2026-11-26 10:46:57
ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠭᠠᠳᠠᠭᠠᠳᠤ ᠳ᠋ᠡᠬᠢ ᠰᠤᠳᠤᠯᠭᠠᠨ ᠤ᠋ ᠤᠯᠠᠨ ᠤᠯᠤᠰ᠎ᠤᠨ ᠶᠠᠷᠢᠶᠠᠨ᠎ᠤ ᠲᠠᠪᠴᠠᠩ (2026) ᠤ᠋ᠨ ᠦᠷᠦ᠋ᠭᠤᠸᠠᠢ ᠵᠢᠨ ᠲᠤᠰᠬᠠᠢ ᠰᠡᠳᠦᠪᠲᠦ ᠶᠠᠷᠢᠶᠠᠨ᠎ᠤ ᠲᠠᠪᠴᠠᠩ 21 ᠤ᠋ ᠡᠳᠦᠷ ᠦᠷᠦ᠋ᠭᠤᠸᠠᠢ ᠵᠢᠨ ᠨᠡᠢᠰᠯᠡᠯ ᠮᠤᠨᠲᠸᠸᠢᠳ᠋ᠸᠶᠣ᠋ ᠳ᠋ᠤ᠌ ᠶᠠᠪᠤᠭᠳᠠᠪᠠ᠃
ᠲᠣᠰ ᠲᠤᠰᠬᠠᠢ ᠰᠡᠳᠦᠪᠲᠦ ᠶᠠᠷᠢᠶᠠᠨ᠎ᠤ ᠲᠠᠪᠴᠠᠩ᠎ᠢ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠯᠠᠲ᠋ᠢᠨ ᠠᠮᠧᠷᠢᠺᠠ ᠲᠢᠪ ᠤ᠋ᠨ ᠰᠤᠳᠤᠯᠬᠤ ᠭᠠᠵᠠᠷ ᠪᠣᠯᠣᠨ ᠪᠥᠬᠥᠳᠡ ᠨᠠᠢᠷᠠᠮᠳᠠᠬᠤ ᠦᠷᠦ᠋ᠭᠤᠸᠠᠢ ᠤᠯᠤᠰ᠎ᠤᠨ ᠶᠡᠬᠡ ᠰᠤᠷᠭᠠᠭᠤᠯᠢ ᠬᠠᠮᠲᠤᠷᠠᠨ ᠡᠷᠭᠢᠯᠡᠵᠦ᠂《ᠳᠤᠮᠳᠠᠳᠤ ᠤᠯᠤᠰ — ᠯᠠᠲ᠋ᠢᠨ ᠠᠮᠧᠷᠢᠺᠠ ᠬᠢᠭᠡᠳ ᠺᠠᠷᠢᠪᠸ᠄ ᠭᠠᠷ ᠬᠣᠯᠪᠣᠯᠴᠠᠨ ᠣᠳᠣᠬᠢᠴᠢᠯᠠᠯᠲᠠ᠎ᠶᠢ ᠠᠬᠢᠭᠤᠯᠵᠤ᠂ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠬᠠᠮᠲᠤ᠎ᠪᠠᠷ ᠪᠠᠢᠭᠤᠯᠤᠶ᠎ᠠ》 ᠭᠡᠬᠦ ᠪᠡᠷ ᠭᠣᠣᠯ ᠰᠡᠳᠦᠪ ᠪᠤᠯᠭᠠᠪᠠ᠃ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠸ ᠤ᠋ᠨ ᠣᠯᠠᠨ ᠤᠯᠤᠰ᠎ᠤᠨ ᠲᠤᠰᠬᠠᠢ ᠮᠡᠷᠭᠡᠵᠢᠯᠲᠡᠨ ᠡᠷᠳᠡᠮᠲᠡᠳ ᠪᠥᠬᠥ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠬᠠᠮᠲᠤ᠎ᠶᠢᠨ ᠬᠥᠭᠵᠢᠯᠲᠡ᠂ ᠳᠤᠮᠳᠠᠳᠤ ᠯᠠᠲ᠋ᠢᠨ ᠠᠮᠧᠷᠢᠺᠠ᠎ᠶᠢᠨ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠴᠥᠭᠡᠳᠬᠡᠬᠦ ᠬᠠᠮᠲᠤᠷᠠᠯᠴᠠᠭ᠎ᠠ ᠪᠣᠯᠣᠨ ᠳᠥᠷᠪᠡᠨ ᠶᠡᠬᠡ ᠪᠥᠬᠥ ᠪᠥᠮᠪᠥᠷᠴᠡᠭ᠎ᠦᠨ ᠰᠠᠨᠠᠭᠠᠴᠢᠯᠠᠭ᠎ᠠ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠰᠤᠳᠤᠯᠤᠨ ᠶᠠᠷᠢᠯᠴᠠᠪᠠ᠃
ᠬᠤᠷᠠᠯ᠎ᠳᠤ ᠣᠷᠣᠯᠴᠠᠭᠰᠠᠨ ᠵᠣᠴᠢᠳ᠂ ᠳᠤᠮᠳᠠᠳᠤ ᠤᠯᠤᠰ ᠪᠤᠯᠤᠨ ᠯᠠᠲ᠋ᠢᠨ ᠠᠮᠧᠷᠢᠺᠠ ᠲᠢᠪ ᠪᠠ ᠺᠠᠷᠢᠪᠸ ᠤ᠋ᠨ ᠤᠯᠤᠰ᠎ᠤᠳ ᠴᠦᠮ ᠪᠦᠬᠦ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠴᠢᠬᠤᠯᠠ ᠪᠦᠷᠢᠯᠳᠦᠭᠦᠨ ᠮᠦᠨ᠂ ᠴᠥᠮ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭᠰᠡᠨ ᠣᠳᠣᠬᠢᠴᠢᠯᠠᠯᠲᠠ᠎ᠶᠢᠨ ᠵᠠᠮ᠎ᠢ ᠰᠦᠪᠡᠭᠴᠢᠯᠡᠵᠦ ᠪᠠᠢᠨ᠎ᠠ᠃ ᠳᠤᠮᠳᠠᠳᠤ ᠤᠯᠤᠰ᠎ᠤᠨ ᠳᠤᠷᠠᠳᠤᠭᠰᠠᠨ ᠲᠦᠷᠪᠡᠨ ᠶᠡᠬᠡ ᠪᠦᠬᠦ ᠪᠥᠮᠪᠥᠷᠴᠡᠭ᠎ᠦᠨ ᠰᠠᠨᠠᠭᠠᠴᠢᠯᠠᠭ᠎ᠠ ᠨᠢ ᠴᠢᠬᠤᠯᠠ ᠠᠴᠢ ᠬᠣᠯᠪᠣᠭᠳᠠᠯ᠎ᠲᠠᠢ ᠶᠤᠮ᠂ ᠪᠦᠬᠦ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠬᠥᠭᠵᠢᠯᠲᠡ᠎ᠶᠢᠨ ᠲᠤᠷᠰᠢᠯᠭ᠎ᠠ᠎ᠪᠠᠨ ᠬᠠᠷᠢᠯᠴᠠᠨ ᠲᠣᠯᠢ ᠪᠤᠯᠭᠠᠵᠤ᠂ ᠡᠷᠬᠡ ᠲᠡᠭᠰᠢ ᠬᠠᠷᠢᠯᠴᠠᠨ ᠠᠰᠢᠭ᠍ᠲᠠᠢ ᠬᠥᠭᠵᠢᠯᠲᠡ᠎ᠶᠢᠨ ᠵᠠᠮ᠎ᠢ ᠬᠠᠢᠨ ᠰᠦᠪᠡᠭᠴᠢᠯᠡᠪᠡᠯ ᠵᠣᠬᠢᠨ᠎ᠠ ᠭᠡᠵᠤ ᠦᠵᠡᠵᠡᠭᠡᠵᠠᠢ᠃
ᠬᠤᠷᠠᠯ᠎ᠳᠤ ᠣᠷᠣᠯᠴᠠᠭᠰᠠᠨ ᠵᠣᠴᠢᠳ᠂ ᠯᠠᠲ᠋ᠢᠨ ᠠᠮᠧᠷᠢᠺᠠ ᠪᠠ ᠺᠠᠷᠢᠪᠸ ᠤ᠋ᠨ ᠤᠯᠤᠰ᠎ᠤᠳ᠎ᠤᠨ ᠣᠯᠠᠩᠬᠢ ᠨᠢ ᠠᠳᠠᠯᠢ ᠪᠤᠰᠤ ᠬᠡᠮᠵᠢᠶᠡᠨ᠎ᠦ ᠬᠥᠭᠵᠢᠯᠲᠡ᠎ᠶᠢᠨ ᠠᠰᠠᠭᠤᠳᠠᠯ᠎ᠳᠤ ᠲᠤᠯᠭᠠᠷᠠᠵᠤ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠠ ᠮᠡᠳᠡᠯᠭᠡ᠎ᠶᠢᠨ ᠰᠢᠰᠲᠧᠮ᠎ᠦᠨ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠎ᠶᠢ ᠠᠮᠵᠢᠯᠲᠠ᠎ᠲᠠᠢ ᠪᠡᠶᠡᠯᠡᠭᠦᠯᠦᠭᠰᠡᠨ ᠵᠡᠷᠭᠡ ᠲᠠᠯ᠎ᠠ᠎ᠪᠠᠷ ᠬᠢ ᠲᠤᠷᠰᠢᠯᠭ᠎ᠠ ᠨᠢ ᠯᠠᠲ᠋ᠢᠨ ᠠᠮᠧᠷᠢᠺᠠ᠎ᠶᠢᠨ ᠤᠯᠤᠰ᠎ᠤᠳ᠎ᠤᠨ ᠰᠤᠷᠤᠯᠴᠠᠨ ᠲᠣᠯᠢ ᠪᠤᠯᠭᠠᠭᠤᠰᠢᠳᠠᠢ ᠶᠤᠮ᠃ ᠳᠤᠮᠳᠠᠳᠤ ᠤᠯᠤᠰ ᠪᠤᠯᠤᠨ ᠯᠠᠲ᠋ᠢᠨ ᠠᠮᠧᠷᠢᠺᠠ ᠲᠢᠪ ᠪᠠ ᠺᠠᠷᠢᠪᠸ ᠤ᠋ᠨ ᠤᠯᠤᠰ᠎ᠤᠳ ᠯᠤᠭ᠎ᠠ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠬᠠᠮᠲᠤ᠎ᠶᠢᠨ ᠬᠥᠭᠵᠢᠯᠲᠡ᠎ᠶᠢ ᠪᠡᠶᠡᠯᠡᠭᠦᠯᠵᠦ᠂ ᠠᠷᠠᠳ ᠲᠦᠮᠡᠨ ᠳ᠋ᠤ ᠠᠰᠢᠭ᠋ ᠬᠦᠷᠲᠡᠭᠡᠬᠦ᠎ᠶᠢ ᠬᠦᠰᠡᠵᠦ ᠪᠠᠢᠨ᠎ᠠ ᠭᠡᠵᠤ ᠦᠵᠡᠵᠡᠭᠡᠪᠡ᠃
(ᠰᠢᠨᠬᠤᠸᠠ ᠬᠣᠷᠢᠶ᠎ᠠ ᠵᠢᠨ ᠮᠤᠨᠲᠸᠸᠢᠳ᠋ᠸᠶᠣ᠋ ᠵᠢᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃