2026-11-26 11:32:20
11 ᠰᠠᠷ᠎ᠠ᠎ᠶᠢᠨ 25 ᠤ᠋ ᠡᠳᠦᠷ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠤᠯᠤᠨ ᠫᠠᠺᠢᠰᠲ᠋ᠠᠨ᠎ᠤ ᠶᠡᠷᠦᠩᠬᠡᠢᠯᠡᠭᠴᠢ ᠵᠠᠷᠳᠠᠯᠢᠳᠤᠮᠳᠠᠳᠤ ᠫᠠᠺᠢᠰᠲ᠋ᠠᠨ᠎ᠤ ᠰᠠᠨᠰᠠᠷᠴᠢᠨ ᠬᠠᠮᠲᠤᠷᠠᠭᠰᠠᠨ ᠨᠢᠰᠦᠯᠲᠡ᠎ᠶᠢᠨ ᠡᠭᠦᠷᠭᠡ᠎ᠶᠢ ᠭᠦᠢᠴᠡᠳᠬᠡᠭᠰᠡᠨ ᠲᠤᠬᠠᠢ ᠬᠠᠷᠢᠯᠴᠠᠨ ᠪᠠᠶᠠᠷ᠎ᠤᠨ ᠴᠠᠭᠢᠯᠭᠠᠨ ᠴᠢᠮᠡᠭᠡ ᠶᠠᠪᠤᠭᠤᠯᠪᠠ᠃
ᠰᠢ᠎ᠶᠢᠨ ᠫᠢᠩ᠂ ᠫᠠᠺᠢᠰᠲ᠋ᠠᠨ᠎ᠤ ᠰᠠᠨᠰᠠᠷᠴᠢᠨ ᠳᠤᠮᠳᠠᠳᠤ ᠤᠯᠤᠰ᠎ᠤᠨ ᠬᠤᠪᠢᠯᠭᠠᠨ ᠨᠢᠰᠬᠦ ᠣᠩᠭᠣᠴᠠᠨ ᠳᠤ ᠰᠠᠭᠤᠵᠤ ᠠᠩᠬ᠎ᠠ ᠤᠳᠠᠭ᠎ᠠ ᠠᠮᠵᠢᠯᠲᠠ᠎ᠲᠠᠢ᠎ᠪᠠᠷ ᠰᠠᠨᠰᠠᠷ᠎ᠲᠤ ᠭᠠᠷᠴᠤ᠂ ᠳᠤᠮᠳᠠᠳᠤ ᠤᠯᠤᠰ᠎ᠤᠨ ᠰᠠᠨᠰᠠᠷ᠎ᠤᠨ ᠥᠷᠲᠡᠭᠡ ᠵᠢᠨ ᠠᠩᠬᠠᠳᠠᠭ᠍ᠴᠢ ᠭᠠᠳᠠᠭᠠᠳᠤ᠎ᠶᠢᠨ ᠬᠠᠷᠢᠶᠠᠲᠤ ᠰᠠᠨᠰᠠᠷᠴᠢᠨ ᠪᠣᠯᠤᠭᠰᠠᠨ᠎ᠢ ᠪᠠᠶᠠᠷᠯᠠᠨ ᠰᠤᠨᠤᠰᠤᠯ᠎ᠠ᠂ ᠪᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠦ ᠡᠮᠦᠨ᠎ᠡ ᠡᠴᠡ ᠡᠷᠬᠢᠮ ᠤᠯᠤᠰ᠎ᠤᠨ ᠵᠠᠰᠠᠭ᠎ᠤᠨ ᠣᠷᠳᠣᠨ ᠪᠣᠯᠣᠨ ᠠᠷᠠᠳ ᠲᠦᠮᠡᠨ᠂ ᠬᠣᠶᠠᠷ ᠤᠯᠤᠰ᠎ᠤᠨ ᠰᠠᠨᠰᠠᠷᠴᠢᠨ ᠵᠢᠴᠢ ᠰᠠᠨᠰᠠᠷ᠎ᠤᠨ ᠠᠵᠢᠯᠲᠠᠳ᠎ᠲᠤ ᠬᠠᠯᠠᠭᠤᠨ ᠪᠠᠶᠠᠷ ᠬᠦᠷᠭᠡᠵᠦ ᠪᠠᠢᠨ᠎ᠠ ᠭᠡᠵᠦ ᠢᠯᠡᠳᠭᠡᠪᠡ᠃
ᠰᠢ᠎ᠶᠢᠨ ᠫᠢᠩ᠂ ᠳᠤᠮᠳᠠᠳᠤ ᠤᠯᠤᠰ ᠪᠣᠯᠣᠨ ᠫᠠᠺᠢᠰᠲ᠋ᠠᠨ ᠪᠣᠯ ᠪᠦᠭᠦ ᠲᠠᠯ᠎ᠠ᠎ᠶᠢᠨ ᠪᠠᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ᠎ᠤ ᠬᠠᠨᠢᠲᠠᠨ ᠮᠥᠨ᠃ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ 75 ᠵᠢᠯ᠎ᠦᠨ ᠲᠤᠷᠰᠢ᠂ ᠳᠤᠮᠳᠠᠳᠤ ᠫᠠᠺᠢᠰᠲ᠋ᠠᠨ᠎ᠤ ᠨᠥᠬᠥᠷᠯᠡᠯ ᠢᠮᠠᠭᠲᠠ ᠡᠪᠳᠡᠷᠡᠰᠢ ᠦᠭᠡᠢ ᠬᠠᠳᠠᠨ ᠪᠠᠲᠤ ᠪᠤᠯᠤᠭᠰᠠᠨ ᠶᠤᠮ᠃ ᠬᠣᠶᠠᠷ ᠤᠯᠤᠰ᠎ᠤᠨ ᠰᠠᠨᠰᠠᠷᠴᠢᠨ ᠭᠠᠷ ᠬᠣᠯᠪᠣᠯᠴᠠᠨ ᠰᠠᠨᠰᠠᠷ ᠣᠭᠲᠠᠷᠭᠤᠢ᠎ᠳᠦ ᠠᠶᠠᠯᠠᠬᠰᠠᠨ ᠨᠢ ᠳᠤᠮᠳᠠᠳᠤ ᠫᠠᠺᠢᠰᠲ᠋ᠠᠨ᠎ᠤ ᠭᠦᠨ ᠵᠤᠵᠠᠭᠠᠨ ᠨᠥᠬᠥᠷᠯᠡᠯ᠎ᠦᠨ ᠠᠮᠢᠳᠤᠯᠢᠭ᠋ ᠢᠯᠡᠷᠡᠯ ᠪᠤᠯᠬᠤ ᠪᠥᠭᠡᠳ ᠬᠣᠶᠠᠷ ᠤᠯᠤᠰ᠎ᠤᠨ ᠬᠠᠮᠲᠤᠷᠠᠯᠴᠠᠭᠠᠨ᠎ᠤ ᠴᠢᠬᠤᠯᠠ ᠰᠢᠨ᠎ᠠ ᠦᠷ᠎ᠡ ᠪᠦᠲᠦᠭᠡᠯ ᠪᠣᠯᠣᠨ᠎ᠠ ᠭᠡᠵᠦ ᠵᠢᠭᠠᠵᠤ ᠭᠠᠷᠭᠠᠪᠠ᠃
ᠰᠢ᠎ᠶᠢᠨ ᠫᠢᠩ᠂ ᠳᠤᠮᠳᠠᠳᠤ ᠤᠯᠤᠰ᠎ᠤᠨ ᠰᠠᠨᠰᠠᠷ᠎ᠤᠨ ᠥᠷᠲᠡᠭᠡ ᠪᠣᠯ ᠡᠩᠬᠡ ᠲᠠᠢᠪᠤᠩ᠎ᠤᠨ ᠣᠩᠭᠣᠴᠠ᠂ ᠨᠥᠬᠥᠷᠯᠡᠯ᠎ᠦᠨ ᠣᠩᠭᠣᠴᠠ᠂ ᠬᠠᠮᠲᠤᠷᠠᠯᠴᠠᠭᠠᠨ᠎ᠤ ᠣᠩᠭᠣᠴᠠ ᠮᠥᠨ᠃ ᠳᠤᠮᠳᠠᠳᠤ ᠤᠯᠤᠰ ᠳᠤᠷᠠᠲᠠᠶ᠎ᠠ ᠫᠠᠺᠢᠰᠲ᠋ᠠᠨᠢ ᠪᠠᠭᠲᠠᠭᠠᠭᠰᠠᠨ ᠡᠯ᠎ᠡ ᠤᠯᠤᠰ᠎ᠲᠠᠢ ᠬᠠᠮᠲᠤ ᠪᠠᠷ ᠰᠠᠨᠰᠠᠷ ᠣᠭᠲᠠᠷᠭᠤᠢ᠎ᠶᠢ ᠡᠩᠬᠡ ᠲᠠᠢᠪᠤᠩ᠎ᠢᠶᠠᠷ ᠠᠰᠢᠭ᠍ᠯᠠᠬᠤ ᠲᠤᠭ᠎ᠢ ᠥᠨᠳᠥᠷ ᠮᠠᠨᠳᠤᠭᠤᠯᠵᠤ᠂ ᠰᠠᠨᠰᠠᠷ᠎ᠤᠨ ᠠᠶᠠᠯᠠᠯ᠎ᠤᠨ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠰᠠᠨᠰᠠᠷ ᠣᠭᠲᠠᠷᠭᠤᠢ᠎ᠶᠢᠨ ᠪᠦᠭᠦ ᠪᠥᠮᠪᠥᠷᠴᠡᠭ᠎ᠦᠨ ᠵᠠᠰᠠᠯᠲᠠ᠎ᠶᠢ ᠲᠡᠭᠦᠯᠳᠡᠷᠵᠢᠭᠦᠯᠵᠦ᠂ ᠰᠠᠨᠰᠠᠷ ᠣᠭᠲᠠᠷᠭᠤᠢ᠎ᠶᠢᠨ ᠬᠠᠢᠨ ᠰᠦᠪᠡᠭᠴᠢᠯᠡᠯᠲᠡ᠎ᠶᠢᠨ ᠦᠷ᠎ᠡ ᠪᠦᠲᠦᠭᠡᠯ᠎ᠢᠶᠡᠷ ᠪᠦᠭᠦ ᠬᠥᠮᠥᠨ ᠲᠥᠷᠥᠯᠬᠢᠲᠡᠨ᠎ᠳᠦ ᠨᠡᠩ ᠰᠠᠢᠳᠤᠷ ᠠᠰᠢᠭ᠋ ᠬᠦᠷᠲᠡᠭᠡᠨ᠎ᠡ ᠭᠡᠵᠦ ᠴᠢᠬᠤᠯᠠᠴᠢᠯᠠᠪᠠ᠃
ᠵᠠᠷᠳᠠᠯᠢ᠂ ᠫᠠᠺᠢᠰᠲ᠋ᠠᠨ ᠳᠤᠮᠳᠠᠳᠤ᠎ᠶᠢᠨ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ 75 ᠵᠢᠯ᠎ᠦᠨ ᠤᠢ ᠬᠦᠷᠴᠤ ᠢᠷᠡᠬᠦ ᠲᠠᠰᠢᠷᠠᠮ᠎ᠢᠶᠠᠷ᠂ ᠫᠠᠺᠢᠰᠲ᠋ᠠᠨ ᠳᠤᠮᠳᠠᠳᠤ ᠬᠣᠶᠠᠷ ᠤᠯᠤᠰ ᠲᠡᠦᠬᠡᠲᠦ ᠴᠢᠨᠠᠷᠲᠠᠢ ᠰᠠᠨᠰᠠᠷ᠎ᠤᠨ ᠠᠶᠠᠯᠠᠯ᠎ᠤᠨ ᠬᠠᠮᠲᠤᠷᠠᠯᠴᠠᠭ᠎ᠠ ᠥᠷᠨᠢᠭᠦᠯᠵᠦ᠂ ᠫᠠᠺᠢᠰᠲ᠋ᠠᠨ᠎ᠤ ᠠᠩᠬᠠᠳᠠᠭ᠍ᠴᠢ ᠰᠠᠨᠰᠠᠷᠴᠢᠨ ᠳᠤᠮᠳᠠᠳᠤ ᠤᠯᠤᠰ᠎ᠤᠨ ᠰᠠᠨᠰᠠᠷ᠎ᠤᠨ ᠦᠷᠳᠡᠭᠡ᠎ᠳᠦ ᠣᠷᠣᠪᠠ᠃ ᠪᠢ ᠫᠠᠺᠢᠰᠲ᠋ᠠᠨ᠎ᠤ ᠵᠠᠰᠠᠭ᠎ᠤᠨ ᠣᠷᠳᠣᠨ ᠪᠣᠯᠣᠨ ᠠᠷᠠᠳ ᠲᠦᠮᠡᠨ᠎ᠦ ᠡᠮᠦᠨ᠎ᠡ ᠡᠴᠡ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠣᠨ ᠠᠬ᠎ᠠ ᠳᠡᠭᠦᠦ ᠮᠡᠲᠦ ᠳᠤᠮᠳᠠᠳᠤ ᠤᠯᠤᠰ᠎ᠤᠨ ᠠᠷᠠᠳ ᠲᠦᠮᠡᠨ᠎ᠳᠦ ᠴᠢᠩ ᠰᠡᠳᠬᠢᠯ᠎ᠦᠨ ᠲᠠᠯᠠᠷᠬᠠᠯ᠎ᠢᠶᠠᠨ ᠳᠡᠪᠰᠢᠭᠦᠯᠦᠶ᠎ᠡ᠃ ᠲᠤᠰ ᠤᠳᠠᠭ᠎ᠠ ᠶᠢᠨ ᠬᠠᠮᠲᠤᠷᠠᠯᠴᠠᠭ᠎ᠠ ᠨᠢ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠷᠦ ᠪᠤᠰᠤ᠎ᠶᠢᠨ ᠠᠮᠵᠢᠯᠲᠠ᠎ᠶᠢ ᠢᠯᠡᠷᠡᠭᠦᠯᠵᠦ᠂ ᠳᠤᠮᠳᠠᠳᠤ ᠤᠯᠤᠰ᠎ᠤᠨ ᠰᠠᠨᠰᠠᠷ ᠣᠭᠲᠠᠷᠭᠤᠢ᠎ᠶᠢ ᠡᠩᠬᠡ ᠲᠠᠢᠪᠤᠩ᠎ᠢᠶᠠᠷ ᠠᠰᠢᠭ᠍ᠯᠠᠬᠤ᠎ᠪᠠᠷ ᠴᠢᠷᠮᠠᠢᠬᠤ ᠪᠠᠲᠤ ᠵᠣᠭᠰᠣᠯᠲᠠ᠎ᠶᠢ ᠢᠯᠡᠷᠡᠭᠦᠯᠵᠦ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢᠨ ᠴᠢᠬᠤᠯᠠ ᠠᠴᠢ ᠬᠣᠯᠪᠣᠭᠳᠠᠯ᠎ᠢ ᠢᠯᠡᠷᠡᠭᠦᠯᠵᠦ᠂ ᠫᠠᠺᠢᠰᠲ᠋ᠠᠨ ᠳᠤᠮᠳᠠᠳᠤ᠎ᠶᠢᠨ ᠨᠥᠬᠥᠷᠯᠡᠯ᠎ᠢ ᠴᠢᠨᠠᠭᠰᠢᠳᠠ ᠪᠡᠬᠢᠵᠢᠭᠦᠯᠵᠦ᠂ ᠬᠣᠶᠠᠷ ᠤᠯᠤᠰ᠎ᠤᠨ ᠪᠦᠬᠦ ᠳᠠᠯ᠎ᠠ ᠵᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢᠨ ᠨᠡᠩ ᠥᠨᠳᠥᠷ ᠲᠦᠪᠰᠢᠨ᠎ᠳᠦ ᠬᠦᠷᠬᠦ᠎ᠶᠢ ᠠᠬᠢᠭᠤᠯᠬᠤ ᠨᠢ ᠯᠠᠪᠳᠠᠶ ᠭᠡᠵᠦ ᠢᠯᠡᠳᠭᠡᠪᠡ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 25 ᠤ᠋ ᠴᠠᠭᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃