ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠥᠩᠭᠡ

2025-08-15 11:26:15

ᠵᠣᠬᠢᠶᠠᠭ᠍ᠴᠢ᠄ ᠰᠠᠴᠤᠷᠠ᠂ ᠡᠷᠳᠡᠨᠢᠴᠡᠴᠡᠭ ᠣᠩᠱᠢᠭ᠍ᠰᠠᠨ ᠣᠳᠠᠭ᠎ᠠ᠄ 3

ᠰᠢᠨ᠎ᠡ ᠪᠠᠷᠭᠤ ᠵᠡᠭᠦᠨ ᠬᠣᠰᠢᠭᠤ ᠶᠠᠭ ᠠᠮᠢ ᠠᠬᠤᠢ᠎ᠪᠠᠷ ᠰᠠᠭᠤᠷᠢ ᠪᠣᠯᠭᠠᠵᠤ᠂ ᠰᠢᠨ᠎ᠡ᠎ᠶᠢ ᠡᠭᠦᠳᠬᠦ᠎ᠪᠡᠷ ᠵᠢᠭᠦᠷ ᠪᠣᠯᠭᠠᠵᠤ᠂ 2025 ᠣᠨ᠎ᠤ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠢᠷᠤᠭ᠎ᠢ ᠵᠢᠷᠤᠭᠯᠠᠵᠤ ᠪᠠᠢᠨ᠎ᠠ᠃ ᠣᠷᠣᠨ ᠪᠠᠢᠷᠢ᠎ᠶᠢᠨ ᠳᠠᠪᠠᠭᠤᠯᠢᠭ᠋ ᠪᠣᠯᠣᠨ ᠡᠬᠢ ᠪᠠᠶᠠᠯᠢᠭ᠋᠎ᠤᠨ ᠳᠠᠪᠠᠭᠤᠯᠢᠭ᠋᠎ᠲᠤ ᠰᠠᠭᠤᠷᠢᠯᠠᠨ᠂ ᠨᠡᠭᠦᠳᠡᠯ ᠮᠠᠯᠵᠢᠯ᠎ᠤᠨ ᠣᠶᠤᠨ ᠤᠬᠠᠭᠠᠨ ᠪᠣᠯᠣᠨ ᠣᠲᠣ᠌ ᠦᠶ᠎ᠡ᠎ᠶᠢᠨ ᠬᠥᠭᠵᠢᠯᠲᠡ᠎ᠶᠢᠨ ᠣᠢᠯᠠᠭᠠᠭᠳᠠᠬᠤᠨ᠎ᠢ ᠭᠦᠨᠵᠡᠭᠡᠢ ᠠᠭᠤᠰᠤᠯᠴᠠᠭᠤᠯᠵᠤ᠂ ᠠᠵᠤ ᠦᠢᠯᠡᠰ᠎ᠦᠨ ᠲᠠᠰ ᠳᠡᠪᠰᠢᠬᠦ᠂ ᠨᠡᠭᠡᠭᠡᠯᠲᠡ ᠬᠢᠵᠦ ᠬᠠᠮᠲᠤᠷᠠᠯᠴᠠᠬᠤ᠂ ᠠᠮᠢ ᠠᠬᠤᠢ᠎ᠶᠢᠨ ᠵᠠᠰᠠᠯᠲᠠ ᠵᠡᠷᠭᠡ ᠬᠦᠷᠢᠶᠡᠨ᠎ᠳᠦ ᠪᠠᠢᠷᠢᠯᠠᠭᠤᠯᠤᠯᠲᠠ ᠬᠢᠵᠦ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠥᠭᠵᠢᠯᠲᠡ᠎ᠳᠦ ᠲᠣᠯᠢ ᠪᠣᠯᠭᠠᠵᠤ ᠪᠣᠯᠬᠤ 《ᠲᠠᠯ᠎ᠠ ᠨᠤᠲᠤᠭ᠎ᠤᠨ ᠥᠯᠢᠭᠡᠷ ᠬᠡᠪ》 ᠎ᠢ᠋ ᠡᠬᠦᠳᠬᠦ ᠪᠡᠷ ᠴᠢᠷᠮᠡᠢᠵᠦ ᠪᠠᠢᠭ᠎ᠠ ᠪᠢᠯᠡ᠃

ᠳᠤᠰ ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠤᠯᠠᠮᠵᠢᠯᠠᠯᠲᠤ ᠮᠠᠯ ᠠᠵᠤ ᠠᠬᠤᠢ᠎ᠶᠢᠨ ᠪᠣᠭᠣᠮᠢ᠎ᠶᠢ ᠰᠢᠢᠳᠪᠦᠷᠢᠯᠡᠬᠦ ᠵᠠᠩᠭᠢᠯᠠᠭ᠎ᠠ᠎ᠶᠢᠨ ᠭᠠᠷᠳᠠᠴᠠ ᠪᠣᠯᠭᠠᠭᠰᠠᠨ᠃ 2025 ᠣᠨ᠎ᠳᠤ᠂ ᠪᠦᠬᠦ ᠬᠣᠰᠢᠭᠤᠨ᠎ᠤ ᠬᠢᠨ ᠵᠢᠯᠣᠭᠣᠴᠢ ᠦᠭᠡᠢ ᠨᠢᠰᠬᠡᠯ᠎ᠢᠶᠡᠷ ᠬᠢᠨᠠᠨ ᠬᠡᠮᠵᠢᠬᠦ ᠮᠡᠷᠭᠡᠵᠢᠯ᠎ᠢ ᠳᠡᠯᠭᠡᠷᠡᠭᠦᠯᠬᠦ᠎ᠪᠡᠷ ᠲᠥᠯᠥᠪᠯᠡᠵᠦ᠂ 18 ᠮᠠᠯᠴᠢᠳ ᠪᠣᠯᠪᠠᠰᠤᠷᠠᠯ᠎ᠢᠶᠠᠷ ᠳᠠᠮᠵᠢᠨ ᠵᠢᠯᠣᠭᠣᠴᠢ ᠦᠭᠡᠢ ᠨᠢᠰᠬᠡᠯ᠎ᠢ ᠨᠤᠲᠤᠭ ᠪᠡᠯᠴᠢᠭᠡᠷ᠎ᠢ ᠲᠣᠭᠣᠷᠢᠨ ᠬᠠᠮᠠᠭᠠᠯᠠᠬᠤ ᠪᠠ ᠮᠠᠯ ᠤᠨᠤᠭ᠎ᠠ᠎ᠶᠢ ᠲᠣᠭᠠᠯᠠᠨ ᠪᠦᠷᠢᠳᠬᠡᠬᠦ᠎ᠳᠦ ᠬᠡᠷᠡᠭᠯᠡᠵᠦ᠂ ᠤᠯᠠᠮᠵᠢᠯᠠᠯᠲᠤ ᠠᠷᠭ᠎ᠠ᠎ᠶᠢ ᠣᠷᠣᠯᠠᠭᠤᠯᠵᠤ᠂ ᠬᠢᠨᠠᠨ ᠬᠡᠮᠵᠢᠯᠲᠡ᠎ᠶᠢᠨ ᠦᠷ᠎ᠡ ᠪᠦᠲᠦᠮᠵᠢ᠎ᠶᠢ 3 ᠳᠠᠬᠢᠨ᠎ᠠᠴᠠ ᠳᠡᠭᠡᠭᠰᠢ ᠳᠡᠭᠡᠭᠰᠢᠯᠡᠭᠦᠯᠤᠨ᠎ᠠ᠃ ᠡᠭᠦᠨ᠎ᠦ ᠵᠡᠷᠭᠡᠴᠡᠭᠡ᠂ ᠬᠦᠪᠦᠷᠡᠯ ᠰᠢᠯᠵᠢᠭᠦᠯᠬᠦ ᠲᠧᠭ᠌ᠨᠣᠯᠣᠭᠢ ᠠᠩᠬ᠎ᠠ ᠤᠳᠠᠭ᠎ᠠ ᠪᠠᠷᠭᠤ᠎ᠶᠢᠨ ᠲᠠᠯ᠎ᠠ ᠨᠤᠲᠤᠭ᠎ᠲᠤ ᠠᠮᠵᠢᠯᠲᠠᠲᠠᠢ ᠬᠡᠷᠡᠭᠯᠡᠭᠳᠡᠵᠦ᠂ ᠮᠢᠬᠠᠨ᠎ᠤ ᠦᠬᠡᠷ᠎ᠦᠨ ᠡᠭᠦᠯᠳᠡᠷ᠎ᠢ ᠰᠢᠯᠢᠳᠡᠭᠵᠢᠭᠦᠯᠬᠦ᠎ᠪᠡᠷ ᠳᠠᠮᠵᠢᠭᠤᠯᠵᠤ᠂ ᠮᠠᠯᠴᠢᠳ᠎ᠤᠨ ᠮᠢᠬᠠᠨ᠎ᠤ ᠦᠬᠡᠷ᠎ᠦᠨ ᠦᠨ᠎ᠡ᠎ᠶᠢ ᠬᠤᠪᠢ ᠳᠠᠬᠢᠨ ᠦᠰᠬᠡᠵᠡᠢ᠃ ᠡᠲᠡᠭᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠷᠡᠭᠯᠡᠭᠡ ᠨᠢ ᠮᠠᠯ ᠪᠡᠯᠴᠢᠭᠡᠷ᠎ᠦᠨ ᠵᠥᠷᠢᠴᠡᠯ᠎ᠢ ᠨᠠᠮᠳᠠᠭᠤᠯᠬᠤ ᠪᠡᠷ ᠪᠠᠷᠠᠬᠤ ᠦᠭᠡᠢ᠂ ᠮᠠᠯ ᠠᠵᠤ ᠠᠬᠤᠢ᠎ᠶᠢᠨ ᠨᠠᠷᠢᠯᠢᠭ᠋ ᠣᠨᠣᠴᠠᠲᠠᠢ᠂ ᠣᠶᠤᠨᠴᠢᠯᠠᠭᠰᠠᠨ ᠬᠡᠯᠪᠡᠷᠢ ᠳᠠᠢᠰᠢ ᠰᠢᠯᠵᠢᠬᠦ᠎ᠶᠢ ᠨᠠᠩ ᠠᠬᠢᠭᠤᠯᠬᠤ ᠪᠤᠯᠤᠨ᠎ᠠ᠃ᠴᠦᠯᠯᠡᠷᠬᠡᠭᠵᠢᠯ᠎ᠢ ᠰᠡᠷᠭᠡᠢᠯᠡᠨ ᠵᠠᠰᠠᠬᠤ ᠪᠠ ᠰᠠᠯᠬᠢᠨ ᠴᠠᠬᠢᠯᠭᠠᠨ ᠬᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠦᠨ ᠴᠢᠬᠤᠯᠠ ᠵᠠᠩᠭᠢᠯᠠᠭ᠎ᠠ᠎ᠶᠢᠨ ᠴᠡᠭ ᠪᠣᠯᠤᠭᠰᠠᠨ᠎ᠤ ᠬᠤᠪᠢ᠎ᠳᠤ᠂ ᠰᠢᠨ᠎ᠡ ᠪᠠᠷᠭᠤ ᠵᠡᠭᠦᠨ ᠬᠣᠰᠢᠭᠤᠨ᠎ᠤ 30 ᠲᠦᠮᠡᠨ ᠺᠢᠯᠦᠸᠠᠲ ᠬᠡᠷᠡᠯᠴᠢ ᠴᠡᠨᠡᠭ᠎ᠦᠨ ᠡᠯᠡᠰᠦ᠎ᠶᠢ ᠵᠠᠰᠠᠬᠤ ᠲᠥᠷᠥᠯ ᠵᠦᠢᠯ 2025 ᠣᠨ᠎ᠳᠤ ᠪᠥᠬᠥ ᠲᠠᠯ᠎ᠠ᠎ᠪᠠᠷ ᠡᠬᠢᠯᠡᠪᠡ᠃ ᠡᠨᠡ ᠬᠦ᠌ ᠲᠥᠰᠥᠯ ᠨᠢ ᠭᠠᠨᠵᠤᠤᠷ᠎ᠤᠨ ᠡᠯᠡᠰᠦᠨ᠎ᠦ ᠤᠷᠭᠤᠮᠠᠯ᠎ᠤᠨ ᠬᠤᠴᠢᠯᠭ᠎ᠠ᠎ᠶᠢᠨ ᠬᠡᠮᠵᠢᠶ᠎ᠡ᠎ᠶᠢ 20 ᠬᠤᠪᠢ ᠬᠦᠷᠬᠦ ᠦᠭᠡᠢ ᠪᠠᠢᠭᠰᠠᠨ᠎ᠠᠴᠠ 70 ᠬᠤᠪᠢ᠎ᠠᠴᠠ ᠳᠡᠭᠡᠭᠰᠢ ᠪᠣᠯᠭᠠᠵᠤ᠂ ᠵᠢᠯ᠎ᠦᠨ ᠴᠠᠬᠢᠯᠭᠠᠨ ᠭᠠᠷᠭᠠᠬᠤ ᠬᠡᠮᠵᠢᠶ᠎ᠡ ᠨᠢ 4 ᠲᠡᠷᠪᠤᠮ ᠺᠢᠯᠦᠸᠠᠲ ᠴᠠᠭ ᠬᠦᠷᠴᠠᠢ᠃ ᠡᠭᠦᠨ᠎ᠦ ᠬᠠᠮᠲᠤ᠂ ᠪᠥᠬᠥ ᠬᠣᠰᠢᠭᠤᠨ᠎ᠤ ᠲᠠᠯ᠎ᠠ ᠨᠤᠲᠤᠭ᠎ᠤᠨ ᠠᠮᠢ ᠠᠬᠤᠢ᠎ᠶᠢᠨ ᠨᠥᠬᠥᠪᠦᠷᠢ ᠱᠠᠩᠨᠠᠯ᠎ᠤᠨ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠠᠬᠢᠭᠤᠯᠵᠤ᠂ ᠭᠤᠷᠪᠠᠳᠤᠭᠠᠷ ᠡᠭᠡᠯᠵᠢ᠎ᠶᠢᠨ ᠨᠥᠬᠥᠪᠦᠷᠢ ᠱᠠᠩᠨᠠᠯ᠎ᠤᠨ ᠪᠡᠯᠡ ᠮᠥᠩᠭᠥ᠎ᠶᠢ ᠵᠢᠯ ᠪᠦᠷᠢ ᠳᠤᠮᠳᠠᠴᠢ᠎ᠪᠠᠷ 1.3 ᠳ᠋ᠦᠩᠰᠢᠭᠤᠷ ᠲᠥᠭᠥᠷᠢᠭ ᠲᠠᠷᠬᠠᠭᠠᠵᠤ᠂ ᠪᠡᠯᠴᠢᠭᠡᠷᠯᠡᠭᠦᠯᠬᠦ᠎ᠶᠢ ᠵᠣᠭᠰᠣᠭᠠᠵᠤ ᠪᠡᠯᠴᠢᠭᠡᠷ᠎ᠢ ᠰᠡᠷᠭᠦᠭᠡᠬᠦ ᠲᠥᠷᠥ᠎ᠶᠢᠨ ᠪᠣᠳᠣᠯᠭ᠎ᠠ ᠳᠣᠣᠷ᠎ᠠ ᠬᠠᠰᠢᠶᠠᠯᠠᠨ ᠲᠡᠵᠢᠭᠡᠬᠦ ᠮᠡᠷᠭᠡᠵᠢᠯ᠎ᠢ ᠳᠡᠯᠭᠡᠷᠡᠭᠦᠯᠦᠨ᠂ ᠦᠬᠡᠷ ᠬᠣᠨᠢᠨ᠎ᠤ ᠮᠢᠬᠠᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠎ᠪᠡᠷ ᠳᠡᠮᠵᠢᠨ ᠦᠨ᠎ᠡ ᠥᠰᠬᠡᠵᠦ᠂ ᠠᠮᠢ ᠠᠬᠤᠢ᠎ᠶᠢᠨ ᠦᠷ᠎ᠡ ᠠᠰᠢᠭ᠋ ᠪᠣᠯᠣᠨ ᠠᠵᠤ ᠠᠬᠤᠢ᠎ᠶᠢᠨ ᠦᠷ᠎ᠡ ᠠᠰᠢᠭ᠋᠎ᠤᠨ ᠬᠣᠣᠰ ᠠᠮᠵᠢᠯᠲᠠ᠎ᠶᠢ ᠦᠨᠡᠨ ᠬᠦ᠌ ᠪᠡᠶᠡᠯᠡᠭᠦᠯᠦᠭᠰᠡᠬᠡᠷ᠃ ᠪᠠᠰᠠ᠂ 《ᠪᠣᠳᠠᠰ᠎ᠤᠨ ᠪᠤᠰᠤ ᠰᠣᠶᠣᠯ᠎ᠤᠨ ᠥᠪ + ᠰᠣᠶᠣᠯ ᠵᠢᠭᠤᠯᠴᠢᠯᠠᠯ》᠎ᠤ᠋ᠨ ᠵᠠᠭᠪᠤᠷ᠎ᠢᠶᠠᠷ ᠰᠣᠶᠣᠯ᠎ᠤᠨ ᠡᠬᠢ ᠪᠠᠶᠠᠯᠢᠭ᠋᠎ᠢ ᠬᠥᠭᠵᠢᠭᠡᠵᠦ ᠪᠠᠢᠨ᠎ᠠ᠃ ᠦᠨᠳᠦᠰᠦᠲᠡᠨ᠎ᠦ ᠭᠠᠷ ᠤᠷᠠᠯᠠᠯ᠎ᠤᠨ ᠪᠣᠯᠪᠠᠰᠤᠷᠠᠭᠤᠯᠤᠯ᠎ᠢ ᠦᠷᠭᠦᠯᠵᠢᠯᠡᠨ ᠬᠦᠴᠦᠯᠡᠵᠦ᠂ 2025 ᠣᠨ᠎ᠳᠤ ᠰᠤᠷᠤᠯᠭ᠎ᠠ ᠡᠬᠢᠯᠡᠬᠦ ᠦᠨᠳᠦᠰᠦᠲᠡᠨ᠎ᠦ ᠭᠠᠷ ᠤᠷᠠᠯᠠᠯ᠎ᠤᠨ ᠪᠣᠯᠪᠠᠰᠤᠷᠠᠯ᠎ᠤᠨ ᠠᠩᠭᠢ᠎ᠳᠤ100 ᠭᠠᠷᠤᠢ ᠤᠯᠠᠮᠵᠢᠯᠠᠭ᠍ᠴᠢ᠎ᠪᠠᠭᠳᠠᠵᠦ᠂ ᠡᠯᠧᠺᠲᠷᠣᠨ ᠬᠤᠳᠠᠯᠳᠤᠭᠠᠨ᠎ᠤ ᠲᠠᠪᠴᠠᠩ᠎ᠢᠶᠠᠷ ᠢᠰᠡᠭᠡᠢ ᠪᠦᠲᠦᠭᠡᠭᠳᠡᠬᠦᠨ᠎ᠦ ᠰᠠᠷ᠎ᠠ᠎ᠶᠢᠨ ᠪᠣᠷᠣᠯᠠᠭᠤᠯᠤᠯᠲᠠ᠎ᠶᠢᠨ ᠬᠡᠮᠵᠢᠶ᠎ᠡ᠎ᠶᠢ 50 ᠲᠦᠮᠡᠨ ᠲᠥᠭᠥᠷᠢᠭ᠎ᠢ ᠳᠠᠪᠠᠭᠤᠯᠬᠤ ᠪᠡᠷ ᠪᠤᠢ᠃ ᠬᠥᠳᠡᠭᠡ ᠲᠣᠰᠬᠣᠨ ᠎ᠢ ᠬᠥᠭᠵᠢᠭᠦᠯᠦᠨ ᠮᠠᠨᠳᠤᠭᠤᠯᠬᠤ ᠬᠦᠷᠢᠶ᠎ᠡ ᠴᠠᠷᠠᠭ᠎ᠠ᠎ᠳᠤ᠂ ᠠᠮᠤᠭᠤᠯᠠᠩ ᠪᠠᠯᠭᠠᠰᠤᠨ᠎ᠤ 《ᠭᠤᠷᠪᠠ᠎ᠶᠢ ᠨᠢᠭᠡ ᠴᠣᠭᠴᠠᠵᠢᠭᠤᠯᠬᠤ》 ᠶᠡᠷᠦᠩᠬᠡᠢᠯᠡᠭᠰᠡᠨ ᠬᠠᠮᠲᠤᠷᠠᠯᠴᠠᠭᠠᠨ᠎ᠤ ᠵᠠᠭᠪᠤᠷ ᠢᠯᠡᠳᠲᠡ ᠦᠷ᠎ᠡ ᠪᠦᠲᠦᠮᠵᠢ ᠣᠯᠵᠤ᠂ 549 ᠮᠠᠯᠴᠢᠨ ᠡᠷᠦᠬᠡ ᠮᠠᠯᠵᠢᠬᠤ ᠡᠷᠦᠬᠡ᠎ᠲᠠᠢ ᠬᠣᠯᠪᠣᠭᠠᠯᠠᠬᠤ᠂ ᠵᠠᠬ᠎ᠠ ᠳᠡᠯᠭᠡᠭᠦᠷ᠎ᠲᠠᠢ ᠬᠣᠯᠪᠣᠭᠠᠯᠠᠨ 112 ᠲᠦᠮᠡᠨ ᠲᠥᠭᠥᠷᠢᠭ᠎ᠦᠨ ᠠᠰᠢᠭ᠋ ᠬᠤᠪᠢᠶᠠᠨ᠂ 50%᠎ᠶᠢᠨ ᠪᠠᠢᠩᠭᠤ ᠰᠠᠭᠤᠭ᠎ᠠ ᠮᠠᠯᠴᠢᠨ ᠡᠷᠦᠬᠡ ᠠᠰᠢᠭ᠋ ᠭᠥᠷᠳᠡᠵᠠᠢ᠃

ᠡᠬᠦᠨᠴᠢᠯᠡᠨ᠂ ᠰᠢᠨ᠎ᠡ ᠪᠠᠷᠭᠤ ᠵᠡᠭᠦᠨ ᠬᠣᠰᠢᠭᠤ ᠤᠯᠠᠮᠵᠢᠯᠠᠯᠲᠤ ᠨᠡᠭᠦᠳᠡᠯ ᠮᠠᠯᠵᠢᠯ ᠪᠣᠯᠣᠨ ᠪᠣᠬᠢᠷᠲᠤᠯ ᠦᠭᠡᠢ ᠡᠨᠧᠷᠭᠢ ᠵᠢᠨ ᠬᠦᠭᠵᠢᠬᠦᠯᠦᠯᠳᠡ ᠵᠢ ᠬᠠᠮᠲᠤ ᠬᠦᠭᠵᠢᠬᠦᠯᠵᠦ᠂ ᠦᠯᠢᠬᠡᠷ ᠳᠠᠭᠤᠷᠢᠶᠡᠯ ᠪᠤᠯᠬᠤᠢᠴᠠ ᠬᠦᠭᠵᠢᠯᠳᠡ ᠵᠢᠨ ᠰᠢᠨ᠎ᠠ ᠦᠯᠢᠬᠡᠷ ᠬᠡᠪ᠎ᠢ ᠤᠨᠴᠠᠯᠠᠨ ᠡᠬᠦᠳᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面