ᠲᠡᠷᠢᠭᠦᠨ ᠨᠢᠭᠤᠷ>ᠳᠤᠮᠳᠠᠲᠣ᠎ᠶ᠋ᠢᠨ ᠰᠣᠶᠣᠯ>ᠮᠡᠳᠡᠭᠡᠯᠡᠯ

2025-11-18 10:12:26

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

ᠲᠦᠷᠦᠬᠦᠬᠡᠨ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠳᠤ ᠦᠢᠯᠡᠴᠢᠯᠡᠭᠰᠡᠨ ᠬᠣᠶᠠᠳᠤᠭᠠᠷ ᠪᠦᠯᠦᠭ᠎ᠦᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ᠃ ᠲᠣᠰ ᠪᠦᠯᠦᠭ ᠬᠡᠷᠡᠭ᠎ᠦᠨ ᠵᠢᠱ᠌ᠢᠶ᠎ᠡ ᠨᠢ ᠲᠡᠦᠬᠡ᠎ᠶᠢᠨ ᠳᠤᠷᠠᠰᠬᠠᠯᠲᠤ ᠵᠦᠢᠯᠡᠰ ᠪᠠ ᠰᠣᠶᠣᠯ᠎ᠤᠨ ᠥᠪ᠎ᠦᠨ ᠬᠠᠮᠠᠭᠠᠯᠠᠯᠲᠠ᠂ ᠣᠷᠳᠣ᠌ ᠴᠠᠭᠠᠨ ᠬᠡᠷᠡᠮ᠎ᠦᠨ ᠬᠠᠮᠠᠭᠠᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ ᠵᠡᠷᠭᠡ ᠰᠣᠶᠣᠯ᠎ᠤᠨ ᠲᠦᠷᠦᠯ ᠲᠡᠮᠳᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶᠢᠨ《ᠬᠡᠷᠡᠭ ᠨᠢᠭᠡᠪᠦᠷᠢ᠎ᠶᠢ ᠴᠢᠨᠠᠷ ᠰᠠᠢᠲᠠᠢ ᠦᠨᠳᠦᠷ ᠪᠦᠲᠦᠮᠵᠢᠳᠡᠢ ᠰᠠᠢᠲᠤᠷ ᠰᠢᠢᠳᠪᠦᠷᠢᠯᠡᠬᠦ》 ᠪᠡᠷ ᠤᠮᠠᠷᠠᠲᠤ ᠬᠢᠯᠢ᠎ᠶᠢᠨ ᠰᠣᠶᠣᠯ᠎ᠢ ᠤᠯᠠᠮᠵᠢᠯᠠᠨ ᠪᠠᠳᠠᠷᠠᠭᠤᠯᠤᠭᠰᠠᠨ ᠲᠤᠬᠠᠢ ᠪᠠᠢᠴᠠᠭᠠᠬᠤ ᠠᠵᠢᠯ᠎ᠤᠨ ᠦᠢᠯᠡᠳᠦᠯᠭᠡ᠎ᠶᠢ ᠠᠮᠢᠳᠤᠯᠢᠭ᠋᠎ᠢᠶᠠᠷ ᠢᠯᠡᠷᠡᠭᠦᠯᠵᠡᠢ᠃

ᠡᠳᠡᠬᠡᠷ ᠨᠡᠢᠳᠡᠯᠢᠭ ᠬᠡᠷᠡᠭ᠎ᠤᠨ ᠵᠢᠱ᠌ᠢᠶ᠎ᠡ᠎ᠳᠦ᠂ ᠲᠦᠮᠡᠳ ᠵᠡᠭᠦᠨ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠵᠤᠤ ᠤᠯᠤᠰ ᠤ᠋ᠨ ᠬᠤᠢᠳᠤ ᠤᠷᠳᠤ ᠴᠠᠭᠠᠨ ᠬᠡᠷᠡᠮ ᠤ᠋ᠨ ᠪᠠᠭᠤᠷᠢ᠎ᠶᠢ ᠬᠠᠮᠠᠭᠠᠯᠠᠬᠤ᠎ᠶᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠳᠠ ᠶᠣᠣ᠎ᠶᠢᠨ ᠪᠠᠭᠤᠷᠢ᠎ᠶᠢ ᠬᠠᠮᠠᠭᠠᠯᠠᠬᠤ᠎ᠶᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠬᠦᠬᠡᠬᠤᠳᠠ ᠵᠢᠨ ᠰᠠᠢᠬᠠᠨ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶ᠎ᠠ ᠵᠢᠨ ᠨᠢᠬᠡᠨ ᠰᠤᠪᠠᠬ ᠤ᠋ᠨ ᠪᠠᠭᠤᠷᠢ ᠵᠢ ᠬᠠᠮᠠᠭᠠᠯᠠᠬᠤ ᠵᠢ ᠱᠠᠯᠠᠪᠳᠠᠭᠤᠯᠤᠬᠰᠠᠨ ᠵᠠᠰᠠᠬ ᠵᠠᠬᠢᠷᠭᠠᠨ ᠤ᠋ ᠨᠡᠢᠳᠡ ᠵᠢᠨ ᠠᠰᠠᠷᠠᠮᠵᠢ ᠵᠢᠨ ᠵᠠᠷᠭᠤ ᠵᠢᠨ ᠬᠡᠷᠡᠭ᠂ ᠮᠠᠨᠵᠤᠤᠷ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠠᠩᠰᠠ ᠡᠪᠬᠡᠮᠡᠯ᠎ᠢ ᠪᠦᠬᠦᠨ᠎ᠢ ᠢᠯᠡ ᠪᠤᠯᠭᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠰᠢᠯᠤᠭᠤᠨ ᠬᠥᠪᠡᠭᠡᠲᠦ ᠴᠠᠭᠠᠨ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠠᠯᠳᠠᠨ ᠤᠯᠤᠰ ᠤ᠋ᠨ ᠰᠡᠷᠬᠡᠢᠯᠡᠯᠳᠡ ᠵᠢᠨ ᠰᠤᠪᠠᠬ ᠤ᠋ᠨ ᠪᠠᠭᠤᠷᠢ ᠵᠢ ᠬᠠᠮᠠᠭᠠᠯᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ ᠵᠢᠨ ᠬᠡᠷᠡᠭ᠂ ᠹᠧᠩᠵᠧᠨ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠮᠢᠩ ᠤᠯᠤᠰ᠎ᠤᠨ ᠤᠷᠳᠤ ᠴᠠᠭᠠᠨ ᠬᠡᠷᠡᠮ᠎ᠦᠨ ᠪᠠᠭᠤᠷᠢ᠎ᠶᠢ ᠬᠠᠮᠠᠭᠠᠯᠠᠬᠤ᠎ᠶᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠶᠤᠸᠠᠨ ᠤᠯᠤᠰ᠎ᠤᠨ ᠵᠢᠨᠢᠩ ᠵᠠᠮ᠎ᠤᠨ ᠡᠷᠲᠡᠨ᠎ᠦ ᠬᠣᠲᠠ᠎ᠶᠢᠨ ᠪᠠᠭᠤᠷᠢ᠂ ᠴᠠᠬᠠᠷ ᠦᠨᠳᠦᠰᠦᠲᠡᠨ᠎ᠦ ᠰᠣᠶᠣᠯ᠎ᠤᠨ ᠠᠴᠢᠶᠠᠯᠠᠪᠤᠷᠢ ᠵᠢ ᠬᠠᠮᠠᠭᠠᠯᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠳᠥᠷᠪᠡᠳ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠹᠦ ᠮᠢᠩ ᠪᠠᠯᠭᠠᠰᠤᠨ᠎ᠤ ᠡᠷᠳᠡᠨ ᠤ᠋ ᠬᠤᠳᠠ ᠵᠢᠨ ᠪᠠᠭᠤᠷᠢ᠎ᠶᠢ ᠬᠠᠮᠠᠭᠠᠯᠠᠬᠤ᠎ᠶᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠦᠷᠡᠭᠳᠡᠭᠰᠡᠨ ᠪᠠᠭᠠᠲᠤᠷᠴᠤᠳ᠎ᠤᠨ ᠣᠩᠭᠣᠨ᠎ᠤ ᠬᠦᠷᠢᠶᠡᠯᠡᠩ ᠎ᠢ ᠬᠠᠮᠠᠭᠠᠯᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ ᠵᠢᠨ ᠬᠡᠷᠡᠭ᠂ ᠵᠢᠨᠢᠩ᠎ᠦᠨ ᠲᠡᠮᠦᠷ ᠵᠠᠮ᠎ᠤᠨ ᠲᠡᠭᠡᠭᠡᠪᠦᠷᠢ᠎ᠶᠢᠨ ᠪᠠᠢᠴᠠᠭᠠᠬᠤ ᠬᠣᠷᠢᠶ᠎ᠠ ᠵᠢᠨ ᠵᠤᠰᠤᠳᠤ ᠵᠢᠨ ᠠᠭᠤᠯᠠ ᠪᠠᠯᠭᠠᠰᠤᠨ᠎ᠤ ᠲᠡᠷᠭᠡᠨ ᠥᠷᠲᠡᠭᠡᠨ᠎ᠦ ᠬᠠᠭᠤᠴᠢᠨ ᠪᠠᠭᠤᠷᠢ᠎ᠶᠢ ᠬᠠᠮᠠᠭᠠᠯᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面