ᠲᠡᠷᠢᠭᠦᠨ ᠨᠢᠭᠤᠷ>ᠳᠤᠮᠳᠠᠲᠣ᠎ᠶ᠋ᠢᠨ ᠰᠣᠶᠣᠯ>ᠮᠡᠳᠡᠭᠡᠯᠡᠯ

2026-08-26 11:23:09

ᠵᠣᠬᠢᠶᠠᠭ᠍ᠴᠢ᠄ ᠹᠸᠩ ᠴᠢ ᠣᠩᠱᠢᠭ᠍ᠰᠠᠨ ᠣᠳᠠᠭ᠎ᠠ᠄ 3

ᠪᠣᠷᠤᠭᠵᠢᠭᠤᠨ ᠳᠠᠭᠤᠤ᠎ᠶ᠋ᠢᠨ ᠦᠭᠡ᠂ ᠳᠡᠭᠵᠢᠨ ᠪᠥᠵᠢᠭ᠎ᠦᠨ ᠬᠦᠳᠡᠯᠦᠯ ᠵᠡᠭᠡᠷ᠎ᠡ᠎ᠶ᠋ᠢᠨ ᠪᠦᠬᠡᠷᠡᠩᠬᠡᠢ ᠵᠢᠭᠰᠠᠭᠠᠯ᠎ᠠᠴᠠ ᠢᠷᠡᠯᠲᠡ᠎ᠲᠡᠢ ᠵᠡᠭᠡᠷᠡᠩᠬᠡᠢ ᠪᠦᠵᠢᠭ᠎ᠢ ᠵᠤᠬᠢᠶᠠᠨ ᠪᠦᠲᠦᠭᠡᠵᠡᠢ᠃ ᠲᠡᠷᠡ᠎ᠨᠢ ᠣᠨ ᠰᠠᠷ᠎ᠠ᠎ᠶ᠋ᠢᠨ ᠤᠷᠴᠢᠯ᠎ᠳᠤ ᠬᠠᠮᠠᠭᠠᠯᠠᠨ ᠤᠯᠠᠮᠵᠢᠯᠠᠬᠤ ᠪᠠ ᠰᠢᠨ᠎ᠡ᠎ᠶ᠋ᠢ ᠡᠭᠦᠳᠦᠨ ᠬᠥᠭᠵᠢᠬᠦ ᠳ᠋ᠡᠭᠡᠨ ᠰᠢᠨ᠎ᠡ ᠠᠮᠢᠵᠢᠷᠠᠯ᠎ᠤᠨ ᠬᠦᠴᠦᠨ ᠵᠢᠡᠨ ᠪᠠᠳᠠᠷᠠᠭᠤᠯᠵᠤ ᠪᠠᠢᠨ᠎ᠠ᠃ ᠵᠡᠭᠡᠷᠡᠩᠬᠡᠢ ᠪᠦᠵᠢᠭ ᠤᠯᠠᠮᠵᠢᠯᠠᠯᠲᠤ᠌ ᠠᠷᠠᠳ᠎ᠤᠨ ᠪᠥᠵᠢᠭ᠎ᠤᠨ ᠦᠷᠭᠦᠯᠵᠢᠯᠡᠯ ᠪᠤᠯᠬᠤ ᠪᠡᠷ ᠪᠠᠷᠠᠬᠤ ᠥᠬᠡᠢ᠂ ᠨᠠᠩ᠎ᠴᠤ᠌ ᠳᠤᠮᠳᠠᠳᠤ᠎ᠶ᠋ᠢᠨ ᠰᠢᠯᠢᠳᠡᠭ ᠤᠯᠠᠮᠵᠢᠯᠠᠯᠲᠤ᠌ ᠰᠣᠶᠤᠯ᠎ᠤᠨ ᠦᠶ᠎ᠡ ᠵᠢᠨ ᠦᠶ᠎ᠡ ᠳ᠋ᠡᠬᠢ ᠲᠠᠰᠤᠷᠠᠰᠢ ᠦᠭᠡᠢ ᠤᠯᠠᠮᠵᠢᠯᠠᠯ᠂ ᠦᠨᠳᠦᠰᠦᠲᠡᠨ ᠨᠤᠬᠦᠳ᠎ᠤᠨ ᠠᠭᠤᠰᠤᠯᠴᠠᠨ ᠬᠠᠮᠲᠤ᠌ ᠣᠷᠤᠰᠢᠬᠤ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃

ᠤᠯᠠᠮᠵᠢᠯᠠᠯᠲᠤ ᠰᠤᠶᠤᠯ᠎ᠢ ᠰᠠᠬᠢᠨ ᠬᠠᠮᠠᠭᠠᠯᠠᠪᠠᠯ ᠰᠠᠶᠢ ᠦᠨᠢᠳᠡ ᠲᠠᠰᠤᠷᠠᠰᠢ ᠦᠭᠡᠢ ᠤᠯᠠᠮᠵᠢᠯᠠᠵᠤ ᠳᠡᠢᠯᠦᠨ᠎ᠡ᠃ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠵᠢᠨ ᠬᠤᠪᠢᠷᠠᠯᠲᠠ᠎ᠶ᠋ᠢ ᠳᠠᠭᠠᠯᠳᠤᠨ᠂ ᠵᠡᠭᠡᠷᠡᠩᠬᠡᠢ ᠪᠥᠵᠢᠭ ᠨᠢᠭᠡ ᠦᠶ᠎ᠡ ᠤᠯᠠᠮᠵᠢᠯᠠᠯ ᠲᠠᠰᠤᠷᠠᠮᠠᠷ ᠪᠤᠯᠵᠠᠢ᠂ ᠭᠡᠬᠦ᠎ᠳᠤ ᠲᠤᠬᠠᠢ᠎ᠶ᠋ᠢᠨ ᠭᠠᠵᠠᠷ᠎ᠤᠨ ᠬᠢᠨ᠎ᠴᠠᠭ ᠲᠤᠬᠠᠢ᠎ᠳᠤᠨᠢ ᠠᠪᠤᠷᠠᠬᠤ ᠢᠨᠵᠧᠨᠧᠷᠢᠩ᠎ᠢ ᠬᠡᠷᠡᠭᠵᠢᠭᠦᠯᠦᠭᠡᠳ᠂ ᠠᠶ᠎ᠠ ᠴᠤᠭᠯᠠᠭᠤᠯᠬᠤ᠂ ᠪᠦᠵᠢᠭ᠎ᠤᠨ ᠬᠦᠳᠡᠯᠦᠯ᠎ᠢ ᠡᠮᠬᠢᠯᠡᠬᠦ᠂ ᠡᠩᠨᠡᠭᠡ᠎ᠵᠢᠨ ᠬᠡᠯᠪᠡᠷᠢ ᠵᠢ ᠴᠡᠭᠴᠡᠯᠡᠬᠦ ᠵᠡᠷᠭᠡ ᠠᠵᠢᠯ᠎ᠢ ᠰᠢᠰᠲ᠋ᠸᠮ ᠲᠠᠢ ᠦᠷᠨᠢᠭᠦᠯᠪᠠ᠃ ᠪᠣᠳᠠᠰ᠎ᠤᠨ ᠪᠤᠰᠤ ᠰᠣᠶᠤᠯ᠎ᠤᠨ ᠥᠪ᠎ᠤᠨ ᠲᠥᠯᠦᠭᠡᠯᠡᠬᠦ᠌ ᠴᠢᠨᠠᠷᠲᠠᠢ ᠤᠯᠠᠮᠵᠢᠯᠠᠭᠴᠢ᠎ᠦᠨᠳᠦᠰᠦᠨ ᠱᠠᠲᠤᠨ᠎ᠳᠤ ᠭᠦᠨᠵᠡᠭᠡᠢᠷᠡᠨ᠂ ᠰᠤᠷᠭᠠᠭᠤᠯᠢ᠎ᠶ᠋ᠢᠨ ᠬᠦᠷᠢᠶᠡᠨ᠎ᠳᠤ ᠤᠯᠠᠮᠵᠢᠯᠠᠨ᠂ ᠤᠯᠠᠮᠵᠢᠯᠠᠯᠲᠤ᠌ ᠪᠥᠵᠢᠭ᠎ᠢ ᠵᠠᠯᠠᠭᠤᠴᠤᠳ᠎ᠤᠨ ᠬᠢᠴᠢᠶᠡᠯ᠎ᠤᠨ ᠲᠠᠩᠬᠢᠮ᠎ᠳᠤ ᠣᠷᠤᠭᠤᠯᠵᠤ᠂ ᠦᠶ᠎ᠡ᠎ᠶ᠋ᠢᠨ ᠦᠶ᠎ᠡ᠎ᠳᠤ ᠤᠯᠠᠮᠵᠢᠯᠠᠬᠤ ᠵᠢ ᠪᠡᠶᠡᠯᠡᠭᠦᠯᠵᠡᠢ; ᠤᠳᠬ᠎ᠠ ᠤᠷᠠᠯᠢᠭ᠎ᠤᠨ ᠠᠵᠢᠯᠲᠠᠳ ᠤᠯᠠᠮᠵᠢᠯᠠᠯ᠎ᠤᠨ ᠰᠠᠭᠤᠷᠢᠨ ᠳᠡᠭᠡᠷ᠎ᠡ ᠵᠣᠷᠢᠭᠲᠠᠢ᠎ᠪᠠᠷ ᠰᠢᠨ᠎ᠡ᠎ᠶ᠋ᠢ ᠡᠭᠦᠳᠴᠦ᠍᠂ ᠤᠷᠠᠯᠢᠭ᠎ᠤᠨ ᠡᠯᠧᠮᠧᠨ᠋ᠲ᠎ᠢ ᠪᠤᠯᠪᠠᠰᠤᠷᠠᠭᠤᠯᠤᠨ᠂ ᠲᠠᠢᠰᠠᠨ᠎ᠤ ᠵᠦᠴᠦᠭᠡ ᠪᠤᠯᠭᠠᠨ ᠵᠤᠬᠢᠶᠠᠨ ᠨᠠᠢᠷᠠᠭᠤᠯᠵᠤ᠂ ᠲᠤᠰᠭᠠᠢ ᠮᠡᠷᠭᠡᠵᠢᠯ᠎ᠤᠨ ᠤᠷᠤᠯᠳᠤᠭᠠᠨ᠎ᠤ ᠱᠠᠩᠨᠠᠯ᠎ᠢ ᠭᠥᠷᠳᠡᠵᠦ᠍᠂ ᠠᠷᠠᠳ᠎ᠤᠨ ᠪᠥᠵᠢᠭ᠎ᠢ ᠤᠷᠠᠯᠢᠭ᠎ᠤᠨ ᠡᠷᠬᠢᠮᠰᠦᠭ ᠲᠠᠩᠬᠢᠮ᠎ᠳᠤ ᠭᠠᠷᠭᠠᠪᠠ; ᠬᠥᠭᠵᠢᠮᠴᠢᠳ ᠰᠢᠨ᠎ᠡ ᠠᠶ᠎ᠠ᠎ᠶ᠋ᠢ ᠥᠭᠡᠷᠡᠴᠢᠯᠡᠨ ᠨᠠᠢᠷᠠᠭᠤᠯᠵᠤ᠂ ᠤᠯᠠᠮᠵᠢᠯᠠᠯᠲᠤ᠌ ᠠᠢᠵᠠᠮ᠎ᠳᠤ ᠴᠠᠭ ᠦᠶ᠎ᠡ᠎ᠶ᠋ᠢᠨ ᠬᠦᠭ ᠨᠠᠮᠠᠵᠠᠢ᠃ ᠠᠪᠤᠷᠠᠵᠤ ᠲᠡᠮᠲᠡᠭᠯᠡᠬᠦ᠎ᠠᠴᠠ ᠤᠯᠠᠮᠵᠢᠯᠠᠵᠤ ᠵᠠᠯᠭᠠᠮᠵᠢᠯᠠᠬᠤ ᠬᠦᠷᠲᠡᠯ᠎ᠡ᠂ ᠠᠷᠠᠳ᠎ᠤᠨ ᠰᠠᠨᠠᠭᠠᠴᠢᠯᠠᠭ᠎ᠠ ᠡᠴᠡ ᠪᠠᠨ ᠰᠢᠨ᠎ᠡ᠎ᠶ᠋ᠢ ᠡᠭᠦᠳᠬᠦ᠎ᠡᠴᠡ ᠲᠤᠰᠭᠠᠢ ᠮᠡᠷᠭᠡᠵᠢᠯ᠎ᠦᠨ ᠬᠥᠮᠦᠰ᠎ᠤᠨ ᠬᠦᠴᠦ ᠨᠡᠮᠡᠷᠢᠯᠡᠬᠦ ᠬᠦᠷᠲᠡᠯ᠎ᠡ᠂ ᠠᠯᠢ ᠣᠯᠠᠨ ᠴᠢᠷᠮᠠᠢᠯᠭ᠎ᠠ ᠵᠡᠭᠡᠷᠡᠩᠬᠡᠢ ᠪᠥᠵᠢᠭ᠎ᠢ ᠤᠯᠠᠮᠵᠢᠯᠠᠯ ᠲᠠᠰᠤᠷᠠᠬᠤ ᠠᠶᠤᠯ ᠡᠴᠡ ᠠᠪᠤᠷᠠᠵᠤ ᠭᠠᠷᠭᠠᠵᠠᠢ᠃

ᠥᠨᠦᠳᠦᠷ᠎ᠦᠨ ᠵᠡᠬᠡᠷᠡᠩᠬᠡᠢ ᠪᠥᠵᠢᠭ᠎ᠠᠯᠢ ᠡᠷᠲᠡ ᠳᠠᠩ ᠭᠠᠭᠴᠠ ᠦᠨᠳᠦᠰᠦᠲᠡᠨ᠎ᠦ ᠰᠣᠶᠤᠯ᠎ᠤᠨ ᠬᠢᠵᠠᠭᠠᠷ᠎ᠢ ᠰᠢᠪᠲᠤᠯᠤᠭᠠᠳ᠂ ᠣᠯᠠᠨ ᠦᠨᠳᠦᠰᠦᠲᠡᠨ᠎ᠦ ᠬᠠᠮᠲᠤ᠎ᠪᠠᠷ ᠰᠤᠨᠢᠷᠬᠠᠨ ᠬᠠᠮᠲᠤ ᠪᠡᠷ ᠪᠥᠵᠢᠭᠯᠡᠬᠦ᠌ ᠰᠣᠶᠤᠯ᠎ᠤᠨ ᠦᠨᠡᠲᠦ᠍ ᠡᠷᠳᠡᠨᠢ ᠪᠣᠯᠤᠭᠰᠠᠨ ᠪᠠᠢᠨ᠎ᠠ᠃ ᠦᠨᠳᠦᠰᠦᠲᠡᠨ ᠨᠤᠬᠦᠳ᠎ᠤᠨ ᠪᠥᠵᠢᠭᠴᠢᠳ ᠵᠡᠭᠡᠷᠡᠩᠬᠡᠢ ᠪᠥᠵᠢᠭ᠎ᠪᠥᠵᠢᠭᠯᠡᠬᠦ᠎ᠳᠡᠭᠡᠨ ᠲᠤᠰ ᠦᠨᠳᠦᠰᠦᠲᠡᠨ᠎ᠤ ᠪᠥᠵᠢᠭ᠎ᠤᠨ ᠣᠨᠴᠠᠯᠢᠭ᠎ᠵᠢᠡᠨ ᠠᠭᠤᠰᠬᠠᠨ᠂ ᠴᠠ ᠪᠤᠭᠤ ᠵᠢᠨ ᠬᠦᠳᠡᠯᠦᠯ᠂ ᠪᠠᠭᠠᠪᠠᠭᠠᠢ᠎ᠶ᠋ᠢᠨ ᠪᠥᠵᠢᠭ᠎ᠤᠨ ᠠᠯᠬᠤᠭ᠎ᠠ᠂ ᠯᠦᠷᠬᠢᠯ ᠪᠦᠵᠢᠭ᠎ᠤᠨ ᠨᠠᠮᠪᠠ ᠵᠡᠷᠭᠡ ᠤᠯᠠᠨ ᠡᠰᠢᠲᠦ᠍ ᠡᠯᠧᠮᠧᠨ᠋ᠲ᠎ᠢ ᠠᠭᠤᠰᠤᠯᠴᠠᠭᠤᠯᠤᠭᠠᠳ ᠨᠢᠭᠡ ᠴᠣᠭᠴᠠᠵᠢᠭᠤᠯᠵᠤ᠂ ᠤᠯᠠᠨ᠎ᠵᠢᠡᠷ ᠵᠢᠡᠨ ᠬᠠᠮᠲᠤᠪᠠᠷ ᠪᠥᠵᠢᠭᠯᠡᠬᠦ᠌ ᠳᠤᠮᠳᠠ ᠰᠣᠶᠤᠯ᠎ᠤᠨ ᠵᠠᠭᠠᠬ᠎ᠢ ᠡᠪᠳᠡᠵᠦ᠍ ᠰᠡᠳᠬᠢᠯ᠎ᠵᠢᠡᠨ ᠨᠢᠭᠲᠠᠷᠡᠭᠤᠯᠤᠭᠰᠠᠨ ᠪᠠᠢᠳᠠᠭ᠃ ᠨᠠᠭᠠᠳᠤᠮ᠎ᠤᠨ ᠬᠤᠷᠠᠯ ᠳᠡᠭᠡᠷᠡᠬᠢ ᠦᠵᠡᠭᠦᠯᠭᠡ ᠵᠢᠨ ᠲᠤᠭᠯᠠᠯᠲᠠ᠂ ᠨᠡᠶ᠋ᠢᠭᠡᠮ᠎ᠤᠨ ᠬᠠᠷᠢᠯᠴᠠᠭᠠᠨ᠎ᠤ ᠲᠠᠪᠴᠠᠩ᠎ᠳᠡᠬᠢ ᠣᠬᠤᠷ ᠸᠢᠳᠢᠤ᠋᠎ᠶ᠋ᠢᠨ ᠥᠷᠭᠡᠨ᠎ᠳᠠᠮᠵᠢᠭᠤᠯᠭ᠎ᠠ᠂ ᠰᠣᠶᠤᠯ ᠵᠢᠭᠤᠯᠴᠢᠯᠠᠯ᠎ᠢ ᠠᠭᠤᠰᠤᠯᠴᠠᠭᠤᠯᠤᠭᠰᠠᠨ ᠬᠤᠤᠰ ᠴᠢᠭᠯᠡᠯ᠎ᠢᠶᠠᠷ ᠬᠦᠴᠦ ᠨᠡᠮᠡᠷᠢᠯᠡᠬᠦ ᠨᠢ ᠵᠡᠭᠡᠷᠡᠩᠬᠡᠢ ᠪᠥᠵᠢᠭ ᠲᠦ᠍ ᠳᠡᠯᠭᠡᠨ ᠦᠵᠡᠭᠦᠯᠬᠦ᠌ ᠴᠣᠩᠬᠤ᠎ᠬᠠᠩᠭᠠᠭᠰᠠᠨ᠎ᠢᠶᠠᠷ ᠪᠠᠷᠠᠬᠤ᠎ᠦᠭᠡᠢ᠂ ᠨᠠᠩ᠎ᠴᠤ᠌ ᠦᠨᠳᠦᠰᠦᠲᠡᠨ᠎ᠤ ᠪᠦᠯᠬᠦᠮᠳᠡᠯ᠎ᠤᠨ ᠨᠡᠷ᠎ᠡ᠎ᠶ᠋ᠢᠨ ᠬᠠᠭᠤᠳᠠᠰᠤ ᠪᠣᠯᠵᠠᠢ᠃ ᠪᠥᠵᠢᠭᠯᠡᠬᠦ ᠶᠠᠪᠤᠴᠠ᠎ᠳᠤ ᠦᠨᠳᠦᠰᠦᠲᠡᠨ᠎ᠨᠤᠬᠦᠳ᠎ᠤᠨ ᠰᠣᠶᠤᠯ ᠬᠠᠷᠢᠯᠴᠠᠨ ᠲᠣᠯᠢᠳᠠᠵᠤ ᠬᠠᠷᠢᠯᠴᠠᠨ ᠨᠡᠪᠲᠡᠷᠡᠯᠴᠡᠨ᠎ᠡ;ᠠᠶ᠎ᠠ ᠳᠠᠭᠤᠤ ᠤᠶᠠᠩᠭᠠᠷᠠᠬᠤ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ ᠨᠡᠩ ᠭᠦᠨ ᠦᠨᠳᠦᠰᠦᠯᠡᠭᠦᠯᠦᠨ᠎ᠠ᠃

ᠣᠨ ᠰᠠᠷ᠎ᠠ ᠲᠠᠰᠤᠷᠠᠯᠲᠠ᠎ᠦᠭᠡᠢ ᠤᠷᠴᠢᠨ᠂ ᠵᠡᠭᠡᠷᠡᠩᠬᠡᠢ ᠪᠥᠵᠢᠭ ᠦᠶ᠎ᠡ ᠵᠢᠨ ᠦᠶ᠎ᠡ᠎ᠳᠤ ᠤᠯᠠᠮᠵᠢᠯᠠᠭᠳᠠᠨ᠎ᠠ᠃ ᠵᠡᠭᠡᠷᠡᠩᠬᠡᠢ ᠪᠥᠵᠢᠭ᠎ᠦᠨ ᠤᠯᠠᠮᠵᠢᠯᠠᠯ ᠪᠠ ᠰᠢᠨ᠎ᠡ ᠠᠮᠢᠯᠠᠯ᠎ᠨᠢ ᠳᠤᠮᠳᠠᠳᠤ᠎ᠶ᠋ᠢᠨ ᠰᠢᠯᠢᠳᠡᠭ ᠤᠯᠠᠮᠵᠢᠯᠠᠯᠲᠤ᠌ ᠰᠣᠶᠤᠯ᠎ᠢ ᠪᠦᠲᠦᠭᠡᠯᠴᠢ ᠪᠡᠷ ᠬᠤᠪᠢᠷᠠᠭᠤᠯᠬᠤ᠂ ᠰᠢᠨ᠎ᠡ᠎ᠶ᠋ᠢ ᠡᠭᠦᠳᠦᠨ ᠬᠥᠭᠵᠢᠬᠦ ᠭᠦᠨᠵᠡᠭᠡᠢ ᠠᠭᠤᠯᠤᠭᠳᠠᠬᠤᠨ᠎ᠢ ᠭᠡᠷᠡᠴᠢᠯᠡᠵᠡᠢ᠃ ᠪᠠᠢᠭᠠᠯᠢ᠎ᠡᠴᠡ ᠢᠷᠡᠵᠦ᠂ ᠠᠷᠠᠳ᠎ᠤᠨ ᠳᠤᠮᠳᠠ ᠬᠥᠭᠵᠢᠨ᠂ ᠴᠠᠭ ᠦᠶ᠎ᠡ᠎ᠳᠦ ᠪᠠᠳᠠᠷᠠᠭᠰᠠᠨ ᠵᠡᠭᠡᠷᠡᠩᠬᠡᠢ ᠪᠥᠵᠢᠭ ᠬᠥᠯᠦᠨ ᠪᠤᠢᠷ᠎ᠤᠨ ᠨᠤᠲᠤᠭ ᠲᠤ᠌ ᠦᠷᠭᠦᠯᠵᠢᠯᠡᠨ ᠭᠡᠷᠡᠯ᠎ᠭᠢᠯᠪᠠᠭ᠎ᠠ ᠪᠠᠨ ᠰᠠᠴᠤᠷᠠᠭᠤᠯᠬᠤ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面