ᠲᠡᠷᠢᠭᠦᠨ ᠨᠢᠭᠤᠷ>ᠳᠤᠮᠳᠠᠲᠣ᠎ᠶ᠋ᠢᠨ ᠰᠣᠶᠣᠯ>ᠮᠡᠳᠡᠭᠡᠯᠡᠯ

2026-09-23 11:41:26

ᠵᠣᠬᠢᠶᠠᠭ᠍ᠴᠢ᠄ ᠹᠸᠩ ᠴᠢ ᠣᠩᠱᠢᠭ᠍ᠰᠠᠨ ᠣᠳᠠᠭ᠎ᠠ᠄ 3

ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠵᠤ᠂ ᠠᠮᠢᠵᠢᠷᠠᠯ᠎ᠤᠨ ᠬᠦᠴᠦᠨ᠎ᠲᠠᠢ ᠪᠤᠯᠭᠠᠬᠤ᠎ᠳ᠋ᠤ ᠭᠤᠣᠯᠳᠠᠯᠭ᠎ᠠ᠎ᠨᠢ ᠰᠠᠢᠨ ᠳᠠᠭᠤᠯᠠᠬᠤ᠎ᠳᠤ ᠪᠠᠢᠬᠤ ᠪᠢᠰᠢ᠂ ᠪᠠᠢᠩᠭᠤ ᠲᠤᠭᠯᠠᠬᠤ᠎ᠳᠤ ᠪᠠᠢᠬᠤ ᠪᠢᠰᠢ᠂ ᠬᠠᠷᠢᠨ ᠦᠨᠳᠦᠰᠦ᠎ᠵᠢ ᠰᠠᠬᠢᠬᠤ᠂ ᠬᠥᠮᠦᠨ ᠬᠥᠮᠦᠵᠢᠭᠦᠯᠬᠦ᠂ ᠱᠢᠨ᠎ᠡ᠎ᠶ᠋ᠢ ᠡᠭᠦᠳᠬᠦ᠌᠎ᠳᠤ ᠪᠤᠢ᠃

ᠥᠨᠢ ᠡᠭᠦᠷᠢᠳᠡ ᠠᠮᠢᠵᠢᠷᠠᠯ᠎ᠤᠨ ᠬᠦᠴᠦᠨ᠎ᠢᠶᠠᠨ ᠪᠠᠳᠠᠷᠠᠭᠤᠯᠤᠨ᠂ ᠲᠥᠪ ᠶᠣᠰᠣ᠎ᠶ᠋ᠢ ᠪᠠᠷᠢᠮᠲᠠᠯᠠᠨ ᠦᠨᠳᠦᠰᠦ᠎ᠶ᠋ᠢ ᠪᠠᠬᠢᠵᠢᠭᠦᠯᠵᠦ᠍᠂ ᠬᠠᠭᠤᠯᠪᠤᠷᠢᠯᠠᠵᠤ ᠪᠣᠯᠤᠰᠢ ᠦᠭᠡᠢ ᠰᠣᠶᠣᠯ᠎ᠤᠨ ᠦᠨᠳᠦᠰᠦᠨ ᠰᠦᠭ ᠰᠦᠨᠡᠰᠦ᠎ᠶ᠋ᠢ ᠪᠠᠲᠤ ᠰᠠᠬᠢᠬᠤ ᠬᠡᠷᠡᠭᠲᠡᠢ᠃ ᠬᠣᠷᠴᠢᠨ ᠠᠷᠠᠳ᠎ᠤ᠋ᠨ ᠳᠠᠭᠤᠤ ᠶᠡᠷᠦ᠍᠎ᠡᠴᠡ ᠳᠠᠭᠤᠤ ᠬᠥᠭ᠌ᠵᠢᠮ ᠲᠡᠳᠦᠢ ᠪᠢᠱᠢ᠂ ᠨᠡᠩ ᠴᠤ᠌ ᠣᠷᠣᠨ ᠪᠦᠰᠡ ᠵᠢᠨ ᠵᠠᠩ ᠦᠢᠯᠡ ᠵᠢ ᠲᠡᠮᠳᠡᠭ᠌ᠯᠡᠵᠦ᠍ ᠪᠠᠢᠭ᠎ᠠ 《ᠲᠡᠦᠬᠡᠨ ᠪᠢᠴᠢᠭ》 ᠪᠤᠯᠬᠤ ᠶᠤᠮ᠂ ᠲᠡᠭᠦᠨ᠎ᠦ᠌ ᠤᠷᠠᠯᠢᠭ᠎ᠤ᠋ᠨ ᠡᠬᠢ ᠰᠤᠷᠪᠤᠯᠵᠢ᠎ᠶᠢ ᠰᠠᠬᠢᠵᠤ ᠪᠠᠢᠭ᠎ᠠ ᠨᠢ ᠳᠠᠷᠤᠢ ᠳᠤᠮᠳᠠᠳᠤ᠎ᠶᠢᠨ ᠱᠢᠯᠢᠳᠡᠭ ᠤᠯᠠᠮᠵᠢᠯᠠᠯᠲᠤ ᠰᠣᠶᠣᠯ᠎ᠢ᠋ ᠬᠠᠮᠠᠭᠠᠯᠠᠵᠤ ᠪᠠᠢᠭ᠎ᠠ ᠶᠠᠪᠤᠳᠠᠯ ᠪᠣᠯᠤᠨ᠎ᠠ᠃ ᠬᠤᠷᠴᠢᠨ ᠠᠷᠠᠳ᠎ᠤᠨ ᠳᠠᠭᠤᠤ᠎ᠶ᠋ᠢ ᠬᠠᠮᠠᠭᠠᠯᠠᠬᠤ᠎ᠳᠤ ᠡᠩ ᠲᠡᠷᠢᠭᠦᠨ᠎ᠳᠤ ᠢᠵᠠᠭᠤᠷ ᠤᠷᠠᠯᠢᠭ᠎ᠤᠨ ᠮᠦᠨ ᠴᠢᠨᠠᠷ᠎ᠢ ᠰᠠᠬᠢᠵᠤ᠂ ᠲᠣᠭᠠᠴᠢᠯᠠᠭ᠍ᠰᠠᠨ ᠲᠡᠤᠬᠡ᠎ᠶ᠋ᠢᠨ ᠳᠤᠷᠠᠰᠭᠠᠯᠲᠤ ᠵᠦᠢᠯ᠎ᠤᠨ ᠬᠥᠮᠥᠷᠭᠡ᠎ᠶ᠋ᠢ ᠲᠡᠭᠦᠯᠳᠡᠷᠵᠢᠭᠦᠯᠦᠨ᠂ ᠤᠰᠠᠲᠤᠮᠠᠷ ᠪᠤᠯᠤᠬᠰᠠᠨ ᠬᠤᠷᠴᠢᠨ ᠠᠷᠠᠳ᠎ᠤᠨ ᠳᠠᠭᠤᠤ᠂ ᠠᠬᠠᠮᠠᠳ ᠤᠷᠠᠯᠢᠬᠴᠢᠨ᠎ᠤ ᠠᠮᠠᠨ ᠲᠡᠦᠭᠡ ᠵᠢᠨ ᠮᠠᠲ᠋ᠸᠷᠢᠶᠠᠯ᠎ᠢ ᠱᠢᠰᠲ᠋ᠧᠮ᠎ᠲᠠᠢ ᠴᠤᠭ᠍ᠯᠠᠭᠤᠯᠤᠨ ᠡᠮᠬᠢᠯᠡᠵᠦ᠍ ᠲᠠᠩᠰᠠᠯᠠᠬᠤ ᠬᠡᠷᠡᠭᠲᠡᠢ; ᠤᠯᠠᠮᠵᠢᠯᠠᠯᠲᠤ ᠳᠠᠭᠤᠯᠠᠬᠤ ᠠᠷᠭ᠎ᠠ᠂ ᠥᠪᠡᠷᠮᠢᠴᠡ ᠠᠢᠵᠠᠮ ᠴᠤᠬᠢᠯᠭ᠎ᠠ ᠪᠠ ᠨᠤᠲᠤᠭ᠎ᠤᠨ ᠠᠶᠠᠯᠭᠤ ᠵᠢᠨ ᠦᠯᠢᠭᠡᠷ ᠶᠠᠷᠢᠬᠤ ᠦᠪᠡᠷᠮᠢᠴᠡ ᠣᠨᠴᠠᠯᠢᠭ᠎ᠢ ᠦᠯᠡᠳᠡᠭᠡᠵᠦ᠍᠂ ᠬᠡᠲᠦ ᠤᠷᠤᠰᠬᠠᠯ᠎ᠢ ᠳᠠᠭᠠᠭᠰᠠᠨ᠂ ᠤᠷᠠᠯᠢᠭ᠎ᠤᠨ ᠦᠪᠡᠷᠮᠢᠴᠡ ᠴᠢᠨᠠᠷ᠎ᠢ ᠠᠷᠠᠯᠵᠢᠶᠠᠯᠠᠬᠤ ᠵᠢ ᠡᠷᠡᠰ ᠬᠤᠷᠢᠭ᠍ᠯᠠᠬᠤ ᠬᠡᠷᠡᠭ᠌ᠲᠡᠶ᠃

ᠠᠮᠢᠵᠢᠷᠠᠯ᠎ᠤᠨ ᠬᠦᠴᠦᠨ᠎ᠢ ᠨᠢ ᠡᠭᠦᠷᠢᠲᠡ ᠪᠠᠳᠠᠷᠠᠭᠤᠯᠬᠤ᠎ᠳᠤ ᠪᠦᠬᠦᠨ᠎ᠢ ᠪᠠᠭᠲᠠᠭᠠᠵᠤ ᠱᠢᠨ᠎ᠡ᠎ᠶ᠋ᠢ ᠡᠭᠦᠳᠭᠦ᠎ᠶ᠋ᠢ ᠴᠢᠬᠤᠯᠠᠴᠢᠯᠠᠵᠤ᠂ ᠤᠯᠠᠮᠵᠢᠯᠠᠯ ᠬᠢᠭᠡᠳ ᠴᠠᠭ ᠦᠶ᠎ᠡ ᠵᠢ ᠵᠡᠷᠬᠡ ᠪᠡᠷ ᠬᠦᠭ᠌ᠵᠢᠭᠦᠯᠭᠦ ᠬᠡᠷᠡᠭᠲᠡᠢ᠃ ᠤᠯᠠᠮᠵᠢᠯᠠᠯᠲᠤ ᠰᠤᠶᠤᠯ᠎ᠢ ᠬᠠᠮᠠᠭᠠᠯᠠᠬᠤ᠎ᠳᠤ ᠬᠠᠮᠤᠭ᠎ᠤᠨ ᠰᠠᠢᠨ ᠨᠢ ᠤᠳᠤ ᠦᠶ᠎ᠡ᠎ᠶ᠋ᠢᠨ ᠠᠮᠢᠳᠤᠷᠠᠯ᠎ᠳᠤ ᠠᠭᠤᠰᠬᠠᠨ᠎ᠠ᠃ ᠤᠯᠠᠮᠵᠢᠯᠠᠯ᠎ᠢ ᠪᠠᠲᠤ ᠰᠠᠬᠢᠬᠤ᠎ᠨᠢ ᠬᠠᠭᠤᠴᠢᠨ᠎ᠢᠶᠠᠨ ᠦᠬᠦᠨ ᠪᠠᠷᠢᠮᠳᠠᠯᠠᠵᠤ ᠥᠪᠡᠷ᠎ᠢ᠎ᠪᠠᠨ ᠪᠢᠲᠡᠭᠦᠮᠵᠢᠯᠡᠭᠦ᠎ᠳᠤ ᠪᠠᠢᠬᠤ ᠪᠢᠰᠢ᠂ ᠤᠭ ᠰᠤᠷᠪᠤᠯᠵᠢ ᠵᠢ ᠬᠦᠨᠳᠦᠳᠭᠡᠭᠰᠡᠨ ᠰᠠᠭᠤᠷᠢᠨ ᠳᠡᠭᠡᠷ᠎ᠡ ᠪᠦᠲᠦᠭᠡᠯᠴᠢ ᠪᠡᠷ ᠬᠤᠪᠢᠷᠠᠭᠤᠯᠬᠤ᠂ ᠱᠢᠨ᠎ᠡ᠎ᠶ᠋ᠢ ᠡᠭᠦᠳᠦᠨ ᠬᠥᠭ᠌ᠵᠢᠭᠦᠯᠬᠦ ᠪᠣᠯ ᠬᠤᠷᠴᠢᠨ ᠠᠷᠠᠳ᠎ᠤᠨ ᠳᠠᠭᠤᠤ ᠵᠢᠨ ᠦᠨᠢ ᠤᠳᠠᠭᠠᠨ᠎ᠤᠯᠠᠮᠵᠢᠯᠠᠭ᠍ᠳᠠᠬᠤ᠎ᠳᠤ ᠵᠠᠪᠠᠯ ᠶᠠᠪᠤᠬᠤ ᠵᠠᠮ ᠪᠤᠯᠬᠤ ᠶᠤᠮ᠃ ᠣᠳᠣ ᠦᠶ᠎ᠡ᠎ᠶ᠋ᠢᠨ ᠳᠠᠮᠵᠢᠭᠤᠯᠭ᠎ᠠ᠎ᠶ᠋ᠢᠨ ᠬᠡᠯᠡᠨ᠎ᠤ ᠣᠷᠴᠢᠨ᠎ᠳᠤ ᠵᠤᠬᠢᠴᠠᠭᠤᠯᠤᠨ᠂ ᠡᠯᠸᠺᠲ᠋ᠷᠤᠨ ᠬᠦᠭᠵᠢᠮ᠂ ᠬᠦᠭ᠌ᠵᠢᠮ᠎ᠤᠨ ᠵᠢᠮᠰᠡᠭ᠂ ᠲᠠᠢᠰᠠᠨ᠎ᠤ ᠤᠷᠠᠯᠢᠬ ᠵᠡᠷᠭᠡ ᠣᠳᠣ ᠦᠶ᠎ᠡ᠎ᠶ᠋ᠢᠨ ᠤᠷᠠᠯᠢᠭ᠎ᠤᠨ ᠠᠷᠭ᠎ᠠ ᠵᠢ ᠡᠪᠲᠡᠢ ᠠᠭᠤᠰᠤᠯᠴᠠᠭᠤᠯᠵᠤ᠂ ᠣᠬᠤᠷ ᠸᠢᠳᠢᠤ᠋᠂ ᠱᠢᠭᠤᠳ ᠨᠡᠪᠲᠡᠷᠡᠭᠦᠯᠭᠡ᠂ ᠰᠣᠶᠣᠯ ᠵᠢᠭᠤᠯᠴᠢᠯᠠᠯ᠎ᠤᠨ ᠲᠣᠭ᠍ᠯᠠᠯᠲᠠ ᠵᠡᠷᠭᠡ ᠳᠠᠮᠵᠢᠭᠤᠯᠭ᠎ᠠ ᠵᠢᠨ ᠠᠴᠢᠶᠠᠯᠠᠪᠤᠷᠢ᠎ᠶ᠋ᠢ ᠰᠠᠢᠲᠤᠷ ᠠᠱᠢᠭ᠍ᠯᠠᠬᠤ ᠬᠡᠷᠡᠭᠲᠡᠢ; ᠬᠤᠷᠴᠢᠨ ᠠᠷᠠᠳ᠎ᠤᠨ ᠳᠠᠭᠤᠤ ᠵᠢᠨ ᠰᠣᠶᠣᠯ᠎ᠤᠨ ᠪᠦᠲᠦᠭᠡᠯᠴᠢ ᠦᠢᠯᠡᠳᠭᠦᠨ᠂ ᠰᠣᠶᠣᠯ ᠵᠢᠭᠤᠯᠴᠢᠯᠠᠯ᠎ᠤᠨ IP ᠎ᠵᠢ ᠨᠡᠭᠡᠭᠡᠨ ᠬᠥᠭ᠌ᠵᠢᠭᠦᠯᠵᠦ᠍᠂ ᠤᠷᠠᠯᠢᠭ᠎ᠤᠨ ᠲᠣᠭ᠍ᠯᠠᠯᠲᠠ᠂ ᠰᠣᠶᠣᠯ᠎ᠤᠨ ᠬᠡᠷᠡᠭ᠌ᠯᠡᠭᠡ᠂ ᠰᠣᠶᠣᠯ ᠵᠢᠭᠤᠯᠴᠢᠯᠠᠯ᠎ᠤᠨ ᠦᠢᠯᠡᠴᠢᠯᠡᠭᠡ ᠵᠢᠨ ᠠᠵᠤ ᠦᠢᠯᠡᠰ᠎ᠤᠨ ᠬᠡᠯᠬᠢᠶ᠎ᠡ᠎ᠶ᠋ᠢ ᠨᠡᠪᠲᠡᠷᠡᠭᠦᠯᠵᠦ᠍᠂ ᠬᠤᠷᠴᠢᠨ ᠠᠷᠠᠳ᠎ᠤᠨ ᠳᠠᠭᠤᠤ᠎ᠶ᠋ᠢ ᠲᠤᠰᠭᠠᠢ ᠮᠡᠷᠭᠡᠵᠢᠯ᠎ᠤᠨ ᠲᠠᠪᠴᠠᠩ ᠡᠴᠡ ᠭᠠᠷᠭᠠᠵᠤ᠂ ᠡᠳᠦᠷ ᠲᠤᠳᠤᠮ᠎ᠤᠨ ᠵᠤᠭ᠎ᠠ ᠴᠡᠩᠭᠡᠯ᠂ ᠬᠤᠲᠠ᠎ᠶ᠋ᠢᠨ ᠣᠯᠠᠨ ᠨᠡᠢᠲᠡ᠎ᠶ᠋ᠢᠨ ᠣᠷᠣᠨ ᠵᠠᠢ᠎ᠳᠤ ᠣᠷᠤᠭᠤᠯᠵᠤ᠂ ᠬᠠᠭᠤᠴᠢᠨ ᠤᠷᠠᠯᠢᠭ᠎ᠢ ᠱᠢᠨ᠎ᠡ ᠴᠠᠭ ᠦᠶ᠎ᠡ᠎ᠶ᠋ᠢᠨ ᠠᠮᠢᠳᠤᠷᠠᠯ᠎ᠤᠨ ᠠᠷᠭ᠎ᠠ ᠮᠠᠶᠢᠭ᠎ᠲᠤ ᠵᠤᠬᠢᠴᠠᠭᠤᠯᠬᠤ ᠬᠡᠷᠡᠭᠲᠡᠢ᠃

ᠠᠮᠢᠵᠢᠷᠠᠯ᠎ᠤᠨ ᠬᠦᠴᠦᠨ᠎ᠢ ᠥᠨᠢᠳᠡ ᠪᠠᠳᠠᠷᠠᠭᠤᠯᠬᠤ᠎ᠳᠤ ᠭᠤᠤᠯ ᠨᠢ ᠬᠥᠮᠦᠨ᠎ᠢᠶᠠᠷ ᠤᠷᠠᠯᠢᠬ᠎ᠢ ᠤᠯᠠᠮᠵᠢᠯᠠᠭᠤᠯᠵᠤ᠂ ᠱᠠᠲᠤᠴᠢᠯᠠᠭᠰᠠᠨ ᠤᠯᠠᠮᠵᠢᠯᠠᠯ᠎ᠤᠨ ᠡᠩᠨᠡᠭᠡ᠎ᠶ᠋ᠢ ᠪᠠᠢᠭᠤᠯᠬᠤ᠎ᠳᠤ ᠪᠤᠢ᠃ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠬᠤ ᠵᠢᠨ᠎ᠭᠤᠤᠯᠳᠠᠯᠭ᠎ᠠ ᠨᠢ ᠬᠥᠮᠦᠨ ᠪᠤᠯᠤᠨ᠎ᠠ᠂ ᠠᠬᠠᠮᠠᠳ ᠤᠷᠠᠯᠢᠭ᠍ᠴᠢᠨ ᠪᠣᠯ ᠠᠮᠢᠳᠤ ᠰᠣᠶᠣᠯ᠎ᠤᠨ ᠠᠴᠢᠶᠠᠯᠠᠪᠤᠷᠢ ᠮᠥᠨ᠂ ᠵᠠᠯᠠᠭᠤᠴᠤᠳ ᠪᠣᠯ ᠠᠯᠤᠰ ᠬᠡᠲᠦ᠍᠎ᠶ᠋ᠢᠨ ᠢᠷᠡᠭᠡᠳᠦᠢ ᠪᠢᠯᠡ᠃ ᠤᠯᠠᠮᠵᠢᠯᠠᠭ᠍ᠴᠢ᠎ᠶ᠋ᠢᠨ ᠦᠶ᠎ᠡ ᠲᠠᠰᠤᠯᠳᠠᠬᠤ ᠬᠦᠴᠢᠷ ᠠᠰᠠᠭᠤᠳᠠᠯ᠎ᠢ ᠱᠢᠢᠳᠪᠦᠷᠢᠯᠡᠬᠦ᠎ᠳᠤ 《ᠬᠠᠭᠤᠴᠢᠨ᠎ᠨᠢ ᠱᠢᠨ᠎ᠡ᠎ᠶ᠋ᠢ ᠳᠠᠭᠠᠭᠤᠯᠬᠤ》 ᠤᠯᠠᠮᠵᠢᠯᠠᠯ᠎ᠢ ᠰᠠᠢᠲᠤᠷ ᠬᠢᠵᠦ᠍᠂ ᠤᠯᠠᠮᠵᠢᠯᠠᠭᠴᠢ᠎ᠶ᠋ᠢ ᠲᠡᠳᠬᠦᠨ ᠳᠡᠮᠵᠢᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠪᠠᠭ᠍ᠰᠢ ᠱᠠᠪᠢ ᠳᠠᠭᠠᠭᠤᠯᠬᠤ᠂ ᠠᠮᠠ᠎ᠪᠠᠷ ᠤᠯᠠᠮᠵᠢᠯᠠᠬᠤ᠎ᠶ᠋ᠢ ᠵᠣᠷᠢᠭ᠍ᠵᠢᠭᠤᠯᠵᠤ᠂ ᠠᠷᠠᠳ᠎ᠤᠨ ᠤᠵᠠᠭᠤᠷ ᠲᠠᠭᠤᠯᠠᠬᠤ ᠤᠷ᠎ᠠ ᠮᠡᠷᠭᠡᠵᠢᠯ᠎ᠢ ᠦᠯᠡᠳᠡᠭᠡᠬᠦ᠌ ᠬᠡᠷᠡᠭ᠌ᠲᠡᠶ; ᠪᠠᠰᠠ ᠬᠤᠷᠴᠢᠨ ᠠᠷᠠᠳ᠎ᠤᠨ ᠳᠠᠭᠤᠤ᠎ᠶ᠋ᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠤᠨᠴᠠᠯᠢᠭ᠍ᠳᠤ ᠬᠢᠴᠢᠶᠡᠯ᠎ᠳᠤ ᠣᠷᠣᠭᠤᠯᠵᠤ᠂ ᠵᠠᠯᠠᠭᠤᠴᠤᠳ ᠪᠠᠭᠠᠴᠤᠳ᠎ᠤᠨ ᠳᠣᠲᠣᠷ᠎ᠠ᠎ᠠᠴᠠ ᠨᠢᠭᠡ ᠪᠦᠯᠦᠭ ᠤᠯᠠᠮᠵᠢᠯᠠᠯ᠎ᠳᠤ ᠪᠠᠬ᠎ᠠ ᠲᠠᠢ᠂ ᠳᠠᠭᠤᠯᠠᠵᠤ ᠴᠢᠳᠠᠬᠤ ᠪᠡᠯᠡᠳᠭᠡᠯ ᠬᠦᠴᠦᠨ᠎ᠢ ᠬᠦᠮᠦᠵᠢᠭᠦᠯᠦᠨ᠂ ᠤᠯᠠᠮᠵᠢᠯᠠᠬᠤ ᠬᠡᠯᠬᠢᠶ᠎ᠡ᠎ᠶ᠋ᠢᠨ ᠳᠤᠲᠠᠭᠤᠳᠠᠯ᠎ᠢ ᠨᠥᠬᠦᠪᠥᠷᠢᠯᠡᠵᠦ᠍᠂ ᠦᠶ᠎ᠡ ᠵᠢᠨ ᠦᠶ᠎ᠡ᠎ᠳᠤ ᠤᠯᠠᠮᠵᠢᠯᠠᠬᠤ᠎ᠬᠡᠷᠡᠭ᠌ᠲᠡᠢ᠃

ᠮᠣᠳᠣ ᠦᠨᠳᠦᠰᠦ᠎ᠲᠡᠢ ᠪᠣᠯ ᠰᠠᠶᠢ ᠤᠷᠭᠤᠵᠤ᠂ ᠤᠰᠤ ᠡᠬᠢ᠎ᠲᠡᠢ ᠪᠣᠯ ᠰᠠᠶᠢ ᠤᠷᠤᠰᠳᠠᠭ᠃ ᠥᠨᠢ ᠤᠳᠠᠭᠠᠨ ᠬᠠᠮᠠᠭᠠᠯᠠᠪᠠᠯ ᠰᠠᠶᠢ ᠬᠤᠷᠴᠢᠨ ᠠᠷᠠᠳ᠎ᠤᠨ ᠳᠠᠭᠤᠤ ᠣᠨ ᠵᠢᠯ᠎ᠤᠨ ᠤᠷᠴᠢᠯ᠎ᠳᠤ ᠴᠠᠭ ᠦᠶ᠎ᠡ᠎ᠶ᠋ᠢ ᠲᠤᠭᠤᠯᠵᠤ᠂ ᠳᠤᠮᠳᠠᠳᠤ᠎ᠶ᠋ᠢᠨ ᠪᠣᠯᠪᠠᠰᠤᠨ᠎ᠤ ᠤᠯᠠᠨ ᠡᠱᠢᠲᠦ ᠨᠢᠭᠡ ᠴᠣᠭ᠍ᠴᠠᠵᠢᠭ᠍ᠰᠠᠨ ᠤᠳᠤᠳ᠎ᠤᠨ ᠳᠤᠮᠳᠠ ᠮᠦᠩᠬᠡ ᠭᠡᠷᠡᠯᠲᠦᠬᠦ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面