2025-07-18 11:20:49
ᠨᠡᠷᠡᠳᠦ ᠳᠡᠮᠳᠡᠭᠳᠦ ᠵᠢᠨ ᠨᠦᠯᠦᠬᠡ ᠵᠢ ᠳᠡᠭᠡᠭᠰᠢᠯᠡᠬᠦᠯᠦᠨ᠎ᠠ᠄
《ᠰᠢᠨ᠎ᠠ ᠪᠠᠷᠭᠤ ᠪᠠᠷᠠᠭᠤᠨ ᠬᠣᠰᠢᠭᠤᠨ᠎ᠤ ᠬᠤᠨᠢᠨ ᠮᠢᠬ᠎ᠠ》ᠬᠡᠮᠡᠬᠦ ᠨᠡᠷᠡᠳᠦ ᠳᠡᠮᠳᠡᠭᠳᠦ ᠵᠢᠨ ᠨᠦᠯᠦᠬᠡ ᠵᠢ ᠳᠡᠭᠡᠭᠰᠢᠯᠡᠬᠦᠯᠬᠦ ᠵᠢᠨ ᠳᠤᠰᠠᠳᠠ ᠳᠤᠰ ᠬᠤᠰᠢᠭᠤ ᠤᠯᠤᠰ ᠤᠨ ᠭᠠᠵᠠᠷ ᠵᠦᠢ᠎ᠶᠢᠨ ᠢᠯᠡᠷᠬᠡᠢᠯᠡᠯᠳᠦ ᠪᠦᠲᠦᠭᠡᠭᠳᠡᠬᠦᠨ ᠦ ᠬᠠᠮᠠᠭᠠᠯᠠᠯᠲᠠ ᠶᠢ ᠭᠤᠶᠤᠴᠢᠯᠠᠨ ᠮᠡᠳᠡᠭᠦᠯᠬᠦ ᠪᠠ ᠬᠡᠷᠡᠭᠯᠡᠬᠦ ᠳᠦᠷᠢᠮᠵᠢᠯ ᠳᠤ ᠴᠢᠭᠯᠡᠭᠦᠯᠦᠨ᠂ ᠬᠠᠨᠳᠤᠯᠭ᠎ᠠ᠎ᠲᠠᠢ᠎ᠪᠠᠷ ᠵᠢᠯᠤᠭᠣᠳᠬᠤ ᠦᠢᠯᠡᠴᠢᠯᠡᠭᠡ ᠥᠷᠨᠢᠭᠦᠯᠵᠦ᠂ ᠠᠵᠤ ᠠᠬᠤᠢᠯᠠᠯ ᠤᠨ ᠬᠢᠷᠢ ᠬᠡᠮ ᠢ ᠬᠢᠨᠠᠨ ᠬᠠᠷᠭᠤᠭᠤᠯᠬᠤ᠂ ᠮᠠᠲᠧᠷᠢᠶᠠᠯ ᠲᠠᠭᠯᠠᠨ ᠮᠡᠳᠡᠭᠦᠯᠬᠦ ᠵᠡᠷᠭᠡ ᠭᠣᠭᠴᠣᠭ᠎ᠠ ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠲᠠᠢᠯᠤᠮᠵᠢ ᠬᠢᠬᠦ᠎ᠶᠢᠨ ᠳᠠᠭᠠᠤ ᠮᠡᠷᠭᠡᠵᠢᠯ᠎ᠦᠨ ᠳᠡᠮᠵᠢᠯᠭᠡ ᠬᠠᠩᠭᠠᠵᠤ ᠪᠠᠢᠨ᠎ᠠ᠃

ᠳᠤᠰᠬᠠᠢ ᠪᠠᠢᠴᠠᠭᠠᠯᠳᠠ ᠬᠢᠪᠡ᠄
ᠰᠢᠨ᠎ᠠ ᠪᠠᠷᠭᠤ ᠪᠠᠷᠠᠭᠤᠨ ᠬᠣᠰᠢᠭᠤᠨ᠎ᠤ ᠵᠠᠬ᠎ᠠ ᠳᠡᠯᠭᠡᠭᠦᠷ᠎ᠦᠨ ᠬᠢᠨᠠᠨ ᠬᠠᠮᠢᠶᠠᠷᠤᠯᠲᠠ᠎ᠶᠢᠨ ᠲᠣᠪᠴᠢᠶ᠎ᠠ ᠬᠡᠭᠡᠷ᠎ᠡ᠎ᠶᠢᠨ ᠰᠢᠪᠠᠭᠤᠳ᠎ᠢ ᠬᠠᠤᠯᠢ ᠪᠤᠰᠤ᠎ᠪᠠᠷ ᠠᠩᠨᠠᠵᠤ ᠪᠣᠷᠣᠯᠠᠭᠤᠯᠬᠤ ᠦᠢᠯᠡ ᠠᠵᠢᠯᠯᠠᠭᠠᠨ᠎ᠳᠤ ᠴᠢᠩᠭ᠎ᠠ ᠴᠣᠬᠢᠯᠲᠠ ᠥᠭᠪᠡ᠃ ᠵᠢᠭᠠᠰᠤᠨ᠎ᠤ ᠬᠡᠷᠡᠭᠰᠡᠯ᠎ᠦᠨ ᠳᠡᠯᠭᠡᠭᠦᠷ᠂ ᠲᠡᠮᠦᠷᠯᠢᠭ᠎ᠦᠨ ᠳᠡᠯᠭᠡᠭᠦᠷ ᠵᠡᠷᠭᠡ ᠭᠣᠣᠯᠳᠠᠯᠭ᠎ᠠ᠎ᠲᠠᠢ ᠲᠠᠯᠠᠪᠤᠷ᠎ᠲᠤ ᠭᠦᠨᠵᠡᠭᠡᠢᠷᠡᠵᠦ᠂ ᠬᠤᠳᠠᠯᠳᠤᠭᠠᠨ᠎ᠤ ᠡᠷᠦᠬᠡ᠎ᠶᠢᠨ ᠡᠵᠡᠩᠨᠡᠯᠲᠡ᠎ᠶᠢᠨ ᠬᠢᠷᠢ ᠬᠡᠮ᠂ ᠲᠠᠸᠠᠷ ᠤᠨ ᠢᠷᠡᠯᠲᠡ ᠵᠡᠷᠬᠡ ᠲᠠᠯ᠎ᠠ ᠪᠠᠷ ᠵᠢᠭ᠍ᠰᠠᠭᠠᠨ ᠪᠠᠢᠴᠠᠭᠠᠵᠠᠢ᠃

ᠴᠠᠭᠠᠨ ᠢᠳᠡᠭᠡᠨ᠎ᠤ ᠰᠣᠶᠣᠯ᠄
ᠣᠢᠷ᠎ᠠ ᠶᠢᠨ ᠡᠳᠦᠷ᠂ ᠬᠡᠷᠦᠯᠦᠨ ᠰᠤᠮᠤᠨ᠎ᠳᠤ ᠮᠠᠯᠴᠢᠨ ᠲᠦᠮᠡᠨ ᠬᠤᠷᠠᠨ ᠴᠤᠭᠯᠠᠷᠠᠵᠤ᠂ ᠤᠯᠠᠮᠵᠢᠯᠠᠯᠲᠤ ᠴᠠᠭᠠᠨ ᠢᠳᠡᠭᠡᠨ ᠦ ᠰᠣᠶᠣᠯ᠎ᠤᠨ ᠭᠠᠢᠬᠠᠮᠰᠢᠭ᠋ ᠢ ᠬᠠᠢᠨ ᠰᠦᠪᠡᠭᠴᠢᠯᠡᠵᠦ᠂ ᠤᠯᠠᠮᠵᠢᠯᠠᠯᠲᠤ ᠴᠠᠭᠠᠨ ᠢᠳᠡᠭᠡ ᠪᠤᠯᠪᠠᠰᠤᠷᠠᠭᠤᠯᠬᠤ ᠲᠤᠬᠠᠢ ᠭᠦᠨᠵᠡᠭᠡᠢ ᠲᠠᠢᠯᠪᠤᠷᠢᠯᠠᠯᠲᠠ ᠬᠢᠬᠦ᠎ᠶᠢᠨ ᠳᠠᠭᠠᠤ ᠴᠠᠭᠠᠨ ᠢᠳᠡᠬᠡᠨ᠎ᠤ ᠠᠰᠢᠭ᠍ᠲᠤ ᠪᠠᠺᠲᠧᠷᠢ ᠵᠡᠷᠭᠡ ᠣᠳᠣ᠌ ᠦᠶ᠎ᠡ ᠶᠢᠨ ᠡᠷᠡᠭᠦᠯ ᠮᠡᠨᠳᠦ ᠶᠢᠨ ᠦᠨ᠎ᠡ ᠥᠷᠲᠡᠭ᠎ᠢ ᠴᠢᠬᠤᠯᠠᠴᠢᠯᠠᠨ ᠢᠯᠡᠷᠡᠭᠦᠯᠵᠦ᠂ ᠨᠡᠢᠬᠡᠮ ᠨᠡᠢᠳᠡ ᠳᠤ ᠳᠦᠬᠡᠬᠡᠨ ᠳᠡᠯᠬᠡᠷᠡᠬᠦᠯᠪᠡ᠃

- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃