2025-08-29 11:34:26
2025᠎ᠤᠨ᠎ᠳᠤ᠂ ᠤᠯᠠᠭᠠᠨᠴᠠᠪᠬᠤᠳᠠ ᠪᠣᠳᠠᠲᠤ ᠪᠠᠢᠳᠠᠯ᠎ᠲᠠᠢ ᠪᠡᠨ ᠤᠶᠠᠯᠳᠤᠭᠤᠯᠤᠨ᠂ ᠪᠦᠬᠦ᠌ ᠵᠢᠯ᠎ᠤᠨ ᠠᠵᠢᠯ᠎ᠢ ᠪᠦᠬᠦ᠌ ᠲᠠᠯ᠎ᠠ᠎ᠪᠠᠷ ᠪᠠᠢᠷᠢᠯᠠᠭᠤᠯᠵᠤ᠂ ᠥᠭᠡᠷᠡᠴᠢᠯᠡᠯᠲᠡ᠎ᠶ᠋ᠢ ᠤᠯᠠᠮ ᠴᠢᠨᠠᠬᠰᠢᠳᠠ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠪᠦᠬᠦᠯᠢ ᠴᠣᠭ᠍ᠴᠠ᠎ᠳᠤ ᠲᠥᠯᠥᠪᠵᠢᠭᠦᠯᠭᠡ᠎ᠲᠠᠢ ᠪᠣᠯᠵᠤ᠂ ᠪᠠᠰᠠ ᠪᠦᠬᠦ᠌ ᠵᠢᠯ᠎ᠤᠨ ᠠᠵᠤ ᠠᠬᠤᠢ᠎ᠶ᠋ᠢᠨ ᠠᠵᠢᠯ᠎ᠤᠨ ᠡᠭᠦᠷᠭᠡ᠎ᠶ᠋ᠢᠨ ᠪᠣᠳᠠᠲᠤ ᠲᠣᠬᠢᠷᠠᠭᠤᠯᠤᠯᠲᠠ᠎ᠲᠠᠢ᠂ ᠬᠠᠷᠠᠯᠲᠠ᠎ᠪᠠᠷ ᠵᠢᠯᠤᠭᠤᠳᠤᠨ ᠳᠠᠭᠠᠭᠤᠯᠬᠤ᠎ᠶ᠋ᠢ ᠴᠢᠬᠤᠯᠠᠴᠢᠯᠠᠬᠰᠠᠨ ᠮᠥᠷᠲᠡᠭᠡᠨ ᠬᠠᠷᠢᠭᠤᠴᠠᠯᠭ᠎ᠠ ᠡᠭᠦᠷᠭᠡᠯᠡᠯ᠎ᠢ ᠲᠣᠳᠣᠷᠬᠠᠢᠯᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠬᠤ᠂ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠴᠢᠩᠭ᠎ᠠ ᠠᠳᠭᠤᠬᠤ᠂ ᠬᠥᠭ᠌ᠵᠢᠯᠲᠡ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠭᠡ ᠬᠠᠮᠳᠤᠷᠠᠯ ᠬᠦᠴᠦᠨ᠎ᠢ ᠪᠦᠷᠢᠯᠳᠦᠭᠦᠯᠪᠡ᠃
ᠵᠢᠷᠤᠭ ᠲᠥᠰᠦᠪ᠎ᠢ ᠨᠢᠭᠡᠨᠲᠡ ᠵᠢᠷᠤᠭ᠍ᠯᠠᠵᠤ᠂ ᠬᠠᠷᠠᠯᠲᠠ ᠨᠢᠭᠡᠨᠲᠡ ᠲᠣᠳᠣᠷᠬᠠᠶ ᠪᠣᠯᠵᠤ᠂ ᠵᠠᠩᠭᠢᠯᠠᠭ᠎ᠠ᠎ᠨᠢ 《ᠪᠤᠳᠠᠳᠠᠢ ᠠᠵᠢᠯᠯᠠᠬᠤ》 ᠳᠡᠭᠡᠷ᠎ᠡ ᠬᠦᠴᠦ᠍ ᠲᠠᠯᠪᠢᠬᠤ ᠶᠠᠪᠤᠳᠠᠯ ᠶᠤᠮ᠃ ᠪᠦᠬᠦ᠌ ᠬᠤᠲᠠᠪᠠᠷᠵᠢᠡᠨ 《ᠨᠢᠭᠡ ᠭᠤᠣᠯ ᠱᠢᠵᠢᠮ᠎ᠢ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ᠎ᠢ ᠰᠠᠢᠲᠤᠷ ᠬᠢᠵᠦ᠍᠂ ᠱᠢᠨ᠎ᠡ ᠵᠠᠮ᠎ᠢ ᠨᠡᠭᠡᠭᠡᠵᠦ᠍ ᠳᠤᠮᠳᠠ ᠲᠦᠪᠰᠢᠨ᠎ᠳᠤ ᠲᠠᠪᠰᠢᠨ ᠣᠷᠣᠬᠤ》 ᠶ᠋ᠢ ᠪᠡᠶᠡᠯᠡᠭᠦᠯᠬᠦ᠎ᠳᠤ᠂ ᠨᠠᠮ᠎ᠤᠨ ᠪᠠᠢᠭᠤᠯᠤᠯᠲᠠ᠎ᠪᠠᠷ ᠵᠢᠯᠣᠭᠤᠳᠤᠮᠵᠢ ᠪᠣᠯᠭᠠᠨ᠂ ᠥᠭᠡᠷᠡᠴᠢᠯᠡᠯᠲᠡ᠎ᠶ᠋ᠢ ᠤᠯᠠᠮ ᠴᠢᠨᠠᠬᠰᠢᠳᠠ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠠᠵᠤ ᠦᠢᠯᠡᠰ᠎ᠤᠨ ᠪᠦᠲᠦᠴᠡ᠎ᠶ᠋ᠢ ᠲᠣᠬᠢᠷᠠᠭᠤᠯᠤᠨ᠂ ᠲᠤᠯᠭᠠᠭᠤᠷᠢ ᠠᠵᠤ ᠦᠢᠯᠡᠰ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍᠂ ᠬᠠᠷᠠᠯᠲᠠ ᠡᠭᠦᠷᠭᠡ᠎ᠪᠠᠨ ᠴᠢᠨᠠᠷ ᠰᠠᠢᠲᠠᠢ ᠪᠡᠶᠡᠯᠡᠭᠦᠯᠬᠦ᠌᠎ᠳᠤ ᠪᠠᠢᠨ᠎ᠠ᠃ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠂ ᠤᠷᠤᠭ᠍ᠰᠢᠯᠠᠬᠤ᠎ᠪᠠᠷ ᠲᠣᠭ᠍ᠲᠠᠭᠤᠨ᠎ᠢ ᠠᠬᠢᠭᠤᠯᠬᠤ᠎ᠶ᠋ᠢ ᠪᠠᠷᠢᠮᠲᠠᠯᠠᠵᠤ᠂ ᠲᠣᠭ᠍ᠲᠠᠭᠤᠨ ᠬᠦᠭᠵᠢᠯᠳᠡ ᠵᠢᠨ ᠡᠯ᠎ᠡ ᠵᠦᠢᠯ᠎ᠤᠨ ᠡᠭᠦᠷᠭᠡ᠎ᠶ᠋ᠢ ᠯᠠᠪᠳᠠᠭᠤᠨ ᠪᠠᠲᠤᠲᠠᠢ ᠠᠬᠢᠭᠤᠯᠤᠨ᠂ ᠴᠢᠨᠠᠷ ᠰᠠᠢᠲᠠᠢ ᠬᠥᠭ᠌ᠵᠢᠯᠲᠡ᠎ᠶ᠋ᠢᠨ ᠰᠠᠭᠤᠷᠢ᠎ᠶ᠋ᠢ ᠲᠠᠰᠤᠷᠠᠯᠲᠠ ᠦᠭᠡᠢ ᠪᠠᠬᠢᠵᠢᠭᠦᠯᠤᠨ᠎ᠠ᠃ ᠤᠷᠢᠳ ᠵᠢᠡᠷ ᠪᠠᠢᠭᠤᠯᠵᠤ ᠳᠠᠷᠠᠭ᠎ᠠ᠎ᠨᠢ ᠰᠢᠪᠳᠤᠯᠬᠤ ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠤᠳᠤᠷᠢᠳᠤᠮᠵᠢ ᠪᠣᠯᠭᠠᠵᠤ᠂ ᠱᠢᠨ᠎ᠡ ᠬᠠᠭᠤᠴᠢᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠲᠣᠭ᠍ᠲᠠᠭᠤᠨ᠎ᠢᠶᠠᠷ ᠦᠷᠭᠦᠯᠵᠢᠯᠡᠨ ᠬᠤᠪᠢᠷᠠᠭᠤᠯᠬᠤ᠎ᠶ᠋ᠢ ᠠᠬᠢᠭᠤᠯᠵᠦ᠂ ᠱᠢᠰᠲ᠋ᠧᠮ᠎ᠲᠠᠢ ᠬᠤᠷᠠᠮᠳᠤᠭᠤᠯᠤᠨ᠂ ᠬᠠᠮᠳᠤᠷᠠᠨ ᠬᠠᠮᠵᠢᠯᠴᠠᠬᠤ᠎ᠶ᠋ᠢ ᠪᠠᠷᠢᠮᠲᠠᠯᠠᠵᠤ᠂ ᠪᠦᠬᠦ᠌ ᠲᠠᠯ᠎ᠠ᠎ᠶ᠋ᠢᠨ ᠦᠵᠡᠯᠲᠡ᠎ᠪᠠᠷ ᠠᠵᠢᠯ᠎ᠢᠶᠠᠨ ᠲᠥᠯᠥᠪᠵᠢᠭᠦᠯᠦᠨ ᠠᠬᠢᠭᠤᠯᠵᠤ᠂ ᠲᠣᠭ᠍ᠲᠠᠭ᠍ᠰᠠᠨ ᠬᠠᠷᠠᠯᠲᠠ᠎ᠶ᠋ᠢᠨ ᠲᠣᠭᠤᠷᠢᠨ᠎ᠳᠤ ᠬᠠᠮᠲᠤ᠎ᠪᠠᠷ ᠬᠦᠴᠦᠯᠡᠨ᠎ᠠ᠃ ᠦᠵᠡᠯ ᠰᠠᠨᠠᠭ᠎ᠠ᠎ᠪᠠᠨ ᠴᠢᠯᠥᠭᠡᠯᠡᠨ᠂ ᠲᠠᠨᠢᠯᠳᠠ᠎ᠪᠠᠨ ᠱᠢᠨᠡᠳᠭᠡᠬᠦ᠌᠎ᠶ᠋ᠢ ᠪᠠᠷᠢᠮᠲᠠᠯᠠᠵᠤ᠂ ᠤᠯᠠᠭᠠᠨᠴᠠᠪ᠎ᠠᠴᠠ ᠭᠠᠷᠴᠤ᠌ ᠤᠯᠠᠭᠠᠨᠴᠠᠪ᠎ᠢ ᠬᠠᠷᠠᠨ᠂ ᠵᠠᠬ᠎ᠠ ᠳᠡᠯᠭᠡᠭᠦᠷ᠎ᠤᠨ ᠤᠬᠠᠮᠰᠠᠷ᠎ᠢᠶᠠᠨ ᠴᠢᠩᠭᠠᠳᠭᠠᠵᠤ᠂ ᠠᠷᠭ᠎ᠠ ᠰᠠᠮᠪᠠᠭ᠎ᠠ᠎ᠳᠤ ᠰᠡᠳᠭᠢᠬᠦᠶ᠎ᠶ᠋ᠢ ᠱᠤᠭᠤᠵᠤ᠂ ᠠᠵᠢᠯ ᠬᠢᠵᠦ᠍ ᠦᠢᠯᠡᠰ ᠪᠤᠰᠭᠠᠬᠤ ᠰᠠᠨᠠᠭᠠᠴᠢᠯᠠᠭᠠᠲᠤ ᠴᠢᠨᠠᠷ᠎ᠢ ᠬᠥᠭ᠌ᠵᠢᠭᠡᠬᠦ᠌ ᠬᠡᠷᠡᠭ᠌ᠲᠡᠶ᠃
ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ ᠢᠯᠠᠩᠭᠤᠶ᠎ᠠ ᠤᠳᠤᠷᠢᠳᠭᠤ ᠺᠠᠳ᠋ᠷᠴᠤᠳ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠠᠲᠤ ᠱᠤᠭᠤᠨ ᠦᠢᠯᠡᠳᠦᠯᠭᠡᠵᠢᠭᠦᠯᠵᠦ᠍᠂ ᠮᠣᠩᠭᠤᠯ ᠮᠣᠷᠢᠨ᠎ᠤ ᠵᠣᠷᠢᠭ ᠰᠠᠨᠠᠭ᠎ᠠ ᠪᠣᠯᠤᠨ 《ᠭᠤᠷᠪᠠᠨ ᠤᠮᠠᠷᠠᠲᠤ᠎ᠶ᠋ᠢᠨ ᠵᠣᠷᠢᠭ ᠰᠠᠨᠠᠭ᠎ᠠ》 ᠶ᠋ᠢ ᠪᠠᠳᠠᠷᠠᠭᠤᠯᠤᠨ᠂ ᠦᠨᠡᠨ ᠪᠣᠳᠠᠲᠠᠶ ᠠᠵᠢᠯ ᠬᠢᠵᠦ᠍᠂ ᠳᠡᠭᠡᠳᠦ ᠱᠠᠲᠤᠨ᠎ᠠᠴᠠ ᠲᠤᠱᠢᠶᠠᠭ᠍ᠰᠠᠨ ᠡᠭᠦᠷᠭᠡ᠂ ᠬᠠᠮᠲᠤ᠎ᠪᠠᠷ ᠲᠣᠭ᠍ᠲᠠᠭᠠᠭ᠍ᠰᠠᠨ ᠱᠢᠶ᠋ᠳᠪᠦᠷᠢᠲᠦ ᠪᠣᠳᠣᠯᠭ᠎ᠠ᠂ ᠣᠯᠠᠨ ᠲᠦᠮᠡᠨ᠎ᠳᠤ ᠠᠮᠠᠯᠠᠭ᠍ᠰᠠᠨ ᠶᠠᠪᠤᠳᠠᠯ᠎ᠢ ᠬᠡᠯᠡᠪᠡᠯ ᠪᠦᠳᠦᠭᠡᠵᠦ᠂ ᠲᠣᠭ᠍ᠲᠠᠭᠠᠪᠠᠯ ᠳᠠᠷᠤᠶ ᠬᠢᠵᠦ᠍᠂ ᠪᠣᠳᠠᠲᠠᠶ ᠠᠵᠢᠯᠯᠠᠬᠤ᠎ᠪᠠᠷ ᠬᠥᠭ᠌ᠵᠢᠯᠲᠡ᠎ᠶ᠋ᠢ ᠠᠬᠢᠭᠤᠯᠵᠤ᠂ ᠪᠣᠳᠠᠲᠤ ᠠᠮᠵᠢᠯᠲᠠ᠎ᠪᠠᠷ᠎ᠢᠶᠠᠨ ᠠᠷᠠᠳ᠎ᠤᠨ ᠰᠡᠳᠭᠢᠯ᠎ᠢ ᠤᠯᠬᠤ ᠬᠡᠷᠡᠭ᠌ᠲᠡᠶ᠃
ᠶᠡᠭᠡ ᠶᠤᠰᠤᠨ ᠳᠥᠭᠦᠮ ᠪᠤᠯᠪᠠᠴᠤ ᠪᠣᠳᠠᠲᠠᠢ ᠠᠵᠢᠯᠯᠠᠬᠤ ᠨᠢ ᠬᠠᠮᠤᠭ᠎ᠤᠨ ᠭᠤᠤᠯᠳᠠᠯᠭ᠎ᠠ ᠶᠤᠮ᠃ ᠠᠵᠠ ᠲᠣᠬᠢᠶᠠᠯ ᠪᠠ ᠥᠷᠢᠰᠥᠯᠳᠦᠭᠡᠨ᠎ᠤ ᠡᠮᠦᠨ᠎ᠡ᠂ ᠦᠨᠡᠨ ᠬᠦ᠌ ᠠᠳᠭᠤᠵᠤ ᠪᠣᠳᠠᠲᠠᠢ ᠠᠵᠢᠯᠯᠠᠪᠠᠯ ᠰᠠᠶᠢ ᠲᠦᠷᠭᠡᠨ ᠪᠥᠭᠡᠳ ᠯᠠᠪᠳᠠᠭᠤᠨ᠎ᠢᠶᠠᠷ ᠤᠷᠤᠭ᠍ᠰᠢᠯᠠᠵᠤ ᠴᠢᠳᠠᠨ᠎ᠠ᠃ ᠡᠯ᠎ᠠ ᠵᠦᠢᠯ᠎ᠤᠨ ᠪᠠᠢᠷᠢᠯᠠᠭᠤᠯᠤᠯᠲᠠ᠎ᠪᠡᠨ ᠨᠠᠷᠢᠨ ᠬᠢᠨᠠᠮᠠᠭᠠᠢ ᠨᠠᠢᠳᠠᠪᠤᠷᠢᠵᠢᠭᠤᠯᠤᠨ᠂ ᠢᠲᠡᠭᠡᠯ ᠵᠣᠷᠢᠭ᠎ᠢᠶᠠᠨ ᠪᠠᠲᠤᠳᠭᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠯᠠᠪᠳᠠᠭᠤᠨ ᠪᠠᠲᠤᠲᠠᠢ ᠠᠵᠢᠯᠯᠠᠰᠤᠭᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃