2025-09-05 10:54:12
ᠡᠵᠡᠨ ᠬᠣᠷᠣᠭ᠎ᠠ ᠬᠣᠰᠢᠭᠤ ᠶᠠᠭ 《ᠴᠢᠨᠭᠬᠢᠰ᠎ᠤᠨ ᠤᠨᠭᠭᠤᠨ》 ᠤ᠋ ᠰᠣᠶᠣᠯ ᠤᠨ ᠠᠭᠤᠯᠤᠭᠳᠠᠬᠤᠨ᠂ 《ᠨᠡᠭᠦᠷᠡᠰᠦᠲᠥ᠋ᠷᠥᠭᠴᠢ ᠦᠭᠡᠢ ᠬᠣᠰᠢᠭᠤᠴᠢ ᠠᠵᠤ ᠦᠢᠯᠡᠰ》᠎ᠦᠨ ᠠᠤᠭ᠎ᠠ ᠰᠠᠨᠠᠭ᠎ᠠ ᠪᠡᠷ ᠤᠳᠤ ᠦᠶ᠎ᠡ᠎ᠶᠢᠨ ᠳᠤᠮᠳᠠᠳᠤ ᠤᠯᠤᠰ᠎ᠤᠨ ᠰᠢᠶᠠᠨ᠎ᠤ ᠳᠡᠰ᠎ᠤᠨ ᠬᠤᠳᠠ ᠵᠢᠨ ᠬᠥᠭᠵᠢᠯᠲᠡ᠎ᠶᠢᠨ ᠭᠠᠢᠬᠠᠮᠰᠢᠭᠲᠤ ᠬᠠᠭᠤᠳᠠᠰᠤ᠎ᠶᠢ ᠪᠢᠴᠢᠭᠯᠡᠵᠦ ᠪᠠᠢᠨ᠎ᠠ᠃
ᠴᠢᠩᠭᠢᠰ᠎ᠦᠨ ᠣᠩᠭᠣᠨ ᠨᠢ 《ᠴᠢᠩᠭᠢᠰ ᠬᠠᠭᠠᠨ᠎ᠤ ᠳᠠᠢᠯᠭ᠎ᠠ ᠳᠠᠬᠢᠯᠭ᠎ᠠ ᠵᠢᠨ ᠰᠣᠶᠣᠯ》 ᠵᠢᠡᠷ ᠭᠤᠤᠯ ᠰᠡᠳᠦᠪ ᠪᠣᠯᠭᠠᠭᠰᠠᠨ ᠴᠤᠷ᠎ᠤᠨ ᠭᠠᠭᠴᠠ5Aᠲᠠᠰ ᠤᠨ ᠦᠵᠡᠮᠵᠢ᠎ᠶᠢᠨ ᠣᠷᠣᠨ ᠪᠣᠯᠤᠭᠰᠠᠨ᠎ᠤ ᠬᠤᠪᠢ᠎ᠳᠤ᠂ ᠡᠨᠳᠡ ᠤᠯᠤᠰ ᠤᠨ ᠲᠠᠰ ᠤᠨ ᠪᠣᠳᠠᠰ᠎ᠤᠨ ᠪᠤᠰᠤ ᠰᠣᠶᠣᠯ᠎ᠤᠨ ᠥᠪ ᠪᠤᠯᠤᠭᠰᠠᠨ 《ᠴᠢᠩᠭᠢᠰ᠎ᠦᠨ ᠳᠠᠢᠯᠭ᠎ᠠ ᠲᠠᠬᠢᠯᠭ᠎ᠠ》 ᠵᠢᠨ ᠶᠤᠰᠤᠯᠠᠯ ᠠᠵᠢᠯᠯᠠᠭ᠎ᠠ᠂ ᠤᠷᠠᠯᠢᠭ ᠰᠤᠶᠤᠯ᠎ᠤᠨ ᠦᠵᠡᠬᠦᠯᠪᠤᠷᠢ ᠁ ᠵᠡᠷᠬᠡ ᠨᠢ ᠵᠢᠯ ᠳᠤᠮᠳᠠᠴᠢ᠎ᠪᠠᠷ 200 ᠳᠦᠮᠡᠨ ᠵᠢᠭᠤᠯᠴᠢᠯᠠᠭᠰᠠᠳ᠎ᠤᠨ ᠠᠩᠬᠠᠷᠤᠯ᠎ᠢ ᠲᠠᠲᠠᠳᠠᠭ᠃ ᠡᠨᠡ ᠬᠦ᠌ ᠬᠦᠨ ᠵᠤᠵᠠᠭᠠᠨ ᠰᠤᠶᠤᠯ ᠤᠯᠠᠮᠵᠢᠯᠡᠯ᠎ᠤᠨ ᠬᠦᠷᠦᠰᠦ ᠨᠢ ᠡᠵᠡᠨ ᠬᠤᠷᠤᠭ᠎ᠠ ᠬᠤᠰᠢᠭᠤ ᠵᠢ ᠳᠡᠯᠡᠬᠡᠢ ᠵᠢᠨ ᠳᠡᠢᠳᠡᠢ ᠳᠠᠨᠢᠭᠤᠯᠵᠦ᠂ ᠤᠯᠤᠰ ᠳᠠᠶᠠᠭᠠᠷ ᠠᠯᠳᠠᠷᠰᠢᠭᠤᠯᠤᠨ᠂ ᠤᠷᠤᠨ ᠳᠠᠶᠠᠭᠠᠷ ᠳᠠᠭᠤᠷᠢᠰᠤᠭᠤᠯᠵᠦ᠂ ᠬᠤᠳᠠ ᠳᠠᠶᠠᠭᠠᠷ ᠮᠠᠨᠳᠤᠭᠤᠯᠵᠦ ᠴᠢᠳᠠᠵᠠᠢ᠃
ᠡᠵᠡᠨ ᠬᠣᠷᠣᠭ᠎ᠠ ᠬᠣᠰᠢᠭᠤ ᠵᠢᠨ ᠪᠦᠬᠦ ᠪᠥᠮᠪᠥᠷᠴᠡᠭ᠎ᠦᠨ ᠠᠩᠬᠠᠳᠠᠭᠴᠢ ᠨᠡᠭᠦᠷᠡᠰᠦᠲᠥ᠋ᠷᠥᠭᠴᠢ᠎ᠶᠢᠨ ᠠᠵᠤ ᠦᠢᠯᠡᠰ᠎ᠦᠨ ᠬᠦᠷᠢᠶᠡᠯᠡᠩ ᠤᠨ 80% ᠵᠢᠨ ᠡᠨᠧᠷᠭᠢ ᠨᠢ ᠰᠠᠯᠬᠢᠨ ᠬᠦᠴᠦᠨ᠎ᠦ ᠴᠠᠬᠢᠯᠭᠠᠨ᠂ ᠭᠡᠷᠡᠯᠴᠢ ᠴᠡᠨᠡᠭ ᠪᠣᠯᠤᠨ ᠨᠥᠭᠡᠴᠡ ᠡᠨᠧᠷᠭᠢ᠎ᠡᠴᠡ ᠰᠢᠭᠤᠳ ᠢᠷᠡᠵᠤ᠂ 2024 ᠣᠨ ᠳᠤ 652.9 ᠳ᠋ᠦᠩᠰᠢᠭᠤᠷ ᠲᠥᠭᠥᠷᠢᠭ᠎ᠦᠨ ᠠᠵᠤ ᠦᠢᠯᠡᠳᠪᠦᠷᠢ ᠶᠢᠨ ᠦᠢᠯᠡᠳᠬᠦᠨ ᠦ ᠦᠷᠳᠡᠭ᠎ᠢ ᠪᠡᠶᠡᠯᠡᠭᠦᠯᠵᠦ᠂ 31 ᠬᠡᠪᠴᠢᠶᠡᠵᠢᠯ᠎ᠡᠴᠡ ᠳᠡᠭᠡᠭᠰᠢᠬᠢ ᠠᠵᠤ ᠠᠬᠤᠢᠯᠡᠯ ᠢ ᠳᠠᠢᠴᠢᠯᠠᠵᠤ᠂ ᠮᠢᠩᠭᠠᠨ ᠳ᠋ᠦᠩᠰᠢᠭᠤᠷ ᠳᠡᠰ᠎ᠤᠨ ᠠᠵᠤ ᠦᠢᠯᠡᠰ ᠦᠨ ᠰᠦᠷᠦᠭᠵᠢᠯ᠎ᠢ ᠪᠦᠷᠢᠯᠳᠦᠭᠦᠯᠪᠡ᠃ 《ᠬᠠᠷ᠎ᠠ ᠡᠬᠢ ᠪᠠᠶᠠᠯᠢᠭ》 ᠨᠢ 《ᠪᠣᠬᠢᠷᠲᠤᠯ ᠥᠬᠡᠶ ᠬᠥᠳᠡᠯᠭᠡᠭᠴᠢ ᠡᠨᠧᠷᠭᠢ》ᠳᠠᠢᠰᠢ ᠬᠤᠪᠢᠷᠬᠠᠰᠠᠨ᠎ᠠᠴᠠ ᠬᠣᠶᠠᠷ ᠵᠢᠯ ᠳᠠᠷᠠᠭᠠᠯᠠᠨ《ᠠᠵᠤ ᠠᠬᠤᠢᠯᠡᠯᠲᠠᠨᠤ ᠵᠣᠯ ᠵᠢᠷᠭᠠᠯᠲᠤ ᠲᠥᠷᠥᠭᠳᠡᠯ᠎ᠢᠶᠡᠷ ᠬᠠᠮᠤᠭ᠎ᠤᠨ ᠴᠢᠩᠭ᠎ᠠ ᠬᠣᠲᠠ》 ᠪᠡᠷ ᠦᠨᠡᠯᠡᠭᠳᠡᠵᠦ᠂ ᠡᠬᠢ ᠪᠠᠶᠠᠯᠢᠭ᠎ᠤᠨ ᠬᠡᠯᠪᠡᠷᠢ᠎ᠶᠢᠨ ᠭᠠᠵᠠᠷ ᠣᠷᠣᠨ ᠤ ᠬᠡᠯᠪᠡᠷᠢ᠎ᠪᠡᠨ ᠬᠤᠪᠢᠷᠠᠭᠤᠯᠬᠤ ᠬᠡᠪ ᠳᠠᠭᠤᠷᠢᠶᠠᠯ ᠪᠣᠯᠤᠭᠰᠠᠨ ᠪᠠᠢᠳᠠᠭ ᠪᠢᠯᠡ᠃ ᠠᠯᠲᠠᠨᠰᠢᠷᠡᠭᠡ᠎ᠲᠤ ᠪᠠᠯᠭᠠᠰᠤ᠎ᠠᠴᠠ ᠪᠠᠷᠠᠭᠣᠨᠰᠢ 8 ᠺᠢᠯᠣᠮᠧᠲᠷ ᠵᠠᠢ ᠲᠠᠢ ᠭᠠᠵᠠᠷ᠎ᠲᠤ ᠨᠢᠭᠡᠨ ᠰᠢᠨ᠎ᠡ᠎ᠪᠡᠷ ᠮᠠᠨᠳᠣᠵᠤ ᠪᠦᠭᠦᠢ ᠬᠣᠲᠠ ᠪᠠᠯᠭᠠᠰᠤ ᠬᠡᠮᠡᠷ ᠥᠨᠳᠦᠷ ᠠᠰᠠᠷ ᠪᠠᠷᠢᠯᠭ᠎ᠠ ᠳᠠᠢ ᠦᠢᠯᠡᠳᠪᠦᠷᠢ ᠤᠯᠠᠨ ᠪᠣᠢ᠃ ᠡᠨᠡ ᠪᠣᠯ ᠮᠸᠩ ᠰᠦ᠍ ᠠᠵᠥ ᠠᠬᠣᠢ᠎ᠶᠢᠨ ᠨᠡᠭᠡᠭᠡᠯᠲᠡ᠎ᠶᠢᠨ ᠣᠷᠣᠨ ᠪᠣᠯᠣᠨ᠎ᠠ᠃ 2018 ᠣᠨ᠎ᠤ 3 ᠰᠠᠷ᠎ᠠ᠎ᠳᠤ ᠤᠯᠤᠰ᠎ᠤᠨ ᠵᠢᠷᠭᠤᠭᠠᠨ ᠶᠠᠮᠤᠨ ᠵᠥᠪᠯᠡᠯ᠎ᠳᠤ ᠨᠡᠶ᠋ᠢᠲᠡᠯᠡᠭᠰᠡᠨ 《ᠳᠤᠮᠳᠠᠳᠤ ᠤᠯᠤᠰ᠎ᠤᠨ ᠨᠡᠭᠡᠭᠡᠯᠲᠡ᠎ᠶᠢᠨ ᠣᠷᠤᠨ᠎ᠤ ᠬᠢᠨᠠᠨ ᠬᠠᠷᠭᠤᠭᠤᠯᠤᠭᠰᠠᠨ ᠠᠯᠪᠠᠨ ᠵᠠᠷᠯᠡᠯ》ᠪᠠ 2021 ᠣᠨ᠎ᠤ 8 ᠰᠠᠷ᠎ᠠ᠎ᠶᠢᠨ 6 ᠤ᠋ ᠡᠳᠦᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠡᠭᠡᠯᠲᠡ᠎ᠶᠢᠨ ᠣᠷᠤᠨ ᠤ ᠬᠢᠨᠠᠨ ᠬᠠᠷᠭᠤᠭᠤᠯᠤᠭᠰᠠᠨ ᠠᠯᠪᠠᠨ ᠵᠠᠷᠯᠡᠯ 》 ᠳ᠋ᠤ᠂ ᠲᠥᠯᠥᠪᠵᠢᠭᠦᠯᠵᠦ ᠡᠵᠡᠮᠳᠡᠬᠦ ᠲᠠᠯᠠᠪᠠᠢ᠎ᠨᠢ 150 ᠲᠡᠭᠰᠢ ᠳᠥᠷᠪᠡᠯᠵᠢᠨ ᠺᠢᠯᠣᠮᠧᠲᠷ᠂ ᠲᠥᠯᠥᠪᠵᠢᠭᠦᠯᠵᠦ ᠪᠦᠳᠦᠬᠡᠨ ᠪᠠᠶ᠋ᠢᠭᠤᠯᠬᠤ ᠲᠠᠯᠠᠪᠠᠢ᠎ᠨᠢ 125 ᠲᠡᠭᠰᠢ ᠳᠥᠷᠪᠡᠯᠵᠢᠨ ᠺᠢᠯᠣᠮᠧᠲᠷ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠨᠢᠭᠡᠳᠦᠭᠡᠷ ᠲᠦᠷᠦᠯ᠎ᠤᠨ ᠬᠦᠷᠢᠶᠡᠯᠡᠩ ᠲᠣᠭᠣᠷᠢᠭ᠋ ᠪᠣᠯᠵᠤ ᠪᠠᠢᠭᠣᠯᠣᠭᠳᠠᠵᠠᠢ᠃ ᠨᠡᠭᠡᠭᠡᠯᠲᠡ᠎ᠶᠢᠨ ᠣᠷᠤᠨ᠎ᠨᠢ 《 ᠥᠪᠡᠷᠲᠡᠭᠡᠨ ᠵᠠᠰᠠᠬᠤ ᠣᠷᠣᠨ ᠤ ᠲᠡᠷᠢᠭᠦᠨ᠎ᠤ ᠭᠠᠵᠠᠷ ᠣᠷᠣᠨ᠎ᠤ ᠠᠵᠤ ᠦᠢᠯᠡᠰ ᠤ᠋ᠨ ᠰᠢᠯᠵᠢᠯᠲᠡ᠎ᠶᠢ ᠭᠥᠯᠢᠶᠡᠨ ᠠᠪᠬᠤ᠂ ᠰᠢᠨ᠎ᠡ᠎ᠪᠠᠷ ᠪᠣᠶ ᠪᠣᠯᠤᠭᠰᠠᠨ ᠠᠵᠤ ᠦᠢᠯᠡᠰ ᠤ᠋ᠨ ᠬᠥᠭᠵᠢᠯᠲᠡ᠎ᠶᠢ ᠪᠣᠶ᠋ᠢᠵᠢᠭᠤᠯᠬᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ᠎ᠶᠢᠨ ᠰᠣᠯᠢᠭ᠍ᠳᠠᠯ᠎ᠤᠨ ᠵᠢᠱ᠌ᠢᠶ᠎ᠡ ᠦᠵᠡᠭᠦᠯᠬᠦ ᠨᠡᠭᠡᠭᠡᠯᠲᠡ᠎ᠶᠢᠨ ᠣᠷᠤᠨ ᠢ ᠠᠬᠢᠭᠤᠯᠬᠤ》 ᠬᠥᠭᠵᠢᠯᠲᠡ᠎ᠶᠢᠨ ᠪᠠᠶ᠋ᠢᠷᠢ ᠲᠣᠭᠲᠠᠭᠠᠯᠲᠠ᠎ᠳᠤ ᠰᠠᠭᠤᠷᠢᠯᠠᠨ᠂ 《 ᠨᠢᠭᠡ ᠲᠣᠭᠣᠷᠢᠭ᠋ ᠭᠤᠷᠪᠠᠨ ᠬᠦᠷᠢᠶᠡᠯᠡᠩ 》 ᠤ᠋ᠨ ᠵᠠᠭᠪᠤᠷ᠎ᠢᠶᠠᠷ ᠨᠢᠭᠡ ᠴᠤᠭᠴᠠᠵᠢᠭᠤᠯᠤᠨ ᠬᠠᠮᠢᠶᠠᠷᠴᠤ ᠪᠣᠢ᠂ ᠡᠭᠦᠨ᠎ᠳᠤ ᠵᠢᠶᠠᠩᠰᠦ᠎ᠶᠢᠨ ᠠᠵᠤ ᠦᠢᠯᠡᠰ ᠤᠨ ᠬᠦᠷᠢᠶᠡᠯᠡᠩ ᠨᠢ ᠴᠡᠪᠡᠷ ᠡᠨᠧᠷᠭᠢ᠂ ᠰᠢᠨ᠎ᠡ ᠮᠠᠲᠧᠷᠢᠶᠠᠯ᠎ᠢᠶᠠᠷ ᠭᠣᠤᠯᠯᠠᠬᠤ ᠠᠵᠤ ᠦᠢᠯᠡᠰ ᠪᠣᠯᠭᠠᠵᠤ᠂ ᠱᠧᠩ ᠶᠤᠸᠠᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠦᠷᠢᠶᠡᠯᠡᠩ ᠨᠢ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠪᠠᠷ ᠭᠣᠤᠯᠯᠠᠬᠤ ᠠᠵᠤ ᠦᠢᠯᠡᠰ ᠪᠣᠯᠭᠠᠵᠤ᠂ ᠡᠵᠡᠨ ᠬᠣᠷᠤᠭ᠎ᠠ ᠪᠠᠷᠠᠭᠠᠨ᠎ᠤ ᠭᠦᠢᠯᠭᠡᠭᠡᠨ ᠤ ᠬᠦᠷᠢᠶᠡᠯᠡᠩ ᠨᠢ ᠪᠠᠷᠠᠭᠠᠨ᠎ᠤ ᠭᠦᠢᠯᠭᠡᠭᠡ ᠵᠢᠴᠢ ᠬᠠᠮᠢᠶ᠎ᠠ ᠪᠥᠬᠥᠶ ᠤᠷᠲᠤᠳᠬᠠᠭᠰᠠᠨ ᠠᠵᠤ ᠦᠢᠯᠡᠰ᠎ᠢᠶᠠᠷ ᠭᠣᠤᠯᠯᠠᠬᠤ ᠠᠵᠤ ᠦᠢᠯᠡᠰ ᠪᠣᠯᠭᠠᠪᠠ᠃
ᠣᠳᠣᠬᠠᠨ᠎ᠳᠤ ᠨᠡᠭᠡᠭᠡᠯᠲᠡ᠎ᠶᠢᠨ ᠣᠷᠤᠨ᠎ᠤ ᠬᠢᠨ ᠰᠢᠨ᠎ᠡ ᠤᠷᠤᠯᠳᠤᠭᠠᠨ᠎ᠤ ᠵᠠᠮ᠎ᠢ ᠨᠡᠭᠡᠭᠡᠬᠦ᠂ ᠰᠢᠨ᠎ᠡ ᠬᠥᠳᠡᠯᠭᠡᠭᠦᠷ᠎ᠢ ᠡᠭᠦᠳᠬᠦ᠂ ᠰᠢᠨ᠎ᠡ ᠳᠠᠪᠠᠭᠤᠯᠢᠭ᠋᠎ᠢ ᠡᠭᠦᠳᠬᠦ ᠲᠠᠯ᠎ᠠ ᠪᠠᠷ ᠲᠡᠷᠢᠭᠦᠨ᠎ᠳᠤ ᠣᠷᠣᠵᠤ᠂ ᠨᠡᠭᠦᠷᠡᠰᠦᠲᠥ᠋ᠷᠥᠭᠴᠢᠦᠯᠦ ᠭᠠᠳᠠᠭᠰᠢᠯᠠᠭᠤᠯᠬᠣ᠌ ᠠᠵᠤ ᠦᠢᠯᠡᠰ᠎ᠤᠨ ᠬᠦᠷᠢᠶᠡᠯᠡᠩ ᠢ ᠪᠦᠬᠦ ᠬᠦᠴᠦᠨ᠎ᠢᠶᠠᠷ᠎ᠢᠶᠠᠨ ᠪᠠᠶ᠋ᠢᠭᠤᠯᠵᠤ᠂ 《ᠤᠰᠤᠲᠥ᠋ᠷᠥᠭᠴᠢ ᠬᠠᠳᠠᠭᠠᠯᠠᠬᠤ ᠮᠠᠰᠢᠨ ᠴᠤᠭᠴᠠᠯᠠᠪᠤᠷᠢ》 ᠪᠦᠬᠦᠢ ᠠᠵᠤ ᠦᠢᠯᠡᠰ᠎ᠤᠨ ᠪᠦᠯᠦᠭᠵᠢᠯ᠎ᠢ ᠪᠦᠬᠦ ᠲᠠᠯ᠎ᠠ᠎ᠪᠠᠷ ᠪᠠᠶ᠋ᠢᠭᠤᠯᠵᠤ᠂ ᠨᠡᠭᠦᠷᠡᠰᠦ᠎ᠪᠠᠷ ᠴᠡᠪᠡᠷ ᠲᠦᠯᠡᠰᠢ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠢ ᠲᠦᠷᠭᠡᠨ ᠪᠠᠢᠭᠤᠯᠤᠨ᠂ ᠤᠳᠤ ᠦᠶ᠎ᠡ ᠶᠢᠨ ᠪᠠᠷᠠᠭᠠᠨ᠎ᠤ ᠭᠦᠢᠯᠭᠡᠭᠡᠨ ᠤ ᠠᠵᠢᠯᠯᠠᠭᠠᠨ ᠤ ᠰᠢᠰᠲᠧᠮ ᠢ ᠬᠦᠴᠦᠯᠡᠨ ᠪᠠᠶ᠋ᠢᠭᠤᠯᠵᠤ᠂ ᠦᠢᠯᠡᠴᠢᠯᠡᠭᠡᠨ᠎ᠤ ᠪᠠᠲᠤᠯᠠᠪᠤᠷᠢ ᠶᠢᠨ ᠴᠢᠳᠠᠪᠤᠷᠢ ᠶᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠠᠵᠤ ᠦᠢᠯᠡᠰ ᠤᠨ ᠴᠢᠨᠠᠷ ᠰᠠᠶ᠋ᠢᠲᠠᠢ ᠬᠥᠭᠵᠢᠯᠲᠡ᠎ᠶᠢᠨ ᠰᠢᠨ᠎ᠡ ᠥᠨᠳᠥᠷᠯᠢᠭ ᠢ ᠪᠦᠬᠦ ᠲᠠᠯ᠎ᠠ᠎ᠪᠠᠷ ᠪᠠᠶ᠋ᠢᠭᠤᠯᠵᠤ ᠪᠠᠶ᠋ᠢᠨ᠎ᠠ᠃
ᠡᠨᠡ ᠮᠡᠳᠦᠴᠢᠯᠡᠨ᠂ ᠡᠵᠡᠨ ᠬᠤᠷᠤᠭ᠎ᠠ ᠬᠤᠰᠢᠭᠤ ᠲᠡᠦᠬᠡ᠎ᠶᠢᠨ ᠤᠷᠳᠤ ᠠᠶᠠᠨ᠎ᠳᠠᠬᠢ ᠪᠣᠯᠪᠠᠰᠤᠨ ᠤ ᠤᠯᠠᠭ᠎ᠠ ᠦᠷᠳᠡᠭᠡ ᠪᠣᠯᠬᠤ ᠪᠥᠭᠡᠳ ᠪᠠᠰᠠ ᠤᠳᠤ ᠦᠶ᠎ᠡ᠎ᠶᠢᠨ ᠬᠡᠯᠪᠡᠷᠢ ᠪᠡᠨ ᠬᠤᠪᠢᠷᠠᠭᠤᠯᠬᠤ ᠳᠤᠮᠳᠠᠬᠢ ᠰᠢᠨ᠎ᠡ᠎ᠶᠢ ᠡᠭᠦᠳᠴᠤ ᠪᠤᠢ ᠠᠵᠦ ᠦᠢᠯᠡᠰ ᠤᠨ ᠥᠨᠳᠥᠷᠯᠢᠭ ᠴᠠᠮᠬᠠᠭ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃