2026-11-24 10:02:38
(2026
ᠣᠨ ᠤ 11 ᠰᠠᠷ᠎ᠠ ᠶᠢᠨ18 ᠤ᠋
ᠡᠳᠦᠷ
ᠳᠤᠮᠳᠠᠳᠤ
ᠤᠯᠤᠰ ᠤᠨ
ᠡᠪ
ᠬᠠᠮᠲᠤ
ᠨᠠᠮ ᠤᠨ
ᠥᠪᠥᠷ
ᠮᠣᠩᠭᠣᠯ ᠤᠨ
ᠥᠪᠡᠷᠲᠡᠭᠡᠨ ᠵᠠᠰᠠᠬᠤ
ᠣᠷᠣᠨ ᠤ᠋
ᠠᠷᠪᠠᠨ
ᠨᠢᠭᠡᠳᠦᠭᠡᠷ
ᠬᠤᠭᠤᠴᠠᠭᠠᠨ ᠤ ᠬᠤᠷᠢᠶ᠎ᠠ ᠵᠢᠨ
ᠠᠷᠪᠠᠨ
ᠭᠤᠷᠪᠠᠳᠤᠭᠠᠷ ᠤᠳᠠᠭ᠎ᠠ ᠵᠢᠨ ᠪᠦᠭᠦᠳᠡ
ᠬᠤᠷᠠᠯ ᠡᠴᠡ
ᠪᠠᠲᠤᠯᠠᠪᠠ)
2026 ᠣᠨ ᠤ 10 ᠰᠠᠷ᠎ᠠ᠎ᠶᠢᠨ 16 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠤᠯᠠᠭᠠᠨᠴᠠᠪ ᠬᠣᠲᠠ᠎ᠶᠢᠨ ᠬᠢᠬᠢᠷᠢ ᠵᠢᠨ ᠨᠠᠭᠤᠷ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠪᠣᠯᠣᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠲᠤ ᠭᠦᠨᠵᠡᠭᠡᠢᠷᠡᠨ ᠰᠢᠨᠵᠢᠯᠡᠨ ᠪᠠᠢᠴᠠᠭᠠᠵᠤ᠂ ᠴᠢᠬᠤᠯᠠ ᠶᠠᠷᠢᠶ᠎ᠠ ᠲᠠᠯᠪᠢᠵᠤ ᠴᠢᠬᠤᠯᠠ ᠵᠢᠭᠠᠪᠤᠷᠢ ᠥᠭᠪᠡ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠤᠷᠤᠬᠰᠢᠯᠠᠵᠤ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢ ᠨᠡᠩ ᠰᠠᠢᠲᠤᠷ ᠠᠬᠢᠭᠤᠯᠬᠤ᠎ᠶᠢᠨ ᠲᠥᠯᠥᠭᠡ᠂ ᠳᠣᠣᠷᠠᠬᠢ ᠮᠡᠲᠦ ᠲᠣᠭᠲᠠᠭᠠᠯ᠎ᠢ ᠲᠤᠬᠳᠠᠭᠠᠪᠠ᠃
ᠨᠢᠭᠡ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ ᠤ᠋ᠨ ᠲᠤᠬᠠᠢ ᠭᠦᠨ ᠵᠤᠵᠠᠭᠠᠨ ᠬᠠᠢᠷ᠎ᠠ ᠬᠠᠯᠠᠮᠵᠢ᠎ᠶᠢ ᠭᠦᠨᠵᠡᠭᠡᠢ ᠣᠢᠯᠠᠭᠠᠵᠤ᠂ ᠤᠬᠠᠮᠰᠠᠷ ᠡᠴᠡ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠢᠭᠡᠳᠬᠡᠬᠦ ᠬᠡᠷᠡᠭᠲᠡᠢ
(ᠨᠢᠭᠡ)ᠶᠡᠷᠦᠩᠬᠡᠢ ᠱᠦᠵᠢ ᠰᠢ ᠵᠢᠨ ᠫᠢᠩ᠎ᠦᠨ ᠡᠨᠡ ᠤᠳᠠᠭ᠎ᠠ ᠵᠢᠨ ᠥᠪᠥᠷ ᠮᠣᠩᠭᠣᠯ ᠳᠤ ᠰᠢᠨᠵᠢᠯᠡᠨ ᠪᠠᠢᠴᠠᠭᠠᠭᠰᠠᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠂ ᠥᠪᠥᠷ ᠮᠣᠩᠭᠣᠯ᠎ᠤᠨ ᠬᠥᠭᠵᠢᠯᠲᠡ᠎ᠶᠢ ᠢᠮᠠᠭᠲᠠ ᠰᠡᠳᠬᠢᠯ ᠳ᠋ᠡᠭᠡᠨ ᠪᠤᠳᠤᠵᠤ ᠭᠦᠨ ᠬᠠᠯᠠᠮᠵᠢᠯᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠡᠴᠡ ᠡᠮᠦᠨ᠎ᠡ ᠳᠠᠬᠢᠨᠲᠠ ᠮᠠᠨ᠎ᠤ ᠣᠷᠣᠨ᠎ᠳᠤ ᠰᠢᠨᠵᠢᠯᠡᠨ ᠪᠠᠢᠴᠠᠭᠠᠭᠰᠠᠨ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ ᠤ᠋ᠨ ᠲᠤᠬᠠᠢ ᠭᠦᠨ ᠵᠤᠵᠠᠭᠠᠨ ᠬᠠᠢᠷ᠎ᠠ ᠬᠠᠯᠠᠮᠵᠢ᠎ᠶᠢ ᠭᠦᠢᠴᠡᠳ ᠢᠯᠡᠷᠡᠭᠦᠯᠪᠡ᠃ ᠰᠢᠨᠵᠢᠯᠡᠨ ᠪᠠᠢᠴᠠᠭᠠᠬᠤ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠮᠠᠨ᠎ᠤ ᠣᠷᠣᠨ᠎ᠤ ᠠᠵᠢᠯ᠎ᠢ ᠭᠦᠢᠴᠡᠳ ᠨᠤᠲᠠᠯᠠᠭᠰᠠᠨ ᠪᠥᠭᠡᠳ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ ᠪᠣᠯᠣᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠲᠤᠬᠠᠢ ᠴᠢᠬᠤᠯᠠ ᠵᠢᠭᠠᠪᠤᠷᠢ ᠥᠭᠴᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠤᠷᠤᠭᠰᠢᠯᠠᠬᠤ ᠴᠢᠭᠯᠡᠯ᠎ᠢ ᠤᠯᠠᠮ ᠴᠢᠨᠠᠭᠰᠢᠳᠠ ᠲᠣᠳᠣᠷᠬᠠᠢ ᠵᠢᠭᠠᠵᠤ ᠦᠭᠴᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠤᠯᠤᠰ ᠲᠦᠷᠦ᠂ ᠪᠦᠬᠦ ᠲᠠᠯ᠎ᠠ᠂ ᠪᠠᠢᠯᠳᠤᠬᠤ ᠪᠣᠳᠣᠯᠭ᠎ᠠ᠎ᠶᠢᠨ ᠥᠨᠳᠥᠷᠴᠡ ᠡᠴᠡ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠤᠳᠠᠭ᠎ᠠ ᠵᠢᠨ ᠰᠢᠨᠵᠢᠯᠡᠨ ᠪᠠᠢᠴᠠᠭᠠᠭᠰᠠᠨ ᠴᠢᠬᠤᠯᠠ ᠶᠡᠬᠡ ᠪᠣᠳᠠᠲᠤ ᠠᠴᠢ ᠬᠣᠯᠪᠣᠭᠳᠠᠯ ᠪᠣᠯᠣᠨ ᠠᠯᠤᠰ ᠬᠡᠳᠤ᠎ᠶᠢᠨ ᠵᠢᠯᠤᠭᠣᠳᠬᠤ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠬᠠᠢᠷ᠎ᠠ ᠬᠠᠯᠠᠮᠵᠢ᠎ᠶᠢ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠬᠦ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃
(ᠬᠣᠶᠠᠷ) ᠶᠡᠷᠦᠩᠬᠡᠢ ᠱᠦᠵᠢ ᠰᠢ ᠵᠢᠨ ᠫᠢᠩ᠎ᠦᠨ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭᠠᠨ᠎ᠤ ᠪᠠᠶᠠᠯᠢᠭ᠋ ᠠᠭᠤᠯᠤᠭᠳᠠᠬᠤᠨ᠎ᠢ ᠭᠦᠨᠵᠡᠭᠡᠢ ᠣᠢᠯᠠᠭᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠨᠢ ᠥᠨᠳᠥᠷ᠎ᠲᠦ ᠵᠣᠭᠰᠣᠨ ᠠᠯᠤᠰ᠎ᠢ ᠪᠡᠷᠡᠯᠡᠵᠦ᠂ ᠬᠠᠷᠠᠭᠠᠰᠤ ᠦᠷᠬᠡᠨ᠂ ᠦᠵᠡᠯ ᠰᠠᠨᠠᠭ᠎ᠠ ᠭᠦᠨᠵᠡᠭᠡᠢ ᠶᠤᠮ᠂ ᠪᠥᠬᠥ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠢᠯᠠᠭᠠᠬᠤ ᠳᠡᠭᠡᠷ᠎ᠡ ᠬᠦᠴᠦ ᠲᠠᠯᠪᠢᠵᠤ᠂ ᠲᠡᠭᠦᠨ᠎ᠳᠦ ᠠᠭᠤᠯᠤᠭᠳᠠᠵᠤ ᠪᠠᠢᠭ᠎ᠠ ᠬᠦᠰᠡᠯ ᠨᠠᠶ᠋ᠢᠳᠠᠯᠭ᠎ᠠ᠂ ᠪᠠᠢᠯᠳᠤᠬᠤ ᠪᠣᠳᠣᠯᠭ᠎ᠠ᠎ᠶᠢᠨ ᠪᠣᠳᠣᠯᠬᠢᠯᠠᠯ᠂ ᠦᠢᠯᠡᠳᠦᠯᠭᠡ᠎ᠶᠢᠨ ᠱᠠᠭᠠᠷᠳᠠᠯᠭ᠎ᠠ᠎ᠶᠢᠨ ᠲᠤᠬᠠᠢ ᠣᠢᠯᠠᠭᠠᠯᠲᠠ ᠲᠠᠨᠢᠯᠳᠠ ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠬᠦ ᠬᠡᠷᠡᠭᠲᠡᠢ᠃ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠢᠮᠠᠭᠲᠠ ᠲᠠᠯᠪᠢᠭᠰᠠᠭᠠᠷ ᠢᠷᠡᠭᠰᠡᠨ ᠴᠢᠬᠤᠯᠠ ᠱᠠᠭᠠᠷᠳᠠᠯᠭ᠎ᠠ ᠮᠥᠨ ᠭᠡᠳᠡᠭ᠎ᠢ ᠭᠦᠨᠵᠡᠭᠡᠢ ᠲᠠᠨᠢᠵᠤ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠴᠢᠩᠭᠠᠳᠬᠠᠬᠤ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢ ᠢᠮᠠᠭᠲᠠ ᠪᠠᠲᠤᠯᠠᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠳᠤᠮᠳᠠ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠬᠦ ᠬᠡᠷᠡᠭᠲᠡᠢ᠃《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ 》 ᠢᠨᠵᠧᠨᠧᠷᠢᠩ᠎ᠢ ᠬᠡᠷᠡᠭᠵᠢᠭᠦᠯᠬᠦ᠂ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠣᠳᠣᠯᠳᠠ᠎ᠶᠢᠨ ᠬᠦᠴᠦᠨ᠎ᠦ ᠲᠣᠣᠷ ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠬᠤ᠎ᠶᠢ ᠭᠦᠨᠵᠡᠭᠡᠢ ᠲᠠᠨᠢᠵᠤ᠂ ᠪᠣᠬᠢᠷᠲᠤᠯ ᠦᠭᠡᠢ ᠪᠣᠳᠣᠯᠳᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠨ ᠠᠬᠢᠭᠤᠯᠵᠤ᠂ ᠤᠯᠤᠰ ᠡᠴᠡ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠶᠢᠨ ᠠᠰᠢᠭ᠍ᠲᠠᠢ ᠪᠠᠢᠷᠢ᠎ᠶᠢ ᠵᠠᠪᠳᠤᠨ ᠡᠵᠡᠯᠡᠬᠦ᠎ᠳᠦ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ ᠴᠢᠬᠤᠯᠠ ᠶᠡᠬᠡ ᠤᠯᠤᠰ ᠲᠥᠷᠥ᠎ᠶᠢᠨ ᠬᠠᠷᠢᠭᠤᠴᠠᠯᠭ᠎ᠠ ᠪᠣᠯᠬᠤ᠎ᠶᠢ ᠭᠦᠨᠵᠡᠭᠡᠢ ᠲᠠᠨᠢᠵᠤ᠂ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠡᠭᠦᠷᠭᠡ ᠬᠠᠷᠢᠭᠤᠴᠠᠯᠭᠠᠳᠤ ᠤᠬᠠᠮᠰᠠᠷ᠎ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠷᠤᠯᠲᠠ᠎ᠶᠢᠨ ᠲᠤᠮᠤ ᠣᠷᠣᠨ ᠡᠴᠡ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠦᠨ ᠬᠦᠴᠦᠷᠬᠡᠭ ᠣᠷᠣᠨ ᠲᠡᠢᠰᠢ ᠲᠦᠷᠭᠡᠳᠭᠡᠨ ᠬᠤᠪᠢᠷᠠᠭᠤᠯᠬᠤ ᠬᠡᠷᠡᠭᠲᠡᠢ᠃ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ ᠪᠣᠯ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠦᠨᠳᠦᠰᠦᠨ ᠪᠠᠲᠤᠯᠠᠭ᠎ᠠ ᠪᠣᠯᠬᠤ᠎ᠶᠢ ᠭᠦᠨᠵᠡᠭᠡᠢ ᠲᠠᠨᠢᠵᠤ᠂ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ ᠪᠣᠯᠣᠨ ᠬᠥᠭᠵᠢᠯᠲᠡ᠎ᠶᠢᠨ ᠣᠷᠴᠢᠨ ᠨᠦᠬᠦᠴᠡᠯ᠎ᠢ ᠪᠤᠢ ᠪᠣᠯᠭᠠᠬᠤ ᠢᠲᠡᠭᠡᠯ ᠵᠣᠷᠢᠭ᠋᠎ᠢᠶᠠᠨ ᠨᠡᠩ ᠪᠠᠲᠤᠳᠬᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠬᠡᠷᠡᠭᠲᠡᠢ᠃ ᠨᠠᠮ᠎ᠤᠨ ᠲᠥᠪ ᠬᠣᠷᠢᠶ᠎ᠠ ᠵᠢᠨ ᠪᠠᠢᠯᠳᠤᠬᠤ ᠪᠣᠳᠣᠯᠭ᠎ᠠ᠎ᠶᠢᠨ ᠰᠢᠢᠳᠪᠦᠷᠢᠲᠦ ᠪᠣᠳᠣᠯᠭ᠎ᠠ ᠪᠣᠯᠣᠨ ᠲᠥᠯᠦᠪᠵᠢᠭᠦᠯᠭᠡ ᠪᠠᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠯ ᠵᠠᠰᠠᠭ ᠤ᠋ᠨ ᠠᠵᠢᠯ ᠤ᠋ᠨ ᠪᠦᠲᠦᠮᠵᠢ ᠵᠢᠨ ᠲᠤᠬᠠᠢ ᠵᠥᠪ ᠦᠵᠡᠯᠲᠡ᠎ᠶᠢᠨ ᠬᠠᠮᠤᠭ᠎ᠤᠨ ᠰᠢᠭᠤᠳ ᠢᠯᠡᠷᠡᠯ ᠪᠣᠯᠬᠤ᠎ᠶᠢ ᠭᠦᠨᠵᠡᠭᠡᠢ ᠲᠠᠨᠢᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ ᠳᠤᠮᠳᠠ ᠰᠢᠨ᠎ᠡ ᠵᠠᠮ ᠨᠡᠭᠡᠭᠡᠬᠦ ᠣᠮᠣᠭ ᠵᠣᠷᠢᠭ᠋ ᠵᠢᠡᠨ ᠲᠠᠰᠤᠷᠠᠯᠳᠠ ᠦᠭᠡᠢ ᠬᠥᠭᠵᠢᠭᠡᠬᠦ ᠬᠡᠷᠡᠭᠲᠡᠢ᠃
(ᠭᠤᠷᠪᠠ) ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠨᠡᠪᠳᠡᠷᠡᠯᠴᠡᠬᠦᠯᠦᠨ ᠣᠢᠯᠠᠭᠠᠨ ᠡᠵᠡᠮᠰᠢᠬᠦ ᠬᠡᠷᠡᠭᠳᠠᠢ᠃ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠤᠳᠠᠭ᠎ᠠ᠎ᠶᠢᠨ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠨᠢ ᠶᠡᠷᠦᠩᠬᠡᠢ ᠱᠦᠵᠢ ᠰᠢ ᠵᠢᠨ ᠫᠢᠩ᠎ᠦᠨ ᠡᠭᠦᠨ᠎ᠡᠴᠡ ᠡᠮᠦᠨᠡᠬᠢ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠲᠠᠢ ᠤᠳᠤᠮ ᠤᠯᠠᠮᠵᠢᠯᠠᠯ ᠨᠢᠭᠡᠲᠡᠢ ᠪᠠᠢᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ 《ᠥᠪᠥᠷ ᠮᠣᠩᠭᠣᠯ᠎ᠤᠨ ᠬᠠᠭᠤᠳᠠᠰᠤ 》 ᠶ᠋ᠢ ᠪᠠᠶᠠᠯᠢᠭ᠍ᠵᠢᠭᠤᠯᠤᠨ ᠥᠷᠭᠡᠳᠬᠡᠪᠡ᠃ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷ ᠨᠡᠪᠳᠡᠷᠡᠯᠴᠡᠬᠦᠯᠦᠨ ᠰᠤᠷᠤᠯᠴᠠᠨ ᠣᠢᠯᠠᠭᠠᠵᠤ᠂ ᠰᠢᠰᠲᠧᠮ ᠲᠠᠢ ᠤᠢᠯᠠᠭᠠᠨ ᠡᠵᠡᠮᠰᠢᠵᠤ᠂ ᠨᠢᠭᠡ ᠴᠣᠭᠴᠠᠵᠢᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂《ᠬᠣᠶᠠᠷ ᠬᠠᠯᠬᠠᠪᠴᠢ 》᠂ 《 ᠬᠣᠶᠠᠷ ᠰᠠᠭᠤᠷᠢᠨ》᠂ 《ᠨᠢᠭᠡ ᠪᠡᠬᠢᠯᠡᠯᠲᠡ 》 ᠵᠢ ᠪᠦᠲᠦᠭᠡᠨ ᠪᠠᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢ ᠭᠦᠨᠵᠡᠭᠡᠢᠷᠡᠭᠦᠯᠦᠨ ᠨᠠᠢᠳᠠᠪᠤᠷᠢᠵᠢᠭᠤᠯᠵᠤ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ《ᠨᠠᠢ᠍ᠮᠠᠨ ᠰᠢᠨ᠎ᠡ 》 ᠪᠠ 《ᠬᠤᠶᠠᠷ ᠲᠠᠯ᠎ᠠ ᠪᠡᠷ ᠪᠦᠬᠦ ᠤᠯᠤᠰ ᠤ᠋ᠨ ᠳᠡᠭᠡᠳᠤ ᠲᠦᠪᠰᠢᠨ ᠳ᠋ᠤ ᠲᠤᠭᠳᠠᠭᠤᠨ ᠪᠠᠢᠬᠤ》᠂ 《ᠬᠤᠶᠠᠷ ᠲᠠᠯ᠎ᠠ ᠪᠡᠷ ᠦᠷᠭᠦᠯᠵᠢᠯᠡᠨ ᠪᠦᠬᠦ ᠤᠯᠤᠰ ᠤ᠋ᠨ ᠡᠮᠦᠨ᠎ᠠ ᠡᠩᠨᠡᠭᠡᠨ ᠳ᠋ᠤ ᠶᠠᠪᠤᠬᠤ》 ᠬᠠᠷᠠᠯᠲᠠ ᠲᠡᠢᠰᠢ ᠯᠠᠪᠳᠠᠭᠤᠨ ᠪᠠᠲᠤᠲᠠᠢ ᠠᠯᠬᠤᠵᠤ᠂ ᠪᠦᠬᠦ ᠤᠯᠤᠰ᠎ᠲᠠᠢ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠲᠠᠯ᠎ᠠ᠎ᠪᠠᠷ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠬᠤ᠎ᠶᠢ ᠪᠠᠲᠤᠯᠠᠬᠤ ᠬᠡᠷᠡᠭᠳᠠᠢ᠃
ᠬᠣᠶᠠᠷ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ
ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠢ ᠪᠥᠬᠥ ᠲᠠᠯ᠎ᠠ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠪᠠᠢᠭᠠᠯᠢ᠎ᠶᠢ ᠬᠦᠨᠳᠦᠳᠬᠡᠬᠦ᠂ ᠪᠠᠢᠭᠠᠯᠢ᠎ᠲᠠᠢ ᠵᠣᠬᠢᠴᠠᠬᠤ᠂ ᠪᠠᠢᠭᠠᠯᠢ᠎ᠶᠢ ᠬᠠᠮᠠᠭᠠᠯᠠᠬᠤ᠎ᠶᠢ ᠪᠠᠷᠢᠮᠲᠠᠯᠠᠵᠤ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ᠎ᠶᠢ ᠪᠠᠭᠠᠰᠬᠠᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠪᠡᠶᠡᠯᠡᠬᠦᠯᠬᠦ ᠵᠢ ᠬᠠᠮᠵᠢᠯᠴᠠᠨ ᠠᠬᠢᠭᠤᠯᠵᠤ᠂ ᠠᠮᠢ ᠠᠬᠤᠢ᠎ᠶᠢᠨ ᠰᠢᠰᠲᠧᠮ᠎ᠦᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠶᠡᠷᠦᠩᠬᠡᠢᠯᠡᠭᠰᠡᠨ ᠦᠷ᠎ᠡ ᠪᠦᠳᠦᠮᠵᠢ ᠦᠢᠯᠡᠳᠦᠯ᠎ᠤᠨ ᠪᠦᠬᠦᠯᠢ ᠴᠣᠭᠴᠠ᠎ᠶᠢᠨ ᠳᠡᠭᠡᠭᠰᠢᠯᠡᠯᠲᠡ᠎ᠶᠢ ᠠᠬᠢᠭᠤᠯᠬᠤ ᠬᠡᠷᠡᠭᠳᠡᠢ᠃
(ᠳᠥᠷᠪᠡ ) ᠴᠢᠬᠤᠯᠠ ᠠᠮᠢ ᠠᠬᠤᠢ᠎ᠶᠢᠨ ᠰᠢᠰᠲᠧᠮ᠎ᠤᠨ ᠬᠠᠮᠠᠭᠠᠯᠠᠯᠳᠠ ᠪᠠ ᠵᠠᠰᠠᠨ ᠰᠡᠷᠭᠦᠭᠡᠬᠦ᠎ᠶᠢ ᠴᠢᠩᠭᠠᠳᠬᠠᠬᠤ ᠬᠡᠷᠡᠭᠳᠡᠢ᠃ ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ᠎ᠶᠢᠨ ᠨᠠᠭᠤᠷ᠂ ᠴᠠᠭᠠᠨᠨᠠᠭᠤᠷ᠎ᠤᠨ ᠠᠮᠢ ᠠᠬᠤᠢ᠎ᠶᠢᠨ ᠵᠠᠰᠠᠯᠲᠠ᠎ᠶᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠬᠢᠬᠢᠷᠢ᠎ᠶᠢᠨ ᠨᠠᠭᠤᠷ ᠵᠡᠷᠭᠡ ᠭᠣᠣᠯᠳᠠᠯᠭ᠎ᠠ᠎ᠲᠠᠢ ᠨᠠᠭᠤᠷ ᠪᠦᠷᠢᠳᠦ ᠨᠤᠭᠤ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠬᠣᠪᠣᠷ ᠨᠠᠨᠳᠢᠨ ᠨᠠᠭᠤᠷ ᠴᠥᠭᠥᠷᠥᠮ᠎ᠦᠨ ᠡᠬᠢ ᠪᠠᠶᠠᠯᠢᠭ᠋᠎ᠢ ᠰᠠᠢᠲᠤᠷ ᠬᠠᠮᠠᠭᠠᠯᠠᠬᠤ ᠬᠡᠷᠡᠭᠳᠡᠢ᠃ ᠨᠤᠭᠤ ᠭᠠᠵᠠᠷ᠎ᠢ ᠬᠠᠮᠠᠭᠠᠯᠠᠬᠤ ᠬᠠᠤᠯᠢ᠎ᠶᠢ ᠲᠤᠭᠤᠰᠢᠯᠠᠭᠤᠯᠤᠨ ᠬᠡᠷᠡᠭᠵᠢᠭᠦᠯᠵᠦ᠂ ᠨᠤᠭᠤ ᠭᠠᠵᠠᠷ᠎ᠤᠨ ᠤᠨᠭᠭᠤᠨ ᠠᠮᠢ ᠠᠬᠤᠢ᠎ᠶᠢ ᠬᠦᠴᠦᠯᠡᠨ ᠬᠠᠮᠠᠭᠠᠯᠠᠵᠤ᠂ ᠮᠠᠭᠤᠳᠠᠭᠰᠠᠨ ᠨᠤᠭᠤ ᠭᠠᠵᠠᠷ᠎ᠤᠨ ᠠᠮᠢ ᠠᠬᠤᠢ᠎ᠶᠢᠨ ᠰᠢᠰᠲᠧᠮ᠎ᠳᠦ ᠠᠶᠠᠨ᠎ᠳᠠᠭᠠᠨ ᠰᠡᠷᠭᠦᠬᠦ᠎ᠪᠡᠷ ᠭᠣᠣᠯ ᠪᠣᠯᠭᠠᠬᠤ᠂ ᠬᠥᠮᠥᠨ᠎ᠦ ᠬᠦᠴᠦ᠎ᠪᠠᠷ ᠭᠠᠷ ᠲᠦᠷᠦᠬᠦ ᠪᠡᠷ ᠬᠠᠪᠰᠤᠷᠤᠮᠵᠢ ᠪᠣᠯᠭᠠᠬᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠎ᠪᠠᠷ ᠵᠠᠰᠠᠨ ᠰᠡᠷᠭᠦᠭᠡᠬᠦ᠎ᠶᠢ ᠪᠠᠷᠢᠮᠲᠠᠯᠠᠬᠤ ᠬᠡᠷᠡᠭᠲᠡᠢ᠃ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠵᠠᠰᠠᠯᠲᠠ᠎ᠶᠢ ᠴᠢᠩᠭᠠᠳᠬᠠᠵᠤ᠂ ᠭᠣᠣᠯᠳᠠᠯᠭ᠎ᠠ ᠨᠢ ᠬᠠᠮᠠᠭᠠᠯᠠᠯᠲᠠ᠎ᠳᠤ ᠪᠠᠢᠬᠤ᠂ ᠴᠢᠬᠤᠯᠠ ᠨᠢ ᠵᠠᠰᠠᠬᠤ ᠳ᠋ᠤ ᠪᠠᠢᠬᠤ ᠪᠠᠢᠯᠳᠤᠬᠤ ᠪᠣᠳᠣᠯᠭ᠎ᠠ᠎ᠶᠢᠨ ᠱᠠᠭᠠᠷᠳᠠᠯᠭ᠎ᠠ᠎ᠶᠢ ᠪᠠᠲᠤ ᠡᠵᠡᠮᠳᠡᠵᠦ᠂ ᠤᠰᠤᠨ᠎ᠤ ᠡᠬᠢ ᠪᠠᠶᠠᠯᠢᠭ᠋᠂ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠭᠠᠮᠰᠢᠭ᠋᠎ᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠵᠦ᠂ ᠬᠠᠳᠤᠨ ᠭᠣᠣᠯ᠎ᠤᠨ ᠥᠨᠢ ᠤᠳᠠᠭᠠᠨ ᠠᠮᠤᠷ ᠲᠤᠭᠳᠠᠭᠤᠨ ᠪᠠᠢᠬᠤ᠎ᠶᠢ ᠪᠠᠲᠤᠯᠠᠬᠤ ᠬᠡᠷᠡᠭᠲᠡᠢ᠃ ᠦᠨᠳᠦᠰᠦᠨ ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶᠢᠨ ᠳᠦᠷᠢᠮ ᠪᠠ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ᠂ ᠪᠡᠯᠴᠢᠭᠡᠷᠯᠡᠭᠦᠯᠬᠦ᠎ᠶᠢ ᠵᠤᠭᠰᠤᠭᠠᠨ ᠰᠡᠯᠭᠦᠨ ᠮᠠᠯᠵᠢᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠦᠨ ᠮᠠᠯᠵᠢᠬᠤ ᠠᠰᠠᠭᠤᠳᠠᠯ ᠢ ᠰᠢᠰᠲᠧᠮ᠎ᠲᠠᠢ ᠰᠢᠢᠳᠪᠦᠷᠢᠯᠡᠬᠦ ᠬᠡᠷᠡᠭᠲᠡᠢ᠃ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠬᠤ ᠬᠡᠷᠡᠭᠳᠡᠢ᠃ ᠤᠯᠤᠰ᠎ᠤᠨ ᠭᠠᠵᠠᠷ ᠰᠢᠷᠣᠢ᠎ᠶᠢ ᠶᠡᠬᠡ ᠬᠡᠪᠴᠢᠶ᠎ᠡ᠎ᠪᠡᠷ ᠨᠣᠭᠣᠭᠠᠷᠠᠭᠤᠯᠬᠤ ᠠᠵᠢᠯᠯᠠᠭ᠎ᠠ᠎ᠶᠢ ᠰᠢᠨᠵᠢᠯᠡᠬᠦ ᠤᠬᠠᠭᠠᠨᠴᠢ᠎ᠪᠠᠷ ᠥᠷᠨᠢᠭᠦᠯᠵᠦ᠂ ᠤᠨᠢᠨ ᠲᠡᠭᠡᠷ᠎ᠡ ᠨᠢ ᠣᠶ ᠰᠢᠭᠤᠢ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠳᠡᠢ᠃ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ᠎ᠶᠢ ᠴᠢᠩᠭᠠᠳᠬᠠᠵᠤ᠂ ᠲᠠᠷᠢᠶᠠᠨ ᠭᠠᠵᠠᠷ᠎ᠤᠨ ᠠᠮᠢ ᠠᠬᠤᠢ᠎ᠶᠢᠨ ᠦᠢᠯᠡᠳᠦᠯ ᠴᠢᠳᠠᠮᠵᠢ᠎ᠶᠢ ᠬᠠᠮᠠᠭᠠᠯᠠᠬᠤ ᠬᠡᠷᠡᠭᠳᠡᠢ᠃ ᠲᠡᠦᠬᠡᠨ᠎ᠡᠴᠡ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠬᠦ ᠪᠠ ᠪᠣᠬᠢᠷᠲᠤᠯ ᠦᠭᠡᠢ ᠠᠭᠤᠷᠬᠠᠢ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠬᠡᠷᠡᠭᠳᠡᠢ᠃ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭᠠᠯᠠᠯᠲᠠ᠎ᠶᠢ ᠴᠢᠩᠭᠠᠳᠬᠠᠬᠤ ᠬᠡᠷᠡᠭᠳᠡᠢ᠃ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠰᠢᠰᠲᠧᠮ᠎ᠦᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ ᠬᠡᠷᠡᠭᠳᠡᠢ᠃
(ᠲᠠᠪᠤ ) 《ᠤᠮᠠᠷᠠᠲᠤ᠎ᠶᠢᠨ ᠭᠤᠷᠪᠠᠨ ᠤᠷᠤᠨ 》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ ᠪᠠ ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ᠎ᠶᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠡᠷᠡᠭᠳᠡᠢ᠃ 《ᠤᠷᠳᠤ ᠬᠤᠭᠤᠴᠠᠭ᠎ᠠ ᠪᠡᠷ ᠵᠢᠳᠬᠦᠨ ᠴᠢᠷᠮᠠᠢᠵᠤ᠂ ᠨᠣᠭᠣᠭᠠᠷᠠᠭᠤᠯᠤᠯᠲᠠ ᠤᠷᠤᠭᠰᠢᠯᠠᠵᠦ ᠡᠯᠡᠰᠦ ᠤᠬᠤᠷᠢᠬᠤ᠎ᠵᠢ ᠴᠢᠷᠮᠠᠢᠨ ᠪᠡᠶᠡᠯᠡᠭᠦᠯᠬᠦ》ᠴᠢᠬᠤᠯᠠ ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠤ ᠪᠠᠢᠳᠠᠯ᠎ᠳᠠᠭᠠᠨ ᠲᠣᠬᠢᠷᠠᠭᠤᠯᠬᠤ᠂ ᠭᠠᠮᠰᠢᠭ ᠬᠤᠬᠢᠷᠠᠯ᠎ᠤᠨ ᠪᠠᠢᠳᠠᠯ᠎ᠢ ᠦᠵᠡᠵᠤ ᠰᠡᠷᠭᠡᠢᠯᠡᠯᠲᠡ ᠵᠢᠨ ᠠᠷᠭ᠎ᠠ ᠠᠪᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠎ᠶᠢ ᠪᠠᠷᠢᠮᠲᠠᠯᠠᠨ᠂ ᠤᠷᠲᠤ ᠬᠤᠭᠤᠴᠠᠭᠠᠨ᠎ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠢᠶᠠᠷ ᠭᠣᠣᠯᠳᠠᠯᠭ᠎ᠠ ᠪᠣᠯᠭᠠᠨ 《ᠤᠮᠠᠷᠠᠲᠤ᠎ᠶᠢᠨ ᠭᠤᠷᠪᠠᠨ ᠤᠷᠤᠨ 》᠎ᠤ᠋ ᠢᠨᠵᠧᠨᠧᠷᠢᠩ᠎ᠦᠨ ᠪᠤᠭᠤᠮᠳᠠ ᠰᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠬᠤᠭᠤᠴᠠᠭ᠎ᠠ ᠶᠣᠰᠣᠭᠠᠷ ᠲᠡᠮᠡᠴᠡᠨ ᠣᠯᠬᠤ ᠬᠡᠷᠡᠭᠲᠡᠢ᠃ ᠬᠠᠳᠤᠨ ᠭᠣᠣᠯ᠎ᠤᠨ《ᠶᠡᠬᠡ ᠲᠤᠬᠤᠢ》 ᠵᠢᠨ ᠪᠣᠭᠣᠮᠲᠠ ᠰᠢᠪᠲᠤᠯᠬᠤ ᠳᠠᠢᠯᠠᠯᠳᠤᠭᠠᠨ ᠢ ᠭᠦᠨᠵᠡᠭᠡᠢ ᠠᠬᠢᠭᠤᠯᠵᠤ᠂ ᠬᠠᠳᠤᠨ ᠭᠣᠣᠯ᠎ᠤᠨ ᠬᠣᠶᠠᠷ ᠬᠥᠪᠡᠭᠡᠨ᠎ᠦ 《ᠨᠤᠮᠢᠨ ᠨᠤᠭᠤᠭᠠᠨ ᠬᠦᠷᠢᠶ᠎ᠡ ᠬᠠᠯᠬᠠᠪᠴᠢ》 ᠶ᠋ᠢ ᠲᠦᠷᠭᠡᠳᠬᠡᠨ ᠪᠠᠢᠭᠤᠯᠬᠤ ᠬᠡᠷᠡᠭᠳᠡᠢ᠃ ᠬᠣᠷᠴᠢᠨ᠂ ᠬᠤᠯᠠᠨ ᠰᠢᠷᠭ᠎ᠠ ᠲᠠᠭ᠎ᠠ᠎ᠶᠢᠨ ᠡᠯᠡᠰᠦᠷᠬᠡᠭ ᠭᠠᠵᠠᠷ᠎ᠤᠨ ᠰᠦᠨᠦᠬᠡᠯᠳᠡ᠎ᠶᠢᠨ ᠬᠣᠶᠠᠷ ᠶᠡᠬᠡ ᠳᠠᠢᠯᠠᠯᠳᠤᠭᠠᠨ ᠢ ᠰᠠᠢᠲᠤᠷ ᠬᠢᠵᠦ᠂ ᠣᠶ ᠰᠢᠭᠤᠢ ᠡᠪᠡᠰᠦ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢ ᠲᠦᠷᠭᠡᠳᠬᠡᠨ ᠰᠡᠷᠭᠦᠭᠡᠬᠦ ᠬᠡᠷᠡᠭᠲᠡᠢ᠃ ᠾᠧᠰᠢ᠎ᠶᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠵᠠᠬᠠᠬᠥᠪᠡᠭᠡᠶᠢᠨ ᠥᠪᠥᠷ ᠮᠣᠩᠭᠣᠯ᠎ᠤᠨ ᠬᠡᠰᠡᠭ ᠣᠷᠣᠨ᠎ᠤ ᠬᠣᠷᠢᠭ᠍ᠯᠠᠨ ᠴᠣᠬᠢᠬᠤ ᠡᠭᠦᠷᠭᠡ᠎ᠶᠢ ᠪᠥᠬᠥ ᠬᠦᠴᠦᠨ᠎ᠢᠶᠡᠷ᠎ᠢᠶᠡᠨ ᠪᠡᠶᠡᠯᠡᠭᠦᠯᠵᠦ᠂ ᠪᠠᠳᠠᠢ᠎ᠶᠢᠨ ᠵᠢᠷᠠᠨ᠂ ᠲᠡᠭᠷᠢ ᠡᠯᠡᠰᠦ ᠵᠢᠨ ᠵᠠᠬ᠎ᠠ ᠬᠥᠪᠡᠭᠡ᠎ᠶᠢ ᠡᠮᠵᠢᠶᠡᠷᠢᠯᠡᠨ ᠪᠢᠲᠡᠭᠦᠮᠵᠢᠯᠡᠬᠦ ᠣᠶ ᠮᠤᠳᠤ ᠡᠪᠡᠰᠦ ᠵᠢᠨ ᠪᠦᠰᠡ᠎ᠶᠢ ᠥᠷᠭᠡᠳᠬᠡᠬᠦ ᠬᠡᠷᠡᠭᠳᠡᠢ᠃ ᠳ᠋ᠧᠩᠺᠧᠦ᠎ᠶᠢᠨ ᠵᠠᠭᠪᠤᠷ ᠪᠠ ᠬᠥᠪᠴᠢ᠎ᠶᠢᠨ ᠵᠠᠭᠪᠤᠷ᠎ᠢ ᠳᠡᠯᠭᠡᠷᠡᠭᠦᠯᠵᠦ᠂ ᠣᠷᠣᠨ ᠪᠦᠰᠡ ᠠᠯᠤᠰᠯᠠᠭᠰᠠᠨ ᠪᠠ ᠬᠢᠯᠢ ᠠᠯᠤᠰᠯᠠᠭᠰᠠᠨ ᠴᠦᠯᠯᠡᠷᠭᠡᠭᠵᠢᠯ᠎ᠢ ᠰᠡᠷᠭᠡᠢᠯᠡᠨ ᠵᠠᠰᠠᠬᠤ ᠬᠠᠮᠲᠤᠷᠠᠯᠴᠠᠭ᠎ᠠ᠎ᠶᠢ ᠴᠢᠩᠭᠠᠳᠬᠠᠬᠤ ᠬᠡᠷᠡᠭᠳᠡᠢ᠃ ᠭᠣᠣᠯᠳᠠᠯᠭ᠎ᠠ᠎ᠲᠠᠢ ᠣᠷᠣᠨ ᠪᠦᠰᠡ᠎ᠶᠢᠨ ᠠᠭᠠᠷ ᠮᠠᠨᠳᠠᠯ᠎ᠤᠨ ᠪᠣᠬᠢᠷᠲᠤᠯ᠎ᠢ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ᠎ᠶᠢ ᠴᠢᠩᠭᠠᠳᠬᠠᠵᠤ᠂ ᠤᠰᠤᠨ᠎ᠤ ᠪᠣᠬᠢᠷᠲᠤᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶᠢ ᠴᠢᠩᠭᠠᠳᠬᠠᠨ᠂ ᠬᠥᠷᠥᠰᠥ ᠰᠢᠷᠣᠢ᠎ᠶᠢᠨ ᠲᠦᠭᠰᠢᠭᠦᠷᠢ᠎ᠶᠢ ᠬᠢᠵᠠᠭᠠᠷᠯᠠᠨ ᠰᠡᠷᠭᠦᠭᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠠᠶᠤᠯᠲᠠᠢ ᠬᠠᠶᠠᠭᠳᠠᠮᠠᠯ ᠪᠣᠳᠠᠰ᠎ᠢ ᠰᠢᠢᠳᠪᠦᠷᠢᠯᠡᠨ ᠠᠰᠢᠭ᠍ᠯᠠᠬᠤ ᠪᠠ ᠰᠢᠨ᠎ᠡ ᠪᠣᠬᠢᠷᠲᠤᠯ ᠪᠣᠳᠠᠰ᠎ᠤᠨ ᠵᠠᠰᠠᠯᠳᠠ᠎ᠵᠢ ᠠᠬᠢᠭᠤᠯᠵᠤ᠂ ᠣᠷᠴᠢᠨ ᠲᠤᠭᠤᠷᠢᠨ ᠤ᠋ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ ᠬᠡᠷᠡᠭᠳᠡᠢ᠃
(ᠵᠢᠷᠭᠤᠭ᠎ᠠ) ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ᠎ᠶᠢ ᠠᠬᠢᠭᠤᠯᠬᠤ ᠬᠡᠷᠡᠭᠳᠡᠢ᠃ 《ᠤᠰᠤ ᠪᠡᠷ ᠲᠦᠷᠪᠡ᠎ᠵᠢ ᠲᠤᠭᠳᠠᠭᠠᠬᠤ》 ᠵᠠᠷᠴᠢᠮ ᠢ᠋ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠤᠰᠤ᠎ᠪᠠᠷ ᠨᠤᠭᠤᠭᠠᠷᠠᠭᠤᠯᠤᠯᠳᠠ᠎ᠵᠢ ᠲᠣᠭᠲᠠᠭᠠᠬᠤ᠎ᠶᠢ ᠪᠠᠷᠢᠮᠲᠠᠯᠠᠨ᠂ ᠦᠢᠯᠡᠳᠪᠦᠷᠢᠯᠡᠯ᠎ᠦᠨ ᠠᠷᠭ᠎ᠠ ᠮᠠᠶᠢᠭ᠋᠎ᠢ ᠬᠤᠪᠢᠷᠠᠭᠤᠯᠵᠤ᠂ ᠠᠵᠤ ᠦᠢᠯᠡᠰ᠎ᠦᠨ ᠪᠦᠲᠦᠴᠡ᠎ᠶᠢ ᠲᠣᠬᠢᠷᠠᠭᠤᠯᠤᠨ᠂ ᠭᠠᠵᠠᠷ ᠳᠣᠣᠷᠠᠬᠢ ᠤᠰᠤ᠎ᠶᠢ ᠬᠡᠲᠦᠷᠡᠲᠡᠯ᠎ᠡ ᠲᠠᠲᠠᠬᠤ ᠵᠢ ᠶᠡᠷᠦᠩᠬᠡᠢᠯᠡᠨ ᠵᠠᠰᠠᠬᠤ᠎ᠶᠢ ᠭᠦᠨᠵᠡᠭᠡᠢᠷᠡᠭᠦᠯᠵᠦ᠂ ᠤᠰᠤᠨ᠎ᠤ ᠡᠬᠢ ᠪᠠᠶᠠᠯᠢᠭ᠋᠎ᠤᠨ ᠴᠢᠨᠭᠭ᠎ᠠ ᠬᠢᠵᠠᠭᠠᠷᠯᠠᠯ ᠪᠠ ᠰᠢᠯᠢᠳᠡᠭᠵᠢᠭᠦᠯᠦᠨ ᠲᠣᠬᠢᠷᠠᠭᠤᠯᠬᠤ᠎ᠶᠢ ᠴᠢᠩᠭᠠᠳᠬᠠᠬᠤ ᠬᠡᠷᠡᠭᠳᠡᠢ᠃ 《ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠦᠨ 》 ᠭᠡᠬᠦ ᠣᠢᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠂ ᠠᠵᠤ ᠦᠢᠯᠡᠰ᠎ᠢ ᠠᠮᠢ ᠠᠬᠤᠢᠵᠢᠭᠤᠯᠬᠤ ᠪᠠ ᠠᠮᠢ ᠠᠬᠤᠢ᠎ᠶᠢ ᠠᠵᠤ ᠦᠢᠯᠡᠰᠵᠢᠭᠦᠯᠬᠦ᠎ᠶᠢ ᠠᠬᠢᠭᠤᠯᠵᠤ᠂ ᠤᠢ ᠰᠢᠭᠤᠢ ᠡᠯᠡᠰᠦ ᠡᠪᠡᠰᠦᠨ᠎ᠦ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠠᠮᠢ ᠠᠬᠤᠢ᠎ᠶᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ ᠲᠣᠭᠲᠠᠴᠠ᠎ᠶᠢᠨ ᠰᠢᠨ᠎ᠡ᠎ᠶᠢ ᠡᠭᠦᠳᠬᠦ ᠬᠡᠷᠡᠭᠳᠡᠢ᠃ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠶᠠᠪᠤᠳᠠᠯ᠎ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠬᠤ ᠪᠠ ᠪᠡᠶᠡᠯᠡᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ᠎ᠶᠢᠨ ᠬᠣᠣᠰ ᠡᠵᠡᠮᠳᠡᠯ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠣᠷᠢᠭ᠋ (ᠦᠢᠯᠡᠳᠪᠦᠷᠢ) ᠪᠠ ᠪᠤᠬᠢᠷᠳᠤᠯ ᠦᠬᠡᠢ ᠴᠠᠬᠢᠯᠭᠠᠨ ᠤ ᠬᠦᠷᠢᠶᠡᠯᠡᠩ ᠲᠣᠭᠣᠷᠢᠭ᠋ ᠦᠢᠯᠡᠳᠪᠦᠷᠢ)᠎ᠢ᠋ ᠪᠠᠢᠭᠤᠯᠵᠤ᠂ ᠨᠡᠭᠦᠷᠡᠰᠦᠲᠥ᠋ᠷᠥᠭᠴᠢ ᠦᠭᠡᠢ ᠲᠡᠭᠡᠭᠡᠪᠦᠷᠢ᠎ᠶᠢᠨ ᠬᠣᠩᠭᠢᠯ ᠢ ᠲᠥᠯᠥᠪᠵᠢᠭᠦᠯᠦᠨ ᠪᠠᠢᠷᠢᠰᠢᠭᠤᠯᠵᠤ᠂ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠬᠠᠮᠢᠶᠠᠷᠤᠯᠲᠠ᠎ᠶᠢᠨ ᠰᠢᠰᠲᠧᠮ᠎ᠢ ᠪᠠᠢᠭᠤᠯᠬᠤ ᠬᠡᠷᠡᠭᠳᠡᠢ᠃ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠢ ᠪᠠᠢᠭᠤᠯᠬᠤ ᠬᠡᠷᠡᠭᠳᠡᠢ᠃ ᠠᠵᠤ ᠦᠢᠯᠡᠳᠪᠦᠷᠢ᠂ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠡᠨᠧᠷᠭᠢ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠵᠦ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠠᠵᠤ ᠠᠬᠤᠢᠯᠠᠯ᠎ᠤᠨ ᠬᠡᠲᠦ ᠪᠠᠭ᠎ᠠ ᠭᠠᠳᠠᠭᠰᠢᠯᠠᠭᠤᠯᠬᠤ ᠥᠭᠡᠷᠡᠴᠢᠯᠡᠯᠲᠡ᠎ᠶᠢ ᠦᠷᠭᠦᠯᠵᠢᠯᠡᠨ ᠠᠬᠢᠭᠤᠯᠵᠤ᠂ ᠡᠬᠢ ᠪᠠᠶᠠᠯᠢᠭ᠋᠎ᠢ ᠡᠷᠭᠢᠯᠳᠦᠭᠦᠯᠦᠨ ᠠᠰᠢᠭ᠍ᠯᠠᠬᠤ ᠠᠵᠤ ᠦᠢᠯᠡᠰ᠎ᠢ ᠶᠡᠬᠡᠪᠡᠷ ᠬᠥᠭᠵᠢᠭᠦᠯᠬᠦ ᠬᠡᠷᠡᠭᠳᠡᠢ᠃ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠵᠤ ᠬᠠᠷᠢᠭᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶᠢ ᠪᠥᠬᠥ ᠬᠦᠴᠦᠨ᠎ᠢᠶᠡᠷ᠎ᠢᠶᠡᠨ ᠰᠠᠢᠲᠤᠷ ᠠᠳᠬᠤᠬᠤ ᠬᠡᠷᠡᠭᠲᠡᠢ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠦᠬᠦ ᠠᠷᠠᠳ᠎ᠤᠨ ᠠᠵᠢᠯᠯᠠᠭ᠎ᠠ᠎ᠶᠢ ᠥᠷᠨᠢᠭᠦᠯᠬᠦ ᠬᠡᠷᠡᠭᠳᠡᠢ᠃
ᠭᠤᠷᠪᠠ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠵᠢ ᠠᠬᠢᠭᠤᠯᠬᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠳᠡᠢ
ᠥᠨᠳᠥᠷ ᠪᠦᠲᠦᠮᠵᠢᠲᠡᠶ᠂ ᠪᠣᠬᠢᠷᠲᠤᠯ ᠦᠭᠡᠢ᠂ ᠠᠮᠤᠷ ᠲᠦᠪᠰᠢᠨ᠎ᠦ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠴᠢᠬᠤᠯᠠ ᠡᠯᠧᠮᠧᠨ᠋ᠲ᠎ᠢᠶᠡᠷ ᠲᠤᠯᠭᠠᠭᠤᠷᠢᠯᠠᠬᠤ᠂ ᠠᠮᠤᠷ ᠲᠦᠪᠰᠢᠨ᠎ᠢ ᠪᠠᠲᠤᠯᠠᠬᠤ᠎ᠶᠢ ᠴᠢᠩᠭᠠᠳᠬᠠᠵᠤ᠂ ᠪᠤᠳᠤᠯᠳᠠ᠎ᠶᠢᠨ ᠬᠦᠴᠦᠨ᠎ᠦ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭᠵᠢᠭᠦᠯᠬᠦ ᠬᠡᠷᠡᠭᠳᠡᠢ᠃
(ᠳᠣᠯᠣᠭ᠎ᠠ) ᠪᠤᠳᠤᠯᠳᠠ᠎ᠶᠢᠨ ᠬᠦᠴᠦᠨ᠎ᠦ ᠲᠥᠪ᠎ᠦᠨ ᠲᠥᠯᠦᠪᠵᠢᠭᠦᠯᠭᠡ ᠪᠦᠲᠦᠭᠡᠨ ᠪᠠᠢᠭᠤᠯᠤᠯᠲᠠ᠎ᠶᠢ ᠴᠢᠩᠭᠠᠳᠬᠠᠬᠤ ᠬᠡᠷᠡᠭᠳᠡᠢ᠃ ᠪᠥᠬᠥ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠯᠳᠠ᠎ᠶᠢᠨ ᠬᠦᠴᠦᠨ᠎ᠦ ᠲᠣᠣᠷ᠎ᠤᠨ ᠪᠦᠲᠦᠭᠡᠨ ᠪᠠᠢᠭᠤᠯᠤᠯᠲᠠ᠎ᠶᠢᠨ ᠬᠡᠷᠡᠭᠵᠢᠭᠦᠯᠬᠦ ᠲᠥᠰᠥᠯ᠎ᠢ ᠨᠠᠢᠳᠠᠪᠤᠷᠢᠵᠢᠭᠤᠯᠤᠨ᠂ ᠪᠥᠬᠥ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠯᠳᠠ᠎ᠶᠢᠨ ᠬᠦᠴᠦᠨ᠎ᠦ ᠲᠤᠤᠷ᠎ᠤᠨ ᠥᠪᠥᠷ ᠮᠣᠩᠭᠣᠯ᠎ᠤᠨ ᠬᠦᠢᠰᠦ᠎ᠶᠢᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠮᠠᠨᠵᠤᠤᠷ᠂ ᠡᠷᠢᠶᠡᠨ ᠬᠣᠲᠠ᠎ᠶᠢᠨ ᠵᠠᠬ᠎ᠠ ᠬᠢᠵᠠᠭᠠᠷ᠎ᠤᠨ ᠪᠤᠳᠤᠯᠳᠠ᠎ᠶᠢᠨ ᠬᠦᠴᠦᠨ᠎ᠦ ᠲᠥᠪ᠎ᠦᠨ ᠪᠦᠲᠦᠭᠡᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠬᠦᠯᠦᠨ ᠠᠬᠢᠭᠤᠯᠵᠤ᠂ ᠤᠯᠤᠰ ᠡᠴᠡ ᠴᠣᠬᠣᠯᠠᠪᠤᠷᠢᠯᠠᠨ ᠵᠦᠪᠰᠢᠶᠡᠷᠡᠭᠰᠡᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠠᠬᠢᠴᠠ᠎ᠶᠢ ᠲᠦᠷᠭᠡᠳᠬᠡᠨ᠂ ᠨᠢᠭᠡᠨᠲᠡ ᠪᠠᠢᠭᠤᠯᠤᠭᠰᠠᠨ ᠲᠥᠷᠥᠯ ᠵᠦᠢᠯ᠎ᠦᠨ ᠥᠨᠳᠥᠷ ᠦᠷ᠎ᠡ ᠪᠦᠲᠦᠮᠵᠢᠲᠡᠶ ᠠᠵᠢᠯᠯᠠᠭ᠎ᠠ᠎ᠨᠢ ᠦᠨᠡᠨᠬᠦ ᠪᠠᠲᠤᠯᠠᠬᠤ ᠬᠡᠷᠡᠭᠳᠡᠢ᠃ ᠡᠯᠸᠮᠸᠨ᠋ᠲ᠎ᠦᠨ ᠳᠠᠭᠠᠭᠠᠴᠠ᠎ᠶᠢᠨ ᠴᠢᠳᠠᠪᠤᠷᠢ᠎ᠶᠢ ᠶᠡᠷᠦᠩᠬᠡᠢᠯᠡᠨ ᠪᠣᠳᠣᠯᠬᠢᠯᠠᠵᠤ᠂ ᠲᠥᠷᠥᠯ ᠵᠦᠢᠯ᠎ᠦᠨ ᠪᠠᠢᠷᠢᠯᠠᠭᠤᠯᠤᠯᠲᠠ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠰᠣᠬᠣᠷ ᠪᠠᠯᠠᠢ᠎ᠪᠠᠷ ᠥᠷᠢᠰᠦᠯᠳᠦᠬᠦ᠂ ᠲᠤᠰ ᠪᠡᠶ᠎ᠡ᠎ᠶᠢᠨ ᠨᠥᠬᠥᠴᠡᠯ᠎ᠢᠶᠡᠨ ᠬᠠᠮᠢᠶᠠᠷᠬᠤ ᠦᠭᠡᠢ᠎ᠪᠡᠷ ᠡᠮᠬᠢ ᠵᠢᠷᠤᠮ ᠦᠭᠡᠢ᠎ᠪᠡᠷ ᠬᠥᠭᠵᠢᠬᠦ᠎ᠶᠢ ᠰᠡᠷᠭᠡᠢᠯᠡᠨ ᠬᠣᠷᠢᠭ᠍ᠯᠠᠬᠤ ᠬᠡᠷᠡᠭᠲᠡᠢ᠃
(ᠨᠠᠢ᠍ᠮᠠ) ᠪᠤᠳᠤᠯᠳᠠ ᠵᠢᠨ ᠬᠦᠴᠦᠨ ᠪᠠ ᠴᠠᠬᠢᠯᠭᠠᠨ ᠬᠦᠴᠦᠨ᠎ᠤ ᠬᠠᠮᠵᠢᠯᠴᠠᠭ᠎ᠠ᠂ ᠪᠤᠳᠤᠯᠳᠠ ᠵᠢᠨ ᠬᠦᠴᠦᠨ ᠪᠠ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ ᠪᠤᠯᠤᠨ ᠪᠤᠳᠤᠯᠳᠠ ᠵᠢᠨ ᠬᠦᠴᠦᠨ ᠪᠠ ᠰᠦᠯᠵᠢᠶ᠎ᠡ᠎ᠶᠢᠨ ᠠᠭᠤᠰᠤᠯᠴᠠᠯ᠎ᠢ ᠴᠢᠩᠭᠠᠷᠠᠭᠤᠯᠬᠤ ᠬᠡᠷᠡᠭᠳᠡᠢ᠃ ᠪᠤᠳᠤᠯᠳᠠ ᠵᠢᠨ ᠬᠦᠴᠦᠨ ᠪᠠ ᠴᠠᠬᠢᠯᠭᠠᠨ ᠬᠦᠴᠦᠨ᠎ᠤ ᠬᠠᠮᠵᠢᠯᠴᠠᠭ᠎ᠠ ᠵᠢᠨ ᠰᠢᠨ᠎ᠡ᠎ᠶᠢ ᠡᠭᠦᠳᠬᠦ ᠬᠥᠭᠵᠢᠯᠳᠠ᠎ᠶᠢ ᠲᠦᠷᠭᠡᠳᠬᠡᠵᠦ᠂ ᠡᠨ᠋ᠸᠷᠬᠢ᠂ ᠳᠤᠤᠷ᠂ ᠪᠤᠳᠤᠯᠳᠠ ᠵᠢᠨ ᠬᠦᠴᠦᠨ᠎ᠤ ᠪᠦᠲᠦᠭᠡᠨ ᠪᠠᠢᠭᠤᠯᠤᠯᠲᠠ᠎ᠶᠢᠨ ᠴᠠᠭ ᠤ᠋ᠨ ᠳᠠᠷᠠᠭᠠᠯᠠᠯ᠎ᠤᠨ ᠵᠣᠯᠭᠠᠭᠤᠯᠤᠯᠲᠠ᠎ᠶᠢ ᠴᠢᠩᠭᠠᠳᠬᠠᠵᠤ᠂ ᠰᠠᠯᠬᠢ ᠬᠦᠴᠦᠨ ᠬᠡᠷᠡᠯᠴᠢ ᠴᠡᠨᠡᠭ ᠴᠠᠬᠢᠯᠭᠠᠨ ᠡᠭᠦᠰᠬᠡᠭᠦᠷ᠎ᠤᠨ ᠰᠠᠭᠤᠷᠢᠨ ᠪᠠ ᠴᠠᠬᠢᠯᠭᠠᠨ ᠳᠠᠮᠵᠢᠭᠤᠯᠵᠤ ᠬᠦᠷᠭᠡᠵᠦ ᠲᠦᠭᠡᠭᠡᠬᠦ ᠲᠦᠭᠦᠭᠡᠷᠦᠮᠵᠢ᠎ᠶᠢᠨ ᠲᠥᠯᠥᠪᠵᠢᠭᠦᠯᠭᠡ ᠪᠦᠲᠦᠭᠡᠨ ᠪᠠᠢᠭᠤᠯᠤᠯᠲᠠ᠎ᠶᠢ ᠰᠠᠢᠲᠤᠷ ᠠᠳᠬᠤᠵᠤ᠂ ᠪᠤᠬᠢᠷᠳᠦᠯ ᠦᠬᠡᠢ ᠴᠠᠬᠢᠯᠭᠠᠨ᠎ᠤ ᠰᠢᠭᠤᠳ ᠬᠣᠯᠪᠣᠯᠳᠠ᠂ ᠡᠨ᠋ᠸᠷᠬᠢ ᠳᠤᠤᠷ ᠳᠠᠭᠠᠭᠠᠴᠠ ᠨᠦᠬᠡᠴᠡ᠎ᠶᠢ ᠨᠢᠭᠡ ᠴᠣᠭᠴᠠᠵᠢᠭᠤᠯᠬᠤ᠂ ᠨᠡᠮᠡᠭᠳᠡᠯ ᠴᠠᠬᠢᠯᠭᠠᠨ ᠲᠣᠣᠷ ᠪᠠ ᠵᠠᠭᠤᠨ ᠲᠦᠮᠡᠨ ᠺᠢᠯᠦᠸᠠᠲ᠎ᠤᠨ ᠲᠡᠰ᠎ᠤᠨ ᠪᠣᠬᠢᠷᠲᠤᠯ ᠦᠭᠡᠢ ᠪᠤᠳᠤᠯᠳᠠ ᠵᠢᠨ ᠬᠦᠴᠦᠨ ᠴᠠᠬᠢᠯᠭᠠᠨ ᠬᠦᠴᠦᠨ᠎ᠤ ᠬᠦᠷᠢᠶᠡᠯᠡᠩ ᠲᠣᠭᠣᠷᠢᠭ᠋ ᠢ᠋ ᠶᠡᠬᠡᠪᠡᠷ ᠬᠥᠭᠵᠢᠭᠦᠯᠵᠦ᠂ ᠵᠠᠩᠭᠢᠯᠠᠭ᠎ᠠ᠎ᠶᠢᠨ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠴᠢᠩᠭᠠᠳᠬᠠᠬᠤ ᠬᠡᠷᠡᠭᠳᠡᠢ᠃ ᠪᠤᠳᠤᠯᠳᠠ ᠵᠢᠨ ᠬᠦᠴᠦᠨ ᠪᠠ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ ᠵᠢᠨ ᠥᠨᠳᠥᠷ ᠦᠷ᠎ᠡ ᠪᠦᠲᠦᠮᠵᠢᠲᠡᠢ ᠬᠥᠭᠵᠢᠭᠦᠯᠬᠦ᠎ᠶᠢ ᠠᠬᠢᠭᠤᠯᠵᠤ᠂ ᠤᠰᠤᠨ᠎ᠤ ᠡᠬᠢ ᠪᠠᠶᠠᠯᠢᠭ᠋᠎ᠢ ᠲᠣᠬᠢᠷᠠᠭᠤᠯᠬᠤ ᠪᠠ ᠲᠡᠳᠡᠨ ᠣᠷᠣᠭᠤᠯᠵᠤ ᠲᠣᠬᠢᠷᠠᠭᠤᠯᠤᠨ ᠨᠦᠭᠡᠴᠡᠯᠡᠬᠦ ᠢᠨᠵᠧᠨᠧᠷᠢᠩ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠦᠨ ᠠᠬᠢᠭᠤᠯᠵᠤ᠂ ᠨᠢᠭᠡᠨᠲᠡ ᠪᠠᠢᠭᠤᠯᠤᠭᠰᠠᠨ ᠲᠥᠷᠥᠯ ᠵᠦᠢᠯ᠎ᠦᠨ ᠤᠰᠤ ᠠᠷᠪᠢᠯᠠᠬᠤ ᠥᠭᠡᠷᠡᠴᠢᠯᠡᠯᠲᠡ᠎ᠶᠢ ᠠᠬᠢᠭᠤᠯᠵᠤ᠂ ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯ᠎ᠦᠨ ᠤᠰᠤᠨ᠎ᠤ ᠠᠰᠢᠭ᠍ᠯᠠᠮᠵᠢ᠎ᠶᠢᠨ ᠬᠢᠵᠠᠭᠠᠷᠯᠠᠯ᠎ᠢ ᠴᠢᠩᠭᠠᠳᠬᠠᠬᠤ ᠬᠡᠷᠡᠭᠳᠡᠢ᠃ ᠪᠤᠳᠤᠯᠳᠠ ᠵᠢᠨ ᠬᠦᠴᠦᠨ ᠪᠠ ᠰᠦᠯᠵᠢᠶ᠎ᠠ ᠵᠢᠨ ᠠᠭᠤᠰᠤᠯᠴᠠᠯ᠎ᠤᠨ ᠰᠢᠨ᠎ᠡ᠎ᠶᠢ ᠡᠭᠦᠳᠦᠨ ᠬᠡᠷᠡᠭᠯᠡᠬᠦ᠎ᠶᠢ ᠭᠦᠨᠵᠡᠭᠡᠢᠷᠡᠭᠦᠯᠵᠦ᠂ ᠰᠦᠯᠵᠢᠶᠡᠨ᠎ᠦ ᠨᠡᠪᠲᠡᠷᠡᠬᠦ ᠵᠠᠮ᠎ᠤᠨ ᠴᠢᠨᠠᠷ᠎ᠢ ᠳᠡᠭᠡᠭᠰᠢᠯᠡᠭᠦᠯᠦᠨ ᠲᠡᠰ ᠳᠡᠪᠰᠢᠭᠦᠯᠬᠦ᠎ᠶᠢ ᠲᠦᠷᠭᠡᠳᠬᠡᠬᠦ ᠬᠡᠷᠡᠭᠳᠡᠢ᠃ ᠪᠤᠳᠤᠯᠳᠠ ᠵᠢᠨ ᠬᠦᠴᠤᠨ᠎ᠤ ᠲᠦᠷᠦᠯ ᠵᠦᠢᠯ᠎ᠦᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠨᠢᠭᠡᠳᠦᠯᠲᠡᠢ ᠲᠥᠯᠥᠪᠵᠢᠬᠦᠯᠦᠨ ᠪᠣᠳᠣᠯᠬᠢᠯᠠᠵᠤ᠂ ᠥᠨᠳᠥᠷ ᠨᠢᠭ᠍ᠲᠡᠴᠡᠲᠠᠢ᠂ ᠪᠣᠰᠣᠭ᠎ᠠ ᠴᠣᠭᠴᠠᠲᠤ ᠮᠠᠶᠢᠭ᠋᠎ᠤᠨ ᠪᠤᠳᠤᠯᠳᠠ ᠵᠢᠨ ᠬᠦᠴᠦᠨ᠎ᠤ ᠲᠥᠬᠦᠭᠡᠷᠦᠮᠵᠢ᠎ᠶᠢ ᠶᠡᠬᠡᠪᠡᠷ ᠬᠥᠭᠵᠢᠭᠦᠯᠵᠦ᠂ ᠪᠤᠳᠤᠯᠳᠠ ᠵᠢᠨ ᠬᠦᠴᠦᠨ᠎ᠤ ᠲᠥᠪ᠎ᠦᠨ ᠲᠠᠷᠬᠠᠮᠠᠯ ᠮᠠᠶᠢᠭ᠋᠎ᠤᠨ ᠪᠠᠢᠷᠢᠰᠢᠭᠤᠯᠤᠯᠲᠠ ᠵᠢ ᠢᠳᠡᠪᠬᠢᠲᠡᠢ ᠰᠦᠪᠡᠭᠴᠢᠯᠡᠬᠦ ᠬᠡᠷᠡᠭᠳᠡᠢ᠃
(ᠶᠢᠰᠦ) ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠢ᠎ᠪᠡᠷ ᠤᠷᠲᠤᠳᠬᠠᠬᠤ ᠬᠡᠷᠡᠭᠳᠡᠢ᠃ ᠦᠢᠯᠡᠴᠢᠯᠡᠭᠦᠷ᠂ ᠮᠠᠰᠢᠨ ᠬᠣᠷᠭᠣ ᠮᠠᠰᠢᠨ᠎ᠤ ᠲᠠᠯᠪᠢᠭᠤᠷ᠂ ᠴᠠᠬᠢᠯᠭᠠᠨ᠎ᠢ ᠳᠤᠬᠢᠷᠠᠭᠤᠯᠬᠤ ᠲᠣᠨᠣᠭ ᠲᠥᠬᠦᠭᠡᠷᠦᠮᠵᠢ᠂ ᠬᠦᠷᠦᠭᠡᠬᠦ ᠲᠥᠬᠦᠭᠡᠷᠦᠮᠵᠢ ᠵᠡᠷᠭᠡ ᠦᠢᠯᠡᠳᠬᠦ ᠠᠵᠤ ᠠᠬᠤᠢᠯᠡᠯ᠎ᠢ ᠶᠡᠬᠡᠪᠡᠷ ᠣᠷᠣᠭᠤᠯᠵᠤ᠂ ᠨᠥᠬᠥᠴᠡᠯ᠎ᠲᠠᠢ ᠭᠠᠵᠠᠷ ᠣᠷᠣᠨ᠎ᠤ ᠪᠤᠳᠤᠯᠳᠠ ᠵᠢᠨ ᠬᠦᠴᠦᠨ᠎ᠤ ᠲᠣᠨᠣᠭ ᠲᠥᠬᠦᠭᠡᠷᠦᠮᠵᠢ ᠦᠢᠯᠡᠳᠬᠦ ᠰᠠᠭᠤᠷᠢᠨ᠎ᠢ ᠪᠠᠶ᠋ᠢᠭᠤᠯᠬᠤ᠎ᠶᠢ ᠳᠡᠮᠵᠢᠬᠦ ᠬᠡᠷᠡᠭᠳᠡᠢ᠃ ᠪᠤᠳᠤᠯᠳᠠ ᠵᠢᠨ ᠬᠦᠴᠦᠨ᠎ᠢ ᠲᠦᠷᠢᠶᠡᠰᠦᠯᠡᠬᠦ᠂ ᠠᠵᠢᠯᠯᠠᠭᠤᠯᠵᠤ ᠬᠠᠮᠠᠭᠠᠯᠠᠬᠤ᠂ ᠲᠣᠬᠢᠷᠠᠭᠤᠯᠬᠤ᠂ ᠠᠷᠠᠯᠵᠢᠶᠠᠯᠠᠬᠤ ᠵᠡᠷᠭᠡ ᠦᠢᠯᠡᠴᠢᠯᠡᠭᠡᠨ᠎ᠦ ᠡᠵᠡᠩᠨᠡᠯᠲᠡ᠎ᠶᠢᠨ ᠪᠠᠢᠳᠠᠯ᠎ᠢ ᠲᠡᠭᠦᠯᠳᠡᠷᠵᠢᠭᠦᠯᠵᠦ᠂ ᠳ᠋ᠠᠢᠲ᠋ᠠ᠎ᠳᠤ ᠲᠣᠳᠣᠷᠬᠠᠢᠯᠠᠯᠲᠠ ᠬᠢᠬᠦ᠎ᠶᠢ ᠨᠡᠢᠳᠡᠮ ᠬᠡᠷᠡᠭᠯᠡᠬᠦ ᠬᠡᠯᠪᠡᠷᠢ᠎ᠡᠴᠡ ᠠᠵᠢᠯ ᠲᠥᠷᠥᠯ ᠦᠨ ᠬᠡᠯᠪᠡᠷᠢ᠂ ᠲᠤᠰᠬᠠᠢ ᠮᠡᠷᠭᠡᠵᠢᠯ᠎ᠦᠨ ᠬᠡᠯᠪᠡᠷᠢ ᠳᠠᠢᠰᠢ ᠥᠷᠭᠡᠳᠬᠡᠬᠦ᠎ᠶᠢ ᠠᠬᠢᠭᠤᠯᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠤ ᠳ᠋ᠠᠢᠲ᠋ᠠ ᠵᠢᠨ ᠳᠠᠰᠤᠯᠠᠪᠤᠷᠢ ᠵᠢᠨ ᠰᠤᠯᠢᠯᠴᠠᠭᠠᠨ᠎ᠤ ᠲᠠᠪᠴᠠᠩ ᠤ᠋ᠨ ᠠᠵᠢᠯᠯᠠᠭᠠᠨ᠎ᠤ ᠲᠣᠭᠲᠡᠴᠡ᠎ᠶᠢ ᠰᠢᠯᠢᠳᠡᠭᠵᠢᠭᠦᠯᠵᠦ᠂ ᠨᠢᠭᠡ ᠪᠦᠯᠦᠭ ᠳ᠋ᠠᠢᠲ᠋ᠠ ᠵᠢᠨ ᠳᠠᠰᠤᠯᠠᠪᠤᠷᠢ ᠵᠢᠨ ᠦᠢᠯᠡᠳᠪᠦᠷᠢᠯᠡᠯ᠂ ᠬᠡᠮᠵᠢᠯᠲᠡ᠂ ᠦᠨᠡᠯᠡᠯᠲᠡ᠂ ᠠᠮᠤᠷ ᠲᠦᠪᠰᠢᠨ ᠵᠡᠷᠭᠡ ᠬᠦᠷᠢᠶ᠎ᠡ ᠵᠢᠨ ᠠᠵᠤ ᠠᠬᠤᠢᠯᠡᠯ᠎ᠢ ᠪᠣᠢᠵᠢᠭᠤᠯᠤᠨ ᠲᠡᠳᠡᠨ ᠣᠷᠣᠭᠤᠯᠵᠤ᠂ ᠳ᠋ᠠᠢᠲ᠋ᠠ ᠵᠢᠨ ᠳᠠᠰᠤᠯᠠᠪᠤᠷᠢ ᠵᠢᠨ ᠠᠵᠤ ᠠᠬᠤᠢ᠎ᠶᠢᠨ《ᠬᠠᠩᠭᠠᠯᠭ᠎ᠠ — ᠠᠷᠠᠯᠵᠢᠶ᠎ᠠ — ᠬᠡᠷᠡᠭᠯᠡᠬᠡᠨ — ᠭᠠᠳᠠᠭᠠᠳᠤ ᠭᠠᠷᠭᠠᠯᠳᠠ》 ᠵᠢᠨ ᠪᠥᠬᠥ ᠬᠡᠯᠬᠢᠶᠡᠨ᠎ᠦ ᠬᠥᠭᠵᠢᠯᠲᠡ᠎ᠶᠢ ᠠᠬᠢᠭᠤᠯᠬᠤ ᠬᠡᠷᠡᠭᠳᠡᠢ᠃ ᠰᠢᠨ᠎ᠡ ᠡᠨᠧᠷᠭᠢ᠂ ᠦᠢᠯᠡᠳᠬᠦ ᠦᠢᠯᠡᠰ᠂ ᠲᠠᠷᠢᠶᠠᠯᠠᠩ ᠮᠠᠯ ᠠᠵᠤ ᠠᠬᠤᠢ ᠵᠡᠷᠭᠡ ᠣᠨᠴᠠᠯᠢᠭ᠍ᠲᠤ ᠳᠠᠪᠠᠭᠤᠯᠢᠭ᠋ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ ᠨᠠᠩ ᠣᠯᠠᠨ 《ᠵᠣᠬᠢᠶᠠᠮᠠᠯ ᠣᠶᠤᠨ ᠴᠢᠳᠠᠪᠤᠷᠢ +》 ᠬᠡᠷᠡᠭᠯᠡᠭᠡᠨ᠎ᠦ ᠪᠠᠢᠳᠠᠯ᠎ᠢ ᠪᠣᠢᠵᠢᠭᠤᠯᠵᠤ᠂ ᠲᠣᠭᠠᠴᠢᠯᠠᠭᠰᠠᠨ ᠠᠵᠤ ᠠᠬᠤᠢ ᠬᠢᠭᠡᠳ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠳᠡᠢ᠃ ᠠᠵᠤ ᠠᠬᠤᠢᠯᠡᠯ᠎ᠢ ᠬᠥᠲᠥᠯᠥᠨ ᠵᠢᠯᠤᠭᠣᠳᠴᠤ ᠪᠠᠢᠭᠠᠳ ᠠᠵᠤ ᠦᠢᠯᠡᠰ᠎ᠦᠨ ᠪᠡᠯᠡ ᠣᠷᠣᠭᠤᠯᠤᠯᠲᠠ᠎ᠳᠤ ᠣᠷᠣᠯᠴᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠂ ᠲᠣᠭᠠᠴᠢᠯᠠᠭᠰᠠᠨ ᠮᠥᠩᠭᠥᠨ ᠭᠦᠢᠯᠭᠡᠭᠡᠨ᠎ᠢ ᠶᠡᠬᠡ ᠪᠡᠷ ᠬᠥᠭᠵᠢᠭᠦᠯᠬᠦ ᠬᠡᠷᠡᠭᠳᠡᠢ᠃ ᠪᠤᠳᠤᠯᠳᠠ ᠵᠢᠨ ᠬᠦᠴᠦᠨ᠎ᠤ ᠴᠢᠳᠠᠪᠤᠷᠢᠲᠠᠨ᠎ᠤ ᠪᠠᠲᠤᠯᠠᠭ᠎ᠠ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠬᠠᠵᠤ᠂ ᠰᠢᠨᠵᠢᠯᠡᠭᠡᠨ᠎ᠦ ᠰᠠᠯᠠᠭ᠎ᠠ ᠲᠤᠰᠬᠠᠢ ᠮᠡᠷᠭᠡᠵᠢᠯ᠎ᠦᠨ ᠪᠦᠲᠦᠴᠡ᠎ᠶᠢ ᠰᠢᠯᠢᠳᠡᠭᠵᠢᠭᠦᠯᠦᠨ᠂ ᠪᠤᠳᠤᠯᠳᠠ ᠵᠢᠨ ᠬᠦᠴᠦᠨ᠎ᠤ ᠬᠦᠷᠢᠶᠡᠨ᠎ᠦ ᠤᠷ᠎ᠠ ᠴᠢᠳᠠᠪᠤᠷᠢ᠎ᠶᠢᠨ ᠴᠢᠳᠠᠪᠤᠷᠢᠲᠠᠨ᠎ᠢ ᠵᠠᠬᠢᠶᠠᠯᠠᠭ᠎ᠠ᠎ᠶᠢᠨ ᠬᠡᠯᠪᠡᠷᠢ᠎ᠪᠡᠷ ᠬᠦᠮᠦᠵᠢᠬᠦᠯᠬᠦ ᠬᠡᠷᠡᠭᠳᠡᠢ᠃
(ᠠᠷᠪᠠ) ᠪᠤᠳᠤᠯᠳᠠ ᠵᠢᠨ ᠬᠦᠴᠦᠨ᠎ᠤ ᠠᠮᠤᠷ ᠲᠦᠪᠰᠢᠨ ᠨᠠᠢᠳᠠᠪᠤᠷᠢᠲᠠᠢ ᠪᠠᠢᠬᠤ᠎ᠶᠢ ᠪᠠᠲᠤᠯᠠᠬᠤ ᠬᠡᠷᠡᠭᠳᠡᠢ᠃ ᠪᠠᠢᠭᠠᠯᠢ᠎ᠶᠢᠨ ᠭᠠᠮᠰᠢᠭ᠋᠂ ᠭᠠᠯ ᠰᠡᠷᠭᠡᠢᠯᠡᠯᠲᠡ᠎ᠶᠢᠨ ᠠᠮᠤᠷ ᠲᠦᠪᠰᠢᠨ᠂ ᠡᠨᠧᠷᠭᠢ᠎ᠶᠢᠨ ᠪᠠᠲᠤᠯᠠᠭ᠎ᠠ ᠵᠡᠷᠭᠡ ᠠᠮᠤᠷ ᠲᠦᠪᠰᠢᠨ᠎ᠦ ᠪᠠᠢᠭᠤᠯᠤᠯᠲᠠ᠎ᠶᠢ ᠴᠢᠩᠭᠠᠳᠬᠠᠵᠤ᠂ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠢ ᠲᠡᠭᠦᠯᠳᠡᠷᠵᠢᠭᠦᠯᠵᠦ᠂ ᠲᠦᠬᠦᠭᠡᠷᠤᠮᠵᠢ᠂ ᠵᠠᠭᠪᠤᠷ᠂ ᠳ᠋ᠠᠢᠲ᠋ᠠ᠂ ᠰᠦᠯᠵᠢᠶᠡᠨ᠎ᠦ ᠠᠮᠤᠷ ᠲᠦᠪᠰᠢᠨ᠎ᠦ ᠰᠡᠷᠭᠡᠢᠯᠡᠨ ᠬᠠᠮᠠᠭᠠᠯᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠪᠥᠬᠥ ᠣᠷᠣᠨ ᠪᠦᠰᠡ᠎ᠶᠢ ᠬᠠᠮᠤᠷᠤᠭᠰᠠᠨ᠂ ᠪᠥᠬᠥ ᠶᠠᠪᠤᠴᠠ᠎ᠶᠢ ᠡᠵᠡᠮᠳᠡᠵᠦ ᠪᠣᠯᠬᠤ᠂ ᠪᠥᠬᠥ ᠬᠡᠯᠬᠢᠶ᠎ᠡ᠎ᠪᠡᠷ ᠮᠥᠷᠳᠡᠵᠦ ᠪᠣᠯᠬᠤ ᠪᠤᠳᠤᠯᠲᠠ ᠵᠢᠨ ᠬᠦᠴᠦᠨ᠎ᠦ ᠠᠮᠤᠷ ᠲᠦᠪᠰᠢᠨ᠎ᠦ ᠰᠡᠷᠭᠡᠢᠯᠡᠨ ᠬᠠᠮᠠᠭᠠᠯᠠᠬᠤ ᠰᠢᠰᠲᠧᠮ᠎ᠢ ᠪᠠᠢᠭᠤᠯᠬᠤ ᠬᠡᠷᠡᠭᠳᠡᠢ᠃ ᠪᠤᠳᠤᠯᠳᠠ ᠵᠢᠨ ᠬᠦᠴᠦᠨ᠎ᠤ ᠠᠵᠤ ᠠᠬᠤᠢᠯᠡᠯ᠎ᠢ ᠬᠥᠲᠥᠯᠥᠨ ᠵᠢᠯᠤᠭᠣᠳᠴᠤ ᠪᠠᠢᠭᠠᠳ ᠠᠵᠢᠯᠯᠠᠭᠠᠨ᠎ᠤ ᠠᠮᠤᠷ ᠲᠦᠪᠰᠢᠨ᠎ᠢ ᠬᠢᠨᠠᠨ ᠬᠡᠮᠵᠢᠬᠦ᠂ ᠠᠶᠤᠯ ᠲᠦᠭᠰᠢᠭᠦᠷᠢ᠎ᠶᠢ ᠢᠯᠭᠠᠨ ᠲᠠᠨᠢᠬᠤ ᠪᠠ ᠤᠷᠢᠳᠴᠢᠯᠠᠨ ᠰᠡᠷᠡᠮᠵᠢᠯᠡᠭᠦᠯᠵᠦ ᠬᠣᠷᠢᠭ᠍ᠯᠠᠨ ᠲᠠᠰᠤᠯᠬᠤ ᠵᠡᠷᠭᠡ ᠴᠢᠳᠠᠪᠤᠷᠢ᠎ᠶᠢ ᠴᠢᠨᠭᠭᠠᠷᠠᠭᠤᠯᠬᠤ ᠬᠡᠷᠡᠭᠳᠡᠢ᠃
ᠳᠥᠷᠪᠡ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠦᠨ ᠰᠠᠭᠤᠷᠢᠨ᠎ᠢ ᠪᠠᠢᠭᠤᠯᠤᠨ ᠬᠦᠴᠦᠷᠬᠡᠭᠵᠢᠭᠦᠯᠵᠦ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠨᠠᠩ ᠰᠠᠢᠲᠤᠷ ᠪᠠᠲᠤᠯᠠᠵᠤ᠂ ᠮᠠᠯᠴᠢᠨ ᠲᠠᠷᠢᠶᠠᠴᠢᠨ᠎ᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ
ᠭᠠᠷᠤᠯᠲᠠ ᠦᠢᠯᠡᠳᠪᠦᠷᠢᠯᠡᠯ᠎ᠤᠨ ᠴᠢᠳᠠᠪᠤᠷᠢ᠂ ᠦᠢᠯᠡᠳᠪᠦᠷᠢᠯᠡᠯ ᠠᠮᠢ ᠠᠬᠤᠢ᠂ ᠭᠠᠷᠤᠯᠲᠠ᠎ᠪᠠᠨ ᠨᠡᠮᠡᠭᠳᠡᠭᠦᠯᠵᠦ ᠣᠷᠣᠯᠭ᠎ᠠ᠎ᠪᠠᠨ ᠨᠡᠮᠡᠭᠳᠡᠭᠦᠯᠬᠦ᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠷᠢᠶᠠᠯᠠᠩ ᠮᠠᠯ ᠠᠵᠤ ᠠᠬᠤᠢ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ᠂ ᠶᠠᠰᠤ ᠴᠢᠨᠠᠷ᠎ᠤᠨ ᠲᠠᠷᠢᠶᠠᠯᠠᠩ ᠮᠠᠯ ᠠᠵᠤ ᠠᠬᠤᠢ᠂ ᠳᠦᠷᠦᠯ ᠳᠡᠮᠳᠡᠭ᠎ᠤᠨ ᠲᠠᠷᠢᠶᠠᠯᠠᠩ ᠮᠠᠯ ᠠᠵᠤ ᠠᠬᠤᠢ᠎ᠶᠢ ᠨᠢᠭᠡᠳᠦᠯᠲᠡᠢ ᠲᠥᠯᠥᠪᠵᠢᠬᠦᠯᠦᠨ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ᠎ᠶᠢᠨ ᠬᠠᠩᠭᠠᠯᠭ᠎ᠠ᠎ᠶᠢ ᠲᠣᠭᠲᠠᠪᠤᠷᠢᠵᠢᠭᠤᠯᠬᠤ᠂ ᠣᠷᠣᠯᠭ᠎ᠠ᠎ᠶᠢ ᠨᠡᠮᠡᠭᠳᠡᠭᠦᠯᠬᠦ᠎ᠶᠢ ᠠᠬᠢᠭᠤᠯᠬᠤ᠂ ᠠᠮᠢ ᠠᠬᠤᠢ᠎ᠶᠢ ᠭᠣᠶᠣᠵᠢᠭᠤᠯᠬᠤ ᠵᠡᠷᠭᠡ ᠣᠯᠠᠨ ᠵᠦᠢᠯ᠎ᠦᠨ ᠦᠢᠯᠡᠳᠦᠯ ᠴᠢᠳᠠᠪᠬᠢ᠎ᠶᠢ ᠪᠠᠳᠠᠷᠠᠭᠤᠯᠬᠤ ᠬᠡᠷᠡᠭᠳᠡᠢ᠃
(ᠠᠷᠪᠠᠨ ᠨᠢᠭᠡ) ᠲᠠᠷᠢᠶᠠᠯᠠᠩ ᠮᠠᠯ ᠠᠵᠤ ᠠᠬᠤᠢ᠎ᠶᠢᠨ ᠶᠡᠷᠦᠩᠬᠡᠢᠯᠡᠭᠰᠡᠨ ᠦᠢᠯᠡᠳᠪᠦᠷᠢᠯᠡᠬᠦ ᠴᠢᠳᠠᠪᠤᠷᠢ ᠪᠣᠯᠣᠨ ᠶᠠᠰᠤ ᠴᠢᠨᠠᠷ ᠦᠷ᠎ᠡ ᠠᠰᠢᠭ᠋᠎ᠢ ᠯᠠᠪᠳᠠᠭᠤᠨ᠎ᠢᠶᠠᠷ ᠳᠡᠭᠡᠭᠰᠢᠯᠡᠭᠦᠯᠬᠦ ᠬᠡᠷᠡᠭᠲᠡᠢ᠃ 《ᠦᠷ᠎ᠡ᠎ᠶᠢᠨ ᠢᠯᠳᠠᠰᠤ》᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ᠂ ᠮᠢᠬᠠᠨ᠎ᠤ ᠦᠬᠡᠷ ᠮᠢᠬᠠᠨ᠎ᠤ ᠬᠣᠨᠢᠨ᠎ᠤ ᠭᠠᠷᠤᠯᠲᠠ ᠪᠡᠨ ᠨᠡᠮᠡᠭᠳᠡᠬᠦᠯᠵᠦ ᠦᠷ᠎ᠡ ᠠᠰᠢᠭ᠋᠎ᠢ ᠨᠡᠮᠡᠭᠳᠡᠭᠦᠯᠬᠦ᠂ ᠰᠦᠨ᠎ᠦ ᠦᠢᠯᠡᠰ᠎ᠢ ᠬᠥᠭᠵᠢᠭᠦᠯᠦᠨ ᠮᠠᠨᠳᠤᠭᠤᠯᠬᠤ ᠵᠡᠷᠭᠡ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠠᠭᠤᠰᠤᠯᠴᠠᠨ ᠬᠥᠭᠵᠢᠬᠦ᠎ᠶᠢ ᠠᠬᠢᠭᠤᠯᠵᠤ᠂ ᠬᠦᠢᠲᠡᠨ ᠰᠡᠷᠢᠭᠦᠨ ᠭᠠᠩ ᠬᠠᠭᠰᠠᠷᠠᠭᠠᠨ ᠨᠥᠬᠥᠴᠡᠯ ᠳᠣᠣᠷᠠᠬᠢ ᠣᠳᠣ᠌ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠬᠥᠭᠵᠢᠯᠲᠡ᠎ᠶᠢᠨ ᠳᠠᠯᠳᠠ ᠬᠦᠴᠦᠨ᠎ᠢ ᠲᠠᠰᠤᠷᠠᠯᠲᠠ ᠦᠭᠡᠢ ᠠᠭᠤᠳᠠᠯᠵᠤ᠂ ᠤᠯᠤᠰ᠎ᠤᠨ ᠠᠮᠤ ᠪᠤᠳᠠᠭᠠᠨ ᠤ ᠠᠮᠤᠷ ᠲᠦᠪᠰᠢᠨ ᠪᠠ ᠴᠢᠨᠠᠷ ᠰᠠᠢᠲᠠᠢ ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠲᠣᠭᠲᠠᠭᠤᠨ ᠬᠠᠩᠭᠠᠯᠭ᠎ᠠ᠎ᠶᠢ ᠪᠠᠲᠤᠯᠠᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠳᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠡᠵᠡᠩᠨᠡᠯᠲᠡ᠂ ᠬᠠᠮᠢᠶᠠᠷᠤᠯᠲᠠ ᠬᠠᠮᠠᠭᠠᠯᠠᠯᠲᠠ᠎ᠶᠢᠨ ᠲᠣᠭᠲᠡᠴᠡ᠎ᠶᠢ ᠪᠠᠢᠭᠤᠯᠤᠨ ᠲᠡᠭᠦᠯᠳᠡᠷᠵᠢᠭᠦᠯᠬᠦ ᠬᠡᠷᠡᠭᠳᠡᠢ᠃ ᠬᠠᠷ᠎ᠠ ᠬᠥᠷᠥᠰᠥ᠎ᠶᠢ ᠬᠠᠮᠠᠭᠠᠯᠠᠬᠤ ᠪᠠ ᠬᠤᠵᠢᠷᠯᠢᠭ᠋ ᠭᠠᠵᠠᠷ᠎ᠢ ᠶᠡᠷᠦᠩᠬᠡᠢᠯᠡᠨ ᠠᠰᠢᠭ᠍ᠯᠠᠬᠤ᠎ᠶᠢ ᠴᠢᠩᠭᠠᠳᠬᠠᠬᠤ ᠬᠡᠷᠡᠭᠳᠡᠢ᠃ ᠲᠠᠷᠢᠶᠠᠯᠠᠩ ᠮᠠᠯ ᠠᠵᠤ ᠠᠬᠤᠢ᠎ᠶᠢᠨ ᠵᠤᠬᠢᠰᠳᠠᠢ ᠬᠡᠪᠴᠢᠶᠡᠵᠢᠭᠰᠡᠨ ᠡᠵᠡᠩᠨᠡᠯᠲᠡ᠎ᠶᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ᠎ᠶᠢᠨ ᠨᠡᠢᠭᠡᠮᠴᠢᠯᠡᠭᠰᠡᠨ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠬᠦ ᠭᠡᠷᠡᠭᠲᠡᠢ᠃
(ᠠᠷᠪᠠᠨ ᠬᠣᠶᠠᠷ) ᠲᠠᠷᠢᠶᠠᠯᠠᠩ ᠤ᠋ᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ᠎ᠶᠢ ᠡᠳ᠋ᠰᠢᠭᠦᠯᠬᠦ ᠭᠦᠢᠯᠭᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠠᠬᠢᠭᠤᠯᠬᠤ ᠬᠡᠷᠡᠭᠳᠡᠢ᠃ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ᠎ᠶᠢ ᠨᠠᠷᠢᠯᠢᠭ᠋ ᠭᠦᠨᠵᠡᠭᠡᠢ ᠡᠳ᠋ᠰᠢᠭᠦᠯᠬᠦ ᠪᠠ ᠣᠨᠴᠠᠯᠢᠭ᠍ᠲᠤ ᠳᠠᠷᠢᠵᠤ ᠲᠡᠵᠢᠭᠡᠬᠦ ᠦᠢᠯᠡᠰ᠎ᠦᠨ ᠬᠥᠭᠵᠢᠯᠲᠡ᠎ᠶᠢ ᠨᠢᠭᠡᠳᠦᠯᠲᠡᠢ ᠲᠥᠯᠥᠪᠵᠢᠭᠦᠯᠵᠦ᠂《ᠲᠠᠷᠢᠮᠠᠯ ᠨᠢ ᠡᠬᠢᠨ᠎ᠳᠦ ᠪᠦᠲᠦᠭᠡᠭᠳᠡᠬᠦᠨ ᠨᠢ ᠰᠡᠬᠦᠯ᠎ᠳᠦ》᠂《ᠮᠠᠯ ᠨᠢ ᠡᠬᠢᠨ᠎ᠳᠦ ᠮᠢᠬ᠎ᠠ ᠨᠢ ᠰᠡᠭᠦᠯ᠎ᠳᠦ》᠂《ᠲᠠᠷᠢᠶᠠᠯᠠᠩ ᠨᠢ ᠡᠬᠢᠨ᠎ᠳᠦ ᠠᠵᠤ ᠦᠢᠯᠡᠳᠪᠦᠷᠢ ᠨᠢ ᠰᠡᠭᠦᠯ᠎ᠳᠦ》ᠬᠡᠬᠦ ᠥᠷᠲᠡᠭ᠎ᠢ ᠨᠡᠮᠡᠭᠳᠡᠭᠦᠯᠬᠦ ᠠᠵᠢᠯ᠎ᠢ ᠰᠠᠢᠲᠤᠷ ᠬᠢᠬᠦ ᠬᠡᠷᠡᠭᠳᠡᠢ᠃ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠶᠢ ᠴᠢᠩᠭᠠᠳᠬᠠᠵᠤ᠂ ᠪᠣᠷᠤᠯᠠᠭᠤᠯᠭ᠎ᠠ᠎ᠶᠢᠨ ᠠᠷᠭ᠎ᠠ ᠵᠠᠮ᠎ᠢ ᠥᠷᠭᠡᠳᠬᠡᠨ᠂《ᠢᠨᠲᠧᠷ ᠰᠦᠯᠵᠢᠶ᠎ᠡ +》 ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ᠎ᠶᠢ ᠲᠣᠰᠬᠣᠨ ᠡᠴᠡ ᠭᠠᠷᠭᠠᠵᠤ ᠬᠣᠲᠠ᠎ᠳᠤ ᠣᠷᠣᠭᠤᠯᠬᠤ ᠢᠨᠵᠧᠨᠧᠷᠢᠩ ᠪᠠ 《ᠪᠣᠬᠢᠷᠳᠤᠯ ᠦᠭᠡᠢ ᠪᠦᠲᠦᠭᠡᠭᠳᠡᠬᠦᠨ᠎ᠢ ᠪᠣᠭᠣᠮᠲᠠ ᠡᠴᠡ ᠭᠠᠷᠭᠠᠬᠤ》ᠠᠵᠢᠯᠯᠠᠭ᠎ᠠ᠎ᠶᠢ ᠬᠡᠷᠡᠭᠵᠢᠭᠦᠯᠵᠦ᠂ ᠴᠢᠨᠠᠷ ᠰᠠᠢᠲᠠᠢ ᠪᠣᠬᠢᠷᠳᠤᠯ ᠦᠭᠡᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ᠎ᠶᠢᠨ ᠪᠣᠷᠤᠯᠠᠭᠤᠯᠭ᠎ᠠ ᠰᠠᠢᠲᠠᠢ ᠪᠠᠢᠬᠤ᠎ᠶᠢ ᠠᠬᠢᠭᠤᠯᠬᠤ ᠬᠡᠷᠡᠭᠳᠡᠢ᠃ 《ᠦᠪᠦᠷ ᠮᠣᠩᠭᠣᠯ》ᠨᠡᠷᠡᠮᠵᠢᠳᠦ ᠰᠢᠯᠢᠳᠡᠭ ᠦᠢᠯᠡᠳᠬᠦᠨ ᠵᠡᠷᠭᠡ ᠲᠥᠷᠥᠯ ᠲᠡᠮᠳᠡᠭ᠎ᠤᠨ ᠪᠠᠢᠭᠤᠯᠤᠯᠲᠠ᠎ᠶᠢ ᠴᠢᠩᠭᠠᠳᠬᠠᠬᠤ ᠬᠡᠷᠡᠭᠳᠡᠢ᠃ ᠲᠠᠷᠢᠶᠠᠯᠠᠩ ᠤᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ᠎ᠶᠢᠨ ᠠᠮᠤᠷ ᠲᠦᠪᠰᠢᠨ᠎ᠤ ᠬᠠᠮᠢᠶᠠᠷᠤᠯᠲᠠ᠎ᠶᠢ ᠴᠢᠩᠭᠠᠷᠠᠭᠤᠯᠬᠤ ᠬᠡᠷᠡᠭᠳᠡᠢ᠃
(ᠠᠷᠪᠠᠨ ᠭᠤᠷᠪᠠ) ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ᠎ᠶᠢ ᠠᠬᠢᠭᠤᠯᠬᠤ ᠲᠣᠭᠲᠠᠴᠠ᠎ᠶᠢ ᠪᠦᠷᠢᠨᠰᠢᠭᠦᠯᠦᠨ ᠠᠬᠢᠭᠤᠯᠬᠤ ᠬᠡᠷᠡᠭᠳᠡᠢ᠃ 《ᠮᠢᠩᠭ᠎ᠠ ᠲᠦᠮᠡ᠎ᠶᠢᠨ ᠢᠨᠵᠧᠨᠧᠷᠢᠩ》 ᠤ᠋ᠨ ᠲᠤᠷᠰᠢᠯᠭ᠎ᠠ᠎ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠠᠵᠢᠯᠯᠠᠵᠤ ᠠᠮᠢᠳᠤᠷᠠᠬᠤ᠎ᠳᠦ ᠳᠤᠬᠢᠳᠠᠢ ᠡᠶ᠎ᠡ ᠵᠤᠬᠢᠴᠠᠩᠭᠤᠢ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠣᠨ ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠲᠥᠷᠥᠯ ᠬᠤᠪᠢᠶᠠᠨ ᠡᠮᠬᠢ ᠵᠢᠷᠤᠮ᠎ᠲᠠᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶᠢ ᠲᠦᠷᠭᠡᠳᠬᠡᠬᠦ ᠬᠡᠷᠡᠭᠳᠡᠢ᠃ ᠲᠠᠷᠢᠶᠠᠯᠠᠩ ᠪᠠ ᠠᠵᠤ ᠠᠬᠤᠢᠯᠠᠯ᠎ᠤᠨ ᠠᠰᠢᠭ᠋ ᠲᠤᠰᠠ ᠶᠢ ᠨᠢᠭ᠍ᠲᠠ ᠬᠣᠯᠪᠣᠬᠤ ᠲᠣᠭᠲᠠᠴᠠ᠎ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠰᠢᠨ᠎ᠡ ᠮᠠᠶᠢᠭ᠋᠎ᠤᠨ ᠬᠠᠮᠲᠤ᠎ᠶᠢᠨ ᠠᠵᠤ ᠠᠬᠤᠢ᠎ᠶᠢ ᠪᠤᠵᠠᠭᠠᠢᠷᠠᠭᠤᠯᠤᠨ᠂ ᠮᠠᠯᠴᠢᠨ ᠲᠠᠷᠢᠶᠠᠴᠢᠨ᠎ᠢ ᠳᠠᠶ᠋ᠢᠴᠢᠯᠠᠨ ᠨᠠᠩ ᠣᠯᠠᠨ ᠠᠵᠤ ᠦᠢᠯᠡᠰ᠎ᠦᠨ ᠬᠥᠭᠵᠢᠯᠲᠡ᠎ᠶᠢᠨ ᠠᠰᠢᠭ᠋ ᠣᠯᠵᠠᠪᠤᠷᠢ᠎ᠶᠢ ᠬᠤᠪᠢᠶᠠᠨ ᠡᠳ᠋ᠯᠡᠭᠦᠯᠬᠦ ᠬᠡᠷᠡᠭᠳᠡᠢ᠃ ᠲᠠᠷᠢᠶᠠᠯᠠᠩ ᠮᠠᠯ ᠠᠵᠤ ᠠᠬᠤᠢ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠤᠳᠠᠯᠳᠤᠭ᠎ᠠ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠠᠬᠢᠭᠤᠯᠵᠤ᠂ ᠳᠤᠮᠳᠠ ᠪᠠᠭ᠎ᠠ ᠠᠵᠤ ᠠᠬᠤᠢᠯᠠᠯ ᠤᠨ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ᠎ᠢ ᠪᠣᠢᠵᠢᠭᠤᠯᠬᠤ ᠭᠡᠷᠡᠭᠳᠡᠢ᠃ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠠᠵᠢᠯ ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ ᠣᠯᠭᠣᠬᠤ᠎ᠶᠢ ᠠᠬᠢᠭᠤᠯᠵᠤ᠂ ᠬᠦᠳᠡᠯᠮᠦᠷᠢᠯᠡᠬᠦ᠎ᠪᠠᠷ ᠲᠡᠳᠬᠦᠮᠵᠢ᠎ᠶᠢ ᠣᠷᠣᠯᠠᠭᠤᠯᠬᠤ᠎ᠶᠢᠨ ᠬᠠᠮᠤᠷᠬᠤ ᠬᠡᠪᠴᠢᠶ᠎ᠡ᠎ᠶᠢ ᠥᠷᠭᠡᠳᠬᠡᠬᠦ ᠭᠡᠷᠡᠭᠳᠡᠢ ᠃ ᠪᠠᠢᠩᠭᠤᠵᠢᠭᠤᠯᠤᠬᠰᠠᠨ ᠨᠠᠷᠢᠯᠢᠬ ᠤᠨᠤᠴᠠᠳᠠᠢ ᠬᠠᠪᠰᠤᠷᠤᠨ ᠲᠡᠳᠬᠦᠬᠦ᠎ᠶᠢ ᠪᠣᠳᠠᠲᠠᠢ ᠨᠠᠷᠢᠯᠢᠭ ᠠᠳᠬᠤᠵᠤ᠂ ᠬᠡᠪᠴᠢᠶᠡᠵᠢᠭᠰᠡᠨ ᠴᠢᠨᠠᠷᠲᠠᠢ᠎ᠪᠠᠷ ᠲᠠᠭᠢᠨ ᠶᠠᠳᠠᠭᠤᠷᠠᠵᠤ ᠪᠠ ᠶᠠᠳᠠᠭᠤᠷᠠᠬᠤ ᠪᠠᠢᠳᠠᠯ ᠡᠭᠦᠰᠬᠦ ᠦᠭᠡᠢ ᠪᠠᠢᠬᠤ᠎ᠶᠢ ᠪᠠᠲᠤᠯᠠᠬᠤ ᠬᠡᠷᠡᠭᠳᠡᠢ᠃
ᠲᠠᠪᠤ᠂ ᠨᠠᠮ᠎ᠤᠨ ᠲᠥᠪ ᠬᠣᠷᠢᠶ᠎ᠠ ᠵᠢᠨ ᠪᠠᠢᠯᠳᠤᠬᠤ ᠪᠣᠳᠣᠯᠭ᠎ᠠ᠎ᠶᠢᠨ ᠰᠢᠢᠳᠪᠦᠷᠢᠲᠦ ᠪᠣᠳᠣᠯᠭ᠎ᠠ ᠪᠠ ᠲᠥᠯᠦᠪᠵᠢᠭᠦᠯᠭᠡ᠎ᠶᠢᠨ ᠪᠠᠢᠷᠢᠯᠠᠭᠤᠯᠤᠯᠲᠠ ᠪᠡᠷ ᠪᠠᠷᠢᠮᠵᠢᠶᠠᠯᠠᠨ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠬᠦᠯᠦᠨ ᠰᠠᠢᠲᠤᠷ ᠠᠳᠬᠤᠬᠤ ᠬᠡᠷᠡᠭᠳᠡᠢ
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ᠎ᠪᠠᠷ ᠭᠣᠣᠯ ᠰᠢᠵᠢᠮ ᠪᠤᠯᠭᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃
(ᠠᠷᠪᠠᠨ ᠳᠥᠷᠪᠡ) ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠪᠦᠭᠦ ᠲᠠᠯ᠎ᠠ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠳᠦᠷᠢᠮ᠎ᠳᠦ ᠵᠠᠰᠠᠪᠤᠷᠢ ᠣᠷᠣᠭᠤᠯᠬᠤ ᠬᠡᠷᠡᠭᠳᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠳᠦᠷᠢᠮ ᠲᠣᠭᠲᠠᠴᠠ᠎ᠶᠢ ᠲᠡᠭᠦᠯᠳᠡᠷᠵᠢᠭᠦᠯᠵᠦ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠡᠭᠦᠳᠦᠨ ᠪᠠᠶ᠋ᠢᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠣᠨᠣᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ᠎ᠢ ᠴᠢᠩᠭᠠᠳᠬᠠᠵᠤ᠂ ᠦᠨᠳᠦᠰᠦᠲᠡᠨ᠎ᠨᠦᠭᠦᠳ᠎ᠦᠨ ᠬᠠᠮᠲᠤ ᠪᠠᠷ ᠦᠮᠴᠢᠯᠡᠵᠦ ᠬᠠᠮᠲᠤ᠎ᠪᠠᠷ ᠡᠳ᠋ᠯᠡᠬᠦ ᠳᠤᠮᠳᠠᠳᠤ᠎ᠶᠢᠨ ᠰᠣᠶᠣᠯ᠎ᠤᠨ ᠲᠡᠮᠳᠡᠭ ᠪᠠ ᠳᠤᠮᠳᠠᠳᠤ᠎ᠶᠢᠨ ᠦᠨᠳᠦᠰᠦᠲᠡᠨ ᠦ ᠳᠦᠷᠢ ᠲᠥᠷᠬᠦ᠎ᠶᠢ ᠪᠤᠢ ᠪᠣᠯᠭᠠᠨ ᠲᠤᠪᠤᠢ᠍ᠢᠯᠭᠠᠵᠤ᠂ ᠤᠯᠤᠰ ᠤᠨ ᠨᠡᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ᠎ᠢ ᠲᠦᠭᠡᠮᠡᠯᠵᠢᠭᠦᠯᠬᠦ ᠪᠤᠭᠤᠮᠲᠠ ᠰᠢᠪᠳᠤᠯᠬᠤ ᠪᠠ ᠶᠠᠰᠤ ᠴᠢᠨᠠᠷ᠎ᠢ ᠳᠡᠭᠡᠭᠰᠢᠯᠡᠭᠦᠯᠭᠦ ᠠᠵᠢᠯᠯᠠᠭ᠎ᠠ᠎ᠶᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ ᠦ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ᠎ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠡᠴᠡᠭᠯᠡᠨ ᠬᠥᠭᠵᠢᠬᠦ᠎ᠶᠢ ᠪᠦᠭᠦ ᠲᠠᠯ᠎ᠠ᠎ᠪᠠᠷ ᠪᠡᠶᠡᠯᠡᠭᠦᠯᠬᠦ ᠭᠡᠷᠡᠭᠳᠡᠢ᠃
(ᠠᠷᠪᠠᠨ ᠲᠠᠪᠤ) ᠠᠵᠤ ᠠᠬᠤᠢ᠎ᠶᠢᠨ ᠦᠷᠭᠦᠯᠵᠢᠯᠡᠨ ᠰᠢᠨ᠎ᠡ ᠰᠢᠯᠢᠳᠡᠭ ᠳᠠᠢᠰᠢ ᠰᠠᠢᠵᠢᠷᠠᠨ ᠬᠥᠭᠵᠢᠬᠦ᠎ᠶᠢ ᠠᠬᠢᠭᠤᠯᠬᠤ ᠬᠡᠷᠡᠭᠳᠡᠢ᠃ ᠨᠡᠭᠦᠷᠡᠰᠦ ᠴᠠᠭᠢᠯᠭᠠᠨ ᠲᠣᠰᠣ᠌ ᠰᠢᠳᠠᠮᠠᠬᠠᠢ ᠬᠡᠢ ᠰᠠᠯᠬᠢᠨ ᠬᠦᠴᠦᠨ ᠭᠡᠷᠡᠯᠴᠢ ᠴᠡᠨᠡᠭ᠎ᠢ ᠵᠡᠷᠭᠡ ᠪᠡᠷ ᠬᠥᠭᠵᠢᠭᠦᠯᠬᠦ᠎ᠶᠢ ᠪᠠᠷᠢᠮᠲᠠᠯᠠᠵᠤ᠂ ᠤᠯᠠᠮᠵᠢᠯᠠᠯᠲᠤ ᠡᠨᠧᠷᠭᠢ ᠪᠣᠯᠣᠨ ᠰᠢᠨ᠎ᠡ ᠡᠨᠧᠷᠭᠢ᠎ᠶᠢᠨ ᠠᠭᠤᠰᠤᠯᠴᠠᠨ ᠬᠥᠭᠵᠢᠬᠦ᠎ᠶᠢ ᠠᠬᠢᠭᠤᠯᠵᠤ᠂ ᠬᠣᠪᠣᠷ ᠰᠢᠷᠣᠢ ᠵᠡᠷᠭᠡ ᠴᠢᠬᠤᠯᠠ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠭᠤᠷᠬᠠᠢ᠎ᠶᠢᠨ ᠭᠠᠷᠤᠯᠲᠠ᠎ᠶᠢ ᠴᠢᠨᠠᠷ ᠰᠠᠢᠲᠠᠢ ᠥᠨᠳᠥᠷ ᠪᠦᠲᠦᠮᠵᠢᠲᠡᠢ ᠶᠡᠷᠦᠩᠬᠡᠢᠯᠡᠨ ᠠᠰᠢᠭ᠍ᠯᠠᠬᠤ᠎ᠶᠢ ᠴᠢᠩᠭᠠᠳᠬᠠᠵᠤ᠂ ᠤᠯᠤᠰ᠎ᠤᠨ ᠴᠢᠬᠤᠯᠠ ᠡᠨᠧᠷᠭᠢ ᠪᠣᠯᠣᠨ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠤ᠋ ᠬᠥᠭᠵᠢᠯᠲᠡ᠎ᠶᠢᠨ ᠳᠠᠪᠠᠭᠤᠯᠢᠭ᠋᠎ᠢ ᠪᠡᠬᠢᠵᠢᠭᠦᠯᠦᠨ ᠥᠷᠭᠡᠳᠬᠡᠬᠦ ᠬᠡᠷᠡᠭᠳᠡᠢ᠃ ᠳᠤᠮᠳᠠᠳᠤ ᠤᠯᠤᠰ(ᠥᠪᠥᠷ ᠮᠣᠩᠭᠣᠯ)᠎ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠨᠠᠩ ᠣᠯᠠᠨ ᠳᠦᠷᠢᠮ᠎ᠦᠨ ᠴᠢᠨᠠᠷᠳᠠᠢ ᠨᠡᠭᠡᠭᠡᠯᠲᠡ᠎ᠶᠢᠨ ᠲᠤᠷᠰᠢᠯᠲᠠ᠎ᠶᠢ ᠥᠷᠨᠢᠭᠦᠯᠵᠦ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠠᠬᠢᠭᠤᠯᠬᠤ ᠬᠡᠷᠡᠭᠳᠡᠢ᠃《ᠳᠣᠯᠣᠭᠠᠨ ᠵᠦᠢᠯ᠎ᠦᠨ ᠭᠣᠣᠯᠳᠠᠯᠭ᠎ᠠ᠎ᠲᠠᠢ ᠠᠵᠢᠯ》 ᠢ᠋ ᠦᠷᠭᠦᠯᠵᠢᠯᠡᠨ ᠰᠠᠢᠲᠤᠷ ᠠᠳᠬᠤᠵᠤ᠂ ᠲᠡᠷᠢᠭᠦᠨ᠎ᠦ ᠦᠢᠯᠡᠳᠬᠦ ᠦᠢᠯᠡᠰ᠎ᠢᠶᠡᠷ ᠭᠣᠣᠯᠯᠠᠭ᠍ᠴᠢ ᠬᠦᠴᠦᠨ ᠪᠤᠯᠭᠠᠬ᠍ᠰᠠᠨ᠂ ᠥᠪᠥᠷ ᠮᠣᠩᠭᠣᠯ᠎ᠤᠨ ᠣᠨᠴᠠᠯᠢᠭ᠋ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠲᠦᠷᠭᠡᠳᠬᠡᠨ ᠪᠠᠢᠭᠤᠯᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠵᠦ᠂ ᠪᠦᠭᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ ᠲᠠᠢ ᠭᠦᠨᠵᠡᠭᠡᠢ ᠵᠣᠯᠭᠠᠭᠤᠯᠬᠤ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠲᠠᠢ ᠵᠣᠬᠢᠴᠠᠯᠳᠤᠭᠰᠠᠨ ᠠᠵᠤ ᠠᠬᠤᠢ᠎ᠶᠢᠨ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠬᠦ᠂ ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠯ᠎ᠢ ᠰᠢᠯᠢᠳᠡᠭᠵᠢᠭᠦᠯᠬᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠵᠡᠷᠭᠡ ᠲᠠᠯ᠎ᠠ᠎ᠪᠠᠷ ᠨᠡᠩ ᠶᠡᠬᠡ ᠠᠯᠬᠤᠮ᠎ᠢ ᠠᠯᠬᠤᠬᠤ᠎ᠪᠠᠷ ᠴᠢᠷᠮᠠᠢᠬᠤ ᠬᠡᠷᠡᠭᠳᠡᠢ᠃ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ᠎ᠤᠨ ᠤᠯᠤᠰ ᠲᠦᠷᠦ᠎ᠶᠢᠨ ᠠᠮᠤᠷ ᠲᠦᠪᠰᠢᠨ᠎ᠢ ᠬᠠᠮᠠᠭᠠᠯᠠᠬᠤ᠂ ᠭᠣᠣᠯᠳᠠᠯᠭ᠎ᠠ᠎ᠲᠠᠢ ᠬᠦᠷᠢᠶᠡᠨ᠎ᠦ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠎ᠦᠨ ᠠᠶᠤᠯ ᠲᠦᠭᠰᠢᠭᠦᠷᠢ᠎ᠶᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ᠂ ᠨᠡᠢᠭᠡᠮ᠎ᠦᠨ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠭᠦ᠂ ᠬᠢᠯᠢ ᠬᠢᠵᠠᠭᠠᠷ᠎ᠢ ᠬᠥᠭᠵᠢᠭᠦᠯᠦᠨ ᠮᠠᠨᠳᠤᠭᠤᠯᠵᠤ ᠬᠢᠯᠢ ᠬᠢᠵᠠᠭᠠᠷ᠎ᠢ ᠲᠣᠭᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ ᠵᠡᠷᠭᠡ ᠠᠵᠢᠯ᠎ᠢ ᠰᠠᠢᠲᠤᠷ ᠬᠢᠵᠦ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠨᠡᠩ ᠪᠠᠲᠤ ᠪᠡᠬᠢ ᠪᠣᠯᠭᠠᠨ ᠴᠣᠭᠴᠠᠯᠠᠬᠤ ᠬᠡᠷᠡᠭᠳᠡᠢ᠃
(ᠠᠷᠪᠠᠨ ᠵᠢᠷᠭᠤᠭ᠎ᠠ) ᠡᠯ᠎ᠡ ᠭᠠᠵᠠᠷ᠎ᠤᠨ ᠣᠨᠴᠠᠯᠢᠬ᠍ᠵᠢᠭ᠍ᠰᠠᠨ ᠵᠦᠷᠢᠶᠡᠴᠢᠯᠡᠭᠰᠡᠨ ᠬᠥᠭᠵᠢᠯᠲᠡ᠎ᠶᠢ ᠠᠬᠢᠭᠤᠯᠬᠤ ᠬᠡᠷᠡᠭᠳᠡᠢ᠃ ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠪᠠᠷᠠᠭᠤᠨ ᠬᠡᠰᠡᠭ᠎ᠦᠨ ᠠᠢᠮᠠᠭ ᠬᠣᠲᠠ᠎ᠶᠢᠨ ᠣᠷᠣᠨ ᠪᠦᠰᠡ᠎ᠶᠢᠨ ᠪᠦᠬᠦᠯᠢ ᠴᠣᠭᠴᠠ᠎ᠶᠢᠨ ᠪᠣᠳᠠᠲᠤ ᠬᠦᠴᠦᠨ ᠪᠠ ᠦᠷᠭᠦᠯᠵᠢᠯᠡᠨ ᠬᠥᠭᠵᠢᠬᠦ ᠴᠢᠳᠠᠪᠤᠷᠢ᠎ᠶᠢ ᠴᠢᠩᠭᠠᠷᠠᠭᠤᠯᠬᠤ ᠬᠡᠷᠡᠭᠳᠡᠢ᠃ ᠡᠯ᠎ᠡ ᠭᠠᠵᠠᠷ ᠣᠷᠣᠨ᠎ᠤ ᠴᠠᠭ ᠦᠶ᠎ᠡ᠎ᠶᠢᠨ ᠤᠷᠤᠰᠬᠠᠯ᠎ᠢ ᠰᠠᠯᠤᠯ ᠦᠭᠡᠢ ᠳᠠᠭᠠᠵᠤ᠂ ᠬᠥᠭᠵᠢᠯᠲᠡ᠎ᠶᠢᠨ ᠠᠵᠠ ᠲᠣᠬᠢᠶᠠᠯ᠎ᠢ ᠵᠠᠪᠳᠤᠨ ᠠᠳᠬᠤᠵᠤ᠂ ᠲᠣᠰ ᠪᠡᠶ᠎ᠡ᠎ᠶᠢᠨ ᠨᠥᠬᠥᠴᠡᠯ᠎ᠳᠡᠭᠡᠨ ᠰᠠᠭᠤᠷᠢᠯᠠᠨ᠂ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠪᠠᠳᠠᠷᠠᠭᠤᠯᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠲᠠᠷᠢᠶᠠᠯᠠᠩ᠎ᠤᠨ ᠬᠦᠴᠦᠷᠬᠡᠭ ᠰᠢᠶᠠᠨ(ᠬᠣᠰᠢᠭᠤ᠂ ᠬᠣᠲᠠ᠂ ᠲᠣᠭᠣᠷᠢᠭ᠋)᠂ ᠠᠵᠤ ᠦᠢᠯᠡᠳᠪᠦᠷᠢ᠎ᠶᠢᠨ ᠲᠣᠮᠣ᠌ ᠰᠢᠶᠠᠨ(ᠬᠣᠰᠢᠭᠤ᠂ ᠬᠣᠲᠠ᠂ ᠲᠣᠭᠣᠷᠢᠭ᠋)᠂ ᠵᠢᠭᠤᠯᠴᠢᠯᠠᠯ᠎ᠤᠨ ᠨᠠᠷᠠᠲᠤ ᠰᠢᠶᠠᠨ(ᠬᠣᠰᠢᠭᠤ᠂ ᠬᠣᠲᠠ᠂ ᠲᠣᠭᠣᠷᠢᠭ᠋) ᠢ᠋ ᠪᠣᠢᠵᠢᠭᠤᠯᠵᠤ᠂ ᠳᠣᠣᠷ᠎ᠠ ᠲᠦᠪᠰᠢᠨ ᠲᠠᠢ ᠢᠵᠢᠯᠢᠰᠢᠭᠰᠡᠨ ᠴᠢᠨᠠᠷ ᠲᠠᠢ ᠥᠷᠢᠰᠦᠯᠳᠦᠭᠡᠨ᠎ᠢ ᠰᠡᠷᠭᠡᠢᠯᠡᠬᠦ ᠬᠡᠷᠡᠭᠳᠡᠢ᠃
ᠵᠢᠷᠭᠤᠭ᠎ᠠ᠂ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠳᠦ ᠦᠨᠳᠦᠰᠦᠨ ᠪᠠᠲᠤᠯᠠᠭ᠎ᠠ ᠬᠠᠨᠭᠭᠠᠬᠤ ᠬᠡᠷᠡᠭᠳᠡᠢ
ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠪᠣᠯᠣᠨ ᠨᠠᠮ᠎ᠤᠨ ᠬᠣᠷᠢᠳᠤᠭᠠᠷ ᠬᠤᠭᠤᠴᠠᠭ᠎ᠠ ᠤ ᠲᠥᠪ ᠬᠣᠷᠢᠶ᠎ᠡ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ ᠪᠣᠯᠣᠨ ᠰᠠᠢᠨ ᠰᠠᠢᠬᠠᠨ ᠬᠥᠭᠵᠢᠯᠲᠡ᠎ᠶᠢᠨ ᠣᠷᠴᠢᠨ ᠲᠣᠭᠣᠷᠢᠨ᠎ᠢ ᠪᠤᠢ ᠪᠣᠯᠭᠠᠬᠤ ᠬᠡᠷᠡᠭᠳᠡᠢ᠃
(ᠠᠷᠪᠠᠨ ᠲᠤᠯᠦᠭ᠎ᠠ) ᠨᠠᠮ ᠤᠨ ᠤᠯᠤᠰ ᠲᠦᠷᠦ᠎ᠶᠢᠨ ᠳᠠᠪᠠᠭᠤᠯᠢᠭ᠋᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠂ ᠠᠵᠢᠯ ᠤᠨ ᠳᠠᠪᠠᠭᠤᠯᠢᠭ᠋᠎ᠢ ᠭᠦᠢᠴᠡᠳ ᠪᠠᠳᠠᠷᠠᠭᠤᠯᠬᠤ ᠬᠡᠷᠡᠭᠳᠡᠢ᠃ ᠶᠡᠷᠦᠩᠬᠡᠢ ᠱᠦᠵᠢ ᠰᠢ᠎ᠶᠢᠨ ᠫᠢᠩ ᠤ᠋ᠨ ᠴᠢᠬᠤᠯᠠ ᠶᠠᠷᠢᠶ᠎ᠡ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠠ ᠨᠠᠮ᠎ᠤᠨ ᠲᠥᠪ ᠬᠣᠷᠢᠶ᠎ᠡ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠲᠣᠭᠲᠡᠴᠡ᠎ᠶᠢ ᠲᠡᠭᠦᠯᠳᠡᠷᠵᠢᠭᠦᠯᠵᠦ᠂ ᠨᠠᠢᠳᠠᠪᠤᠷᠢᠵᠢᠭᠤᠯᠤᠯᠲᠠ ᠰᠤᠯᠠ ᠳᠤᠷᠤᠢ᠂ ᠬᠡᠯᠪᠡᠷᠢ ᠳᠦᠷᠰᠦ ᠨᠢ ᠬᠤᠪᠢᠷᠠᠭᠰᠠᠨ ᠠᠰᠠᠭᠤᠳᠠᠯ ᠢ ᠴᠠᠭ ᠲᠤᠬᠠᠢ ᠳ᠋ᠤᠨᠢ ᠢᠯᠡᠷᠡᠭᠦᠯᠦᠨ ᠰᠢᠢᠳᠪᠦᠷᠢᠯᠡᠵᠦ᠂ ᠨᠠᠮ᠎ᠤᠨ ᠲᠥᠪ ᠬᠣᠷᠢᠶ᠎ᠡ ᠵᠢᠨ ᠲᠦᠷᠦ ᠵᠢᠨ ᠪᠤᠳᠤᠯᠭ᠎ᠠ ᠵᠠᠷᠯᠢᠭ ᠵᠢᠭᠠᠪᠤᠷᠢ ᠵᠢᠨ ᠰᠠᠭᠠᠳ ᠦᠭᠡᠢ ᠶᠠᠪᠤᠭᠳᠠᠬᠤ᠂ ᠵᠠᠷᠯᠢᠭ᠋ ᠴᠠᠭᠠᠵᠠ᠎ᠶᠢ ᠠᠯᠳᠠᠯ ᠦᠭᠡᠢ ᠲᠠᠭᠠᠬᠤ᠎ᠶᠢ ᠦᠨᠡᠨ ᠬᠦ᠌ ᠪᠠᠲᠤᠯᠠᠬᠤ ᠬᠡᠷᠡᠭᠳᠡᠢ᠃ ᠡᠯ᠎ᠡ ᠱᠠᠲᠤ ᠳᠠᠪᠬᠤᠷᠭ᠎ᠠ ᠡᠯ᠎ᠡ ᠬᠦᠷᠢᠶᠡᠨ᠎ᠦ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢ ᠰᠢᠰᠲᠧᠮᠵᠢᠭᠦᠯᠦᠨ ᠠᠬᠢᠭᠤᠯᠵᠤ᠂ ᠣᠷᠣᠨ ᠨᠤᠲᠤᠭ᠎ᠤᠨ ᠨᠠᠮ᠎ᠤᠨ ᠬᠣᠷᠢᠶ᠎ᠡ ᠵᠢᠨ ᠴᠢᠳᠠᠮᠵᠢ ᠵᠢ ᠴᠢᠩᠭᠠᠳᠬᠠᠵᠤ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠰᠠᠭᠤᠷᠢ᠎ᠶᠢ ᠪᠡᠬᠢᠵᠢᠭᠦᠯᠵᠦ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢ ᠲᠣᠪᠣᠢᠮ᠎ᠠ ᠰᠠᠢᠲᠤᠷ ᠠᠳᠬᠤᠵᠤ᠂ ᠨᠠᠮ᠎ᠤᠨ ᠱᠤᠭᠤᠮ ᠴᠢᠭᠯᠡᠯᠲᠡ ᠲᠦᠷᠦ᠎ᠶᠢᠨ ᠪᠣᠳᠣᠯᠭ᠎ᠠ ᠪᠣᠯᠣᠨ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ ᠳᠡᠭᠡᠳᠦ ᠳᠣᠣᠷᠠᠳᠤ ᠱᠠᠲᠤ᠎ᠪᠠᠷ᠎ᠢᠶᠠᠨ ᠬᠠᠮᠵᠢᠯᠴᠠᠬᠤ᠂ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠠᠮ᠎ᠤᠨ ᠭᠡᠰᠢᠭᠦᠨ ᠺᠠᠳ᠋ᠷ᠎ᠤᠨ ᠨᠠᠮᠴᠢ ᠴᠢᠨᠠᠷ᠎ᠢᠶᠠᠨ ᠬᠦᠴᠦᠯᠡᠨ ᠴᠢᠩᠭᠠᠳᠬᠠᠬᠤ᠎ᠶᠢ ᠠᠬᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ ᠲᠠᠢ ᠪᠠᠢᠬᠤ ᠵᠢ ᠪᠡᠶᠡᠯᠡᠭᠦᠯᠬᠦ ᠬᠡᠷᠡᠭᠲᠡᠢ᠃ ᠵᠥᠪ ᠣᠨᠣᠪᠴᠢᠲᠠᠢ ᠬᠥᠮᠥᠨ ᠬᠡᠷᠡᠭᠯᠡᠬᠦ ᠤᠳᠤᠷᠢᠳᠤᠮᠵᠢ᠎ᠶᠢ ᠪᠠᠷᠢᠮᠲᠠᠯᠠᠵᠤ᠂ ᠬᠥᠮᠥᠨ ᠰᠣᠩᠭᠣᠵᠤ ᠬᠥᠮᠥᠨ ᠬᠡᠷᠡᠭᠯᠡᠬᠦ ᠲᠥᠪ ᠪᠤᠰᠤ ᠰᠤᠷᠲᠠᠯ᠎ᠢ ᠭᠦᠨᠵᠡᠭᠡᠢ ᠴᠡᠭᠴᠡᠯᠡᠨ ᠵᠠᠰᠠᠵᠤ᠂ ᠺᠠᠳ᠋ᠷ᠎ᠤᠨ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠣᠨᠴᠠᠭᠠᠢᠯᠠᠨ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ᠎ᠢ ᠴᠢᠩᠭᠠᠳᠬᠠᠵᠤ᠂ ᠺᠠᠳ᠋ᠷ᠎ᠤᠨ ᠬᠠᠮᠢᠶᠠᠷᠤᠯᠲᠠ ᠬᠢᠨᠠᠯᠲᠠ᠎ᠶᠢ ᠴᠢᠩᠭᠠᠳᠬᠠᠵᠤ᠂ ᠤᠯᠤᠰ ᠲᠦᠷᠦ᠎ᠶᠢᠨ ᠲᠠᠯ᠎ᠠ᠎ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠪᠡᠷ ᠥᠨᠳᠥᠷ᠂ ᠣᠪᠣᠷ ᠰᠤᠷᠲᠠᠯ ᠰᠢᠯᠢᠳᠡᠭ ᠰᠠᠢᠨ᠂ ᠰᠠᠬᠢᠯᠭ᠎ᠠ ᠪᠠᠲᠤ ᠴᠢᠩᠭ᠎ᠠ ᠲᠣᠳᠣᠷᠬᠠᠢ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ᠎ᠶᠢ ᠬᠦᠴᠦᠯᠡᠨ ᠪᠠᠢᠭᠤᠯᠬᠤ ᠬᠡᠷᠡᠭᠳᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠷᠢᠶ᠎ᠡ᠎ᠶᠢ ᠪᠦᠲᠦᠮᠵᠢᠲᠡᠶ ᠰᠡᠷᠭᠡᠢᠯᠡᠬᠦ ᠪᠠ ᠵᠠᠯᠠᠷᠠᠭᠤᠯᠤᠨ ᠵᠠᠰᠠᠬᠤ ᠠᠵᠢᠯ᠎ᠤᠨ ᠲᠣᠭᠲᠡᠴᠡ᠎ᠶᠢ ᠲᠡᠭᠦᠯᠳᠡᠷᠵᠢᠭᠦᠯᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ᠎ᠤᠨ ᠰᠤᠷᠤᠯᠴᠠᠯᠭ᠎ᠠ᠎ᠶᠢ ᠶᠡᠬᠡᠪᠡᠷ ᠡᠷᠬᠢᠮᠯᠡᠬᠦ᠂ ᠪᠠᠢᠴᠠᠭᠠᠨ ᠰᠤᠳᠤᠯᠤᠯᠲᠠ ᠵᠢ ᠬᠦᠨᠵᠡᠭᠡᠢᠷᠡᠭᠦᠯᠬᠦ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶᠢ ᠠᠬᠢᠭᠤᠯᠬᠤ ᠬᠡᠷᠡᠭᠳᠡᠢ᠃
(ᠠᠷᠪᠠᠨ ᠨᠠᠢ᠍ᠮᠠ) ᠰᠤᠷᠲᠠᠯ ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ ᠵᠢ ᠴᠦᠬᠦᠷᠡᠰᠢ ᠦᠭᠡᠢ ᠪᠠᠷᠢᠮᠲᠠᠯᠠᠬᠤ ᠬᠡᠷᠡᠭᠳᠡᠢ᠃ ᠰᠢᠨ᠎ᠡ ᠴᠠᠭ ᠦᠶ᠎ᠡ᠎ᠶᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂《ᠳᠥᠷᠪᠡ ᠶᠢ ᠦᠨᠳᠦᠰᠦᠨ ᠱᠠᠲᠤᠨ᠎ᠳᠤ ᠪᠠᠭᠤᠯᠭᠠᠬᠤ》ᠳᠦᠷᠢᠮ᠎ᠢ ᠭᠦᠨᠵᠡᠭᠡᠢ ᠨᠠᠢᠳᠠᠪᠤᠷᠢᠵᠢᠭᠤᠯᠬᠤ ᠬᠡᠷᠡᠭᠲᠡᠢ᠃ ᠲᠥᠪ ᠤᠨ ᠨᠠᠢ᠍ᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠦᠨ ᠵᠣᠷᠢᠭ᠋ ᠰᠠᠨᠠᠭ᠎ᠠ᠎ᠶᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠲᠣᠭᠲᠠᠭᠠᠯ᠎ᠡᠴᠡ ᠵᠥᠷᠢᠴᠡᠨ ᠢᠳᠡᠵᠦ ᠤᠤᠭᠤᠬᠤ᠂ ᠲᠣᠭᠲᠠᠭᠠᠯ᠎ᠡᠴᠡ ᠵᠥᠷᠢᠴᠡᠨ ᠪᠡᠯᠡᠭ ᠰᠡᠯᠲᠡ ᠪᠡᠯᠡᠭ᠎ᠦᠨ ᠵᠣᠭᠣᠰ ᠪᠠ ᠵᠣᠭᠣᠰ ᠣᠷᠣᠯᠠᠬᠤ ᠲᠡᠮᠳᠡᠭᠲᠦ ᠬᠤᠷᠢᠶᠠᠵᠤ ᠬᠦᠷᠭᠡᠬᠦ᠂ ᠤᠯᠠᠨ ᠲᠦᠮᠡᠨ᠎ᠦ ᠠᠰᠢᠭ᠋ ᠲᠤᠰᠠ᠎ᠶᠢ ᠬᠣᠬᠢᠷᠠᠭᠤᠯᠤᠭᠰᠠᠨ ᠵᠡᠷᠭᠡ ᠲᠣᠪᠣᠢᠮ᠎ᠠ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠬᠡᠯᠪᠡᠷᠢᠴᠢ ᠦᠵᠡᠯ᠎ᠢᠶᠡᠷ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠎ᠶᠢ ᠭᠦᠨᠵᠡᠭᠡᠢ ᠴᠡᠭᠴᠡᠯᠡᠨ ᠵᠠᠰᠠᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠡᠷ ᠪᠦᠲᠦᠮᠵᠢᠲᠡᠢ ᠪᠣᠯᠭᠠᠬᠤ᠎ᠶᠢ ᠠᠬᠢᠭᠤᠯᠬᠤ ᠬᠡᠷᠡᠭᠳᠡᠢ᠃ ᠰᠠᠬᠢᠯᠭ᠎ᠠ ᠪᠠᠲᠤ᠎ᠶᠢ ᠴᠢᠩᠭ᠎ᠠ ᠬᠡᠷᠡᠭᠵᠢᠭᠦᠯᠬᠦ᠎ᠶᠢ ᠴᠢᠩᠭᠠᠳᠬᠠᠵᠤ᠂ ᠰᠠᠬᠢᠯᠭ᠎ᠠ ᠪᠠᠲᠤ᠎ᠶᠢᠨ ᠬᠥᠮᠦᠵᠢᠯ᠎ᠦᠨ ᠬᠢᠵᠠᠭᠠᠷᠯᠠᠯ᠂ ᠪᠠᠲᠤᠯᠠᠭ᠎ᠠ ᠤᠷᠮᠠᠰᠢᠭᠤᠯᠤᠯ᠎ᠤᠨ ᠦᠢᠯᠡᠳᠦᠯ᠎ᠢ ᠶᠡᠷᠦᠩᠬᠡᠢᠯᠡᠨ ᠪᠠᠳᠠᠷᠠᠭᠤᠯᠵᠤ᠂ ᠨᠠᠮ᠎ᠤᠨ ᠭᠡᠰᠢᠭᠦᠨ᠂ ᠺᠠᠳ᠋ᠷ᠎ᠤᠨ ᠳᠦᠷᠢᠮ ᠲᠣᠭᠲᠠᠭᠠᠯ᠎ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠂ ᠠᠵᠢᠯ ᠬᠢᠵᠦ ᠦᠢᠯᠡᠰ ᠪᠤᠰᠬᠠᠬᠤ᠎ᠶᠢ ᠠᠬᠢᠭᠤᠯᠬᠤ ᠬᠡᠷᠡᠭᠳᠡᠢ᠃ ᠢᠯᠵᠢᠷᠡᠬᠦ᠎ᠡᠴᠡ ᠵᠢᠷᠦᠬᠡᠰᠢᠶᠡᠬᠦ ᠢᠯᠵᠢᠷᠠᠵᠤ ᠪᠤᠯᠬᠤ ᠦᠭᠡᠢ ᠢᠯᠵᠢᠷᠡᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠦᠨ ᠱᠤᠤ ᠴᠸᠩ᠎ᠤᠨ ᠬᠡᠷᠡᠭ᠂ ᠸᠠᠩ ᠯᠢ ᠰᠢᠶᠠ᠎ᠶᠢᠨ ᠬᠡᠷᠡᠭ᠎ᠢᠶᠡᠷ ᠲᠣᠯᠢ ᠪᠣᠯᠭᠠᠨ ᠥᠭᠡᠷᠡᠴᠢᠯᠡᠬᠦ ᠪᠡ ᠴᠡᠭᠴᠡᠯᠡᠨ ᠰᠠᠢᠵᠢᠷᠠᠭᠤᠯᠬᠤ᠎ᠶᠢ ᠠᠬᠢᠭᠤᠯᠬᠤ᠎ᠶᠢ ᠭᠦᠨᠵᠡᠭᠡᠢᠷᠡᠭᠦᠯᠵᠦ᠂ ᠢᠯᠵᠢᠷᠠᠯ᠎ᠢ ᠵᠠᠯᠬᠠᠭᠠᠨ ᠰᠢᠢᠳᠬᠡᠬᠦ ᠰᠦᠷ ᠬᠦᠴᠦᠲᠦ ᠪᠠᠢᠳᠠᠯ᠎ᠢ ᠪᠠᠲᠤᠯᠠᠵᠤ᠂ ᠨᠡᠩ ᠶᠡᠬᠡ ᠡᠷᠴᠢᠮ᠎ᠢᠶᠡᠷ ᠦᠯᠡᠳᠡᠭᠳᠡᠯ᠎ᠢ ᠴᠡᠪᠡᠷᠯᠡᠨ᠂ ᠨᠡᠮᠡᠭᠳᠡᠯ᠎ᠢ ᠬᠣᠷᠢᠭ᠍ᠯᠠᠵᠤ᠂ ᠢᠯᠵᠢᠷᠠᠯ᠎ᠢ ᠡᠰᠡᠷᠭᠦᠴᠡᠬᠦ ᠠᠵᠢᠯ᠎ᠤᠨ ᠨᠡᠪᠲᠡᠯᠬᠦ ᠬᠦᠴᠦᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠡᠢ᠃ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠪᠠᠢᠩᠭᠤᠵᠢᠭᠤᠯᠤᠨ ᠴᠡᠭᠴᠡᠯᠡᠨ ᠵᠠᠰᠠᠵᠤ᠂ ᠨᠠᠮ ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠳᠦᠰᠦᠨ ᠱᠠᠲᠤ ᠲᠡᠢᠰᠢ ᠥᠷᠭᠡᠳᠬᠡᠬᠦ᠎ᠶᠢ ᠠᠬᠢᠭᠤᠯᠬᠤ ᠬᠡᠷᠡᠭᠳᠡᠢ᠃ ᠡᠷᠬᠡ᠎ᠶᠢᠨ ᠠᠵᠢᠯᠯᠠᠭ᠎ᠠ᠎ᠨᠢ ᠬᠢᠵᠠᠭᠠᠷᠯᠠᠬᠤ ᠪᠠ ᠲᠡᠭᠦᠨ᠎ᠳᠦ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠳᠦᠷᠢᠮ ᠲᠣᠭᠲᠡᠴᠡ᠎ᠶᠢ ᠲᠡᠭᠦᠯᠳᠡᠷᠵᠢᠭᠦᠯᠵᠦ᠂ ᠡᠷᠬᠡ᠎ᠶᠢᠨ ᠠᠵᠢᠯᠯᠠᠭᠠᠨ᠎ᠤ ᠠᠯᠳᠠᠰᠢ ᠭᠠᠷᠬᠤ᠂ ᠬᠢᠨᠠᠯᠲᠠ ᠬᠠᠮᠢᠶᠠᠷᠤᠯᠲᠠ᠎ᠶᠢᠨ ᠪᠠᠯᠠᠢ ᠣᠷᠣᠨ᠂ ᠳᠦᠷᠢᠮ᠎ᠦᠨ ᠬᠣᠭᠣᠰᠤᠨ ᠪᠠᠢᠳᠠᠯ᠎ᠢ ᠠᠷᠢᠯᠭᠠᠬᠤ ᠬᠡᠷᠡᠭᠳᠡᠢ᠃ ᠠᠷᠢᠭᠤᠨ ᠴᠢᠬᠡᠴᠢ᠎ᠶᠢᠨ ᠤᠬᠠᠭᠤᠯᠭ᠎ᠠ ᠬᠥᠮᠦᠵᠢᠯ᠎ᠦᠨ ᠨᠠᠷᠢᠯᠢᠭ᠋ ᠣᠨᠣᠴᠠᠲᠠᠢ᠎ᠪᠠᠷ ᠳᠤᠰᠤᠯᠭᠠᠨ ᠤᠰᠤᠯᠠᠬᠤ ᠢᠨᠵᠧᠨᠧᠷᠢᠩ᠎ᠢ ᠯᠠᠪᠳᠠᠭᠤᠨ ᠪᠠᠲᠤᠲᠠᠢ ᠥᠷᠨᠢᠭᠦᠯᠵᠦ᠂ ᠠᠷᠢᠭᠤᠨ ᠴᠢᠬᠡᠴᠢ᠎ᠶᠢ ᠡᠷᠬᠢᠮᠯᠡᠨ ᠢᠯᠵᠢᠷᠠᠯ᠎ᠢ ᠡᠰᠡᠷᠭᠦᠴᠡᠬᠦ ᠦᠵᠡᠯ ᠰᠠᠨᠠᠭᠠᠨ᠎ᠤ ᠰᠠᠭᠤᠷᠢ᠎ᠶᠢ ᠪᠠᠲᠤᠳᠬᠠᠬᠤ ᠬᠡᠷᠡᠭᠳᠡᠢ᠃
(ᠠᠷᠪᠠ ᠶᠢᠰᠦ) ᠨᠠᠮ ᠤᠨ ᠪᠠᠶ᠋ᠢᠭᠤᠯᠤᠯᠲᠠ᠎ᠶᠢᠨ ᠠᠵᠢᠯ᠎ᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠌᠎ᠲᠡᠶ ᠣᠷᠭᠠᠨᠢᠭ᠎ᠢᠶᠠᠷ ᠤᠶᠠᠯᠳᠤᠭᠤᠯᠬᠤ ᠵᠢ ᠠᠬᠢᠭᠤᠯᠬᠤ ᠬᠡᠷᠡᠭᠲᠡᠢ᠃ ᠡᠯ᠎ᠡ ᠵᠦᠢᠯ᠎ᠦᠨ ᠣᠯᠠᠨ ᠨᠡᠶ᠋ᠢᠲᠡ᠎ᠶᠢᠨ ᠦᠢᠯᠡᠴᠢᠯᠡᠭᠡ ᠪᠠ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶᠢ ᠰᠢᠯᠢᠳᠡᠭᠵᠢᠭᠦᠯᠵᠦ᠍᠂ ᠠᠵᠤ ᠠᠬᠤᠶ᠋ᠢᠯᠠᠯ ᠪᠠ ᠡᠯ᠎ᠡ ᠲᠥᠷᠥᠯ᠎ᠦᠨ ᠴᠢᠳᠠᠪᠤᠷᠢᠲᠠᠨ᠎ᠤ ᠠᠵᠢᠯ ᠬᠢᠵᠦ᠍ ᠦᠢᠯᠡᠰ ᠪᠤᠰᠬᠠᠬᠤ᠎ᠳᠤ ᠰᠠᠶ᠋ᠢᠨ ᠰᠠᠶ᠋ᠢᠬᠠᠨ ᠣᠷᠴᠢᠨ ᠨᠥᠬᠥᠴᠡᠯ᠎ᠢ ᠪᠣᠶ ᠪᠣᠯᠭᠠᠵᠤ ᠦᠭᠬᠦ ᠬᠡᠷᠡᠭᠲᠡᠢ᠃《ᠨᠢᠭᠡ ᠶᠠᠪᠤᠳᠠᠯ ᠢ ᠥᠨᠳᠥᠷ ᠪᠦᠲᠦᠮᠵᠢᠲᠡᠶ᠎ᠪᠡᠷ ᠭᠦᠢᠴᠡᠳᠬᠡᠬᠦ᠌》ᠠᠵᠤ ᠠᠬᠤᠶ᠋ᠢᠯᠠᠯ᠎ᠳᠤ ᠬᠣᠯᠪᠣᠭᠳᠠᠭᠰᠠᠨ ᠭᠤᠤᠯᠳᠠᠯᠭ᠎ᠠ᠎ᠲᠠᠶ ᠵᠦᠢᠯᠡᠰ᠎ᠦᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠵᠤ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ᠌ ᠬᠠᠤᠯᠢ ᠪᠠᠷᠢᠬᠤ ᠠᠵᠢᠯᠯᠠᠭ᠎ᠠ᠎ᠶᠢ ᠵᠢᠷᠤᠮᠵᠢᠭᠤᠯᠵᠤ᠂ ᠠᠵᠤ ᠠᠬᠤᠶ᠋ᠢᠯᠠᠯ᠎ᠢ ᠥᠪᠥᠷ ᠮᠣᠩᠭᠣᠯ᠎ᠳᠤ ᠠᠵᠢᠯ ᠶᠠᠪᠤᠳᠠᠯ ᠭᠦᠢᠴᠡᠳᠬᠡᠬᠦ᠌᠎ᠳᠦ ᠤᠷᠤᠭᠰᠢᠲᠠᠶ᠂ ᠪᠠᠯᠠ ᠣᠷᠣᠭᠤᠯᠬᠤ᠎ᠳᠤ ᠰᠠᠨᠠᠭ᠎ᠠ ᠠᠮᠤᠷ᠂ ᠡᠵᠡᠩᠨᠡᠯᠲᠡ᠎ᠨᠢ ᠲᠠᠭᠠᠯᠠᠮᠵᠢᠲᠠᠶ᠂ ᠬᠥᠭᠵᠢᠬᠦ᠎ᠳᠦ ᠰᠡᠳᠭᠢᠯ ᠠᠮᠤᠷ ᠪᠣᠯᠭᠠᠬᠤ ᠬᠡᠷᠡᠭᠲᠡᠢ᠃ ᠭᠠᠵᠠᠷ ᠰᠢᠷᠣᠶ᠂ ᠬᠥᠳᠡᠯᠮᠦᠷᠢ ᠬᠦᠴᠦ᠍᠂ ᠬᠥᠷᠥᠩᠭᠡ᠂ ᠮᠡᠷᠭᠡᠵᠢᠯ ᠵᠡᠷᠭᠡ ᠴᠢᠬᠤᠯᠠ ᠡᠯᠧᠮᠧᠨ᠋ᠲ᠎ᠦᠨ ᠵᠠᠬ᠎ᠠ ᠳᠡᠯᠭᠡᠭᠦᠷᠴᠢᠯᠡᠭᠰᠡᠨ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠵᠦ᠍᠂ ᠵᠠᠰᠠᠭ᠎ᠤᠨ ᠣᠷᠳᠣᠨ᠎ᠤ ᠵᠠᠬ᠎ᠠ ᠳᠡᠯᠭᠡᠭᠦᠷ᠎ᠦᠨ ᠡᠬᠢ ᠪᠠᠶᠠᠯᠢᠭ᠎ᠳᠡᠬᠢ ᠰᠢᠭᠤᠳ ᠲᠣᠬᠢᠷᠠᠭᠤᠯᠤᠯᠲᠠ ᠪᠠ ᠬᠤᠮᠠᠬᠢ ᠠᠵᠤ ᠠᠬᠤᠶ᠎ᠶᠢᠨ ᠠᠵᠢᠯᠯᠠᠭ᠎ᠠ᠎ᠳᠡᠬᠢ ᠰᠢᠭᠤᠳ ᠭᠠᠷ ᠲᠦᠷᠦᠯᠲᠡ᠎ᠶᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠬᠤ ᠬᠡᠷᠡᠭᠲᠡᠢ᠃ 《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠍᠂ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠦᠮᠦᠵᠢᠭᠦᠯᠵᠦ ᠦᠯᠡᠳᠡᠭᠡᠨ ᠬᠡᠷᠡᠭᠯᠡᠬᠦ᠌ ᠡᠷᠴᠢᠮ᠎ᠢ ᠴᠢᠩᠭᠠᠷᠠᠭᠤᠯᠬᠤ ᠬᠡᠷᠡᠭᠲᠡᠢ᠃
ᠳᠣᠯᠣᠭ᠎ᠠ᠂ ᠵᠣᠬᠢᠶᠠᠨ ᠪᠠᠢᠭᠤᠯᠵᠦ ᠤᠳᠤᠷᠢᠳᠬᠤ᠎ᠪᠠᠨ ᠴᠢᠩᠭᠠᠳᠬᠠᠵᠤ᠂ ᠶᠡᠷᠦᠩᠬᠡᠶ ᠱᠦᠵᠢ ᠰᠢ ᠵᠢᠨ ᠫᠢᠩ ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠎ᠶᠢ ᠭᠦᠨᠵᠡᠭᠡᠶ᠋ᠢᠷᠡᠭᠦᠯᠬᠦ ᠬᠡᠷᠡᠭᠲᠡᠢ
ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠢᠨ ᠨᠠᠷᠢᠨ ᠨᠢᠭᠲᠠ ᠪᠠᠶ᠋ᠢᠷᠢᠯᠠᠭᠤᠯᠵᠤ᠂ ᠨᠠᠷᠢᠨ ᠨᠢᠮᠪᠠᠶ ᠲᠣᠬᠢᠷᠠᠭᠤᠯᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ᠌ ᠬᠡᠷᠡᠭᠲᠡᠶ᠃
(ᠬᠣᠷᠢ) ᠭᠦᠨᠵᠡᠭᠡᠶ ᠰᠤᠷᠤᠯᠴᠠᠨ ᠰᠤᠳᠤᠯᠤᠨ ᠶᠠᠷᠢᠯᠴᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ ᠤᠨ ᠤᠳᠤᠷᠢᠳᠬᠤ ᠳᠤᠭᠤᠶ᠋ᠢᠯᠠᠩ) ᠵᠢᠨ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠬᠤ ᠶᠢ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠎ᠶᠢ ᠰᠤᠷᠤᠯᠴᠠᠬᠤ᠎ᠲᠠᠶ ᠤᠶᠠᠯᠳᠤᠭᠤᠯᠵᠤ᠂ ᠬᠠᠮᠲᠤ᠎ᠵᠢᠨ ᠰᠤᠷᠤᠯᠴᠠᠯᠭ᠎ᠠ᠂ ᠲᠤᠰᠬᠠᠢ ᠰᠡᠳᠦᠪ᠎ᠢᠶᠡᠷ ᠰᠤᠳᠤᠯᠤᠨ ᠶᠠᠷᠢᠯᠴᠠᠬᠤ᠂ ᠬᠤᠪᠢ ᠬᠥᠮᠦᠨ ᠥᠪᠡᠷ᠎ᠢᠶᠡᠨ ᠰᠤᠷᠤᠯᠴᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠢ ᠵᠣᠬᠢᠶᠠᠨ ᠪᠠᠶ᠋ᠢᠭᠤᠯᠤᠨ ᠲᠡᠷᠡ ᠬᠡᠪ᠎ᠢᠶᠡᠷ ᠨᠢ ᠰᠤᠷᠤᠯᠴᠠᠵᠤ᠂ ᠪᠦᠬᠦ᠌ ᠲᠠᠯ᠎ᠠ᠎ᠪᠠᠷ ᠰᠢᠰᠲ᠋ᠧᠮ᠎ᠲᠡᠶ ᠰᠤᠷᠤᠯᠴᠠᠵᠤ᠂ ᠪᠣᠳᠠᠲᠠᠢ᠎ᠲᠠᠶ ᠤᠶᠠᠯᠳᠤᠭᠤᠯᠤᠨ ᠰᠤᠷᠤᠯᠴᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠬᠢᠨ ᠺᠠᠳ᠋ᠷ᠎ᠤᠨ ᠬᠥᠮᠦᠵᠢᠯ ᠪᠣᠯᠪᠠᠰᠤᠷᠠᠯ᠎ᠢ ᠴᠢᠩᠭᠠᠳᠬᠠᠵᠤ᠂ ᠲᠡᠰ ᠳᠠᠪᠬᠤᠷᠭ᠎ᠠ ᠲᠦᠷᠦᠯ ᠬᠤᠪᠢᠶᠠᠨ ᠪᠣᠯᠪᠠᠰᠤᠷᠠᠯ᠎ᠤᠨ ᠠᠩᠬᠢ ᠡᠷᠬᠢᠯᠡᠬᠦ᠌ ᠬᠡᠷᠡᠭᠲᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠢᠨ ᠲᠤᠰ ᠲᠤᠰ᠎ᠤᠨ ᠣᠨᠴᠠᠯᠢᠭ᠎ᠲᠠᠶ᠎ᠪᠠᠨ ᠤᠶᠠᠯᠳᠤᠭᠤᠯᠤᠨ᠂ ᠤᠯᠠᠨ ᠶᠠᠩᠵᠤ ᠬᠡᠯᠪᠡᠷᠢ᠎ᠶᠢᠨ᠂ ᠠᠮᠢᠳᠤᠯᠢᠭ ᠰᠤᠷᠤᠯᠴᠠᠯᠭ᠎ᠠ᠎ᠶᠢ ᠥᠷᠨᠢᠭᠦᠯᠬᠦ᠌ ᠬᠡᠷᠡᠭᠲᠡᠢ᠃ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠲᠦᠷᠦᠭᠦᠯᠡᠨ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠵᠢᠱ᠌ᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢᠯᠡᠳᠦᠯ᠎ᠢᠶᠡᠨ ᠪᠠᠳᠠᠷᠠᠭᠤᠯᠬᠤ ᠬᠡᠷᠡᠭᠲᠡᠢ᠃
(ᠬᠣᠷᠢᠨ ᠨᠢᠭᠡ) ᠥᠷᠭᠡᠨ᠎ᠢᠶᠡᠷ ᠤᠬᠠᠭᠤᠯᠵᠤ ᠤᠬᠠᠭᠤᠯᠤᠨ ᠲᠠᠢᠯᠪᠦᠷᠢᠯᠠᠬᠤ ᠬᠡᠷᠡᠭᠲᠡᠢ᠃ ᠰᠣᠨᠢᠨ ᠮᠡᠳᠡᠭᠡ ᠮᠡᠳᠡᠭᠡᠯᠡᠬᠦ᠌᠂ ᠤᠬᠠᠭᠤᠯᠵᠤ ᠤᠬᠠᠭᠤᠯᠤᠨ ᠲᠠᠶ᠋ᠢᠯᠪᠤᠷᠢᠯᠠᠬᠤ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠬᠦᠯᠦᠨ ᠰᠠᠶ᠋ᠢᠲᠤᠷ ᠲᠣᠬᠢᠷᠠᠭᠤᠯᠵᠤ᠂ ᠤᠬᠠᠭᠤᠯᠵᠤ ᠤᠬᠠᠭᠤᠯᠤᠨ ᠲᠠᠶ᠋ᠢᠯᠪᠤᠷᠢᠯᠠᠯᠲᠠ᠎ᠶᠢ ᠠᠵᠤ ᠠᠬᠤᠶ᠋ᠢᠯᠠᠯ᠎ᠳᠤ ᠤᠷᠤᠭᠤᠯᠬᠤ᠂ ᠮᠠᠯᠵᠢᠬᠤ ᠲᠠᠷᠢᠶᠠᠯᠠᠬᠤ ᠣᠷᠣᠨ᠎ᠳᠤ ᠤᠷᠤᠭᠤᠯᠬᠤ᠂ ᠪᠠᠶ᠋ᠢᠭᠤᠯᠭ᠎ᠠ᠎ᠳᠤ ᠤᠷᠤᠭᠤᠯᠬᠤ᠂ ᠰᠤᠷᠭᠠᠭᠤᠯᠢ᠎ᠶᠢᠨ ᠬᠦᠷᠢᠶᠡᠨ᠎ᠳᠤ ᠤᠷᠤᠭᠤᠯᠬᠤ᠂ ᠨᠡᠶ᠋ᠢᠭᠡᠮ ᠲᠣᠭᠣᠷᠢᠭ ᠲᠤ᠌ ᠤᠷᠤᠭᠤᠯᠬᠤ᠂ ᠰᠦᠯᠵᠢᠶᠡᠨ᠎ᠳᠦ ᠣᠷᠣᠭᠤᠯᠬᠤ᠎ᠶᠢ ᠠᠬᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠲᠤᠬᠠᠢ ᠭᠦᠨ ᠵᠤᠵᠠᠭᠠᠨ ᠬᠠᠶ᠋ᠢᠷ᠎ᠠ ᠬᠠᠯᠠᠮᠵᠢ᠎ᠶᠢ ᠡᠯ᠎ᠡ ᠠᠵᠢᠯ ᠲᠥᠷᠥᠯ᠂ ᠲᠦᠭ ᠲᠦᠮᠡᠨ ᠠᠶ᠋ᠢᠯ ᠡᠷᠦᠬᠡ᠎ᠳᠦ ᠳᠠᠮᠵᠢᠭᠤᠯᠬᠤ ᠬᠡᠷᠡᠭᠲᠡᠢ᠃ ᠤᠨᠤᠯ᠎ᠤᠨ ᠰᠤᠳᠤᠯᠭᠠᠨ ᠪᠠ ᠲᠠᠶ᠋ᠢᠯᠪᠤᠷᠢᠯᠠᠯᠲᠠ᠎ᠶᠢ ᠴᠢᠩᠭᠠᠳᠬᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢᠨ ᠲᠣᠭᠣᠷᠢᠨ᠎ᠳᠤ ᠭᠦᠨᠵᠡᠭᠡᠢ ᠰᠤᠳᠤᠯᠵᠤ᠂ ᠨᠢᠭᠡ ᠪᠦᠯᠦᠭ ᠭᠦᠨᠴᠡ᠎ᠲᠡᠶ᠂ ᠴᠢᠨᠠᠷ ᠰᠠᠶ᠋ᠢᠲᠠᠢ ᠰᠤᠳᠤᠯᠭᠠᠨ᠎ᠤ ᠦᠷ᠎ᠡ ᠪᠦᠲᠦᠭᠡᠯ᠎ᠢ ᠭᠠᠷᠭᠠᠬᠤ ᠬᠡᠷᠡᠭᠲᠡᠢ᠃
(ᠬᠣᠷᠢᠨ ᠬᠣᠶᠠᠷ) ᠠᠵᠢᠯ᠎ᠤᠨ ᠨᠠᠶ᠋ᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠪᠡᠨ ᠨᠠᠷᠢᠯᠢᠬᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ᠎ᠶᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠣᠷᠢᠢ᠎ᠠ ᠵᠢᠨ ᠬᠢᠨ ᠱᠠᠯᠠᠪᠳᠠᠭᠤᠯᠤᠨ ᠪᠠᠶ᠋ᠢᠴᠠᠭᠠᠬᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠᠨ ᠴᠢᠩᠭᠠᠳᠬᠠᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠤᠭᠰᠠᠨ ᠪᠠᠶ᠋ᠢᠳᠠᠯ ᠢ ᠲᠣᠭᠣᠷᠢᠨ ᠪᠠᠢᠴᠠᠭᠠᠵᠤ ᠴᠠᠭᠳᠠᠨ ᠪᠠᠶ᠋ᠢᠴᠠᠭᠠᠬᠤ᠎ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠨᠠᠷ ᠤᠷᠳᠤ ᠵᠠᠮ᠎ᠤᠨ ᠠᠶᠠᠨ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ ᠪᠣᠯᠤᠨ ᠮᠣᠩᠭᠣᠯ ᠮᠤᠷᠢᠨ᠎ᠤ ᠵᠣᠷᠢᠭ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠵᠤ᠂ ᠪᠣᠳᠠᠲᠠᠢ ᠠᠵᠢᠯᠯᠠᠵᠤ ᠰᠢᠷᠭᠠᠭᠤ ᠬᠠᠲᠠᠭᠤᠵᠢᠯᠲᠠᠢ ᠠᠵᠢᠯᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠲᠤᠬᠠᠶ᠋ᠢᠯᠠᠭᠰᠠᠨ ᠠᠵᠢᠯ᠎ᠢᠶᠠᠨ ᠰᠠᠶ᠋ᠢᠲᠤᠷ ᠬᠢᠬᠦ᠌ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃
ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠨᠠᠶ᠋ᠢᠳᠠᠪᠤᠷᠢᠵᠢᠭᠤᠯᠵᠤ᠂ ᠵᠤᠷᠢᠭᠲᠠᠢ ᠲᠡᠮᠡᠴᠡᠵᠦ᠂ ᠡᠷᠡᠮᠡᠬᠡᠶ᠋ᠢᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌ ᠬᠡᠷᠡᠭᠲᠡᠢ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃