2026-10-28 10:50:06
ᠳᠠᠭᠤᠷ᠎ᠤᠨ ᠤᠯᠠᠮᠵᠢᠯᠠᠯᠲᠤ ᠪᠤᠷᠭᠠᠰᠤᠨ ᠭᠦᠷᠦᠮᠡᠯ ᠠᠮᠢᠳᠤᠷᠠᠯ᠎ᠤᠨ ᠳᠤᠮᠳᠠ ᠪᠤᠢ ᠪᠤᠯᠵᠤ ᠂ᠠᠷᠠᠳ ᠣᠯᠠᠨ᠎ᠤ ᠡᠳᠦᠷ ᠲᠤᠲᠤᠮ᠎ᠤᠨ ᠬᠡᠷᠡᠭ᠌ᠯᠡᠭᠡᠨ᠎ᠳᠤ ᠠᠭᠤᠰᠤᠨ᠂ ᠣᠳᠣ ᠪᠣᠯᠲᠠᠯ᠎ᠠ ᠦᠶ᠎ᠡ ᠵᠢᠨ ᠦᠶ᠎ᠡ᠎ᠳᠤ ᠤᠯᠠᠮᠵᠢᠯᠠᠭᠳᠠᠭᠠᠳ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠮᠢᠵᠢᠷᠠᠯ᠎ᠤᠨ ᠬᠦᠴᠦᠨ ᠨᠢ ᠪᠣᠳᠠᠲᠤ ᠠᠮᠢᠳᠤᠷᠠᠯ᠎ᠯᠤᠭ᠎ᠠ ᠬᠠᠮᠲᠤᠤᠷᠤᠰᠢᠨ ᠬᠥᠭ᠌ᠵᠢᠬᠦ᠎ᠳᠤ ᠪᠤᠢ ᠭᠡᠳᠡᠭ ᠪᠤᠳᠠᠰ᠎ᠤᠨ ᠪᠤᠰᠤ ᠰᠤᠶᠤᠯ᠎ᠤᠨ ᠦᠪ ᠢ ᠤᠯᠠᠮᠵᠢᠯᠠᠬᠤ ᠠᠨᠢᠰᠤ ᠵᠢ ᠬᠠᠷᠠᠭᠤᠯᠤᠭᠰᠠᠨ ᠪᠠᠢᠨ᠎ᠠ᠃
ᠨᠠᠷᠢᠨ ᠠᠵᠢᠭ᠍ᠯᠠᠪᠠᠯ ᠪᠣᠳᠠᠰ᠎ᠤᠨ ᠪᠤᠰᠤ ᠰᠣᠶᠣᠯ᠎ᠤᠨ ᠥᠪ ᠠᠩᠬ᠎ᠠ ᠡᠬᠢᠨ᠎ᠳᠡᠭᠡᠨ ᠠᠷᠠᠳ ᠣᠯᠠᠨ᠎ᠤ ᠦᠢᠯᠡᠳᠪᠦᠷᠢᠯᠡᠯ ᠠᠮᠢᠳᠤᠷᠠᠯ᠎ᠳᠤ ᠦᠨᠳᠦᠰᠦᠯᠡᠵᠡᠢ᠃ ᠤᠷᠠᠨ ᠬᠠᠳᠭᠤᠮᠠᠯ ᠬᠤᠪᠴᠠᠰᠤ ᠵᠠᠰᠠᠯ᠎ᠢ ᠴᠢᠮᠡᠭᠯᠡᠨ᠎ᠡ;ᠠᠷᠠᠳ᠎ᠤ᠋ᠨ ᠳᠠᠭᠤᠤ ᠪᠥᠵᠢᠭ ᠨᠤᠲᠤᠭ᠎ᠤ᠋ᠨ ᠪᠠᠶᠠᠷ ᠭᠤᠨᠢᠬ ᠢᠨᠢᠶᠠᠳᠤ ᠬᠠᠨᠢᠶᠠᠳᠤ ᠵᠢ ᠠᠴᠢᠶᠠᠯᠠᠨ᠎ᠠ;ᠦᠪᠡᠷᠮᠢᠴᠡ ᠤᠨᠴᠠᠭᠠᠢ ᠭᠠᠷ ᠤᠷᠠᠯᠠᠯ᠎ᠤᠨ ᠤᠷ᠎ᠠ ᠮᠡᠷᠭᠡᠵᠢᠯ ᠢᠳᠡᠵᠦ᠍ ᠡᠮᠦᠰᠭᠦᠦᠨᠳᠦᠰᠦᠨ ᠠᠮᠢᠳᠤᠷᠠᠯ᠎ᠳᠤ ᠦᠢᠯᠡᠴᠢᠯᠡᠨ᠎ᠡ᠃ ᠠᠮᠢᠳᠤᠷᠠᠯ ᠪᠤᠯ ᠪᠣᠳᠠᠰ᠎ᠤ᠋ᠨ ᠪᠤᠰᠤ ᠰᠣᠶᠣᠯ᠎ᠤ᠋ᠨ ᠥᠪ᠎ᠦ᠋ᠨ ᠰᠢᠮᠡᠲᠦ ᠬᠦᠷᠦᠰᠦ ᠪᠢᠯᠡ᠃ ᠠᠮᠢᠳᠤᠷᠠᠯ᠎ᠤᠨ ᠦᠢᠯᠡᠳᠦᠯᠭᠡ᠎ᠠᠴᠠ ᠰᠠᠯᠪᠠᠯ ᠬᠢᠷᠢ ᠵᠡᠷᠭᠡ ᠵᠢᠨ ᠤᠷᠠᠨ ᠨᠠᠷᠢᠯᠢᠭ ᠤᠷ᠎ᠠ ᠮᠡᠷᠭᠡᠵᠢᠯᠴᠦ᠍ ᠭᠡᠰᠡᠨ ᠠᠯᠭᠤᠷ ᠠᠭᠠᠵᠢᠮ᠎ᠢᠶᠠᠷ ᠬᠥᠷᠥᠰᠥ᠍ ᠱᠢᠷᠣᠢ᠎ᠪᠠᠨ ᠠᠯᠳᠠᠵᠤ᠂ ᠤᠯᠠᠮᠵᠢᠯᠠᠬᠤ ᠵᠠᠮ ᠨᠢ ᠤᠯᠠᠮ ᠡᠴᠡ ᠤᠯᠠᠮ ᠢᠪᠴᠤᠤ ᠪᠣᠯᠳᠠᠭ᠃
ᠠᠮᠢᠳᠤᠷᠠᠯ᠎ᠳᠤ ᠠᠭᠤᠰᠬᠤ ᠪᠣᠯ ᠪᠣᠳᠠᠰ᠎ᠤ᠋ᠨ ᠪᠤᠰᠤ ᠰᠣᠶᠣᠯ᠎ᠤ᠋ᠨ ᠥᠪ᠎ᠤᠨ ᠮᠦᠨ ᠴᠢᠨᠠᠷ ᠵᠢᠡᠨ ᠤᠯᠬᠤ ᠣᠷᠣᠱᠢᠨ ᠲᠣᠭ᠍ᠲᠠᠨᠢᠬᠤ ᠯᠣᠭᠢᠭ ᠮᠦᠨ᠃ ᠥᠨᠥᠳᠥᠷ ᠪᠣᠳᠠᠰ᠎ᠤᠨ ᠪᠤᠰᠤ ᠰᠣᠶᠣᠯ᠎ᠤᠨ ᠥᠪᠤᠳᠤᠨ ᠰᠣᠶᠣᠯ᠎ᠤᠨ ᠪᠦᠲᠦᠭᠡᠯᠴᠢ ᠦᠢᠯᠡᠳᠭᠦᠨ᠎ᠢ ᠰᠤᠳᠤᠯᠤᠨ ᠨᠡᠭᠡᠭᠡᠬᠦ ᠵᠠᠮ᠎ᠢᠶᠠᠷ ᠵᠠᠮᠨᠠᠭᠠᠳ᠂ ᠡᠪᠦᠭᠡ ᠳᠡᠭᠡᠳᠦᠰ᠎ᠤᠨ ᠭᠤᠸ᠎ᠠ ᠲᠠᠭᠠᠱᠢᠶᠠᠯ᠎ᠢ ᠠᠭᠤᠰᠭᠠᠨ᠂ ᠵᠢᠭᠤᠯᠴᠢᠯᠠᠯ᠎ᠤᠨ ᠵᠡᠭᠡᠯᠢ ᠲᠣᠭᠤᠷᠢᠭ᠎ᠤᠨ ᠬᠠᠯᠠᠮᠰᠢᠯ ᠰᠣᠶᠣᠯ᠎ᠤᠨ ᠪᠦᠲᠦᠭᠡᠯᠴᠢ ᠦᠢᠯᠡᠳᠭᠦᠨ ᠪᠣᠯᠵᠤ ᠪᠠᠢᠬᠤ᠎ᠶ᠋ᠢ ᠪᠢᠳᠡ ᠣᠯᠵᠤ ᠬᠠᠷᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠢᠯᠡᠳᠭᠡᠯ᠎ᠤᠨ ᠭᠠᠵᠠᠷᠣᠯᠠᠨ ᠲᠦᠮᠡᠨ᠎ᠢ ᠳᠠᠢᠴᠢᠯᠠᠨ᠂ ᠬᠡᠷ᠎ᠤᠨ ᠡᠭᠦᠳᠡᠨ᠎ᠳᠤᠨᠢ ᠠᠵᠢᠯ ᠣᠯᠭᠤᠵᠤ ᠣᠷᠣᠯᠭ᠎ᠠ᠎ᠶ᠋ᠢ᠎ᠨᠢ ᠨᠡᠮᠡᠭ᠌ᠳᠡᠭᠦᠯᠬᠦ᠌᠎ᠶ᠋ᠢᠨ ᠬᠠᠮᠲᠤ᠌ ᠰᠢᠯᠢᠳᠡᠭ ᠣᠷᠣᠨ ᠨᠤᠲᠤᠭ᠎ᠤᠨ ᠨᠠᠷᠠᠲᠤ ᠲᠡᠮᠳᠡᠭ᠎ᠢ ᠴᠤᠭᠴᠠᠯᠠᠬᠤ᠎ᠪᠠᠷ ᠴᠢᠷᠮᠠᠢᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠯᠠᠨ ᠲᠦᠮᠡᠨ᠎ᠤ ᠤᠢᠷᠡᠳᠴᠦ ᠪᠤᠯᠬᠤ᠂ ᠬᠡᠷᠡᠭ᠌ᠯᠡᠵᠦ᠍ ᠪᠣᠯᠬᠤ ᠠᠮᠢᠳᠤᠷᠠᠯ᠎ᠤᠨ ᠤᠷᠤᠰᠬᠠᠯ ᠪᠦᠲᠦᠭᠡᠭᠳᠡᠭᠦᠨ ᠪᠤᠯᠬᠤ ᠵᠢ ᠬᠦᠲᠦᠯᠦᠨ ᠳᠠᠭᠠᠭᠤᠯᠵᠤ ᠪᠤᠢ᠃ ᠭᠡᠬᠦ᠎ᠳᠤ ᠣᠯᠠᠨ ᠨᠡᠢᠲᠡ᠎ᠶ᠋ᠢᠨ ᠳᠤᠷ᠎ᠠ ᠪᠠᠬ᠎ᠠ ᠪᠠ ᠣᠷᠣᠯᠴᠠᠯᠭ᠎ᠠ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠤᠭ᠎ᠤᠨ ᠪᠠᠲᠤ ᠤᠯᠠᠮᠵᠢᠯᠠᠬᠤ ᠰᠠᠭᠤᠷᠢ ᠪᠣᠯᠵᠤ᠂ ᠤᠯᠠᠮ᠎ᠠᠴᠠ ᠤᠯᠠᠮ ᠣᠯᠠᠨ ᠬᠥᠮᠦᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠢᠴᠢᠶᠡᠯ᠎ᠤᠨ ᠲᠠᠩᠬᠢᠮ᠎ᠳᠤ ᠣᠷᠣᠵᠤ᠂ ᠬᠤᠯᠪᠤᠭᠳᠠᠯ ᠪᠦᠬᠦᠢ ᠲᠡᠦᠬᠡ ᠰᠣᠶᠣᠯ᠎ᠢ ᠣᠢᠯᠠᠭᠠᠨ᠂ ᠨᠡᠩ ᠠᠵᠢᠯ᠎ᠤᠨ ᠴᠢᠯᠥᠭᠡᠨ᠎ᠤ ᠠᠮᠢᠳᠤᠷᠠᠯ᠎ᠢᠶᠠᠨ ᠪᠠᠶᠠᠯᠢᠭ᠍ᠵᠢᠭᠤᠯᠵᠤ ᠪᠤᠢ᠃
ᠠᠮᠢᠳᠤᠷᠠᠯ᠎ᠳ᠋ᠤ ᠠᠭᠤᠰᠬᠤ ᠨᠢ ᠳᠥᠭᠥᠮᠬᠡᠨ ᠵᠢᠡᠷ ᠠᠶᠠᠳᠠᠨ ᠳᠠᠭᠠᠬᠤ ᠪᠢᠱᠢ᠂ ᠬᠠᠷᠢᠨ ᠰᠣᠶᠣᠯ᠎ᠤᠨ ᠴᠦᠮ᠎ᠡ ᠵᠢ ᠲᠠᠶᠠᠭᠳᠠᠵᠤ ᠪᠤᠯᠬᠤ ᠦᠭᠡᠢ᠃ ᠰᠤᠶᠤᠯ᠎ᠤᠨ ᠪᠦᠲᠦᠭᠡᠯᠴᠢ ᠦᠢᠯᠡᠳᠭᠦᠨ᠎ᠢ ᠰᠤᠳᠤᠯᠤᠨ ᠨᠡᠭᠡᠭᠡᠬᠦ ᠵᠠᠮ ᠳᠡᠭᠡᠷ᠎ᠡ ᠬᠤᠯᠪᠣᠭ᠍ᠳᠠᠯ ᠪᠦᠬᠦᠢ ᠰᠠᠯᠠᠭ᠎ᠠ ᠮᠥᠴᠢᠷᠬᠤᠪᠢ ᠬᠥᠮᠦᠨ ᠪᠤᠶᠤ ᠠᠵᠤ ᠠᠬᠤᠢᠯᠠᠯ᠎ᠤᠨ ᠣᠳᠣ ᠦᠶ᠎ᠡ᠎ᠶ᠋ᠢᠨ ᠬᠥᠮᠦᠰ᠎ᠤᠨ ᠠᠮᠢᠳᠤᠷᠠᠯ᠎ᠤᠨ ᠬᠡᠷᠡᠭ᠌ᠴᠡᠭᠡ᠎ᠳᠤ ᠰᠠᠭᠤᠷᠢᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠮᠡᠷᠭᠡᠵᠢᠯ᠎ᠤᠨ ᠴᠥᠮ᠎ᠡ ᠪᠣᠯᠤᠨ ᠵᠤᠷᠢᠬ ᠰᠠᠨᠠᠭᠠᠨ᠎ᠤ ᠠᠭᠤᠯᠤᠭ᠍ᠳᠠᠬᠤᠨ᠎ᠲᠠᠢ ᠤᠶᠠᠯᠳᠤᠭᠤᠯᠤᠨ᠂ ᠪᠦᠲᠦᠭᠡᠯᠴᠢ ᠪᠠᠷ ᠤᠯᠠᠷᠢᠭᠤᠯᠵᠤ᠂ ᠰᠣᠶᠣᠯ᠎ᠤᠨ ᠪᠦᠲᠦᠭᠡᠯᠴᠢ ᠦᠢᠯᠡᠳᠭᠦᠨ᠎ᠤ ᠵᠥᠷᠢᠶ᠎ᠡ᠎ᠶ᠋ᠢ ᠢᠯᠡᠷᠡᠭᠦᠯᠦᠨ᠂ ᠤᠯᠠᠮᠵᠢᠯᠠᠭᠴᠢ᠎ᠳᠤ ᠲᠦᠰᠢᠨ ᠤᠯᠠᠮᠵᠢᠯᠠᠵᠤ ᠂ ᠲᠥᠪ ᠶᠣᠰᠣ᠎ᠶ᠋ᠢ ᠰᠠᠬᠢᠬᠤ ᠪᠡᠷ ᠦᠨᠳᠦᠰᠦ ᠪᠤᠯᠭᠠᠨ᠂ ᠱᠢᠨ᠎ᠡ᠎ᠶ᠋ᠢ ᠡᠭᠦᠳᠬᠦ ᠪᠡᠷ ᠵᠢᠭᠦᠷ ᠭᠢᠵᠦ᠂ ᠡᠷᠲᠡᠨ᠎ᠤ ᠣᠶᠤᠨ ᠤᠬᠠᠭᠠᠨ᠎ᠢ ᠣᠳᠣ ᠦᠶ᠎ᠡ᠎ᠶ᠋ᠢᠨ ᠭᠤᠸ᠎ᠠ ᠲᠠᠭᠠᠰᠢᠶᠠᠯ᠎ᠳᠤ ᠵᠤᠬᠢᠴᠠᠭᠤᠯᠤᠨ᠂ ᠤᠯᠠᠮᠵᠢᠯᠠᠯᠲᠤ ᠤᠷ᠎ᠠ ᠮᠡᠷᠭᠡᠵᠢᠯ᠎ᠤᠨ ᠣᠳᠣᠬᠢ ᠠᠬᠤᠶ ᠪᠠᠢᠳᠠᠯ᠎ᠳᠤ ᠵᠤᠬᠢᠴᠠᠬᠤ ᠵᠢ ᠬᠦᠲᠦᠯᠦᠨ ᠵᠢᠯᠤᠭᠤᠳᠬᠤ ᠬᠡᠷᠡᠭᠲᠡᠢ ᠃
ᠠᠮᠢᠳᠤᠷᠠᠯ ᠳ᠋ᠤ ᠠᠭᠤᠰᠬᠤ ᠵᠢᠨ ᠮᠥ᠋ᠨ ᠴᠢᠨᠠᠷ ᠨᠢ ᠬᠥᠮᠦᠨ᠎ᠤ ᠦᠶ᠎ᠡ ᠵᠢᠨ ᠦᠶ᠎ᠡ᠎ᠳᠤ ᠵᠠᠯᠭᠠᠮᠵᠢᠯᠠᠬᠤ᠎ᠳᠤ ᠪᠤᠢ᠃ ᠮᠠᠱᠢ ᠣᠯᠠᠨ ᠪᠣᠳᠠᠰ᠎ᠤ᠋ᠨ ᠪᠤᠰᠤ ᠰᠣᠶᠣᠯ᠎ᠤ᠋ᠨ ᠥᠪ᠎ᠦ᠋ᠨ ᠤᠷ᠎ᠠ ᠮᠡᠷᠭᠡᠵᠢᠯ ᠢ ᠤᠯᠠᠮᠵᠢᠯᠠᠯᠳᠤ ᠠᠷᠭ᠎ᠠ ᠪᠡᠷ ᠤᠯᠠᠮᠵᠢᠯᠠᠬᠤ᠎ᠳᠤ ᠠᠮᠠᠷᠬᠠᠨ ᠭᠡᠭᠡᠭᠳᠡᠵᠦ ᠠᠯᠳᠠᠭᠳᠠᠬᠤ᠂ ᠬᠤᠪᠢᠷᠠᠬᠤ ᠴᠢᠨᠠᠭᠰᠢᠯᠠᠨ ᠤᠯᠠᠮᠵᠢᠯᠠᠯ ᠲᠠᠰᠤᠷᠠᠳᠠᠭ᠃ ᠪᠣᠳᠠᠰ ᠤᠨ ᠪᠤᠰᠤ ᠰᠣᠶᠣᠯ ᠤᠨ ᠥᠪ ᠢ ᠨᠡᠩ ᠰᠠᠢᠲᠤᠷ ᠤᠯᠠᠮᠵᠢᠯᠠᠬᠤᠳᠤᠵᠦᠪᠬᠡᠨ ᠤᠯᠠᠮᠵᠢᠯᠠᠭ᠍ᠴᠢ᠎ᠵᠢ ᠲᠦᠱᠢᠭᠦ ᠪᠢᠰᠢ᠂ ᠬᠠᠷᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭᠠᠭᠤᠯᠢ᠎ᠳᠤ ᠣᠷᠣᠭᠤᠯᠬᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠨᠡᠢᠭᠡᠮ ᠲᠣᠭᠤᠷᠢᠭ᠎ᠲᠤ ᠣᠷᠣᠭᠤᠯᠬᠤ ᠪᠠᠷ ᠳᠠᠮᠵᠢᠭᠤᠯᠤᠨ᠂ ᠨᠡᠩ ᠤᠯᠠᠨ ᠬᠦᠮᠦᠰ᠎ᠢ ᠤᠯᠠᠮᠵᠢᠯᠠᠯᠲᠤ ᠰᠣᠶᠣᠯ᠎ᠳᠤ ᠳᠤᠷ᠎ᠠ ᠪᠠᠬ᠎ᠠ ᠲᠠᠢ ᠪᠤᠯᠭᠠᠨ᠂ ᠠᠷᠠᠳ᠎ᠤᠨ ᠵᠠᠩ ᠦᠢᠯᠡ᠎ᠶ᠋ᠢ ᠠᠮᠢᠳᠤᠷᠠᠯ᠎ᠳᠤ ᠤᠷᠤᠭᠤᠯᠬᠤ ᠬᠡᠷᠡᠭ᠌ᠲᠡᠢ; ᠪᠠᠰᠠ ᠲᠣᠭᠠᠴᠢᠯᠠᠭ᠍ᠰᠠᠨ ᠳᠠᠮᠵᠢᠭᠤᠯᠭ᠎ᠠ᠎ᠶ᠋ᠢᠨ ᠠᠷᠭ᠎ᠠ ᠵᠢ ᠰᠠᠢᠲᠤᠷ ᠠᠰᠢᠬᠯᠠᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠣᠷᠣᠨ ᠪᠦᠰᠡ ᠬᠦᠷᠢᠶ᠎ᠡ ᠴᠠᠷᠠᠭ᠎ᠠ ᠠᠯᠤᠰᠯᠠᠨ ᠬᠦᠭᠵᠢᠭᠦᠯᠵᠦ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠭᠠᠢᠬᠠᠮᠰᠢᠬ᠎ᠢ ᠳᠠᠮᠵᠢᠭᠤᠯᠤᠨ᠂ ᠤᠯᠠᠨ ᠲᠦᠮᠡᠨ᠎ᠤ ᠤᠶᠤᠨ᠎ᠤ ᠠᠮᠢᠳᠤᠷᠠᠯ᠎ᠢ ᠱᠢᠮᠡᠵᠢᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠦᠬᠦ᠌ ᠨᠡᠢᠭᠡᠮ᠎ᠢᠶᠠᠷ᠎ᠢᠶᠠᠨ ᠬᠠᠮᠲᠤ᠎ᠪᠠᠷ ᠣᠷᠣᠯᠴᠠᠭ᠍ᠰᠠᠨ ᠰᠣᠶᠣᠯ᠎ᠤᠨ ᠦᠢᠯᠡᠳᠦᠯᠭᠡ ᠪᠣᠯᠭᠠᠬᠤ ᠬᠡᠷᠡᠭ᠌ᠲᠡᠶ᠃
ᠲᠤᠯᠭ᠎ᠠ ᠵᠢᠨ ᠭᠠᠯ ᠪᠦᠬᠦᠬᠦ ᠦᠭᠡᠢ᠂ ᠰᠤᠶᠤᠯ᠎ᠤᠨ ᠤᠯᠪᠠᠭ᠎ᠠ ᠲᠠᠰᠤᠷᠠᠬᠤ ᠦᠭᠡᠢ᠃ ᠠᠮᠢᠳᠤᠷᠠᠯ ᠦᠷᠭᠦᠯᠵᠢᠯᠡᠵᠦ ᠯᠡ ᠪᠠᠢᠪᠠᠯ ᠪᠣᠳᠠᠰ᠎ᠤ᠋ᠨ ᠪᠤᠰᠤ ᠰᠣᠶᠣᠯ᠎ᠤ᠋ᠨ ᠥᠪ ᠮᠦᠨ ᠤᠷᠤᠰᠢᠨ᠎ᠠ᠃ ᠤᠯᠠᠮᠵᠢᠯᠠᠯᠲᠤ ᠰᠣᠶᠣᠯ᠎ᠢ ᠤᠳᠤᠬᠠᠨ᠎ᠳᠤ ᠠᠮᠢᠯᠠᠭᠤᠯᠬᠤ ᠪᠤᠯ ᠬᠠᠮᠤᠭ᠎ᠤᠨ ᠰᠠᠢᠨ ᠬᠠᠮᠠᠭᠠᠯᠠᠵᠤ ᠪᠠᠢᠭ᠎ᠠ ᠶᠠᠪᠤᠳᠠᠯ ᠮᠥᠨ;ᠳᠤᠮᠳᠠᠳᠤ᠎ᠶ᠋ᠢᠨ ᠰᠣᠶᠣᠯ᠎ᠢ ᠡᠳᠦᠷ ᠲᠣᠲᠤᠮ᠎ᠤᠨ ᠠᠮᠢᠳᠤᠷᠠᠯ᠎ᠳᠤ ᠠᠭᠤᠰᠬᠠᠬᠤ ᠪᠤᠯ ᠬᠠᠮᠤᠭ᠎ᠤᠨ ᠰᠠᠢᠨ ᠤᠯᠠᠮᠵᠢᠯᠠᠵᠤ ᠪᠠᠢᠭ᠎ᠠ ᠶᠠᠪᠤᠳᠠᠯ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃