2026-11-26 10:41:22
ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠭᠠᠳᠠᠭᠠᠳᠤ᠎ᠳᠡᠬᠢ ᠰᠤᠳᠤᠯᠭᠠᠨᠪ ᠤᠯᠠᠨ ᠤᠯᠤᠰ᠎ᠤᠨ ᠶᠠᠷᠢᠶᠠᠨ᠎ᠤ ᠲᠠᠪᠴᠠᠩ (2026) ᠤ᠋ᠨ ᠭᠷᠧᠭ᠎ᠦᠨ ᠲᠤᠰᠬᠠᠢ ᠰᠡᠳᠦᠪᠲᠦ ᠶᠠᠷᠢᠶᠠᠨ᠎ᠤ ᠲᠠᠪᠴᠠᠩ 21 ᠪ ᠡᠳᠦᠷ ᠠᠲ᠋ᠸᠠᠪ ᠳᠤᠮᠳᠠᠳᠤ ᠤᠯᠤᠰ᠎ᠤᠨ ᠡᠷᠲᠡᠨ᠎ᠦ ᠪᠣᠯᠪᠠᠰᠤᠨ᠎ᠤ ᠰᠤᠳᠤᠯᠭᠠᠨ᠎ᠤ ᠬᠦᠷᠢᠶᠡᠯᠡᠩ᠎ᠳᠦ ᠶᠠᠪᠤᠭᠳᠠᠪᠠ᠃
ᠶᠠᠷᠢᠶᠠᠨ᠎ᠤ ᠲᠠᠪᠴᠠᠩ᠎ᠢ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ ᠡᠴᠡ ᠭᠣᠣᠯᠯᠠᠨ ᠡᠷᠬᠢᠯᠡᠵᠦ᠂ ᠳᠤᠮᠳᠠᠳᠤ ᠤᠯᠤᠰ᠎ᠤᠨ ᠡᠷᠲᠡᠨ᠎ᠦ ᠪᠣᠯᠪᠠᠰᠤᠨ᠎ᠤ ᠰᠤᠳᠤᠯᠭᠠᠨ᠎ᠤ ᠬᠦᠷᠢᠶᠡᠯᠡᠩ ᠡᠴᠡ ᠳᠠᠭᠠᠭᠠᠴᠢᠯᠠᠨ ᠡᠷᠬᠢᠯᠡᠨ᠂ 《ᠪᠣᠯᠪᠠᠰᠤᠨ᠎ᠤ ᠤᠯᠠᠮᠵᠢᠯᠠᠯ᠎ᠢ ᠵᠠᠯᠭᠠᠮᠵᠢᠯᠠᠵᠤ᠂ ᠪᠣᠯᠪᠠᠰᠤᠨ᠎ᠤ ᠰᠢᠨ᠎ᠡ᠎ᠶᠢ ᠡᠭᠦᠳᠬᠦ᠎ᠶᠢ ᠠᠬᠢᠭᠤᠯᠤᠶ᠎ᠠ》 ᠭᠡᠬᠦ᠎ᠪᠡᠷ ᠭᠣᠣᠯ ᠰᠡᠳᠦᠪ ᠪᠣᠯᠭᠠᠵᠤ᠂ 50 ᠰᠢᠬᠠᠮ ᠬᠦᠨᠳᠦᠲᠦ ᠵᠣᠴᠢᠨ ᠵᠢᠴᠢ ᠲᠤᠰᠬᠠᠢ ᠮᠡᠷᠭᠡᠵᠢᠯᠲᠡᠨ ᠡᠷᠳᠡᠮᠲᠡᠨ ᠰᠣᠶᠣᠯ᠎ᠤᠨ ᠤᠯᠠᠮᠵᠢᠯᠠᠯ ᠬᠥᠭᠵᠢᠯᠲᠡ ᠪᠣᠯᠣᠨ ᠪᠣᠯᠪᠠᠰᠤᠨ᠎ᠤ ᠰᠣᠯᠢᠯᠴᠠᠭ᠎ᠠ ᠲᠣᠯᠢᠳᠠᠯ᠎ᠤᠨ ᠲᠣᠭᠣᠷᠢᠨ᠎ᠳᠤ ᠰᠤᠳᠤᠯᠤᠨ ᠶᠠᠷᠢᠯᠴᠠᠪᠠ᠃
ᠬᠤᠷᠠᠯ᠎ᠳᠤ ᠣᠷᠣᠯᠴᠠᠭᠰᠠᠨ ᠵᠣᠴᠢᠳ᠂ ᠲᠤᠰ ᠤᠳᠠᠭ᠎ᠠ᠎ᠶᠢᠨ ᠶᠠᠷᠢᠶᠠᠨ᠎ᠤ ᠲᠠᠪᠴᠠᠩ᠎ᠢᠶᠠᠷ ᠳᠠᠮᠵᠢᠭᠤᠯᠤᠨ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠴᠢ ᠲᠡᠭᠦᠨ᠎ᠦ ᠳᠤᠮᠳᠠᠳᠤ ᠤᠯᠤᠰ᠎ᠤᠨ ᠦᠢᠯᠡᠳᠦᠯᠭᠡ᠎ᠶᠢᠨ ᠲᠤᠬᠠᠢ ᠤᠯᠠᠨ ᠤᠯᠤᠰ᠎ᠤᠨ ᠡᠷᠳᠡᠮ ᠰᠢᠨᠵᠢᠯᠡᠭᠡᠨ᠎ᠦ ᠰᠤᠳᠤᠯᠭᠠᠨ᠎ᠢ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠲᠡᠦᠬᠡ ᠰᠣᠶᠣᠯ᠎ᠤᠨ ᠰᠠᠭᠤᠷᠢ ᠪᠣᠯᠣᠨ ᠬᠥᠮᠥᠨ ᠲᠥᠷᠥᠯᠬᠢᠲᠡᠨ᠎ᠦ ᠪᠣᠯᠪᠠᠰᠤᠨ᠎ᠤ ᠰᠢᠨ᠎ᠡ ᠬᠡᠯᠪᠡᠷᠢ ᠪᠠᠢᠳᠠᠯ ᠴᠠᠭ ᠦᠶ᠎ᠡ᠎ᠶᠢᠨ ᠠᠭᠤᠯᠤᠭᠳᠠᠬᠤᠨ᠎ᠤ ᠲᠤᠬᠠᠢ ᠰᠤᠳᠤᠯᠭᠠᠨ ᠲᠠᠢᠯᠪᠤᠷᠢᠯᠠᠯᠲᠠ᠎ᠪᠠᠨ ᠴᠢᠩᠭᠠᠳᠬᠠᠵᠤ᠂ ᠳᠤᠮᠳᠠᠳᠤ ᠭᠠᠳᠠᠭᠠᠳᠤ᠎ᠶᠢᠨ ᠡᠷᠳᠡᠮᠲᠡᠳ᠎ᠦᠨ ᠪᠣᠯᠪᠠᠰᠤᠨ᠎ᠤ ᠬᠠᠷᠢᠴᠠᠭᠤᠯᠤᠯ᠎ᠤᠨ ᠬᠠᠷᠠᠭᠠᠰᠤ ᠡᠴᠡ ᠡᠬᠦᠰᠴᠤ᠂ ᠣᠢᠯᠠᠭᠠᠯᠴᠠᠭ᠎ᠠ᠎ᠪᠠᠨ ᠨᠡᠮᠡᠭᠳᠡᠭᠦᠯᠵᠦ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠎ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃
ᠬᠤᠷᠠᠯ᠎ᠳᠤ ᠣᠷᠣᠯᠴᠠᠭᠰᠠᠨ ᠵᠣᠴᠢᠳ᠂ ᠠᠳᠠᠯᠢ ᠪᠤᠰᠤ ᠪᠣᠯᠪᠠᠰᠤᠨ᠎ᠤ ᠬᠠᠷᠢᠴᠠᠭᠤᠯᠤᠭᠰᠠᠨ ᠰᠤᠳᠤᠯᠭᠠᠨ᠎ᠢ ᠴᠢᠩᠭᠠᠳᠬᠠᠬᠤ ᠨᠢ ᠲᠣᠰ ᠲᠣᠰ᠎ᠤᠨ ᠰᠣᠶᠣᠯ᠎ᠤᠨ ᠣᠨᠴᠠᠯᠢᠭ᠋ ᠰᠢᠨᠵᠢ᠎ᠪᠡᠨ ᠲᠠᠨᠢᠵᠤ᠂ ᠪᠤᠰᠤᠳ ᠪᠣᠯᠪᠠᠰᠤᠨ᠎ᠢ ᠣᠢᠯᠠᠭᠠᠬᠤ ᠬᠠᠷᠠᠭᠠᠰᠤ᠎ᠪᠠᠨ ᠥᠷᠭᠡᠳᠬᠡᠬᠦ᠎ᠳᠦ ᠠᠰᠢᠭ᠍ᠲᠠᠢ ᠶᠤᠮ᠃ ᠡᠯ᠎ᠡ ᠤᠯᠤᠰ᠎ᠤᠨ ᠡᠷᠳᠡᠮᠲᠡᠳ ᠠᠳᠠᠯᠢ ᠪᠤᠰᠤ ᠪᠣᠯᠪᠠᠰᠤᠨ᠎ᠤ ᠲᠡᠦᠬᠡ᠎ᠶᠢᠨ ᠦᠨ᠎ᠡ ᠦᠷᠳᠡᠭ᠎ᠢ ᠭᠦᠢᠴᠡᠳ ᠠᠭᠤᠳᠠᠯᠵᠤ᠂ ᠬᠠᠷᠢᠴᠠᠭᠤᠯᠤᠭᠰᠠᠨ ᠰᠤᠳᠤᠯᠭᠠᠨ ᠪᠣᠯᠣᠨ ᠡᠷᠳᠡᠮ ᠰᠢᠨᠵᠢᠯᠡᠭᠡᠨ᠎ᠦ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠬᠠᠷᠢᠯᠴᠠᠨ ᠣᠢᠯᠠᠭᠠᠯᠴᠠᠬᠤ᠂ ᠬᠠᠷᠢᠯᠴᠠᠨ ᠲᠣᠯᠢᠳᠠᠬᠤ ᠳᠤᠮᠳᠠ ᠪᠣᠯᠪᠠᠰᠤᠨ᠎ᠤ ᠤᠯᠠᠮᠵᠢᠯᠠᠯ ᠪᠣᠯᠣᠨ ᠬᠥᠭᠵᠢᠯᠲᠡ᠎ᠶᠢ ᠠᠬᠢᠭᠤᠯᠪᠠᠯ ᠵᠣᠬᠢᠨ᠎ᠠ ᠬᠡᠵᠦ ᠦᠵᠡᠵᠡᠭᠡᠪᠡ᠃
(ᠰᠢᠨᠬᠤᠸᠠ ᠬᠤᠷᠢᠶ᠎ᠠ᠎ᠶᠢᠨ ᠠᠲ᠋ᠸᠠᠤ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃