ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-21 13:15:01

ᠵᠣᠬᠢᠶᠠᠭ᠍ᠴᠢ᠄ ᠰᠢᠨᠬᠤᠸᠠ ᠬᠤᠷᠢᠶᠠ ᠵᠢᠨ ᠰᠤᠷᠪᠤᠯᠵᠢᠯᠠᠭᠴᠢ ᠣᠩᠱᠢᠭ᠍ᠰᠠᠨ ᠣᠳᠠᠭ᠎ᠠ᠄ 3

 — ᠲᠡᠷᠢᠭᠦᠯᠡᠭᠴᠢ ᠰᠢ ᠵᠢᠨ ᠫᠢᠩ ᠎ᠤᠨ  2026 ᠣᠨ ᠤ ᠠᠽᠢᠢ᠎ᠠ  ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶ᠋ᠢᠭᠤᠯᠤᠯᠲᠠ ᠶᠢᠨ ᠦᠢᠯᠡᠳᠪᠦᠷᠢ ᠬᠤᠳᠠᠯᠳᠤᠭᠠᠨ  ᠤ ᠤᠳᠤᠷᠢᠳᠬᠤ ᠬᠥᠮᠦᠰ ᠎ᠤᠨ  ᠲᠦᠷᠦᠭᠦᠴᠦᠳ ᠎ᠤᠨ  ᠬᠤᠷᠠᠯ ᠳᠡᠭᠡᠷᠡᠬᠢ ᠭᠣᠣᠯ ᠵᠤᠷᠢᠯᠳᠠᠳᠤ ᠶᠠᠷᠢᠶ᠎ᠠ  ᠢᠯᠡᠳᠬᠡᠯ ᠨᠢ ᠢᠲᠡᠭᠡᠯ ᠵᠣᠷᠢᠭ ᠢ ᠨᠢᠭᠲᠠᠷᠠᠭᠤᠯᠤᠨ ᠴᠢᠷᠮᠠᠢᠬᠤ ᠴᠢᠭᠯᠡᠯ ᠢ ᠵᠢᠭᠠᠵᠤ ᠥᠭᠪᠡ 


11 ᠰᠠᠷ᠎ᠠ᠎ᠶᠢᠨ 18 ᠎ᠤ᠋ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ 2026 ᠣᠨ᠎ᠤ ᠠ᠋ᠠᠽᠢᠶ᠎ᠡ ᠲᠢᠪ ᠨᠣᠮᠣᠬᠠᠨ ᠳᠠᠯᠠᠶ᠎ᠶᠢᠨ ᠤᠷᠤᠨ᠎ᠤ ᠠᠵᠤ ᠠᠬᠤᠢ ᠵᠢᠠ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ (APEC)ᠵᠢᠨ ᠦᠢᠯᠡᠳᠪᠦᠷᠢ ᠬᠤᠳᠠᠯᠳᠤᠭᠠᠨ ᠎ᠤ ᠡᠣᠳᠣᠷᠢᠣᠠᠬᠤ ᠬᠥᠮᠦᠰ᠎ᠦᠨ ᠲᠦᠷᠦᠭᠦᠴᠦᠳ᠎ᠤᠨ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠭᠣᠣᠯ ᠵᠣᠷᠢᠯᠲᠠᠲᠤ ᠶᠠᠷᠢᠶ᠎ᠠ ᠢᠯᠡᠳᠭᠡᠯ ᠬᠢᠵᠦ᠂ ᠴᠠᠭ ᠦᠶ᠎ᠡ᠎ᠶᠢᠨ ᠰᠡᠳᠦᠪ᠎ᠲᠦ᠍ ᠰᠢᠭᠤᠳ ᠬᠠᠨᠳᠤᠨ᠂ ᠠ᠋ᠠᠽᠢᠶ᠎ᠡ ᠲᠢᠪ ᠨᠣᠮᠣᠬᠠᠨ ᠳᠠᠯᠠᠶ᠎ᠶᠢᠨ ᠡᠣᠷᠣᠠ᠎ᠤ ᠬᠠᠮᠲᠤ᠎ᠶᠢᠨ ᠬᠥᠭᠵᠢᠯ ᠴᠡᠴᠡᠭᠯᠡᠯ᠎ᠢ ᠠᠬᠢᠭᠤᠯᠬᠤ ᠴᠢᠷᠮᠠᠶ᠋ᠢᠬᠤ ᠴᠢᠭᠯᠡᠯ᠎ᠢ ᠲᠣᠳᠣᠷᠬᠠᠶ ᠵᠢᠭᠠᠵᠤ᠂ ᠳᠤᠮᠳᠠᠳᠤ ᠤᠯᠤᠰ᠎ᠤᠨ ᠪᠦᠬᠦ᠌ ᠪᠥᠮᠪᠥᠷᠴᠡᠭ᠎ᠲᠦ᠍ ᠠᠪᠴᠢᠷᠠᠭᠰᠠᠨ ᠬᠥᠭᠵᠢᠯᠲᠡ᠎ᠶᠢᠨ ᠠᠵᠠ ᠲᠣᠬᠢᠶᠠᠯ᠎ᠢ ᠲᠣᠳᠣᠷᠬᠠᠶ᠋ᠢᠯᠠᠨ ᠥᠭᠦᠯᠡᠵᠦ᠍᠂ ᠬᠤᠷᠠᠯ᠎ᠳᠤ ᠣᠷᠣᠯᠴᠠᠭᠰᠠᠨ ᠳᠤᠮᠳᠠᠳᠤ ᠭᠠᠳᠠᠭᠠᠳᠤ᠎ᠶᠢᠨ ᠬᠦᠨᠳᠦᠲᠤ ᠵᠤᠴᠢᠳ ᠲᠤ᠌ ᠨᠡᠢᠳᠡᠮ ᠮᠡᠳᠡᠷᠡᠭᠳᠡᠵᠦ᠂ ᠬᠠᠯᠠᠭᠤᠨ ᠲᠤᠰᠬᠠᠯ ᠭᠠᠷᠴᠠᠢ᠃

ᠤᠯᠠᠨ᠎ᠢᠶᠠᠷ᠎ᠢᠶᠠᠨ᠂ ᠲᠡᠷᠢᠭᠦᠯᠡᠭᠴᠢ ᠰᠢ ᠵᠢᠨ ᠫᠢᠩ᠎ᠦᠨ ᠭᠣᠣᠯ ᠵᠤᠷᠢᠯᠳᠠᠳᠤ ᠶᠠᠷᠢᠶ᠎ᠠ ᠢᠯᠡᠳᠬᠡᠯ ᠨᠢ ᠳᠡᠯᠡᠬᠡᠢ᠎ᠶᠢᠨ ᠠᠰᠠᠭᠤᠯᠲᠠ᠂ ᠲᠡᠦᠬᠡ᠎ᠶᠢᠨ ᠠᠰᠠᠭᠤᠯᠲᠠ᠂ ᠴᠠᠭ ᠦᠶ᠎ᠡ᠎ᠶᠢᠨ ᠠᠰᠠᠭᠤᠯᠲᠠ᠎ᠳᠤ ᠬᠠᠷᠢᠭᠤᠯᠲᠠ ᠥᠭᠴᠦ᠍᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠦᠨ ᠬᠠᠮᠲᠤᠷᠠᠯᠴᠠᠵᠦ᠍ ᠬᠠᠮᠲᠤ᠎ᠪᠠᠷ ᠠᠰᠢᠭ ᠬᠦᠷᠳᠡᠬᠦ᠌᠎ᠶᠢ ᠠᠬᠢᠭᠤᠯᠬᠤ ᠢᠲᠡᠭᠡᠯ ᠵᠣᠷᠢᠭ᠎ᠢ ᠤᠯᠠᠮ ᠨᠢᠭᠡ ᠠᠯᠬᠤᠮ ᠪᠠᠲᠤᠳᠬᠠᠵᠤ᠂ ᠦᠷᠭᠦᠯᠵᠢᠯᠡᠨ ᠵᠠᠮ ᠨᠡᠭᠡᠭᠡᠨ ᠤᠷᠤᠭᠰᠢᠯᠠᠵᠤ᠂ ᠭᠠᠷ ᠬᠣᠯᠪᠣᠯᠴᠠᠨ ᠬᠠᠮᠲᠤ᠎ᠪᠠᠷ ᠤᠷᠤᠭᠰᠢᠯᠠᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤᠷᠠᠯᠴᠠᠭ᠎ᠠ ᠵᠢᠨ ᠨᠡᠩ ᠤᠯᠠᠨ ᠦᠷ᠎ᠡ ᠪᠦᠲᠦᠭᠡᠯ ᠤᠯᠬᠤ᠎ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠲᠠᠯᠠᠢ ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ ᠎ᠤ ᠭᠡᠭᠡᠨ ᠰᠠᠷᠠᠭᠤᠯ ᠢᠷᠡᠭᠡᠳᠦᠢ᠎ᠶᠢ ᠬᠠᠮᠲᠤ᠎ᠪᠠᠷ ᠴᠣᠭᠴᠠᠯᠠᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠪᠤᠯᠤᠨ᠎ᠠ ᠭᠡᠵᠦ᠍ ᠦᠵᠡᠵᠡᠭᠡᠪᠡ᠃

ᠠᠮᠧᠷᠢᠺᠠ᠎ᠶᠢᠨ ᠺᠣᠯᠣᠮᠪᠢᠶ᠎ᠠ ᠶᠡᠬᠡ ᠰᠤᠷᠭᠠᠭᠤᠯᠢ᠎ᠶᠢᠨ ᠫᠷᠤᠹᠸᠰᠰᠤᠷ ᠵᠢᠶ᠍ᠸᠹᠯᠢ·ᠰᠠᠺᠰ᠄《ᠡᠩᠭᠡ ᠲᠠᠶ᠋ᠢᠪᠤᠩ ᠲᠣᠭᠲᠠᠭᠤᠨ᠎ᠤ ᠶᠡᠬᠡ ᠲᠠᠯ᠎ᠠ ᠪᠠᠶ᠋ᠢᠬᠤ ᠦᠭᠡᠢ ᠪᠣᠯ ᠬᠥᠭᠵᠢᠯ ᠴᠡᠴᠡᠭᠯᠡᠯ᠎ᠢ ᠶᠠᠷᠢᠬᠤ᠎ᠶᠢᠨ ᠠᠷᠭ᠎ᠠ ᠦᠭᠡᠢ ᠶᠤᠮ᠃ ᠵᠥᠷᠢᠯᠳᠦᠭᠡᠨ᠎ᠲᠡᠶ᠂ ᠥᠷᠢᠰᠥᠯᠳᠦᠭᠡᠨ᠎ᠲᠡᠶ ᠪᠠᠶ᠋ᠢᠬᠤ ᠨᠢ ᠬᠡᠪ᠎ᠦᠨ ᠶᠠᠪᠤᠳᠠᠯ ᠪᠤᠯᠤᠨ᠎ᠠ᠂ ᠭᠡᠪᠡᠴᠦ᠍ ᠬᠠᠮᠲᠤ᠎ᠪᠠᠷ ᠶᠠᠷᠢᠯᠴᠠᠵᠤ ᠵᠥᠪᠳᠡᠯᠴᠡᠬᠦ᠌᠎ᠪᠡᠷ ᠳᠠᠮᠵᠢᠨ ᠵᠥᠷᠢᠯᠳᠦᠭᠡᠨ᠎ᠢᠶᠡᠨ ᠰᠢ᠌ᠳᠪᠦᠷᠢᠯᠡᠵᠦ᠍᠂ ᠰᠠᠢ᠌ᠨ ᠰᠠᠶ᠋ᠢᠬᠠᠨ ᠥᠷᠢᠰᠥᠯᠳᠦᠭᠡᠨ᠎ᠢᠶᠡᠷ ᠳᠠᠮᠵᠢᠨ ᠪᠦᠲᠦᠮᠵᠢᠲᠡᠢ ᠬᠠᠮᠲᠤᠷᠠᠯᠴᠠᠭ᠎ᠠ᠎ᠶᠢ ᠠᠬᠢᠭᠤᠯᠵᠤ᠂ ᠤᠷᠳᠤ ᠬᠤᠭᠤᠴᠠᠭ᠎ᠠ᠎ᠪᠠᠷ ᠬᠥᠭᠵᠢᠨ ᠴᠡᠴᠡᠭᠯᠡᠬᠦ᠌ ᠦᠨᠳᠦᠰᠦ ᠰᠠᠭᠤᠷᠢ᠎ᠶᠢ ᠪᠠᠲᠤᠳᠬᠠᠬᠤ ᠬᠡᠷᠡᠭᠲᠡᠢ》 ᠭᠡᠵᠡᠢ᠃

ᠬᠤᠷᠠᠯ᠎ᠳᠤ ᠣᠷᠣᠯᠴᠠᠭᠰᠠᠨ ᠢᠰᠫᠠᠨᠢ᠎ᠶᠢᠨ ᠠᠨ ᠰᠢᠶᠦ᠋ᠨ ᠨᠸᠩ ᠡᠨᠧᠷᠭᠢ᠎ᠶᠢᠨ ᠺᠣᠮᠫᠠᠨᠢ᠎ᠶᠢᠨ ᠵᠡᠭᠦᠨ ᠡᠮᠦᠨᠡᠲᠦ᠍ ᠠᠽᠢᠶ᠎ᠠ᠎ᠶᠢᠨ ᠣᠷᠣᠨ᠎ᠤ ᠶᠡᠷᠦᠩᠬᠡᠢ ᠳᠠᠭᠠᠭᠠᠮᠠᠯ ᠢᠭ᠌ᠸᠨᠠᠰᠢᠤ᠋·ᠳ᠋ᠤᠮᠸᠢ᠌ᠺ᠂ ᠳᠤᠮᠳᠠᠳᠤ ᠤᠯᠤᠰ ᠲᠤ᠌ ᠪᠦᠬᠦ᠌ ᠪᠥᠮᠪᠥᠷᠴᠡᠭ᠎ᠦᠨ ᠲᠡᠷᠢᠭᠦᠨ᠎ᠦ ᠰᠢᠨ᠎ᠡ᠎ᠶᠢ ᠡᠭᠦᠳᠬᠦ᠌ ᠮᠡᠷᠭᠡᠵᠢᠯ ᠪᠠ ᠪᠦᠷᠢᠨ ᠲᠦᠬᠦᠷ ᠬᠠᠩᠭᠠᠯᠭ᠎ᠠ᠎ᠶᠢᠨ ᠬᠡᠯᠬᠢᠶ᠎ᠡ᠎ᠲᠡᠶ ᠶᠤᠮ᠂ ᠮᠠᠰᠢ ᠤᠯᠠᠨ ᠤᠯᠤᠰ ᠠᠯᠤᠰᠯᠠᠭᠰᠠᠨ ᠠᠵᠤ ᠠᠬᠤᠶ᠋ᠢᠯᠠᠯ ᠳᠤᠮᠳᠠᠳᠤ ᠤᠯᠤᠰ᠎ᠤᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ ᠎ᠳᠦ ᠭᠦᠨᠵᠡᠭᠡᠢ ᠠᠭᠤᠰᠤᠯᠴᠠᠭᠰᠠᠨ ᠪᠠᠢᠨ᠎ᠠ᠂ ᠪᠢᠳᠡ ᠳᠤᠮᠳᠠᠳᠤ ᠤᠯᠤᠰ᠎ᠤᠨ ᠬᠠᠨᠢᠲᠠᠨ ᠠᠵᠤ ᠠᠬᠤᠶ᠋ᠢᠯᠠᠯ᠎ᠯᠤᠭ᠎ᠠ᠎ᠶᠢᠨ ᠬᠠᠷᠢᠯᠴᠠᠭ᠎ᠠ᠎ᠪᠠᠨ ᠲᠠᠰᠤᠷᠠᠯᠳᠠ ᠦᠭᠡᠢ ᠭᠦᠨᠵᠡᠭᠡᠶ᠋ᠢᠷᠡᠭᠦᠯᠵᠦ᠍᠂ ᠦᠷᠢᠰᠦᠯᠳᠦᠬᠦ᠌ ᠬᠦᠴᠦᠨ᠎ᠢᠶᠡᠨ ᠬᠠᠮᠲᠤ᠎ᠪᠠᠷ ᠳᠡᠭᠡᠭᠰᠢᠯᠡᠭᠦᠯᠦᠨ᠎ᠡ ᠭᠡᠵᠦ᠍ ᠢᠯᠡᠳᠬᠡᠪᠡ᠃

ᠰᠢᠶᠤᠤ ᠮᠢ ᠪᠦᠯᠦᠭᠯᠡᠯ᠎ᠦᠨ ᠡᠭᠦᠰᠭᠡᠨ ᠪᠠᠶ᠋ᠢᠭᠤᠯᠤᠭᠴᠢ ᠯᠸᠢ ᠵᠢᠶᠦ᠋ᠨ᠄ 《ᠲᠡᠷᠢᠭᠦᠯᠡᠭᠴᠢ ᠰᠢ ᠵᠢᠨ ᠫᠢᠩ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤ᠎ᠶᠢᠨ ᠬᠥᠭᠵᠢᠯ ᠴᠡᠴᠡᠭᠯᠡᠯ᠎ᠢ ᠠᠬᠢᠭᠤᠯᠵᠤ᠂ ᠰᠢᠨ᠎ᠡ᠎ᠶᠢ ᠡᠭᠦᠳᠬᠦ᠌ ᠨᠡᠮᠡᠭᠳᠡᠯ᠎ᠦᠨ ᠬᠥᠳᠡᠯᠭᠡᠬᠦ᠌ ᠬᠦᠴᠦᠨ᠎ᠢ ᠬᠥᠭᠵᠢᠭᠡᠬᠦ᠌ ᠬᠡᠷᠡᠭᠲᠡᠢ ᠭᠡᠵᠦ᠍ ᠴᠢᠬᠤᠯᠠᠴᠢᠯᠠᠪᠠ᠃ ᠡᠨᠡ ᠨᠢ ᠪᠢᠳᠡᠨ᠎ᠢ ᠮᠠᠰᠢ ᠵᠣᠷᠢᠭᠵᠢᠭᠤᠯᠪᠠ᠃ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠤ ᠠᠬᠤᠶ᠋ᠢᠯᠠᠯ ᠪᠣᠯᠤᠭᠰᠠᠨ᠎ᠤ ᠬᠤᠪᠢ᠎ᠳᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠦᠨ ᠬᠢᠨ ᠣᠶᠤᠨᠳᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠬᠦᠴᠦ᠎ᠪᠡᠨ ᠬᠠᠮᠲᠤᠳᠬᠠᠨ ᠬᠥᠭᠵᠢᠭᠦᠯᠵᠦ᠍᠂ ᠴᠡᠴᠡᠭᠯᠡᠨ ᠬᠥᠭᠵᠢᠭᠰᠡᠨ ᠣᠶᠤᠨᠳᠤ ᠠᠮᠢ ᠠᠬᠤᠢ᠎ᠶᠢ ᠬᠠᠮᠲᠤ᠎ᠪᠠᠷ ᠪᠠᠶ᠋ᠢᠭᠤᠯᠵᠤ᠂ ᠬᠡᠷᠡᠭᠯᠡᠭᠴᠢᠳ᠎ᠲᠦ᠍ ᠨᠡᠩ ᠰᠠᠢᠳᠤᠷ ᠦᠢᠯᠡᠴᠢᠯᠡᠵᠦ᠍᠂ ᠬᠡᠷᠡᠭᠯᠡᠭᠴᠢᠳ᠎ᠲᠦ᠍ ᠨᠢᠭᠡᠳᠦᠯᠲᠡᠢ᠂ ᠳᠥᠭᠥᠮ ᠲᠦᠷᠬᠡᠨ᠎ᠪᠡᠶᠡᠴᠢ ᠣᠶ᠋ᠢᠯᠠᠭᠠᠯᠲᠠ ᠪᠠ ᠦᠢᠯᠡᠴᠢᠯᠡᠭᠡ ᠬᠠᠩᠭᠠᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠬᠥᠭᠵᠢᠯ ᠴᠡᠴᠡᠭᠯᠡᠯ᠎ᠢ ᠭᠠᠷ ᠬᠣᠯᠪᠣᠯᠴᠠᠨ ᠠᠬᠢᠭᠤᠯᠬᠤ᠎ᠶᠢ ᠪᠢᠳᠡ ᠬᠦᠰᠡᠵᠦ᠍ ᠪᠠᠶ᠋ᠢᠨ᠎ᠠ》ᠭᠡᠵᠡᠢ᠃

《ᠬᠠᠮᠲᠤᠷᠠᠯᠴᠠᠭ᠎ᠠ᠎ᠶᠢ ᠠᠬᠢᠭᠤᠯᠬᠤ᠎ᠳᠤ ᠪᠦᠷᠢᠮᠦᠰᠦᠨ ᠨᠢᠭᠡᠲᠦᠯᠲᠡᠢ ᠨᠢᠬᠡᠡ ᠯᠡ ᠠᠳᠠᠯᠢ ᠪᠠᠶ᠋ᠢᠵᠤ ᠪᠣᠯᠬᠤ ᠦᠭᠡᠢ》᠂《ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠪᠠᠷᠢᠮᠲᠠᠯᠠᠬᠤ ᠬᠡᠷᠡᠭᠲᠡᠢ》᠂ 《ᠬᠥᠭᠵᠢᠯᠲᠡ᠎ᠶᠢᠨ ᠦᠷ᠎ᠡ ᠪᠦᠲᠦᠭᠡᠯ᠎ᠢ ᠡᠯ᠎ᠡ ᠠᠵᠤ ᠠᠬᠤᠢ᠎ᠶᠢᠨ ᠴᠣᠭᠴᠠ ᠪᠣᠯᠤᠨ ᠠᠳᠠᠯᠢ ᠪᠤᠰᠤ ᠳᠠᠪᠬᠤᠷᠭ᠎ᠠ ᠵᠢᠴᠢ ᠤᠯᠠᠨ ᠲᠦᠮᠡᠨ᠎ᠳᠦ ᠬᠦᠷᠲᠡᠭᠡᠬᠦ᠌ ᠬᠡᠷᠡᠭᠲᠡᠢ》 ᠁ ᠲᠡᠷᠢᠭᠦᠯᠡᠭᠴᠢ ᠰᠢ ᠵᠢᠨ ᠫᠢᠩ᠎ᠦᠨ ᠭᠦᠨᠵᠡᠭᠡᠢ ᠪᠥᠭᠡᠳ ᠡᠷᠡᠰ ᠪᠠᠲᠤ᠌ ᠲᠤᠳᠤᠷᠬᠠᠢᠯᠠᠨ ᠥᠭᠦᠯᠡᠯᠲᠡ ᠨᠢ ᠡᠯ᠎ᠡ ᠲᠠᠯ᠎ᠠ᠎ᠶᠢᠨ ᠵᠣᠴᠢᠳ᠎ᠲᠤ᠌ ᠬᠠᠯᠠᠭᠤᠨ ᠳᠤᠯᠠᠭᠠᠬᠠᠨ ᠰᠠᠨᠠᠭᠳᠠᠭᠤᠯᠪᠠ᠃ ᠴᠢᠯᠢ᠎ᠶᠢᠨ ᠠᠵᠤ ᠦᠢᠯᠡᠳᠪᠦᠷᠢ᠎ᠶᠢ ᠠᠬᠢᠭᠤᠯᠬᠤ ᠨᠡᠶ᠋ᠢᠭᠡᠮᠯᠢᠭ᠎ᠦᠨ ᠨᠠᠷᠢᠨ ᠪᠢᠴᠢᠭ᠎ᠦᠨ ᠳᠠᠷᠤᠭ᠎ᠠ ᠯᠦᠸᠸᠳ᠋ᠸᠯᠢᠭ᠌ᠸ·ᠶᠠᠨ᠋ᠸᠰ᠂ ᠤᠢ᠌ᠷ᠎ᠠ᠎ᠶᠢᠨ ᠵᠢᠯ᠎ᠡᠴᠡ᠂《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠭᠡᠨ ᠪᠠᠶ᠋ᠢᠭᠤᠯᠬᠤ᠎ᠳᠤ ᠭᠦᠨᠵᠡᠭᠡᠢ ᠣᠷᠣᠯᠴᠠᠬᠤ᠎ᠪᠠᠷ ᠲᠠᠮᠵᠢᠨ ᠴᠢᠯᠢ ᠵᠢᠨ ᠬᠢᠨ ᠳᠤᠮᠳᠠᠳᠤ ᠤᠯᠤᠰ᠎ᠤᠨ ᠬᠥᠭᠵᠢᠯᠲᠡ᠎ᠶᠢᠨ ᠠᠵᠠ ᠲᠣᠬᠢᠶᠠᠯ᠎ᠢ ᠦᠷᠭᠦᠯᠵᠢᠯᠡᠨ ᠬᠤᠪᠢᠶᠠᠯᠴᠠᠵᠤ᠂ ᠴᠢᠯᠢ᠎ᠶᠢᠨ ᠡᠭᠡᠯ ᠠᠷᠠᠳ᠎ᠤᠨ ᠠᠮᠢᠳᠤᠷᠠᠯ ᠴᠤ᠌ ᠲᠠᠰᠤᠷᠠᠯᠳᠠ ᠦᠭᠡᠢ ᠰᠠᠶ᠋ᠢᠵᠢᠷᠠᠪᠠ ᠭᠡᠵᠡᠢ᠃

ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠂ ᠨᠢᠦ᠋ ᠶᠣᠷᠺ᠎ᠤᠨ ᠪᠤᠯᠤᠩ᠎ᠤᠨ ᠣᠷᠣᠨ᠂ ᠰᠠᠨ ᠹᠷᠠᠨᠰᠢᠰᠺᠤ ᠵᠢᠨ ᠪᠤᠯᠤᠩ᠎ᠤᠨ ᠣᠷᠣᠨ᠂ ᠲᠤᠤᠺᠢᠣ᠋ ᠵᠢᠨ ᠪᠤᠯᠤᠩ ᠎ᠤᠨ ᠣᠷᠣᠨ ᠁ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠳᠤ ᠳᠡᠯᠡᠬᠡᠢ ᠳᠡᠭᠡᠷᠡᠬᠢ ᠬᠠᠮᠤᠭ ᠎ᠤᠨ ᠴᠢᠬᠤᠯᠠ ᠪᠤᠯᠤᠩ᠎ᠤᠨ ᠣᠷᠣᠨ᠎ᠲᠦᠪᠯᠡᠷᠡᠭᠰᠡᠨ ᠪᠠᠢᠨ᠎ᠠ᠃ ᠲᠡᠷᠢᠭᠦᠯᠡᠭᠴᠢ ᠰᠢ ᠵᠢᠨ ᠫᠢᠩ᠂ ᠪᠤᠯᠤᠩ ᠎ᠤᠨ ᠣᠷᠣᠨ᠎ᠤ ᠠᠵᠤ ᠠᠬᠤᠢ ᠨᠢ ᠢᠯᠡ ᠲᠣᠳᠣ ᠨᠡᠭᠡᠭᠡᠯᠲᠡᠲᠦ᠍ ᠴᠢᠨᠠᠷ᠂ ᠬᠠᠮᠵᠢᠯᠴᠠᠬᠤ ᠴᠢᠨᠠᠷ᠂ ᠭᠠᠳᠠᠭᠰᠢ ᠨᠦᠯᠦᠭᠡᠯᠡᠬᠦ ᠴᠢᠨᠠᠷ᠎ᠲᠠᠶ ᠶᠤᠮ ᠭᠡᠵᠦ ᠭᠦᠨᠵᠡᠭᠡᠢ ᠵᠢᠭᠠᠵᠤ ᠭᠠᠷᠭᠠᠪᠠ᠃

ᠭᠤᠸᠠᠩᠳᠦ᠋ᠩ ᠰᠢᠶᠠᠩᠭᠠᠩ ᠣᠣᠮᠧᠨ ᠎ᠦ ᠲᠣᠮᠣ ᠪᠤᠯᠤᠩ᠎ᠤᠨ ᠣᠷᠣᠨ᠎ᠤ ᠠᠵᠤ ᠦᠢᠯᠡᠰ᠎ᠦᠨ ᠬᠥᠭᠵᠢᠯᠲᠡ᠎ᠶᠢ ᠣᠷᠳᠣ ᠬᠤᠭᠤᠴᠠᠭ᠎ᠠ ᠎ᠪᠠᠷ ᠠᠩᠬᠠᠷᠴᠤ᠌ ᠢᠷᠡᠭᠰᠡᠨ ᠱᠧᠨᠵᠧᠨ ᠶᠡᠬᠡ ᠰᠤᠷᠭᠠᠭᠤᠯᠢ᠎ᠶᠢᠨ APEC ᠰᠤᠳᠤᠯᠭᠠᠨ᠎ᠤ ᠬᠦᠷᠢᠶᠡᠯᠡᠩ ᠎ᠦᠨ ᠳᠠᠷᠤᠭ᠎ᠠ ᠬᠥᠩ ᠰᠢᠶᠤᠤ ᠹᠸᠩ᠂ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ ᠎ᠤ ᠲᠡᠷᠢᠭᠦᠨ᠎ᠦ ᠦᠢᠯᠡᠳᠬᠦ᠌ ᠦᠢᠯᠡᠰ᠎ᠦᠨ ᠰᠠᠭᠤᠷᠢ ᠭᠦᠨ ᠵᠤᠵᠠᠭᠠᠨ ᠪᠠᠶ᠋ᠢᠵᠤ᠂ ᠨᠢᠭᠡᠨᠲᠡ ᠡᠯᠧᠺᠲ᠋ᠷᠣᠨ ᠮᠡᠳᠡᠭᠡ ᠵᠠᠩᠭᠢ ᠵᠡᠷᠭᠡ ᠲᠦᠮᠡᠨ ᠳ᠋ᠦᠩᠰᠢᠭᠤᠷ ᠲᠠᠰ᠎ᠤᠨ ᠮᠠᠰᠢ ᠤᠯᠠᠨ ᠠᠵᠤ ᠦᠢᠯᠡᠰ ᠎ᠦᠨ  ᠪᠦᠯᠦᠭᠵᠢᠯ ᠎ᠢ ᠪᠣᠶ ᠪᠣᠯᠭᠠᠵᠤ᠂ ᠠᠵᠤ ᠦᠢᠯᠡᠰ ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠪᠦᠷᠢᠨ ᠲᠡᠭᠦᠯᠳᠡᠷ ᠴᠢᠨᠠᠷ᠂ ᠲᠣᠭᠲᠠᠪᠤᠷᠢᠲᠤ᠌ ᠴᠢᠨᠠᠷ᠂ ᠲᠡᠷᠢᠭᠦᠨ ᠎ᠦ ᠴᠢᠨᠠᠷ ᠨᠢ ᠲᠣᠪᠣᠶ᠋ᠢᠮ᠎ᠠ ᠪᠠᠶ᠋ᠢᠨ᠎ᠠ᠃ ᠲᠡᠷᠢᠭᠦᠯᠡᠭᠴᠢ ᠰᠢ ᠵᠢᠨ ᠫᠢᠩ᠎ᠦᠨ ᠭᠣᠣᠯ ᠵᠤᠷᠢᠯᠳᠠᠳᠤ ᠶᠠᠷᠢᠶ᠎ᠠ ᠢᠯᠡᠳᠬᠡᠯ ᠨᠢ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠲᠠᠷᠠᠭᠠᠴᠢ᠎ᠶᠢᠨ ᠠᠯᠬᠤᠮ᠎ᠤᠨ ᠬᠥᠭᠵᠢᠯᠲᠡ᠎ᠳᠦ ᠦᠨᠳᠦᠰᠦᠨ ᠵᠢᠷᠤᠮᠯᠠᠯ ᠬᠠᠩᠭᠠᠪᠠ ᠭᠡᠵᠦ ᠢᠯᠡᠳᠭᠡᠪᠡ᠃

ᠠᠮᠧᠷᠢᠺᠠ ᠳᠤᠮᠳᠠᠳᠤ᠎ᠶᠢᠨ ᠠᠷᠠᠯᠵᠢᠶᠠᠨ᠎ᠤ ᠪᠦᠬᠦ᠌ ᠤᠯᠤᠰ᠎ᠤᠨ ᠵᠦᠪᠯᠡᠯ᠎ᠤᠨ ᠳᠠᠷᠤᠭ᠎ᠠ ᠲᠠᠨ ᠰᠸᠨ᠄《ᠪᠢᠳᠡ ᠳᠤᠮᠳᠠᠳᠤ ᠤᠯᠤᠰ᠎ᠤᠨ ᠠᠵᠤ ᠠᠬᠤᠢ᠎ᠶᠢᠨ ᠢᠷᠡᠭᠡᠳᠦᠢ᠎ᠳᠦ ᠢᠲᠡᠭᠡᠯ ᠳᠦᠭᠦᠷᠡᠩ ᠪᠠᠶ᠋ᠢᠨ᠎ᠠ᠃ ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ᠂ ᠠᠮᠧᠷᠢᠺᠠ᠎ᠶᠢᠨ ᠳᠤᠮᠳᠠᠳᠤ ᠤᠯᠤᠰ᠎ᠲᠠᠬᠢ ᠪᠠᠯᠠ ᠣᠷᠣᠭᠤᠯᠤᠯᠲᠠ ᠨᠢ ᠨᠢᠳᠤᠨᠤᠨ᠎ᠤ ᠠᠳᠠᠯᠢ ᠬᠤᠭᠤᠴᠠᠭᠠᠨ ᠎ᠤ᠎ᠬᠢ᠎ᠡᠴᠡ 7.7% ᠎ᠪᠠᠷ ᠨᠡᠮᠡᠭᠳᠡᠪᠡ᠂ ᠡᠨᠡ᠎ᠨᠢ ᠰᠠᠶᠢ ᠵᠢᠩᠬᠢᠨᠢ ᠳᠣᠬᠢᠶ᠎ᠠ ᠪᠣᠯᠤᠨ᠎ᠠ᠃ ᠠᠵᠤ ᠠᠬᠤᠶ᠋ᠢᠯᠠᠯ ᠪᠣᠳᠠᠲᠤ᠌ ᠠᠵᠢᠯᠯᠠᠭ᠎ᠠ᠎ᠪᠠᠷ᠎ᠢᠶᠠᠨ ᠢᠷᠡᠭᠡᠳᠦᠶ᠎ᠶᠢᠨ ᠲᠤᠬᠠᠶ ᠢᠲᠡᠭᠡᠯ ᠵᠣᠷᠢᠭ᠎ᠢᠶᠠᠨ ᠢᠯᠡᠳᠬᠡᠪᠡ᠄ ᠲᠠᠳᠠ ᠶᠠᠭ ᠪᠠᠯᠠ ᠣᠷᠣᠭᠤᠯᠵᠤ᠂ ᠲᠤᠬᠠᠶ᠋ᠢᠯᠠᠭᠰᠠᠨ ᠠᠵᠢᠯ᠎ᠢᠶᠠᠨ ᠥᠷᠭᠡᠳᠬᠡᠵᠦ᠍᠂ ᠲᠠᠰᠤᠷᠠᠯᠲᠠ ᠥᠬᠡᠶ ᠬᠥᠭᠵᠢᠵᠦ᠍ ᠪᠠᠶ᠋ᠢᠨ᠎ᠠ》 ᠭᠡᠵᠡᠢ᠃

ᠳᠤᠮᠳᠠᠳᠤ ᠤᠯᠤᠰ᠎ᠤᠨ ᠤᠯᠠᠨ ᠤᠯᠤᠰ᠎ᠤᠨ ᠠᠷᠠᠯᠵᠢᠶ᠎ᠠ᠎ᠶᠢ ᠠᠬᠢᠭᠤᠯᠬᠤ ᠵᠦᠪᠯᠡᠯ᠎ᠦᠨ ᠳᠠᠷᠤᠭ᠎ᠠ᠂ 2026 ᠣᠨ᠎ᠤ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠦᠢᠯᠡᠳᠪᠦᠷᠢ ᠬᠤᠳᠠᠯᠳᠤᠭᠠᠨ ᠎ᠤ ᠤᠳᠤᠷᠢᠳᠬᠤ ᠬᠥᠮᠥᠰ᠎ᠦᠨ ᠲᠦᠷᠦᠭᠦᠴᠦᠳ᠎ᠦᠨ ᠬᠤᠷᠠᠯ᠎ᠤᠨ ᠲᠡᠷᠢᠭᠦᠯᠡᠭᠴᠢ ᠷᠧᠨ ᠬᠣᠩ ᠪᠢᠨ᠂ ᠡᠨᠡ ᠤᠳᠠᠭ᠎ᠠ ᠣᠯᠠᠨ᠎ᠢᠶᠠᠷ᠎ᠢᠶᠠᠨ ᠱᠧᠨᠵᠧᠨ᠎ᠳᠦ ᠢᠷᠡᠵᠦ ᠡᠨᠡ ᠤᠳᠠᠭᠠᠨ᠎ᠤ ᠦᠪᠡᠳᠡᠭᠰᠢ ᠬᠤᠷᠠᠯ᠎ᠳᠤ ᠣᠷᠤᠯᠴᠠᠬᠤ᠎ᠳᠠᠭᠠᠨ ᠴᠥᠮ 《〈ᠳᠤᠮᠳᠠᠳᠤ ᠤᠯᠤᠰ᠎ᠲᠠᠢ ᠬᠠᠮᠲᠤ ᠤᠷᠤᠭᠰᠢᠯᠠᠪᠠᠯ ᠳᠠᠷᠤᠢ ᠠᠵᠠ ᠲᠣᠭᠢᠶᠠᠯ᠎ᠲᠠᠢ ᠬᠠᠮᠲᠤ ᠤᠷᠤᠭᠰᠢᠯᠠᠭ᠎ᠠ ᠶᠠᠪᠤᠳᠠᠯ ᠪᠤᠯᠤᠨ᠎ᠠ〉 ᠬᠡᠳᠡᠭ᠎ᠢ ᠬᠦᠨᠵᠡᠬᠡᠢ ᠮᠡᠳᠡᠷᠡᠪᠡ᠂ ᠳᠤᠮᠳᠠᠳᠤ ᠤᠯᠤᠰ ᠢ᠋ ᠢᠲᠡᠭᠡᠵᠦ ᠪᠠᠢᠭ᠎ᠠ ᠨᠢ ᠳᠠᠷᠤᠢ ᠮᠠᠷᠭᠠᠰᠢ ᠶ᠋ᠢ ᠢᠲᠡᠭᠡᠵᠦ ᠪᠠᠢᠭ᠎ᠠ ᠶᠠᠪᠤᠳᠠᠯ ᠮᠥᠨ》  ᠭᠡᠵᠦ ᠢᠯᠡᠳᠬᠡᠪᠡ᠃

ᠺᠠᠨᠠᠳᠠ ᠳᠤᠮᠳᠠᠳᠤ᠎ᠶᠢᠨ ᠠᠷᠠᠯᠵᠢᠶᠠᠨ᠎ᠤ ᠬᠡᠷᠡᠭ ᠡᠷᠭᠢᠯᠡᠭᠴᠢᠳ᠎ᠦᠨ ᠬᠤᠷᠠᠯ᠎ᠤᠨ ᠭᠦᠢᠴᠡᠳᠭᠡᠭᠴᠢ ᠬᠡᠷᠡᠭ ᠮᠡᠳᠡᠭᠴᠢ ᠪᠥᠭᠡᠳ ᠡᠵᠡᠩᠨᠡᠯᠲᠡ᠎ᠶᠢᠨ ᠲᠡᠷᠢᠭᠦᠨ ᠲᠤᠰᠢᠶᠠᠯᠲᠠᠨ ᠠᠨ ᠪᠢ ᠵᠢᠶᠠᠩ᠂ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠶ ᠶ᠋ᠢᠨ ᠣᠷᠣᠨ᠎ᠤ ᠰᠢᠨ᠎ᠡ ᠶ᠋ᠢ ᠡᠭᠦᠳᠬᠦ ᠪᠠ ᠬᠥᠭᠵᠢᠬᠦ᠎ᠳᠦ ᠵᠠᠩᠭᠢᠯᠠᠭ᠎ᠠ ᠶ᠋ᠢᠨ ᠦᠢᠯᠡᠳᠦᠯ ᠦᠵᠡᠭᠦᠯᠵᠦ ᠪᠤᠢ᠂ ᠢᠯᠠᠩᠭᠤᠶ᠎ᠠ ᠦᠷᠭᠦᠯᠵᠢᠯᠡᠬᠦ ᠬᠥᠭᠵᠢᠯᠲᠡ᠂ ᠪᠣᠬᠢᠷᠳᠤᠯ ᠦᠭᠡᠢ ᠲᠡᠢᠰᠢ ᠭᠡᠯᠪᠡᠷᠢ ᠪᠡᠨ ᠬᠤᠪᠢᠷᠠᠭᠤᠯᠬᠤ᠂ ᠴᠡᠪᠡᠷ ᠡᠨᠧᠷᠭᠢ ᠵᠡᠷᠭᠡ ᠬᠦᠷᠢᠶᠡᠨ᠎ᠳᠦ ᠬᠠᠮᠲᠤᠷᠠᠯᠴᠠᠭᠠᠨ᠎ᠤ ᠯᠤᠲᠤ ᠶᠡᠬᠡ ᠠᠵᠠ ᠲᠣᠭᠢᠶᠠᠯ ᠠᠭᠤᠯᠤᠬᠳᠠᠵᠤ ᠪᠠᠢᠭ᠎ᠠ ᠪᠥᠭᠡᠳ ᠡᠳᠡᠭᠡᠷ ᠠᠵᠠ ᠲᠣᠭᠢᠶᠠᠯ ᠨᠢ ᠠᠽᠢᠶ᠎ᠠ ᠲᠢᠪ ᠨᠣᠮᠣᠬᠠᠨ ᠳᠠᠯᠠᠶ ᠶ᠋ᠢᠨ ᠣᠷᠣᠨ᠎ᠤ ᠠᠵᠤ ᠠᠬᠤᠢ ᠶ᠋ᠢᠨ ᠴᠣᠭᠴᠠ ᠶ᠋ᠢᠨ ᠠᠵᠤ ᠠᠬᠤᠢ ᠶ᠋ᠢᠨ ᠬᠥᠭᠵᠢᠯᠲᠡ᠂ ᠮᠡᠷᠭᠡᠵᠢᠯ᠎ᠦᠨ ᠳᠠᠪᠰᠢᠯᠲᠠ᠎ᠳᠤ ᠮᠥᠨ ᠴᠦ᠍ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠦᠵᠡᠪᠡ᠃

ᠪᠤᠲᠠᠳᠤ ᠪᠡᠶᠡᠲᠤ ᠤᠶᠤᠨ ᠴᠢᠳᠠᠪᠤᠷᠢ᠎ᠶᠢᠨ ᠬᠦᠷᠢᠶᠡᠨ᠎ᠳᠠᠬᠢ ᠬᠤᠪᠢᠰᠤᠯᠲᠠ᠎ᠶᠢᠨ ᠮᠠᠰᠢᠨ ᠬᠥᠮᠥᠨ᠎ᠢ ᠡᠭᠦᠳᠦᠭᠴᠢ ᠸᠠᠩ ᠴᠢᠶᠠᠨ᠂ ᠰᠤᠳᠤᠯᠤᠨ ᠨᠡᠭᠡᠭᠡᠬᠦ ᠪᠦᠯᠭᠦᠮ᠎ᠢ ᠳᠠᠭᠠᠭᠤᠯᠤᠨ ᠬᠡᠷᠡᠭᠴᠡᠭᠡ᠎ᠪᠡᠷ ᠰᠤᠳᠤᠯᠭᠠᠨ᠎ᠢ ᠲᠣᠭᠲᠠᠭᠠᠬᠤ᠂ ᠬᠡᠷᠡᠭᠯᠡᠬᠡᠨ᠎ᠢᠶᠡᠷ ᠰᠢᠨ᠎ᠡ᠎ᠶᠢ ᠡᠭᠦᠳᠬᠦ᠎ᠶᠢ ᠠᠬᠢᠭᠤᠯᠬᠤ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠣᠳᠠᠲᠠᠢ᠎ᠶᠢ ᠡᠷᠬᠢᠮᠯᠡᠨ ᠣᠶᠤᠨᠳᠤ ᠮᠡᠷᠭᠡᠵᠢᠯ᠎ᠦᠨ ᠬᠡᠷᠡᠭᠯᠡᠭᠡ᠎ᠶᠢ ᠠᠬᠢᠭᠤᠯᠵᠤ᠂ ᠮᠡᠷᠭᠡᠵᠢᠯ᠎ᠦᠨ ᠦᠷ᠎ᠡ ᠪᠦᠲᠦᠭᠡᠯ᠎ᠦᠨ ᠤᠯᠠᠨ ᠶᠠᠩᠵᠤᠲᠤ ᠴᠢᠨᠠᠷ ᠪᠣᠯᠣᠨ ᠦᠷᠭᠦᠯᠵᠢᠯᠡᠬᠦ ᠴᠢᠨᠠᠷ᠎ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ ᠭᠡᠪᠡ᠃

《ᠪᠣᠭᠣᠮᠲᠠ ᠎ᠶᠢᠨ ᠭᠠᠢᠯᠢ᠎ᠶᠢ ᠪᠠᠭᠤᠷᠠᠭᠤᠯᠬᠤ᠂ ᠣᠷᠣᠬᠤ ᠵᠢ ᠵᠥᠪᠰᠢᠶᠡᠷᠡᠬᠦ ᠬᠡᠪᠴᠢᠶ᠎ᠠ᠎ᠵᠢ ᠥᠷᠭᠡᠳᠬᠡᠬᠦ᠎ᠡᠴᠡ ᠳᠦᠷᠢᠮ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠲᠦᠭᠰᠢᠭᠦᠷᠢ᠎ᠶᠢ ᠲᠤᠭᠤᠯᠬᠤ ᠣᠷᠣᠨ᠎ᠤ ᠥᠭᠡᠷᠡᠴᠢᠯᠡᠯᠲᠡ᠎ᠶᠢ ᠰᠦᠪᠡᠭᠴᠢᠯᠡᠭᠰᠡᠨ ᠭᠦᠷᠲᠡᠯ᠎ᠡ》᠂《ᠦᠢᠯᠡᠳᠬᠦ ᠦᠢᠯᠡᠰ᠎ᠦᠨ ᠣᠷᠣᠬᠤ ᠵᠢ ᠵᠦᠪᠰᠢᠶᠡᠷᠡᠬᠦ ᠪᠠ ᠡᠵᠡᠩᠨᠡᠬᠦ ᠵᠢ ᠵᠥᠪᠰᠢᠶᠡᠷᠡᠬᠦ᠎ᠵᠢ ᠪᠦᠭᠦ ᠲᠠᠯ᠎ᠠ᠎ᠪᠠᠷ ᠨᠠᠢᠳᠠᠪᠤᠷᠢᠵᠢᠭᠤᠯᠵᠤ》᠂《ᠦᠢᠯᠡᠴᠢᠯᠡᠭᠡᠨ ᠎ᠦ ᠦᠢᠯᠡᠰ᠎ᠦᠨ ᠬᠦᠷᠢᠶᠡᠨ᠎ᠳ᠋ᠡᠬᠢ ᠨᠡᠭᠡᠭᠡᠯᠲᠡ᠎ᠶᠢ ᠲᠣᠭᠲᠠᠭᠤᠨ᠎ᠢᠶᠠᠷ ᠥᠷᠭᠡᠳᠬᠡᠭᠰᠡᠨ》᠁ ᠠᠯᠢ ᠤᠯᠠᠨ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠨᠢ ᠳᠤᠮᠳᠠᠳᠤ ᠤᠯᠤᠰ᠎ᠤᠨ ᠳᠡᠯᠡᠬᠡᠢ᠎ᠶᠢᠨ ᠡᠯ᠎ᠡ ᠤᠯᠤᠰ᠎ᠲᠠᠢ ᠬᠠᠮᠲᠤᠷᠠᠯᠴᠠᠵᠤ ᠬᠠᠮᠲᠤ ᠪᠠᠷ ᠠᠰᠢᠭ᠋ ᠭᠦᠷᠳᠡᠭᠦ ᠵᠣᠷᠢᠭ᠋᠎ᠢ ᠳᠠᠬᠢᠨᠲᠠ ᠲᠤᠩᠬᠠᠭᠯᠠᠪᠠ᠃

ᠲᠠᠢ ᠤᠯᠤᠰ᠎ᠤᠨ ᠲᠢᠶᠠᠨ ᠰᠧ ᠪᠦᠯᠦᠭᠯᠡᠯ᠎ᠦᠨ ᠲᠡᠷᠢᠭᠦᠨ ᠭᠦᠢᠴᠡᠳᠭᠡᠭᠴᠢ ᠲᠤᠰᠢᠶᠠᠯᠲᠠᠨ ᠰᠢᠦᠢ ᠰᠢᠨ ᠰᠢᠶᠦ᠋ᠩ᠂ ᠮᠠᠨ᠎ᠤ ᠺᠤᠮᠫᠠᠨᠢ ᠳᠤᠮᠳᠠᠳᠤ ᠤᠯᠤᠰ᠎ᠲᠤ 30 ᠭᠠᠷᠤᠢ ᠵᠢᠯ ᠠᠵᠢᠯ ᠦᠢᠯᠡᠰ᠎ᠢᠶᠡᠨ ᠬᠦᠭᠵᠢᠬᠦᠯᠬᠦ᠎ᠶᠢᠨ ᠬᠠᠮᠲᠤ ᠵᠡᠭᠦᠨ ᠡᠮᠦᠨᠡᠲᠦ ᠠᠽᠢᠶ᠎ᠠ ᠎ᠶᠢᠨ ᠤᠯᠤᠰ᠎ᠤᠳ᠎ᠤᠨ ᠬᠣᠯᠪᠤᠭ᠎ᠠ᠎ᠶᠢᠨ ᠵᠠᠬ᠎ᠠ ᠳᠡᠯᠭᠡᠭᠦᠷ᠎ᠲᠠᠢ ᠭᠦᠨᠵᠡᠭᠡᠢ ᠬᠠᠮᠲᠤᠷᠠᠯᠴᠠᠵᠠᠢ᠃ 《ᠳᠤᠮᠳᠠᠳᠤ ᠤᠯᠤᠰ ᠎ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠣᠯᠣᠨ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠨᠢᠭᠡ ᠴᠣᠭᠴᠠᠵᠢᠯᠲᠠ ᠵᠢᠨ ᠠᠬᠢᠴᠠ ᠡᠴᠡ ᠪᠣᠯᠤᠭᠰᠠᠨ ᠬᠥᠭᠵᠢᠯᠲᠡ᠎ᠶᠢᠨ ᠠᠵᠠ ᠲᠣᠭᠢᠶᠠᠯ᠎ᠳᠤ ᠰᠠᠭᠤᠷᠢᠯᠠᠵᠤ᠂ ᠪᠢᠳᠡ ᠳᠤᠷᠠᠲᠠᠶ᠎ᠠ ᠳᠤᠮᠳᠠᠳᠤ ᠤᠯᠤᠰ ᠪᠣᠯᠣᠨ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠤᠭ᠎ᠠ᠎ᠶᠢᠨ ᠵᠠᠬ᠎ᠠ ᠳᠡᠯᠭᠡᠭᠦᠷ᠎ᠦᠨ ᠠᠵᠤ ᠦᠢᠯᠡᠰ᠎ᠦᠨ ᠬᠣᠯᠪᠣᠯᠳᠤᠨ ᠨᠡᠪᠲᠡᠷᠡᠯᠴᠡᠬᠦ᠂ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠶᠢ ᠠᠬᠢᠭᠤᠯᠬᠤ ᠬᠥᠭᠥᠷᠭᠡ ᠪᠣᠯᠵᠤ᠂ ᠠᠽᠢᠶ᠎ᠠ ᠲᠢᠪ ᠨᠣᠮᠣᠬᠠᠨ ᠲᠠᠯᠠᠢ ᠎ᠶᠢᠨ ᠣᠷᠣᠨ᠎ᠤ ᠬᠠᠮᠲᠤᠷᠠᠯᠴᠠᠭᠠᠨ᠎ᠤ ᠬᠠᠨᠢᠲᠠᠨ᠎ᠲᠠᠢ ᠭᠠᠷ ᠬᠣᠯᠪᠣᠯᠴᠠᠨ ᠬᠠᠮᠲᠤ ᠪᠠᠷ ᠤᠷᠤᠭᠰᠢᠯᠠᠵᠤ᠂ ᠬᠠᠷᠢᠯᠴᠠᠨ ᠠᠭᠤᠰᠤᠯᠴᠠᠵᠤ ᠬᠠᠮᠲᠤ ᠪᠠᠷ ᠣᠷᠣᠭᠰᠢᠯᠠᠬᠤ᠂ ᠰᠢᠨ᠎ᠡ᠎ᠶᠢ ᠡᠭᠦᠳᠬᠦ ᠤᠶᠠᠨ ᠬᠠᠳᠠᠨ ᠴᠢᠨᠠᠷ᠂ ᠪᠠᠭᠲᠠᠭᠠᠮᠵᠢᠲᠠᠢ ᠲᠦᠭᠡᠮᠡᠯ ᠬᠠᠷᠠᠭᠠᠯᠵᠠᠯᠳᠤ ᠠᠵᠤ ᠦᠢᠯᠡᠰ᠎ᠦᠨ ᠠᠮᠢ ᠠᠬᠤᠢ᠎ᠶᠢ ᠬᠠᠮᠲᠤ ᠪᠠᠷ ᠪᠠᠢᠭᠤᠯᠤᠨ᠎ᠠ》 ᠭᠡᠵᠦ ᠢᠯᠡᠳᠬᠡᠪᠡ᠃

《ᠲᠡᠷᠢᠭᠦᠯᠡᠭᠴᠢ ᠰᠢ᠎ᠶᠢᠨ ᠫᠢᠩ ᠨᠡᠭᠡᠭᠡᠯᠲᠡ ᠬᠢᠬᠦ᠂ ᠠᠵᠠ ᠲᠣᠭᠢᠶᠠᠯ᠂ ᠰᠢᠨ᠎ᠡ ᠶ᠋ᠢ ᠡᠭᠦᠳᠬᠦ ᠵᠡᠷᠭᠡ  ᠶ᠋ᠢᠨ ᠲᠤᠬᠠᠢ ᠶᠠᠷᠢᠪᠠ᠂ ᠡᠳᠡᠭᠡᠷ ᠪᠣᠯ ᠴᠥᠮ ᠦᠢᠯᠡᠳᠪᠦᠷᠢ ᠬᠤᠳᠠᠯᠳᠤᠭᠠᠨ᠎ᠤ ᠭᠢᠨ᠎ᠦ ᠬᠠᠮᠤᠭ ᠡᠴᠡ ᠢᠯᠡᠭᠦᠦ ᠠᠩᠬᠠᠷᠴᠤ ᠪᠠᠢᠭ᠎ᠠ ᠠᠰᠠᠭᠤᠳᠠᠯ ᠮᠥᠨ᠂ ᠳᠤᠮᠳᠠᠳᠤ ᠤᠯᠤᠰ᠎ᠲᠤ ᠯᠤᠲᠤ ᠶᠡᠬᠡ ᠵᠠᠬ᠎ᠠ ᠳᠡᠯᠭᠡᠭᠦᠷ᠂ ᠥᠷᠭᠡᠨ ᠠᠭᠤᠳᠠᠮ ᠲᠠᠪᠴᠠᠩ ᠪᠤᠶ᠃ ᠣᠳᠣᠬᠠᠨ᠎ᠳᠤ ᠮᠠᠨ᠎ᠤ ᠮᠠᠰᠢ ᠣᠯᠠᠨ ᠭᠡᠰᠢᠭᠦᠨ ᠠᠵᠤ ᠠᠬᠤᠢᠯᠠᠯ ᠠᠽᠢᠶ᠎ᠠ ᠲᠢᠪ ᠨᠣᠮᠣᠬᠠᠨ ᠳᠠᠯᠠᠶ ᠶ᠋ᠢᠨ ᠣᠷᠣᠨ᠎ᠳᠤ ᠪᠠᠢᠭ᠎ᠠ ᠪᠣᠯᠬᠣᠷ ᠢᠷᠡᠭᠡᠳᠦᠢ᠎ᠳᠦ ᠯᠤᠲᠤ ᠶᠡᠬᠡ ᠬᠠᠮᠲᠤᠷᠠᠯᠴᠠᠭᠠᠨ᠎ᠤ ᠣᠷᠣᠨ ᠵᠠᠢ᠎ᠲᠠᠢ ᠪᠤᠯᠬᠤ ᠪᠣᠯᠣᠨ᠎ᠠ》᠃ ᠳᠡᠯᠡᠬᠡᠢ᠎ᠶᠢᠨ ᠠᠷᠠᠯᠵᠢᠶᠠᠨ᠎ᠤ ᠲᠥᠪ᠎ᠦᠨ ᠨᠡᠢᠭᠡᠮᠯᠢᠭ᠎ᠦᠨ ᠲᠡᠷᠢᠭᠦᠨ ᠭᠦᠢᠴᠡᠳᠭᠡᠭᠴᠢ ᠲᠤᠰᠢᠶᠠᠯᠲᠠᠨ ᠠᠨᠨᠢᠲ·ᠭᠧᠯᠧᠢᠭᠧ ᠄ 《ᠬᠡᠷᠪᠡ ᠴᠢ ᠨᠡᠩ ᠰᠠᠢᠨ ᠬᠥᠭᠵᠢᠶ᠎ᠡ ᠭᠡᠪᠡᠯ ᠳᠤᠮᠳᠠᠳᠤ ᠤᠯᠤᠰ᠎ᠲᠤ ᠲᠦᠷᠭᠡᠨ ᠢᠷᠡᠭᠡᠷᠡᠢ ᠭᠡᠵᠦ ᠪᠢ ᠭᠡᠰᠢᠭᠦᠨ ᠠᠵᠤ ᠠᠬᠤᠢᠯᠠᠯ ᠳ᠋ᠠᠭᠠᠨ  ᠬᠡᠯᠡᠵᠦ ᠥᠭᠭᠦᠨ᠎ᠠ》 ᠭᠡᠵᠡᠢ᠃

2026 ᠣᠨ᠎ᠤ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ ᠎ᠤ ᠵᠣᠬᠢᠶᠠᠨ ᠪᠠᠢᠭᠤᠯᠤᠯᠲᠠ᠎ᠶᠢᠨ ᠦᠢᠯᠡᠳᠪᠦᠷᠢ ᠬᠤᠳᠠᠯᠳᠤᠭᠠᠨ᠎ᠤ ᠵᠥᠪᠯᠡᠯᠭᠡ ᠥᠭᠬᠦ ᠬᠡᠷᠡᠭ ᠡᠷᠭᠢᠯᠡᠭᠴᠢᠳ ᠎ᠦᠨ ᠬᠤᠷᠠᠯ᠎ᠤᠨ ᠲᠡᠷᠢᠭᠦᠯᠡᠭᠴᠢ ᠯᠢ ᠹᠠᠨ ᠷᠦᠩ᠂ ᠲᠡᠷᠢᠭᠦᠯᠡᠭᠴᠢ᠎ᠰᠢ ᠵᠢᠨ ᠫᠢᠩ᠎ᠤᠨ ᠭᠣᠣᠯ ᠵᠤᠷᠢᠯᠳᠠᠳᠤ ᠶᠠᠷᠢᠶ᠎ᠠ ᠢᠯᠡᠳᠬᠡᠯ᠎ᠦᠨ ᠵᠣᠭᠰᠣᠴᠠ ᠥᠨᠳᠥᠷ᠂ ᠠᠭᠤᠯᠤᠭᠳᠠᠬᠤᠨ ᠡᠯᠪᠡᠭ ᠪᠠᠶᠠᠯᠢᠭ᠋ ᠪᠠᠢᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤᠷᠠᠯᠴᠠᠭ᠎ᠠ᠎ᠳᠤ ᠤᠷᠤᠭᠰᠢᠯᠠᠯᠲᠠ᠎ᠶᠢᠨ ᠴᠢᠭᠯᠡᠯ᠎ᠢ ᠤᠯᠠᠮ ᠲᠣᠳᠣᠷᠬᠠᠢ ᠵᠢᠭᠠᠵᠤ ᠦᠭᠴᠤ᠂ ᠪᠣᠳᠠᠲᠠᠢ᠎ᠶᠢ ᠡᠷᠭᠢᠮᠯᠡᠭᠰᠡᠨ ᠠᠷᠭ᠎ᠠ ᠵᠠᠮ᠎ᠢ ᠳᠤᠷᠠᠳᠴᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ ᠎ᠤ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠦᠨ ᠭᠢᠨ᠎ᠦ ᠢᠲᠡᠭᠡᠯ ᠵᠣᠷᠢᠭ᠋᠎ᠢᠶᠠᠨ ᠤᠯᠠᠮ ᠪᠠᠲᠤᠳᠬᠠᠵᠤ᠂ ᠰᠠᠨᠠᠭᠠᠴᠢᠯᠠᠭ᠎ᠠ ᠡᠴᠡ᠎ᠪᠠᠨ ᠠᠵᠢᠯᠯᠠᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ᠎ᠶᠢ ᠵᠣᠷᠢᠭ᠍ᠵᠢᠭᠤᠯᠪᠠ ᠬᠡᠵᠤ ᠢᠯᠡᠳᠭᠡᠪᠡ᠃

《ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ ᠤ᠋ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠦᠨ ᠭᠢᠨ ᠪᠣᠯ ᠪᠦᠭᠦ ᠪᠥᠮᠪᠥᠷᠴᠡᠭ᠎ᠦᠨ ᠠᠵᠤ ᠠᠬᠤᠢ ᠵᠢᠨ ᠬᠦᠷᠢᠶᠡᠨ ᠳ᠋ᠡᠬᠢ ᠭᠠᠪᠰᠢᠭᠠᠢᠯᠠᠬᠴᠢ ᠮᠦᠨ》᠃ ᠲᠡᠷᠢᠭᠦᠯᠡᠭᠴᠢ ᠰᠢ ᠵᠢᠨ ᠫᠢᠩ᠎ᠤᠨ ᠭᠣᠣᠯ ᠵᠣᠷᠢᠯᠲᠠᠳᠤ ᠶᠠᠷᠢᠶ᠎ᠠ ᠢᠯᠡᠳᠬᠡᠯ᠎ᠢ ᠰᠤᠨᠤᠰᠤᠭᠠᠳ᠂ ᠳᠤᠮᠳᠠᠳᠤ ᠤᠯᠤᠰ᠎ᠤᠨ ᠫᠢᠩ ᠠᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠮᠠ ᠮᠢᠩ ᠵᠧ ᠶᠡᠬᠡᠳᠡ ᠤᠷᠮᠠᠰᠢᠨ ᠵᠣᠷᠢᠭ᠍ᠵᠢᠵᠤ᠂ 《ᠳᠤᠮᠳᠠᠳᠤ ᠤᠯᠤᠰ᠎ᠤᠨ ᠫᠢᠩ ᠠᠨ ᠪᠦᠯᠦᠭᠯᠡᠯ ᠮᠥᠩᠭᠥᠨ ᠭᠦᠢᠯᠭᠡᠭᠡᠨ᠎ᠨᠢ ᠠᠷᠠᠳ ᠲᠦᠮᠡᠨ᠎ᠤ ᠲᠦᠯᠦᠭᠡ ᠭᠡᠬᠦ ᠤᠬ ᠰᠠᠨᠠᠭ᠎ᠠ᠎ᠪᠠᠨ ᠪᠠᠲᠤ ᠰᠠᠬᠢᠵᠤ᠂ ᠲᠦᠭᠡᠮᠡᠯ ᠬᠠᠷᠠᠭᠠᠯᠵᠠᠯᠳᠤ ᠪᠠᠭᠲᠠᠭᠠᠮᠵᠢᠲᠠᠢ ᠪᠠᠢᠬᠤ ᠣᠢᠯᠠᠭᠠᠭᠳᠠᠬᠤᠨ᠎ᠢ ᠦᠢᠯᠡᠳᠦᠯᠭᠡᠵᠢᠭᠦᠯᠵᠦ᠂ ᠰᠢᠨ᠎ᠡ᠎ᠶᠢ ᠡᠭᠦᠳᠬᠦ ᠨᠡᠮᠡᠭᠳᠡᠯ᠎ᠦᠨ ᠬᠥᠳᠡᠯᠭᠡᠬᠦ ᠬᠦᠴᠦᠨ᠎ᠢ ᠬᠥᠭᠵᠢᠭᠡᠵᠦ᠂ ᠪᠤᠯᠤᠩ᠎ᠤᠨ ᠣᠷᠣᠨ᠎ᠳᠤ ᠦᠨᠳᠦᠰᠦᠯᠡᠵᠦ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠢ ᠬᠣᠯᠪᠣᠵᠤ᠂ ᠡᠯ᠎ᠡ ᠲᠠᠯ᠎ᠠ᠎ᠶᠢᠨ ᠭᠢᠨ᠎ᠲᠠᠢ ᠬᠠᠮᠲᠤ ᠪᠠᠷ ᠬᠥᠭᠵᠢᠯ ᠴᠡᠴᠡᠭᠯᠡᠯ᠎ᠵᠦᠭ ᠤᠷᠤᠬᠰᠢᠯᠠᠵᠤ᠂ ᠨᠡᠩ ᠥᠨᠳᠥᠷ ᠶᠠᠰᠤ ᠴᠢᠨᠠᠷ᠎ᠲᠠᠢ ᠶᠡᠷᠦᠩᠬᠡᠢᠯᠡᠭᠰᠡᠨ ᠮᠥᠩᠭᠥᠨ ᠭᠦᠢᠯᠭᠡᠭᠡᠨ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ᠎ᠪᠡᠷ ᠬᠥᠮᠥᠰ᠎ᠦᠨ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠰᠠᠬᠢᠨ ᠬᠠᠮᠠᠭᠠᠯᠠᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠨᠢᠭᠡ ᠴᠣᠭᠴᠠᠵᠢᠯᠲᠠ ᠶ᠋ᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠭᠦ᠎ᠪᠡᠷ ᠴᠢᠷᠮᠠᠢᠨ᠎ᠠ》 ᠭᠡᠵᠠᠢ᠃


     (ᠰᠢᠨᠬᠤᠸᠠ ᠬᠤᠷᠢᠶ᠎ᠠ ᠵᠢᠨ ᠱᠧᠨᠵᠧᠨ᠎ᠦ 11 ᠰᠠᠷ᠎ᠠ᠎ᠶᠢᠨ 18 ᠎ᠤ᠋ ᠴᠠᠬᠢᠯᠭᠠᠨ ᠮᠡᠳᠡᠭᠡ ᠡᠴᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面