ᠲᠡᠷᠢᠭᠦᠨ ᠨᠢᠭᠤᠷ>ᠳᠤᠮᠳᠠᠲᠣ᠎ᠶ᠋ᠢᠨ ᠰᠣᠶᠣᠯ>ᠮᠡᠳᠡᠭᠡᠯᠡᠯ

2025-04-12 10:18:35

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

ᠦᠪᠡᠷᠲᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ ᠤᠬᠠᠭᠤᠯᠬᠤ ᠬᠡᠯᠲᠡᠰ ᠡᠴᠡ ᠤᠮᠠᠷᠠᠳᠤ ᠬᠢᠯᠢ ᠵᠢᠨ ᠰᠤᠶᠤᠯ ᠤ᠋ᠨ ᠪᠠᠢᠭᠤᠯᠤᠯᠲᠠ ᠵᠢᠨ ᠭᠤᠤᠯᠳᠠᠯᠭ᠎ᠠ ᠲᠠᠢ ᠲᠦᠷᠦᠯ ᠵᠦᠢᠯ ᠢ᠋ ᠡᠬᠢᠯᠡᠭᠦᠯᠵᠦ᠂ ᠤᠷᠴᠢᠮᠬᠠᠨ 《ᠲᠡᠤᠬᠡ ᠵᠢᠨ ᠳᠤᠷᠠᠰᠬᠠᠯᠲᠤ ᠵᠦᠢᠯᠡᠰ ᠲᠡᠬᠢ ᠦᠪᠤᠷ ᠮᠤᠨᠭᠭᠤᠯ》᠂《ᠰᠢᠯᠦᠭ ᠳᠠᠭᠤᠯᠠᠯ ᠳ᠋ᠡᠬᠢ ᠦᠪᠤᠷ ᠮᠤᠨᠭᠭᠤᠯ》᠂《ᠤᠳᠤ ᠦᠶ᠎ᠠ ᠵᠢᠨ ᠤᠳᠬ᠎ᠠ ᠵᠤᠬᠢᠶᠠᠯ ᠳ᠋ᠡᠬᠢ ᠦᠪᠤᠷ ᠮᠤᠨᠭᠭᠤᠯ》᠂ 《ᠤᠳᠬ᠎ᠠ ᠤᠷᠠᠯᠢᠭ ᠤ᠋ᠨ ᠪᠦᠳᠦᠭᠡᠯ ᠳ᠋ᠡᠬᠢ ᠦᠪᠦᠷ ᠮᠤᠨᠭᠭᠤᠯ》 ᠬᠡᠬᠦ 4 ᠳᠡᠪᠲᠡᠷ ᠤᠨᠤᠯ ᠤ᠋ᠨ ᠨᠤᠮ ᠢ᠋ ᠬᠡᠪᠯᠡᠨ ᠳᠠᠷᠬᠠᠭᠠᠪᠠ᠋ ᠃

ᠤᠮᠠᠷᠠᠳᠦ ᠬᠢᠯᠢ ᠶ᠋ᠢᠨ ᠰᠤᠶᠤᠯ ᠤ᠋ᠨ ᠰᠢᠯᠢᠳᠡᠭ ᠪᠦᠲᠦᠭᠡᠯ ᠪᠤᠯᠤᠨ ᠦᠷ᠎ᠠ ᠪᠦᠲᠦᠭᠡᠯ ᠢ᠋ ᠳᠡᠯᠭᠡᠨ ᠦᠵᠡᠭᠦᠯᠬᠦ ᠪᠡᠷ ᠳᠠᠮᠵᠢᠨ ᠰᠤᠶᠤᠯ ᠤ᠋ᠨ ᠢᠲᠡᠭᠡᠯ ᠢ᠋ᠶ᠋ᠡᠨ ᠨᠡᠮᠡᠭᠳᠡᠭᠦᠯᠵᠦ᠂ ᠤᠮᠠᠷᠠᠳᠦ ᠬᠢᠯᠢ ᠵᠢᠨ ᠰᠤᠶᠤᠯ ᠤ᠋ᠨ ᠠᠭᠤᠯᠬᠤᠨ ᠢ᠋ ᠬᠦᠨᠵᠡᠭᠡᠢ ᠠᠭᠤᠳᠠᠯᠤᠨ᠂ ᠰᠤᠶᠤᠯ ᠤ᠋ᠨ ᠨᠦᠯᠦᠭᠡᠯᠡᠬᠦ ᠭᠦᠴᠦᠨ ᠢ᠋ ᠳᠡᠭᠡᠭᠰᠢᠯᠡᠭᠦᠯᠬᠦ ᠪᠡᠷ ᠵᠤᠷᠢᠯᠭ᠎ᠠ ᠪᠡᠨ ᠪᠤᠯᠭᠠᠵᠤ ᠬᠡᠪᠯᠡᠨ ᠲᠠᠷᠬᠠᠭᠠᠭᠰᠠᠨ ᠲᠤᠰ 4 ᠳᠡᠪᠲᠡᠷ ᠤᠨᠤᠯ ᠤ᠋ᠨ ᠨᠤᠮ ᠨᠢ ᠲᠡᠤᠬᠡ ᠵᠢᠨ ᠳᠤᠷᠠᠰᠬᠠᠯᠲᠤ ᠵᠦᠢᠯᠡᠰ᠂ ᠰᠢᠯᠦᠭ ᠳᠠᠭᠤᠯᠠᠯ᠂ ᠤᠳᠤ ᠦᠶ᠎ᠠ ᠵᠢᠨ ᠤᠳᠭ᠎ᠠ ᠵᠤᠬᠢᠶᠠᠯ ᠵᠢᠴᠢ ᠤᠳᠭ᠎ᠠ ᠤᠷᠠᠯᠢᠭ ᠤ᠋ᠨ ᠪᠦᠲᠦᠭᠡᠯ ᠢ᠋ ᠰᠢᠰᠲ᠋ᠸᠮ ᠲᠠᠢ ᠡᠮᠬᠢᠳᠭᠡᠵᠦ᠂ ᠠᠳᠠᠯᠢ ᠪᠤᠰᠤ ᠬᠠᠷᠠᠭᠠᠰᠤ ᠡᠴᠨ ᠦᠪᠤᠷ ᠮᠤᠨᠭᠭᠤᠯ ᠤ᠋ᠨ ᠲᠡᠤᠬᠡ ᠵᠢᠨ ᠬᠤᠪᠢᠷᠠᠯᠲᠠ᠂ ᠨᠡᠢᠬᠡᠮ ᠤ᠋ᠨ ᠪᠠᠢᠭᠤᠯᠤᠯᠲᠠ᠂ ᠰᠤᠶᠤᠯ ᠤ᠋ᠨ ᠬᠦᠭᠵᠢᠯᠲᠡ ᠵᠡᠷᠭᠡ ᠠᠭᠤᠯᠭ᠎ᠠ ᠵᠢ ᠲᠤᠭᠠᠴᠢᠵᠦ᠂ ᠠᠳᠠᠯᠢ ᠪᠤᠰᠤ ᠲᠠᠯ᠎ᠠ ᠡᠴᠨ ᠤᠮᠠᠷᠠᠳᠤ ᠬᠢᠯᠢ ᠵᠢᠨ ᠰᠤᠶᠤᠯ ᠤ᠋ᠨ ᠤᠳᠬ᠎ᠠ ᠠᠭᠤᠯᠬᠤᠨ ᠢ᠋ ᠭᠦᠨᠵᠡᠭᠡᠢ ᠠᠭᠤᠲᠠᠯᠤᠨ ᠲᠡᠢᠯᠪᠤᠷᠢᠯᠠᠵᠦ ᠲᠤᠲᠤᠷᠬᠠᠢᠯᠠᠭᠰᠡᠨ ᠪᠦᠭᠡᠳ ᠠᠮᠢᠳᠤᠯᠢᠭ ᠪᠤᠳᠠᠲᠠᠢ ᠬᠢᠳᠡᠯ ᠪᠠ ᠡᠯᠪᠡᠭ ᠪᠠᠶᠠᠯᠢᠭ ᠮᠠᠲ᠋ᠧᠷᠢᠶᠠᠯ ᠢ᠋ᠶ᠋ᠡᠷ ᠦᠪᠦᠷ ᠮᠤᠨᠭᠭᠤᠯ ᠤ᠋ᠨ ᠲᠡᠤᠬᠡᠨ ᠦᠯᠢᠭᠡᠷ᠂ ᠰᠤᠶᠤᠯ ᠢᠷᠬᠡᠨᠰᠢᠯ ᠤ᠋ᠨ ᠬᠡᠪ ᠰᠤᠷᠲᠠᠯ ᠪᠠ ᠬᠦᠭᠵᠢᠯᠲᠠ ᠵᠢᠨ ᠠᠮᠵᠢᠯᠳᠠ ᠪᠦᠳᠦᠮᠵᠢ ᠵᠢ ᠲᠤᠭᠠᠴᠢᠵᠦ᠂ ᠤᠨᠭᠰᠢᠭᠴᠢᠳ ᠲᠦ᠍ ᠤᠮᠠᠷᠠᠳᠤ ᠬᠢᠯᠢ ᠵᠢᠨ ᠰᠤᠶᠤᠯ ᠢ᠋ ᠤᠯᠠᠮ ᠨᠢᠭᠡ ᠠᠯᠬᠤᠮ ᠤᠢᠯᠠᠭᠠᠭᠤᠯᠤᠨ᠂ ᠦᠪᠦᠷ ᠮᠤᠨᠭᠭᠤᠯ ᠢ᠋ ᠤᠢᠯᠠᠭᠠᠬᠤ ᠰᠢᠨ᠎ᠡ ᠬᠠᠷᠠᠭᠠᠰᠤ ᠪᠤᠯᠵᠦ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠤᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠤᠶᠤᠨ ᠰᠠᠨᠠᠭᠠᠨ ᠤ᠋ ᠭᠡᠷ ᠤᠷᠤᠨ ᠢ᠋ ᠪᠦᠳᠦᠬᠡᠨ ᠪᠠᠢᠭᠤᠯᠬᠤ ᠳᠤᠮᠳᠠᠬᠢ ᠤᠮᠠᠷᠠᠳᠤ ᠬᠢᠯᠢ ᠵᠢᠨ ᠰᠤᠶᠤᠯ ᠤ᠋ᠨ ᠨᠢᠭᠲᠠᠷᠠᠭᠤᠯᠬᠤ ᠤᠢᠯᠡᠳᠤᠯ ᠢ᠋ ᠭᠦᠢᠴᠡᠳ ᠪᠠᠳᠠᠷᠠᠭᠤᠯᠵᠦ᠂ ᠰᠤᠶᠤᠯ ᠤ᠋ᠨ ᠭᠦᠴᠦᠷᠬᠡᠭ ᠤᠷᠤᠨ ᠤ᠋ ᠪᠦᠲᠦᠭᠡᠨ ᠪᠠᠢᠭᠤᠯᠤᠯᠲᠠ ᠳ᠋ᠦ ᠪᠠᠲᠦ ᠪᠡᠬᠢ ᠤᠨᠤᠯ ᠤ᠋ᠨ ᠲᠤᠯᠭᠠᠭᠤᠷᠢ ᠬᠠᠨᠭᠭᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面