡᠨ ᠶᠡᠬᠡ ᠰᠠᠨᠠᠭᠠᠴᠢᠯᠠᠭ᠎ᠠ᠎ᠶᠢ ᠲᠡᠮᠵᠢᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠤᠯᠤᠰ᠎ᠤᠨ ᠬᠡᠷᠡᠭ ᠶᠠᠪᠤᠳᠠᠯ᠎ᠤᠨ ᠲᠤᠬᠠᠢ ᠤᠯᠤᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ᠎ᠢ ᠬᠠᠮᠲᠤ᠎ᠪᠠᠷ ᠠᠷᠭᠠᠴᠠᠭᠠᠨ᠎ᠠ ᠭᠡᠵᠦ᠍ ᠢᠯᠡᠳᠬᠡᠪᠡ᠃
ᠼᠠᠢ ᠴᠢ᠂ ᠸᠠᠩ ᠢ᠂ ᠬᠤᠸᠠᠩ ᠺᠦᠨ ᠮᠢᠩᠨᠡᠷ ᠠᠭᠤᠯᠵᠠᠯᠲᠠ᠎ᠳᠤ ᠣᠷᠣᠯᠴᠠᠵᠠᠢ᠃
11 ᠰᠠᠷ᠎ᠠ᠎ᠶᠢᠨ 20 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠤᠯᠴᠠᠬᠤ᠎ᠪᠠᠷ ᠲᠤᠮᠳᠠᠳᠤ ᠤᠯᠤᠰ ᠲᠤ᠌ ᠢᠷᠡᠭᠰᠡᠨ ᠲᠠᠢ ᠤᠯᠤᠰ᠎ᠤᠨ ᠶᠡᠷᠦᠩᠬᠡᠢ ᠰᠠᠢᠳ ᠠᠨᠦ᠋ᠲ᠋ᠢᠨ ᠲᠠᠢ ᠠᠭᠤᠯᠵᠠᠪᠠ᠃
ᠰᠢ᠎ᠶᠢᠨ ᠫᠢᠩ᠂ ᠳᠤᠮᠳᠠᠳᠤ ᠤᠯᠤᠰ ᠪᠠ᠎ᠲᠠᠢ ᠤᠯᠤᠰ᠎ᠤᠨ ᠳᠡᠭᠡᠳᠦ ᠳᠠᠪᠬᠤᠷᠭ᠎ᠠ ᠶ᠋ᠢᠨ ᠭᠢᠨ ᠦᠷᠭᠦᠯᠵᠢ ᠶᠠᠪᠤᠯᠴᠠᠵᠤ ᠪᠠᠢᠳᠠᠭ ᠨᠢ《ᠳᠤᠮᠳᠠᠳᠤ ᠤᠯᠤᠰ ᠪᠠ᠎ᠲᠠᠢ ᠤᠯᠤᠰ ᠨᠢᠭᠡ ᠭᠡᠷᠮᠡᠳᠦ ᠳᠤᠳᠤᠨᠤ ᠪᠠᠢᠬᠤ》 ᠤᠯᠠᠮᠵᠢᠯᠠᠯᠲᠤ ᠨᠥᠬᠥᠷᠯᠡᠯ ᠪᠣᠯᠣᠨ ᠬᠣᠶᠠᠷ ᠤᠯᠤᠰ᠎ᠤᠨ ᠬᠠᠷᠢᠯᠴᠠᠭᠠᠨ᠎ᠤ ᠥᠨᠳᠥᠷ ᠲᠦᠪᠰᠢᠨ ᠢ᠋ ᠭᠦᠢᠴᠡᠳ ᠬᠠᠷᠠᠭᠤᠯᠵᠠᠢ᠃ ᠣᠳᠣᠬᠠᠨ᠎ᠳᠤ ᠳᠡᠯᠡᠬᠡᠢ᠎ᠶᠢᠨ ᠵᠠᠭᠤᠨ ᠵᠢᠯ᠎ᠳᠦ ᠳᠤᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ ᠪᠤᠢ᠂ ᠳᠤᠮᠳᠠᠳᠤ ᠤᠯᠤᠰ ᠪᠠ ᠲᠠᠢ ᠤᠯᠤᠰ ᠬᠠᠷᠢᠯᠴᠠᠨ ᠢᠲᠡᠭᠡᠯᠴᠡᠬᠦ᠂ ᠲᠦᠰᠢᠭᠯᠡᠯᠴᠡᠬᠦ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ ᠪᠣᠯᠤᠭᠰᠠᠨ᠎ᠤ ᠬᠤᠪᠢ᠎ᠳᠤ᠂ ᠤᠯᠤᠰ ᠲᠦᠷᠦ᠎ᠶᠢᠨ ᠢᠲᠡᠭᠡᠯᠴᠡᠭᠡ᠎ᠪᠡᠨ ᠲᠠᠰᠤᠷᠠᠯᠲᠠ ᠦᠭᠡᠢ ᠨᠡᠮᠡᠭᠳᠡᠭᠦᠯᠵᠦ᠂ ᠪᠦᠯᠬᠦᠮᠳᠡᠨ ᠬᠠᠮᠵᠢᠯᠴᠠᠬᠤ᠎ᠪᠠᠨ ᠨᠢᠭ᠍ᠲᠠᠷᠠᠭᠤᠯᠤᠶ᠎ᠠ᠂ ᠡᠨᠡ ᠨᠢ ᠬᠣᠶᠠᠷ ᠤᠯᠤᠰ᠎ᠤᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ ᠪᠣᠯᠣᠨ ᠬᠠᠮᠲᠤ᠎ᠶᠢᠨ ᠬᠦᠰᠡᠯ ᠡᠷᠡᠮᠡᠯᠵᠡᠯ᠎ᠲᠠᠢ ᠨᠡᠢᠴᠡᠨ᠎ᠡ᠃ ᠳᠤᠮᠳᠠᠳᠤ᠎ᠶᠢᠨ ᠲᠠᠯ᠎ᠠ ᠵᠢᠨ ᠬᠢᠨ ᠲᠠᠢ ᠤᠯᠤᠰ᠎ᠤᠨ ᠲᠠᠯ᠎ᠠ᠎ᠶᠢᠨ ᠬᠢᠨ᠎ᠦ ᠤᠯᠤᠰ᠎ᠤᠨ ᠲᠣᠭᠲᠠᠭᠤᠨ ᠪᠠ ᠬᠥᠭᠵᠢᠯ ᠮᠠᠨᠳᠤᠯ᠎ᠢᠶᠠᠨ ᠪᠡᠶᠡᠯᠡᠭᠦᠯᠬᠦ᠎ᠶᠢ ᠡᠷᠡᠰ ᠲᠡᠮᠵᠢᠨ᠎ᠠ᠂ ᠳᠤᠷᠠᠲᠠᠶ᠎ᠠ ᠲᠠᠢ ᠤᠯᠤᠰ᠎ᠤᠨ ᠲᠠᠯ᠎ᠠ᠎ᠯᠤᠭ᠎ᠠ ᠲᠤᠰ ᠲᠤᠰ᠎ᠤᠨ ᠣᠳᠣᠬᠢᠴᠢᠯᠠᠯᠲᠠ᠎ᠶᠢᠨ ᠵᠠᠮ ᠳᠡᠭᠡᠷ᠎ᠡ ᠭᠠᠷ ᠬᠣᠯᠪᠣᠯᠴᠠᠨ ᠤᠷᠤᠭᠰᠢᠯᠠᠵᠤ᠂ ᠳᠤᠮᠳᠠᠳᠤ ᠤᠯᠤᠰ ᠪᠠ ᠲᠠᠢ ᠤᠯᠤᠰ᠎ᠤᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠨᠡᠩ ᠥᠨᠳᠥᠷ ᠲᠦᠪᠰᠢᠨ᠎ᠳᠦ ᠬᠦᠷᠭᠡᠵᠦ᠂ ᠭᠠᠵᠠᠷ ᠣᠷᠣᠨ᠎ᠤ ᠡᠩᠬᠡ ᠲᠠᠢᠪᠤᠩ ᠲᠣᠭᠲᠠᠭᠤᠨ ᠪᠤᠯᠤᠨ ᠬᠥᠭᠵᠢᠯ ᠴᠡᠴᠡᠭᠯᠡᠯ᠎ᠳᠦ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃
ᠰᠢ᠎ᠶᠢᠨ ᠫᠢᠩ᠂ ᠳᠤᠮᠳᠠᠳᠤ᠎ᠤᠯᠤᠰ ᠪᠠ ᠲᠠᠢ ᠤᠯᠤᠰ ᠵᠠᠰᠠᠭ᠎ᠤᠨ ᠣᠷᠳᠣᠨ᠂ ᠲᠦᠷᠦ᠎ᠶᠢᠨ ᠨᠠᠮ᠂ ᠬᠠᠤᠯᠢ ᠲᠣᠭᠲᠠᠭᠠᠬᠤ ᠪᠠᠢᠭᠤᠯᠤᠮᠵᠢ ᠵᠡᠷᠭᠡ᠎ᠶᠢᠨ ᠶᠠᠪᠤᠯᠴᠠᠭ᠎ᠠ᠎ᠪᠠᠨ ᠨᠢᠭ᠍ᠲᠠᠷᠠᠭᠤᠯᠵᠤ᠂ ᠲᠦᠷᠦ᠎ᠶᠢ ᠵᠠᠰᠠᠬᠤ ᠲᠤᠷᠰᠢᠯᠭ᠎ᠠ᠎ᠶᠢᠨ ᠰᠣᠯᠢᠯᠴᠠᠭ᠎ᠠ᠎ᠪᠠᠨ ᠴᠢᠩᠭᠠᠳᠬᠠᠵᠤ᠂ ᠬᠠᠮᠲᠤ᠎ᠶᠢᠨ ᠪᠠᠢᠯᠳᠤᠬᠤ ᠪᠣᠳᠣᠯᠭ᠎ᠠ᠎ᠶᠢᠨ ᠠᠰᠢᠭ᠋ ᠲᠤᠰᠠ᠎ᠪᠠᠨ ᠬᠠᠮᠠᠭᠠᠯᠠᠶ᠎ᠠ᠃ ᠳᠤᠮᠳᠠᠳᠤ ᠤᠯᠤᠰ ᠪᠠ ᠲᠠᠢ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶᠢᠨ ᠮᠥᠨ ᠴᠢᠨᠠᠷ ᠪᠣᠯ ᠬᠠᠷᠢᠯᠴᠠᠨ ᠠᠰᠢᠭ᠋ ᠲᠠᠢ ᠬᠠᠮᠲᠤ᠎ᠪᠠᠷ ᠠᠰᠢᠭ᠋ ᠬᠦᠷᠲᠡᠵᠦ᠂ ᠬᠠᠮᠲᠤ᠎ᠪᠠᠷ ᠬᠥᠭᠵᠢᠬᠦ ᠶᠠᠪᠤᠳᠠᠯ ᠪᠣᠯᠣᠨ᠎ᠠ᠂ ᠬᠣᠶᠠᠷ ᠲᠠᠯ᠎ᠠ᠎ᠪᠠᠷ᠎ᠢᠶᠠᠨ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠪᠠᠨ ᠴᠢᠩᠭᠠᠳᠬᠠᠵᠤ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠲᠣᠭᠠᠴᠢᠯᠠᠭᠰᠠᠨ ᠠᠵᠤ ᠠᠬᠤᠢ ᠵᠡᠷᠭᠡ᠎ᠶᠢᠨ ᠬᠠᠮᠲᠤᠷᠠᠯᠴᠠᠭᠠᠨ᠎ᠤ ᠲᠣᠭᠲᠠᠴᠠ᠎ᠶᠢ ᠰᠠᠢᠲᠤᠷ ᠠᠰᠢᠭ᠍ᠯᠠᠵᠤ᠂ ᠬᠥᠳᠡᠭᠡ ᠠᠵᠤ ᠠᠬᠤᠢ᠂ ᠬᠣᠯᠪᠣᠯᠳᠤᠨ ᠨᠡᠪᠲᠡᠷᠡᠯᠴᠡᠬᠦ ᠵᠡᠷᠭᠡ ᠤᠯᠠᠮᠵᠢᠯᠠᠯᠲᠤ ᠬᠠᠮᠲᠤᠷᠠᠯᠴᠠᠭ᠎ᠠ᠎ᠶᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠵᠣᠬᠢᠶᠠᠮᠠᠯ ᠤᠶᠤᠨ ᠴᠢᠳᠠᠪᠤᠷᠢ᠂ ᠰᠢᠨ᠎ᠡ ᠡᠨᠧᠷᠭᠢ᠎ᠶᠢᠨ ᠮᠠᠰᠢᠨ ᠲᠡᠷᠭᠡ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋ ᠡᠴᠡ ᠠᠪᠤᠷᠠᠬᠤ᠂ ᠤᠰᠤᠨ᠎ᠤ ᠡᠬᠢ ᠪᠠᠶᠠᠯᠢᠭ᠋᠎ᠢ ᠵᠠᠰᠠᠬᠤ ᠵᠡᠷᠭᠡ ᠬᠠᠮᠲᠤᠷᠠᠯᠴᠠᠭᠠᠨ᠎ᠤ ᠰᠢᠨ᠎ᠡ ᠨᠡᠮᠡᠭᠳᠡᠯ᠎ᠦᠨ ᠴᠡᠭ᠎ᠢ ᠪᠣᠢᠵᠢᠭᠤᠯᠤᠨ ᠪᠤᠵᠠᠭᠠᠢᠷᠠᠭᠤᠯᠵᠤ᠂ ᠭᠠᠵᠠᠷ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠬᠠᠮᠲᠤᠷᠠᠯᠴᠠᠭᠠᠨ᠎ᠤ ᠥᠨᠳᠥᠷᠯᠢᠭ᠎ᠢ ᠬᠠᠮᠲᠤ ᠪᠠᠷ ᠪᠠᠢᠭᠤᠯᠤᠶ᠎ᠠ᠃ ᠳᠤᠮᠳᠠᠳᠤ ᠤᠯᠤᠰ ᠪᠠ᠎ᠲᠠᠢ ᠤᠯᠤᠰ ᠴᠢᠰᠤ ᠮᠢᠬᠠᠨ᠎ᠤ ᠬᠤᠯᠪᠤᠭ᠎ᠠ ᠲᠠᠢ᠂ ᠰᠣᠶᠣᠯ ᠢᠷᠭᠡᠨᠰᠢᠯ᠎ᠦᠨ ᠨᠡᠪᠲᠡᠷᠡᠯᠴᠡᠭᠡ᠎ᠲᠠᠢ᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠲᠠᠯ᠎ᠠ᠎ᠶᠢᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠳᠤᠮᠳᠠᠳᠤ᠎ᠤᠯᠤᠰ ᠪᠠ ᠲᠠᠢ ᠤᠯᠤᠰ᠎ᠤᠨ ᠨᠥᠬᠥᠷᠯᠡᠯ᠎ᠢ ᠬᠥᠮᠥᠰ᠎ᠦᠨ ᠰᠡᠳᠬᠢᠯ᠎ᠳᠦ ᠨᠡᠩ ᠭᠦᠨ ᠬᠠᠳᠠᠩᠰᠢᠭᠤᠯᠤᠶ᠎ᠠ᠃ ᠡᠭᠦᠨ᠎ᠦ ᠬᠠᠮᠲᠤ᠂ ᠬᠣᠶᠠᠷ ᠲᠠᠯ᠎ᠠ᠎ᠪᠠᠷ᠎ᠢᠶᠠᠨ ᠰᠦᠯᠵᠢᠶᠡᠨ ᠳᠡᠭᠡᠷ᠎ᠡ ᠵᠣᠭᠣᠰ ᠮᠥᠷᠥᠢᠴᠡᠬᠦ ᠴᠠᠭᠢᠯᠭᠠᠨ ᠴᠢᠮᠡᠬᠡ ᠬᠤᠯᠪᠤᠭᠠᠨ᠎ᠤ ᠮᠡᠬᠡᠯᠡᠯ᠎ᠦᠨ ᠠᠵᠢᠯᠯᠠᠭ᠎ᠠ ᠬᠢᠬᠦ ᠵᠡᠷᠭᠡ ᠬᠠᠤᠯᠢ ᠡᠴᠡ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ᠎ᠪᠡᠨ ᠴᠢᠩᠭᠠᠳᠬᠠᠵᠤ᠂ ᠬᠣᠶᠠᠷ ᠤᠯᠤᠰ᠎ᠤᠨ ᠬᠥᠮᠥᠰ᠎ᠦᠨ ᠶᠠᠪᠤᠯᠴᠠᠭ᠎ᠠ᠎ᠳᠤ ᠨᠡᠩ ᠠᠮᠤᠷ ᠲᠦᠪᠰᠢᠨ ᠣᠷᠴᠢᠨ ᠲᠣᠭᠣᠷᠢᠨ᠎ᠢ ᠪᠦᠷᠢᠯᠳᠦᠭᠦᠯᠵᠦ ᠥᠭᠬᠦᠶ᠎ᠡ᠃ ᠬᠣᠶᠠᠷ ᠲᠠᠯ᠎ᠠ᠎ᠪᠠᠷ᠎ᠢᠶᠠᠨ ᠪᠠᠰᠠ ᠤᠯᠠᠨ ᠲᠠᠯ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠵᠤ᠂ ᠪᠦᠭᠦ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠨ ᠬᠠᠮᠲᠤ᠎ᠶᠢᠨ ᠠᠰᠢᠭ᠋ ᠲᠤᠰᠠ᠎ᠶᠢ ᠭᠠᠷ ᠬᠣᠯᠪᠣᠯᠴᠠᠨ ᠬᠠᠮᠠᠭᠠᠯᠠᠶ᠎ᠠ᠃ ᠳᠤᠮᠳᠠᠳᠤ᠎ᠶᠢᠨ ᠲᠠᠯ᠎ᠠ᠎ᠶᠢᠨ ᠭᠢᠨ ᠳᠤᠷᠠᠲᠠᠶ᠎ᠠ ᠲᠠᠢ ᠤᠯᠤᠰ ᠪᠠ ᠺᠠᠮᠪᠤᠵᠠ᠎ᠶᠢᠨ ᠬᠠᠷᠢᠯᠴᠠᠭ᠎ᠠ᠎ᠶᠢ ᠡᠷᠲᠡᠬᠡᠨ ᠡᠷᠬᠢᠬᠦᠯᠬᠦ᠎ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠪᠡ᠃
ᠠᠨᠦ᠋ᠲ᠋ᠢᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠠᠮᠵᠢᠯᠲᠠ᠎ᠲᠠᠢ ᠬᠤᠷᠠᠯᠳᠤᠭᠰᠠᠨ᠎ᠳᠤ ᠪᠠᠶᠠᠷ ᠬᠦᠷᠭᠡᠵᠦ ᠪᠠᠢᠨ᠎ᠠ᠃ ᠲᠠᠢ ᠤᠯᠤᠰ ᠪᠣᠯᠣᠨ ᠳᠤᠮᠳᠠᠳᠤ ᠤᠯᠤᠰ᠎ᠤᠨ ᠬᠠᠷᠢᠯᠴᠠᠭ᠎ᠠ ᠤᠯᠠᠮ ᠪᠠᠲᠤᠵᠢᠵᠤ᠂ ᠲᠠᠢ ᠤᠯᠤᠰ᠎ᠤᠨ ᠲᠠᠯ᠎ᠠ᠎ᠶᠢᠨ ᠭᠢᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠡᠷᠡᠰ ᠬᠢᠴᠢᠶᠡᠩᠭᠦᠢᠯᠡᠨ ᠰᠠᠬᠢᠵᠤ᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠲᠦᠪᠰᠢᠨ᠎ᠢ ᠳᠡᠭᠡᠭᠰᠢᠯᠡᠭᠦᠯᠭᠦ᠎ᠪᠡᠷ ᠴᠢᠷᠮᠠᠢᠨ᠎ᠠ᠃ ᠲᠠᠢ ᠤᠯᠤᠰ᠎ᠤᠨ ᠭᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠦᠷᠭᠦᠯᠵᠢᠯᠡᠨ ᠨᠢᠭ᠍ᠲᠠᠷᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠦᠢᠯᠡᠳᠪᠦᠷᠢᠯᠡᠯ ᠬᠠᠩᠭᠠᠯᠭ᠎ᠠ᠎ᠶᠢᠨ ᠬᠡᠯᠬᠢᠶ᠎ᠡ᠂ ᠬᠣᠯᠪᠣᠯᠳᠤᠨ ᠨᠡᠪᠲᠡᠷᠡᠯᠴᠡᠬᠦ ᠵᠡᠷᠭᠡ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠥᠷᠭᠡᠳᠬᠡᠵᠦ᠂ ᠠᠷᠠᠳ ᠲᠦᠮᠡᠨ᠎ᠦ ᠨᠥᠬᠥᠷᠯᠡᠯ᠎ᠢ ᠵᠤᠵᠠᠭᠠᠳᠬᠠᠨ᠎ᠠ᠃ ᠲᠠᠢ ᠤᠯᠤᠰ᠎ᠤᠨ ᠲᠠᠯ᠎ᠠ᠎ᠶᠢᠨ ᠭᠢᠨ ᠰᠦᠯᠵᠢᠶᠡᠨ ᠳᠡᠭᠡᠷ᠎ᠡ ᠵᠣᠭᠣᠰ ᠮᠥᠷᠥᠢᠴᠡᠬᠦ ᠴᠠᠭᠢᠯᠭᠠᠨ ᠴᠢᠮᠡᠬᠡ ᠬᠤᠯᠪᠤᠭᠠᠨ᠎ᠤ ᠮᠡᠬᠡᠯᠡᠯ᠎ᠦᠨ ᠠᠵᠢᠯᠯᠠᠭ᠎ᠠ ᠬᠢᠬᠦ ᠵᠡᠷᠭᠡ ᠤᠯᠤᠰ ᠠᠯᠤᠰᠯᠠᠭᠰᠠᠨ ᠶᠠᠯᠠᠲᠤ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ ᠲᠠᠢ ᠤᠯᠤᠰ᠎ᠲᠤ ᠪᠠᠢᠭ᠎ᠠ ᠳᠤᠮᠳᠠᠳᠤ ᠤᠯᠤᠰ᠎ᠤᠨ ᠠᠷᠠᠳ ᠢᠷᠭᠡᠳ᠎ᠦᠨ ᠠᠮᠤᠷ ᠲᠦᠪᠰᠢᠨ᠎ᠢ ᠰᠠᠢᠲᠤᠷ ᠬᠠᠮᠠᠭᠠᠯᠠᠵᠤ᠂ ᠨᠡᠩ ᠤᠯᠠᠨ ᠳᠤᠮᠳᠠᠳᠤ ᠤᠯᠤᠰ᠎ᠤᠨ ᠠᠷᠠᠳ ᠢᠷᠭᠡᠳ᠎ᠦᠨ ᠲᠠᠢ ᠤᠯᠤᠰ᠎ᠲᠤ ᠢᠷᠡᠵᠤ ᠵᠢᠭᠤᠯᠴᠢᠯᠠᠬᠤ᠎ᠶᠢ ᠪᠠᠶᠠᠷᠯᠠᠨ ᠤᠭᠲᠤᠨ᠎ᠠ᠃ ᠲᠠᠢ ᠤᠯᠤᠰ᠎ᠤᠨ ᠭᠢᠨ ᠳᠤᠮᠳᠠᠳᠤ ᠤᠯᠤᠰ᠎ᠤᠨ ᠳᠡᠯᠡᠬᠡᠢ᠎ᠶᠢᠨ ᠬᠡᠷᠡᠭ ᠶᠠᠪᠤᠳᠠᠯ᠎ᠳᠠᠬᠢ ᠭᠠᠷᠮᠠᠭᠠᠢ ᠤᠳᠤᠷᠢᠳᠬᠤ ᠬᠦᠴᠦᠨ᠎ᠢ ᠮᠠᠭᠲᠠᠨ ᠰᠠᠢᠰᠢᠶᠠᠵᠤ ᠪᠠᠢᠨ᠎ᠠ᠂ ᠳᠤᠮᠳᠠᠳᠤ ᠤᠯᠤᠰᠠᠽᠢᠶᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠢ ᠠᠮᠵᠢᠯᠲᠠ᠎ᠲᠠᠢ ᠡᠷᠭᠢᠯᠡᠭᠰᠡᠡ᠎ᠳᠦ ᠪᠠᠶᠠᠷ ᠬᠦᠷᠭᠡᠵᠦ᠂ ᠲᠡᠷᠢᠭᠦᠯᠡᠭᠴᠢ ᠰᠢ᠎ᠶᠢᠨ ᠫᠢᠩ ᠳᠤᠮᠳᠠᠳᠤ ᠤᠷᠤᠰ ᠠᠮᠧᠷᠢᠺᠠ ᠵᠢᠨ ᠲᠡᠷᠢᠬᠦᠨ᠎ᠤ ᠲᠡᠦᠬᠡᠲᠦ ᠴᠢᠨᠠᠷᠲᠠᠢ ᠠᠭᠤᠯᠵᠠᠯᠲᠠ᠎ᠶᠢ ᠠᠮᠵᠢᠯᠲᠠ᠎ᠲᠠᠢ ᠡᠷᠬᠢᠯᠡᠭᠰᠡᠨ᠎ᠳᠦ ᠪᠠᠶᠠᠷ ᠬᠦᠷᠬᠡᠶ᠎ᠡ᠃ ᠲᠠᠢ ᠤᠯᠤᠰ᠎ᠤᠨ ᠲᠠᠯ᠎ᠠ᠎ᠶᠢᠨ ᠭᠢᠨ ᠳᠤᠮᠳᠠᠳᠤ ᠤᠯᠤᠰ᠎ᠯᠤᠭ᠎ᠠ ᠦᠷᠭᠦᠯᠵᠢᠯᠡᠨ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠤᠭ᠎ᠠ ︱ ᠳᠤᠮᠳᠠᠳᠤ ᠤᠯᠤᠰ᠎ᠤᠨ ᠬᠠᠮᠲᠤᠷᠠᠯᠴᠠᠭ᠎ᠠ᠂ ᠯᠠᠨᠼᠠᠩᠵᠢᠶᠠᠩ ᠮᠥᠷᠡᠨ ᠮᠸᠢᠢᠭᠤᠩ ᠮᠥᠷᠡᠨ᠎ᠦ ᠬᠠᠮᠲᠤᠷᠠᠯᠴᠠᠭ᠎ᠠ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠵᠡᠷᠭᠡ ᠤᠯᠠᠨ ᠲᠠᠯ᠎ᠠ᠎ᠶᠢᠨ ᠲᠣᠭᠲᠠᠴᠠᠲᠤᠮᠳᠠ ᠵᠣᠬᠢᠴᠠᠭᠤᠯᠭ᠎ᠠ᠎ᠪᠠᠨ ᠴᠢᠩᠭᠠᠳᠬᠠᠵᠤ᠂ ᠤᠯᠠᠨ ᠲᠠᠯᠠᠲᠤ ᠦᠵᠡᠯ᠎ᠢ ᠬᠠᠮᠠᠭᠠᠯᠠᠨ᠎ᠠ᠃ ᠲᠠᠢ ᠤᠯᠤᠰ᠎ᠤᠨ ᠲᠠᠯ᠎ᠠ᠎ᠶᠢᠨ ᠭᠢᠨ ᠳᠤᠮᠳᠠᠳᠤ᠎ᠶᠢᠨ ᠲᠠᠯ᠎ᠠ᠎ᠶᠢᠨ ᠭᠢᠨ᠎ᠲᠠᠢ ᠤᠯᠤᠰ ᠪᠤᠯᠤᠨ ᠺᠠᠮᠪᠤᠵᠠ᠎ᠶᠢᠨ ᠬᠢᠯᠢ᠎ᠶᠢᠨ ᠮᠥᠷᠭᠦᠯᠳᠦᠭᠡᠨ᠎ᠢ ᠡᠶᠡᠳᠡᠭᠦᠯᠬᠦ᠎ᠳᠦ ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ᠎ᠶᠢ ᠮᠠᠭᠲᠠᠨ ᠰᠠᠢᠰᠢᠶᠠᠵᠤ ᠪᠠᠢᠬᠤ ᠪᠥᠭᠡᠳ ᠬᠦᠰᠡᠵᠦ ᠪᠠᠢᠨ᠎ᠠ ᠭᠡᠵᠦ ᠢᠯᠡᠳᠬᠡᠪᠡ᠃
ᠼᠠᠢ ᠴᠢ᠂ ᠸᠠᠩ ᠢ᠂ ᠬᠤᠸᠠᠩ ᠺᠦᠨ ᠮᠢᠩ ᠨᠠᠷ ᠠᠭᠤᠯᠵᠠᠯᠲᠠ᠎ᠳᠤ ᠣᠷᠣᠯᠴᠠᠪᠠ᠃
11 ᠰᠠᠷ᠎ᠠ᠎ᠶᠢᠨ 20 ᠤ᠋ ᠦᠳᠡ᠎ᠳᠦ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ ᠲᠤ᠌ ᠢᠷᠡᠭᠰᠡᠨ ᠮᠠᠯᠠᠢᠰᠢᠶ᠎ᠠ ᠵᠢᠨ ᠶᠡᠷᠦᠩᠬᠡᠢ ᠰᠠᠢᠳ ᠠᠨᠸᠠᠷ ᠲᠠᠢ ᠠᠭᠤᠯᠵᠠᠪᠠ᠃
ᠰᠢ ᠵᠢᠨ ᠫᠢᠩ᠂ ᠨᠢᠳᠤᠨᠤᠨ᠎ᠤ 4 ᠰᠠᠷ᠎ᠠ᠎ᠳᠤ᠂ ᠪᠢ ᠶᠡᠷᠦᠩᠬᠡᠢ ᠰᠠᠢᠳ ᠠᠨᠸᠠᠷ ᠲᠠᠢ ᠥᠨᠳᠥᠷ ᠲᠦᠪᠰᠢᠨ ᠪᠦᠬᠦᠢ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠳᠤᠮᠳᠠᠳᠤ ᠮᠠᠯᠠᠢᠰᠢᠶ᠎ᠠ ᠵᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠲᠤᠬᠠᠢ ᠴᠢᠬᠤᠯᠠ ᠬᠠᠮᠲᠤ᠎ᠶᠢᠨ ᠲᠠᠨᠢᠯᠲᠠ᠎ᠲᠠᠢ ᠪᠣᠯᠵᠤ᠂ ᠳᠤᠮᠳᠠᠳᠤ ᠮᠠᠯᠠᠢᠰᠢᠶ᠎ᠠ ᠵᠢᠨ ᠬᠠᠷᠢᠯᠴᠠᠭᠠᠨ᠎ᠤ ᠰᠢᠨ᠎ᠡ《ᠰᠢᠵᠢᠷ ᠠᠯᠳᠠᠨ 50 ᠵᠢᠯ》᠎ᠢ᠋ ᠡᠬᠢᠯᠡᠭᠦᠯᠪᠡ᠃ ᠵᠢᠯ ᠭᠠᠷᠤᠢ᠎ᠶᠢᠨ ᠲᠤᠷᠰᠢ᠂ ᠳᠤᠮᠳᠠᠳᠤ ᠮᠠᠯᠠᠢᠰᠢᠶ᠎ᠠ ᠵᠢᠨ ᠬᠠᠷᠢᠯᠴᠠᠭ᠎ᠠ ᠦᠷᠭᠦᠯᠵᠢᠯᠡᠨ ᠥᠨᠳᠥᠷ ᠲᠦᠪᠰᠢᠨ᠎ᠢᠶᠡᠷ ᠬᠥᠭᠵᠢᠵᠦ᠂ ᠬᠣᠶᠠᠷ ᠲᠠᠯ᠎ᠠ᠎ᠶᠢᠨ ᠵᠢᠷᠤᠭᠯᠠᠭᠰᠠᠨ ᠬᠠᠮᠲᠤᠷᠠᠯᠴᠠᠭᠠᠨ᠎ᠤ ᠵᠢᠷᠤᠭ ᠲᠥᠰᠦᠪ ᠡᠳᠦᠷ ᠢᠷᠡᠬᠦᠶ᠎ᠡ ᠰᠠᠢᠨ ᠰᠠᠢᠬᠠᠨ ᠪᠣᠳᠠᠲᠤ ᠠᠬᠤᠢ ᠪᠣᠯᠵᠤ ᠬᠤᠪᠢᠷᠠᠪᠠ᠃ ᠰᠠᠮᠠᠭᠤᠷᠠᠯ ᠲᠡᠪᠵᠢᠶᠠᠨ ᠰᠤᠯᠪᠢᠴᠠᠬᠰᠠᠨ ᠳᠡᠯᠡᠬᠡᠢ᠎ᠶᠢᠨ ᠪᠠᠢᠳᠠᠯ᠎ᠤᠨ ᠡᠮᠦᠨ᠎ᠡ᠂ ᠳᠤᠮᠳᠠᠳᠤ ᠤᠯᠤᠰ ᠳᠤᠷᠠᠲᠠᠶ᠎ᠠ ᠮᠠᠯᠠᠢᠰᠢᠶ᠎ᠠ ᠵᠢᠨ ᠬᠢᠨᠯᠤᠭᠠ ᠭᠠᠳᠠᠭᠠᠳᠤ ᠬᠠᠷᠢᠯᠴᠠᠭ᠎ᠠ ᠪᠠᠶ᠋ᠢᠭᠤᠯᠤᠬᠰᠠᠨ ᠤᠭ ᠰᠠᠨᠠᠭ᠎ᠠ᠎ᠪᠠᠨ ᠪᠠᠷᠢᠮᠲᠠᠯᠠᠵᠤ᠂ ᠬᠠᠮᠲᠤᠷᠠᠯᠴᠠᠭᠠᠨ᠎ᠤ ᠬᠥᠳᠡᠯᠭᠡᠬᠦ ᠬᠦᠴᠦᠨ ᠢ ᠨᠢᠭ᠍ᠲᠠᠷᠠᠭᠤᠯᠵᠤ᠂ ᠳᠤᠮᠳᠠᠳᠤ ᠮᠠᠯᠠᠢᠰᠢᠶ᠎ᠠ ᠵᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠤᠯᠠᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠳᠤᠮᠳᠠᠳᠤ ᠮᠠᠯᠠᠢᠰᠢᠶ᠎ᠠ᠎ᠶᠢᠨ ᠬᠠᠷᠢᠯᠴᠠᠭ᠎ᠠ᠎ᠶᠢᠨ ᠤᠯᠤᠰ ᠲᠦᠷᠦ᠎ᠶᠢᠨ ᠰᠠᠭᠤᠷᠢ ᠪᠠᠲᠤ᠂ ᠬᠠᠮᠲᠤᠷᠠᠯᠴᠠᠭᠠᠨ ᠤ ᠳᠠᠪᠠᠭᠤᠯᠢᠭ᠋ ᠲᠣᠪᠣᠢᠮ᠎ᠠ᠂ ᠬᠥᠭᠵᠢᠯᠲᠡ᠎ᠶᠢᠨ ᠠᠯᠤᠰ ᠢᠷᠡᠭᠡᠳᠦᠢ ᠥᠷᠭᠡᠨ ᠠᠭᠤᠳᠠᠮ ᠶᠤᠮ᠃ ᠬᠣᠶᠠᠷ ᠲᠠᠯ᠎ᠠ᠎ᠪᠠᠷ᠎ᠢᠶᠠᠨ ᠥᠨᠳᠥᠷ ᠲᠦᠪᠰᠢᠨ ᠪᠦᠬᠦᠢ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭ᠎ᠠ᠎ᠪᠠᠨ ᠭᠦᠨᠵᠡᠭᠡᠢᠷᠡᠭᠦᠯᠵᠦ᠂ ᠳᠡᠭᠡᠳᠦ ᠳᠠᠪᠬᠤᠷᠭ᠎ᠠ᠎ᠶᠢᠨ ᠪᠠᠢᠯᠳᠤᠬᠤ ᠪᠣᠳᠣᠯᠭ᠎ᠠ᠎ᠶᠢᠨ ᠣᠯᠣᠯᠴᠠᠭ᠎ᠠ᠎ᠪᠠᠨ ᠪᠠᠲᠤᠯᠠᠵᠤ᠂ ᠲᠤᠰ ᠲᠤᠰ᠎ᠤᠨ᠎ᠢᠶᠠᠨ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠶᠢᠨ ᠠᠰᠢᠭ᠋ ᠲᠤᠰᠠ᠎ᠪᠠᠨ ᠬᠠᠮᠠᠭᠠᠯᠠᠬᠤ᠎ᠶᠢ ᠬᠠᠷᠢᠯᠴᠠᠨ ᠳᠡᠮᠵᠢᠶ᠎ᠠ; ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠪᠠᠨ ᠴᠢᠩᠭᠠᠳᠬᠠᠵᠤ᠂ ᠰᠢᠨ᠎ᠡ᠎ᠪᠡᠷ ᠮᠠᠨᠳᠤᠭᠰᠠᠨ ᠬᠠᠮᠲᠤᠷᠠᠯᠴᠠᠭᠠᠨ᠎ᠤ ᠲᠠᠯᠳᠠ ᠬᠦᠴᠦᠨ᠎ᠢ ᠠᠭᠤᠳᠠᠯᠵᠤ᠂ ᠭᠣᠣᠯᠳᠠᠯᠭ᠎ᠠ᠎ᠲᠠᠢ ᠲᠦᠷᠦᠯ ᠵᠦᠢᠯ᠎ᠢ ᠴᠢᠨᠠᠷ ᠰᠠᠢᠲᠠᠢ ᠪᠦᠲᠦᠭᠡᠨ ᠪᠠᠶ᠋ᠢᠭᠤᠯᠬᠤ ᠪᠠ ᠰᠠᠢᠲᠤᠷ ᠡᠵᠡᠩᠨᠡᠵᠦ᠂ ᠲᠠᠷᠢᠶᠠᠯᠠᠩ᠎ᠤᠨ ᠪᠦᠲᠦᠭᠡᠭᠳᠡᠬᠦᠨ᠎ᠦ ᠠᠷᠠᠯᠵᠢᠶ᠎ᠠ᠎ᠶᠢ ᠪᠤᠵᠠᠭᠠᠢᠷᠠᠭᠤᠯᠤᠨ ᠰᠢᠯᠢᠳᠡᠭᠵᠢᠭᠦᠯᠦᠶ᠎ᠡ; ᠪᠣᠯᠪᠠᠰᠤᠨ᠎ᠤ ᠰᠣᠯᠢᠯᠴᠠᠭ᠎ᠠ ᠬᠠᠷᠢᠯᠴᠠᠨ ᠲᠣᠯᠢ ᠪᠤᠯᠭᠠᠬᠤ ᠵᠢ ᠬᠥᠲᠥᠯᠥᠨ ᠳᠠᠭᠠᠭᠤᠯᠵᠤ᠂ ᠴᠢᠷᠮᠠᠢᠭᠰᠠᠨ ᠳᠡᠭᠡᠷ᠎ᠡ᠎ᠪᠡᠨ ᠴᠢᠷᠮᠠᠢᠵᠤ ᠳᠤᠮᠳᠠᠳᠤ ᠮᠠᠯᠠᠢᠰᠢᠶ᠎ᠠ᠎ᠶᠢᠨ 《ᠺᠦᠩᠽᠢ ᠵᠢᠨ ᠰᠤᠷᠭᠠᠯ ᠢᠰᠯᠠᠮ᠎ᠤᠨ ᠱᠠᠰᠢᠨ᠎ᠤ ᠪᠣᠯᠪᠠᠰᠤᠨ᠎ᠤ ᠶᠠᠷᠢᠯᠴᠠᠭ᠎ᠠ》᠎ᠶ᠋ᠢ ᠰᠠᠢᠲᠤᠷ ᠡᠷᠭᠢᠯᠡᠵᠦ᠂ ᠵᠢᠭᠤᠯᠴᠢᠯᠠᠯ᠂ ᠰᠤᠷᠭᠠᠨ ᠬᠥᠮᠦᠵᠢᠯ ᠵᠡᠷᠭᠡ ᠲᠠᠯ᠎ᠠ ᠵᠢᠨ ᠬᠠᠮᠲᠤᠷᠠᠯᠴᠠᠭ᠎ᠠ᠎ᠪᠠᠨ ᠥᠷᠭᠡᠳᠬᠡᠵᠦ᠂ ᠠᠷᠠᠳ᠎ᠤᠨ ᠪᠠ ᠣᠷᠣᠨ ᠨᠤᠲᠤᠭ᠎ᠤᠨ ᠰᠣᠯᠢᠯᠴᠠᠭ᠎ᠠ᠎ᠶᠢ ᠴᠢᠨᠠᠬᠰᠢᠳᠠ ᠨᠢᠭ᠍ᠳᠠᠷᠠᠭᠤᠯᠤᠶᠠ; ᠪᠦᠬᠦ ᠪᠥᠮᠪᠥᠷᠴᠡᠭ᠎ᠦᠨ ᠵᠠᠰᠠᠯᠲᠠ᠎ᠶᠢᠨ ᠥᠭᠡᠷᠡᠴᠢᠯᠡᠯᠲᠡ᠎ᠶᠢ ᠬᠠᠮᠵᠢᠯᠴᠠᠨ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠵᠡᠷᠭᠡ ᠤᠯᠠᠨ ᠲᠠᠯ᠎ᠠ᠎ᠳᠦ ᠪᠦᠳᠦᠬᠦᠪᠴᠢ ᠲᠥᠰᠥᠪ᠎ᠦᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠭᠠᠷ ᠬᠣᠯᠪᠣᠯᠴᠠᠨ ᠦᠢᠯᠡᠳᠦᠯᠭᠡᠵᠢᠭᠦᠯᠵᠦ᠂ ᠥᠷᠭᠡᠨ ᠤᠯᠠᠨ ᠬᠥᠭᠵᠢᠵᠦ ᠪᠠᠢᠭ᠎ᠠ ᠤᠯᠤᠰ᠎ᠤᠨ ᠬᠠᠮᠲᠤ᠎ᠶᠢᠨ ᠠᠰᠢᠭ᠋ ᠲᠤᠰᠠ᠎ᠶᠢ ᠬᠠᠮᠠᠭᠠᠯᠠᠶ᠎ᠠ ᠬᠡᠵᠦ ᠴᠢᠬᠤᠯᠠᠴᠢᠯᠠᠪᠠ᠃
ᠠᠨᠸᠠᠷ᠂ ᠲᠡᠷᠢᠭᠦᠯᠡᠭᠴᠢ ᠰᠢ ᠵᠢᠨ ᠫᠢᠩ᠎ᠦᠨ ᠰᠣᠳᠣ᠌ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠶᠡᠷᠦ ᠪᠤᠰᠤ᠎ᠶᠢᠨ ᠬᠥᠭᠵᠢᠯᠲᠡ᠎ᠶᠢᠨ ᠠᠮᠵᠢᠯᠲᠠ ᠵᠢ ᠡᠬᠦᠳᠪᠡ᠃ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ ᠪᠣᠯᠣᠨ ᠳᠤᠮᠳᠠᠳᠤ ᠤᠷᠤᠰ ᠠᠮᠧᠷᠢᠺᠠ ᠭᠤᠷᠪᠠᠨ ᠤᠯᠤᠰ᠎ᠤᠨ ᠲᠡᠷᠢᠭᠦᠨ᠎ᠦ ᠠᠭᠤᠯᠵᠠᠯᠲᠠ᠎ᠶᠢ ᠠᠮᠵᠢᠯᠲᠠ᠎ᠲᠠᠢ ᠡᠷᠬᠢᠯᠡᠭᠰᠡᠨ᠎ᠳᠦ ᠴᠢᠩ ᠰᠡᠳᠬᠢᠯ᠎ᠡᠴᠡ᠎ᠪᠡᠨ ᠪᠠᠶᠠᠷ ᠬᠦᠷᠭᠡᠵᠦ ᠪᠠᠢᠨ᠎ᠠ᠂ ᠡᠨᠡ ᠨᠢ ᠲᠡᠷᠢᠭᠦᠯᠡᠭᠴᠢ ᠰᠢ ᠵᠢᠨ ᠫᠢᠩ᠎ᠦᠨ ᠤᠯᠠᠨ ᠤᠯᠤᠰ᠎ᠤᠨ ᠬᠡᠷᠡᠭ ᠶᠠᠪᠤᠳᠠᠯ᠎ᠳᠠᠬᠢ ᠭᠠᠷᠮᠠᠭᠠᠢ ᠨᠥᠯᠥᠭᠡᠯᠡᠬᠦ ᠬᠦᠴᠦᠨ ᠪᠣᠯᠣᠨ ᠤᠳᠤᠷᠢᠳᠬᠤ ᠬᠦᠴᠦᠨ᠎ᠢ ᠭᠦᠢᠴᠡᠳ ᠢᠯᠡᠷᠡᠭᠦᠯᠵᠦ ᠪᠤᠢ᠂ ᠳᠤᠮᠳᠠᠳᠤ ᠤᠷᠤᠰ ᠠᠮᠧᠷᠢᠺᠠ ᠭᠤᠷᠪᠠᠨ ᠤᠯᠤᠰ᠎ᠤᠨ ᠲᠡᠷᠢᠭᠦᠨ《ᠡᠩᠬᠡ ᠲᠠᠢᠪᠤᠩ᠎ᠤᠨ ᠲᠤᠩᠬᠠᠭ》᠎ᠢ᠋ ᠨᠡᠢᠲᠡᠯᠡᠭᠰᠡᠨ ᠨᠢ ᠣᠳᠣᠬᠠᠨ᠎ᠤ ᠳᠡᠯᠡᠬᠡᠢ᠎ᠶᠢᠨ ᠪᠠᠢᠳᠠᠯ ᠳᠣᠣᠷ᠎ᠠ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ᠎ᠲᠠᠢ ᠶᠤᠮ᠃ ᠲᠠᠢᠸᠠᠨ᠎ᠤ ᠠᠰᠠᠭᠤᠳᠠᠯ ᠪᠣᠯ ᠳᠤᠮᠳᠠᠳᠤ ᠤᠯᠤᠰ᠎ᠤᠨ ᠳᠣᠲᠣᠭᠠᠳᠤ ᠶᠠᠪᠤᠳᠠᠯ ᠮᠥᠨ᠂ ᠮᠠᠯᠠᠢᠰᠢᠶ᠎ᠠ ᠵᠢᠨ ᠬᠢᠨ ᠨᠢᠭᠡ ᠳᠤᠮᠳᠠᠳᠤ ᠤᠯᠤᠰ ᠪᠠᠢᠬᠤ ᠲᠦᠷᠦ᠎ᠶᠢᠨ ᠪᠣᠳᠣᠯᠭ᠎ᠠ᠎ᠶᠢ ᠡᠷᠡᠰ ᠬᠢᠴᠢᠶᠡᠩᠭᠦᠢᠯᠡᠨ ᠰᠠᠬᠢᠨ᠎ᠠ᠃ ᠮᠠᠯᠠᠢᠰᠢᠶ᠎ᠠ ᠵᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠵᠤ᠂ ᠬᠣᠶᠠᠷ ᠤᠯᠤᠰ ᠤᠨ ᠬᠠᠮᠲᠤᠷᠠᠯᠴᠠᠭᠠᠨ᠎ᠤ ᠲᠣᠭᠲᠡᠴᠡ᠎ᠶᠢᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ᠎ᠶᠢᠨ ᠭᠣᠣᠯᠳᠠᠯᠭ᠎ᠠ᠎ᠲᠠᠢ ᠲᠦᠷᠦᠯ ᠵᠦᠢᠯ᠎ᠢ ᠰᠠᠢᠲᠤᠷ ᠡᠵᠡᠩᠨᠡᠵᠦ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ᠎ᠪᠡᠷ ᠮᠠᠨᠳᠤᠭᠰᠠᠨ ᠬᠦᠷᠢᠶᠡᠨ ᠳ᠋ᠡᠬᠢ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠪᠣᠯᠪᠠᠰᠤᠨ᠎ᠤ ᠰᠣᠯᠢᠯᠴᠠᠭ᠎ᠠ ᠶᠠᠷᠢᠯᠴᠠᠭ᠎ᠠ ᠶᠢ ᠠᠬᠢᠭᠤᠯᠵᠤ᠂ ᠳᠡᠯᠡᠬᠡᠢ᠎ᠶᠢᠨ ᠬᠡᠷᠡᠭ ᠶᠠᠪᠤᠳᠠᠯ᠎ᠳᠠᠬᠢ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠴᠢᠩᠭᠠᠳᠬᠠᠵᠤ᠂ ᠮᠠᠯᠠᠢᠰᠢᠶ᠎ᠠ ᠳᠤᠮᠳᠠᠳᠤ᠎ᠶᠢᠨ ᠬᠠᠷᠢᠯᠴᠠᠭ᠎ᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃
ᠼᠠᠢ ᠴᠢ᠂ ᠸᠠᠩ ᠢ᠂ ᠬᠤᠸᠠᠩ ᠺᠦᠨ ᠮᠢᠩ᠂ ᠸᠠᠩ ᠰᠢᠶᠣᠣ ᠬᠣᠩ ᠨᠠᠷ ᠠᠭᠤᠯᠵᠠᠯᠲᠠ᠎ᠳᠤ ᠣᠷᠣᠯᠴᠠᠵᠠᠢ᠃
(ᠰᠢᠨᠬᠤᠸᠠ ᠬᠣᠷᠢᠶ᠎ᠡ ᠵᠢᠨ ᠱᠧᠨᠵᠧᠨ ᠦ 11 ᠰᠠᠷ᠎ᠠ᠎ᠶᠢᠨ 20 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃