ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠥᠩᠭᠡ

2025-09-12 15:48:29

ᠵᠣᠬᠢᠶᠠᠭ᠍ᠴᠢ᠄ ​ᠬᠤᠸᠠ ᠯᠸᠢ ᠣᠩᠱᠢᠭ᠍ᠰᠠᠨ ᠣᠳᠠᠭ᠎ᠠ᠄ 3

ᠬᠦᠷᠢᠶ᠎ᠡ ᠬᠤᠰᠢᠭᠤᠨ᠎ᠤ ᠰᠠᠭᠠᠭ ᠤ᠋ᠨ ᠠᠵᠦ ᠦᠢᠯᠡᠰ᠎ᠤᠨ ᠬᠥᠭᠵᠢᠯ ᠮᠠᠨᠳᠤᠯ ᠨᠢ ᠭᠠᠵᠠᠷ ᠣᠷᠣᠨ ᠤ᠋ ᠠᠵᠤ ᠠᠬᠤᠶ ᠬᠢᠭᠡᠳ ᠰᠣᠶᠣᠯ ᠤ᠋ᠨ ᠭᠦᠨᠵᠡᠭᠡᠶ ᠠᠭᠤᠰᠤᠯᠴᠠᠯ ᠤ᠋ᠨ ᠨᠡᠢᠲᠡᠯᠢᠭ ᠵᠢᠱ᠌ᠢᠶ᠎ᠡ ᠪᠣᠯᠤᠨ᠎ᠠ᠃ ᠮᠢᠩᠭᠠᠨ ᠣᠨ ᠤ᠋ ᠲᠠᠷᠢᠶᠠᠯᠠᠩ ᠤ᠋ᠨ ᠤᠯᠠᠮᠵᠢᠯᠠᠯ ᠲᠠᠶ ᠲᠠᠷᠢᠮᠠᠯ ᠠ᠋ᠴᠠ ᠲᠦᠷᠦᠯ ᠲᠡᠮᠳᠡᠭ ᠦ᠋ᠨ ᠦᠷᠳᠡᠭ 83 ᠳ᠋ᠦᠩᠰᠢᠭᠤᠷ ᠲᠥᠭᠥᠷᠢᠭ ᠢ᠋ ᠳᠠᠪᠠᠭᠰᠠᠨ ᠠᠵᠤ ᠦᠢᠯᠡᠰ ᠦ᠋ᠨ ᠬᠡᠪ ᠳᠠᠭᠤᠷᠢᠶᠠᠯ ᠬᠦᠷᠲᠡᠯ᠎ᠡ᠂ ᠬᠦᠷᠢᠶ᠎ᠡ ᠰᠠᠭᠠᠭ ᠨᠢ 《ᠠᠵᠤ ᠠᠬᠤᠢ ᠶ᠋ᠢᠨ ᠠᠴᠢᠶᠠᠯᠠᠪᠤᠷᠢ + ᠰᠣᠶᠣᠯ ᠤ᠋ᠨ ᠲᠡᠮᠳᠡᠭ》 ᠤ᠋ᠨ ᠳᠠᠪᠬᠤᠷ ᠢᠯᠡᠷᠬᠡᠢᠯᠡᠯ ᠵᠢᠡᠷ ᠣᠷᠣᠨ ᠪᠦᠰᠡ ᠶ᠋ᠢᠨ ᠲᠦᠷᠦᠯ ᠲᠡᠮᠳᠡᠭ ᠦ᠋ᠨ ᠪᠦᠳᠦᠭᠡᠨ ᠪᠠᠢᠭᠤᠯᠤᠯᠲᠠ ᠳ᠋ᠤ᠌ ᠰᠢᠨ᠎ᠡ ᠦᠯᠢᠭᠡᠷ ᠬᠡᠪ ᠬᠠᠡᠭ᠌ᠭᠠᠵᠤ ᠪᠠᠢᠨ᠎ᠠ᠃

《ᠳᠤᠮᠳᠠᠳᠤ ᠤᠯᠤᠰ ᠤ᠋ᠨ ᠰᠠᠭᠠᠭ ᠤ᠋ᠨ ᠨᠤᠲᠤᠭ》 ᠪᠣᠯᠤᠭᠰᠠᠨ ᠤ᠋ ᠬᠤᠪᠢ ᠳ᠋ᠤ᠌᠂ ᠬᠦᠷᠢᠶ᠎ᠡ ᠰᠠᠭᠠᠭ ᠤ᠋ᠨ ᠢᠷᠠᠯᠳᠠ ᠨᠢ ᠭᠦᠨ ᠵᠤᠵᠠᠭᠠᠨ ᠰᠣᠶᠣᠯ ᠤ᠋ᠨ ᠠᠭᠤᠯᠬᠤᠨ ᠲᠠᠢ᠃ ᠮᠢᠩᠭᠠᠨ ᠵᠢᠯ ᠦ᠋ᠨ ᠲᠠᠷᠢᠮᠠᠯ ᠤ᠋ᠨ ᠲᠡᠦᠬᠡ ᠨᠢ ᠤᠮᠠᠷᠠᠲᠤ ᠬᠢᠯᠢ ᠶ᠋ᠢᠨ ᠲᠠᠷᠢᠶᠠᠯᠠᠬᠤ ᠪᠣᠯᠪᠠᠰᠤᠨ ᠤ᠋ ᠭᠧᠨ ᠢ᠋ ᠠᠴᠢᠶᠠᠯᠠᠵᠤ᠂ ᠠᠮᠢᠳᠤ ᠪᠣᠳᠠᠰ ᠤ᠋ᠨ ᠰᠤᠳᠤᠯᠤᠯ ᠢ᠋ᠶ᠋ᠠᠷ ᠭᠡᠷᠡᠴᠢᠯᠡᠭᠳᠡᠭᠰᠡᠨ ᠶᠢᠰᠦᠨ ᠵᠠᠭᠤᠨ ᠵᠢᠯ ᠦ᠋ᠨ ᠡᠬᠢ ᠪᠠᠶᠠᠯᠢᠭ᠋ ᠤ᠋ᠨ ᠰᠣᠯᠢᠯᠴᠠᠭ᠎ᠠ ᠨᠢ ᠤᠷᠳᠤ ᠤᠳᠠᠭᠠᠨ ᠤᠯᠠᠮᠵᠢᠯᠠᠯᠳᠤ ᠲᠡᠦᠬᠡᠨ ᠬᠠᠭᠤᠳᠠᠰᠤ ᠶ᠋ᠢ ᠪᠢᠴᠢᠭᠯᠡᠪᠡ᠃ 《ᠰᠠᠭᠠᠭ ᠤ᠋ᠨ ᠴᠡᠴᠡᠭ ᠲᠡᠯᠭᠡᠷᠡᠯ᠎ᠡ》 ᠵᠡᠷᠭᠡ ᠤᠳᠬ᠎ᠠ ᠤᠷᠠᠯᠢᠭ᠋ ᠤ᠋ᠨ ᠪᠦᠲᠦᠭᠡᠯ ᠪᠣᠯᠤᠨ ᠰᠠᠭᠠᠭ ᠤ᠋ᠨ ᠠᠮᠲᠠᠲᠤ ᠢᠳᠡᠭᠡᠨ ᠨᠢ ᠲᠠᠷᠢᠮᠠᠯ ᠎ᠤᠨ ᠪᠤᠳᠠᠰ ᠢ᠋ ᠨᠤᠲᠤᠭ ᠤ᠋ᠨ ᠰᠤᠶᠤᠯ ᠦ᠋ᠨ ᠠᠴᠢᠶᠠᠯᠠᠭ᠍ᠴᠢ ᠪᠣᠯᠭᠠᠵᠤ᠂ ᠨᠠᠷᠠᠲᠤ ᠲᠡᠮᠳᠡᠭᠲᠦ ᠳ᠋ᠦ᠍ ᠥᠪᠡᠷᠮᠢᠴᠡ ᠣᠶᠤᠨ ᠰᠠᠨᠠᠭᠠᠨ ᠤ᠋ ᠠᠭᠤᠯᠤᠭᠳᠠᠬᠤᠨ ᠢ᠋ ᠨᠡᠮᠡᠷᠢᠯᠡᠭᠰᠡᠨ ᠪᠠᠢᠨ᠎ᠠ᠃ ᠡᠨᠡᠬᠦ 《ᠬᠥᠳᠡᠭᠡ ᠠᠵᠤ ᠠᠬᠤᠢ + ᠰᠣᠶᠣᠯ》ᠤ᠋ᠨ ᠠᠭᠤᠰᠤᠯᠴᠠᠯ ᠨᠢ ᠬᠦᠷᠢᠶ᠎ᠡ ᠰᠠᠭᠠᠭ ᠢ᠋ ᠡᠩ ᠦ᠋ᠨ ᠲᠠᠷᠢᠶᠠᠯᠠᠩ ᠤ᠋ᠨ ᠪᠦᠲᠦᠭᠡᠭᠳᠡᠬᠦᠨ ᠦ᠌ ᠠᠶ ᠠ᠋ᠴᠠ ᠰᠠᠯᠭᠠᠵᠤ᠂ ᠣᠷᠣᠨ ᠨᠤᠲᠤᠭ ᠤ᠋ᠨ ᠰᠣᠶᠣᠯ ᠤ᠋ᠨ ᠨᠡᠷ᠎ᠡ ᠶ᠋ᠢᠨ ᠬᠠᠭᠤᠳᠠᠰᠤ ᠵᠢᠨ ᠠᠯᠳᠠᠷᠰᠢᠯ ᠲᠠᠢ ᠪᠤᠯᠭᠠᠵᠤ᠂ ᠠᠵᠤ ᠦᠢᠯᠡᠰ ᠦ᠋ᠨ ᠬᠥᠭᠵᠢᠯᠲᠡ ᠳ᠋ᠦ᠍ ᠤᠶᠤᠨ ᠰᠠᠨᠠᠭᠠᠨ ᠤ᠋ ᠰᠠᠭᠤᠷᠢ ᠶ᠋ᠢ ᠪᠡᠬᠢᠵᠢᠭᠦᠯᠵᠡᠢ᠃

ᠠᠵᠤ ᠦᠶ᠋ᠯᠡᠰ ᠦ᠋ᠨ ᠲᠠᠰ ᠳᠠᠪᠰᠢᠯᠲᠠ ᠪᠣᠯ ᠬᠦᠷᠢᠶ᠎ᠡ ᠰᠠᠭᠠᠭ ᠤ᠋ᠨ 《ᠠᠷᠤᠭ ᠶᠠᠰᠤ》 ᠪᠠᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠰᠢᠨ᠎ᠡ ᠶ᠋ᠢ ᠡᠭᠦᠳᠬᠦ ᠪᠡᠷ ᠠᠵᠤ ᠠᠬᠤᠶ ᠶ᠋ᠢᠨ ᠳᠠᠯᠳᠠ ᠬᠦᠴᠦᠨ ᠢ᠋ ᠬᠦᠭᠵᠢᠭᠡᠵᠤ᠂ ᠠᠩᠬ᠎ᠠ ᠡᠳ᠋ᠰᠢᠭᠦᠯᠦᠯᠲᠡ ᠡᠴᠡ ᠨᠠᠷᠢᠯᠢᠭ᠋ ᠡᠳ᠋ᠰᠢᠭᠦᠯᠦᠯᠲᠡ ᠶ᠋ᠢᠨ ᠳᠠᠪᠠᠯᠲᠠ ᠬᠦᠷᠲᠡᠯ᠎ᠡ᠂ ᠮᠡᠷᠭᠡᠵᠢᠯ ᠦ᠋ᠨ ᠬᠦᠴᠦᠨ᠎ᠳᠦ ᠲᠦᠰᠢᠭᠯᠡᠨ ᠴᠢᠨᠠᠷ ᠴᠢᠨᠰᠠᠭ᠎ᠠ ᠶ᠋ᠢᠨ ᠳᠡᠭᠡᠭᠰᠢᠯᠡᠯᠲᠡ ᠶ᠋ᠢ ᠪᠡᠶᠡᠯᠡᠬᠦᠯᠵᠤ᠂ ᠳ᠋ᠣᠺᠲ᠋ᠣᠷ ᠤ᠋ᠨ ᠠᠵᠢᠯ ᠤ᠋ᠨ ᠦᠷᠳᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦ᠋ᠨ ᠪᠠᠭ᠎ᠠ ᠬᠦᠷᠢᠶᠡᠯᠡᠩ ᠎ᠳᠤ ᠰᠠᠭᠤᠷᠢᠯᠡᠵᠦ᠂ ᠤᠯᠠᠮᠵᠢᠯᠠᠯᠲᠤ ᠲᠠᠷᠢᠶᠠᠯᠠᠩ ᠢ᠋ ᠤᠳᠤ ᠦᠶ᠎ᠡ ᠶ᠋ᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦ᠋ᠨ ᠬᠤᠷᠳᠤᠨ ᠤ᠋ ᠲᠡᠷᠭᠡᠨ᠎ᠳᠦ ᠭᠠᠷᠭᠠᠭᠰᠠᠨ ᠪᠠᠢᠨ᠎ᠠ᠃ ᠤᠯᠤᠰ ᠤ᠋ᠨ ᠭᠠᠵᠠᠷ ᠵᠦᠶ ᠶ᠋ᠢᠨ ᠢᠯᠡᠷᠬᠡᠢᠯᠡᠯᠳᠤ ᠪᠦᠳᠦᠬᠡᠭᠳᠡᠬᠦᠨ ᠪᠣᠯᠤᠨ ᠪᠣᠬᠢᠷᠲᠤᠯ ᠥᠬᠡᠶ ᠭᠡᠷᠡᠴᠢᠯᠡᠯ ᠦ᠋ᠨ ᠪᠣᠯᠪᠠᠰᠤᠷᠠᠭᠤᠯᠤᠯᠲᠠ ᠨᠢ ᠨᠠᠷᠠᠲᠤ ᠲᠡᠮᠳᠡᠭᠲᠦ ᠶ᠋ᠢᠨ ᠥᠷᠢᠰᠥᠯᠳᠦᠬᠦ ᠬᠦᠴᠦᠨ ᠢ᠋ ᠪᠠᠲᠤᠳᠬᠠᠪᠠ᠃ ᠢᠯᠠᠩᠭᠤᠶ᠎ᠠ ᠰᠠᠭᠠᠭ ᠤ᠋ᠨ ᠠᠮᠲᠠᠲᠤ ᠢᠳᠡᠭᠡᠨ ᠦ᠌ ᠰᠣᠶᠣᠯ ᠤ᠋ᠨ ᠭᠠᠷᠠᠭ ᠢ᠋ ᠡᠷᠬᠢᠯᠡᠨ᠂ ᠰᠤᠳᠤᠯᠤᠨ ᠶᠠᠷᠢᠯᠴᠠᠬᠤ᠂ ᠤᠷᠤᠯᠳᠤᠭᠠᠨ ᠶᠠᠪᠤᠭᠳᠠᠭᠤᠯᠬᠤ᠂ ᠪᠡᠶᠡᠴᠢᠯᠡᠨ ᠣᠢᠯᠠᠭᠠᠬᠤ ᠵᠡᠷᠭᠡ ᠣᠯᠠᠨ ᠡᠰᠢᠲᠦ ᠠᠵᠢᠯᠯᠠᠭ᠎ᠠ ᠪᠠᠷ ᠲᠠᠮᠵᠢᠨ᠂ 《ᠰᠣᠶᠣᠯ ᠤ᠋ᠨ ᠦᠵᠡᠭᠦᠯᠭᠡ》 ᠬᠢᠭᠡᠳ 《ᠠᠵᠤ ᠦᠶ᠋ᠯᠡᠰ ᠦ᠋ᠨ ᠳᠡᠯᠭᠡᠷᠡᠭᠦᠯᠦᠯᠲᠡ》 ᠶ᠋ᠢ ᠵᠡᠷᠭᠡᠪᠡᠷ ᠶᠠᠪᠤᠭᠳᠠᠭᠤᠯᠵᠤ᠂ ᠰᠣᠶᠣᠯ ᠤ᠋ᠨ ᠦᠨ᠎ᠡ ᠥᠷᠲᠡᠭ ᠢ᠋ ᠭᠦᠨᠵᠡᠭᠡᠶ ᠠᠭᠤᠳᠠᠯᠤᠭᠰᠠᠨ ᠳᠡᠳᠦᠢ ᠥᠬᠡᠶ ᠪᠠᠰᠠ ᠵᠠᠬ᠎ᠠ ᠳᠡᠯᠭᠡᠭᠦᠷ ᠦ᠋ᠨ ᠣᠷᠣᠨ ᠵᠠᠶ ᠶ᠋ᠢ ᠦᠷᠭᠡᠳᠭᠡᠭᠰᠡᠨ ᠪᠠᠢᠨ᠎ᠠ᠃

ᠬᠦᠷᠢᠶ᠎ᠡ ᠰᠠᠭᠠᠭ ᠤ᠋ᠨ ᠦᠶ᠋ᠯᠡᠳᠦᠯᠭᠡ ᠨᠢ᠂ ᠴᠢᠨᠠᠷ ᠰᠠᠢᠲᠠᠶ ᠨᠠᠷᠠᠲᠤ ᠲᠡᠮᠳᠡᠭᠳᠤ ᠨᠢ ᠠᠵᠤ ᠦᠶ᠋ᠯᠡᠰ ᠢ᠋ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠣᠨ ᠤ᠋ ᠬᠥᠭᠵᠢᠯᠲᠡ ᠳ᠋ᠦ᠍ ᠬᠦᠴᠦᠨ ᠨᠡᠮᠡᠷᠢᠯᠡᠬᠦ ᠠᠵᠤ ᠠᠬᠤᠶ ᠶ᠋ᠢᠨ ᠬᠠᠲᠠᠭᠤ ᠪᠣᠳᠠᠲᠤ ᠬᠦᠴᠦᠨ ᠢ᠋ ᠪᠦᠷᠢᠯᠳᠦᠭᠦᠯᠬᠦ ᠪᠡᠷ ᠪᠠᠷᠠᠬᠤ ᠥᠬᠡᠶ᠂ ᠲᠡᠦᠬᠡ ᠪᠠ ᠢᠷᠡᠭᠡᠳᠦᠶ ᠶ᠋ᠢ ᠬᠣᠯᠪᠣᠭᠰᠠᠨ ᠰᠣᠶᠣᠯ ᠤ᠋ᠨ ᠵᠥᠭᠡᠯᠡᠨ ᠪᠣᠳᠠᠲᠤ ᠬᠦᠴᠦᠨ ᠢ᠋ ᠴᠦ᠍ ᠪᠦᠷᠢᠯᠳᠦᠭᠦᠯᠬᠦ ᠴᠢᠬᠤᠯᠠ ᠳᠠᠢ᠃ ᠡᠨᠡᠬᠦ 《ᠬᠥᠳᠡᠭᠡ ᠠᠵᠤ ᠠᠬᠤᠢ ᠪᠠᠷ ᠰᠠᠭᠤᠷᠢ ᠪᠣᠯᠭᠠᠬᠤ᠂ ᠰᠣᠶᠣᠯ ᠢ᠋ᠶ᠋ᠠᠷ ᠰᠦᠭ ᠰᠦᠨᠡᠰᠦ ᠪᠣᠯᠭᠠᠬᠤ᠂ ᠦᠢᠯᠡᠳᠪᠦᠷᠢᠯᠡᠯ ᠢ᠋ᠶ᠋ᠡᠷ ᠡᠨᠧᠷᠭᠢ ᠣᠯᠭᠣᠬᠤ》 ᠵᠠᠭᠪᠤᠷ ᠨᠢ ᠣᠷᠣᠨ ᠨᠤᠲᠤᠭ ᠤ᠋ᠨ ᠡᠬᠢ ᠪᠠᠶᠠᠯᠢᠭ᠋ ᠲᠤ᠌ ᠰᠠᠭᠤᠷᠢᠯᠠᠨ᠂ ᠰᠣᠶᠣᠯ ᠤ᠋ᠨ ᠠᠭᠤᠯᠤᠭᠳᠠᠬᠤᠨ ᠢ᠋ ᠭᠦᠨᠵᠡᠭᠡᠶ ᠠᠭᠤᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠰᠢᠨ᠎ᠡ ᠶ᠋ᠢ ᠡᠭᠦᠳᠬᠦ ᠳ᠋ᠦ᠍ ᠲᠦᠰᠢᠭᠯᠡᠨ᠂ ᠥᠪᠡᠷᠮᠢᠴᠡ ᠣᠨᠴᠠᠯᠢᠭ᠋ ᠲᠠᠶ ᠠᠵᠤ ᠠᠬᠤᠢ ᠰᠣᠶᠣᠯ ᠤ᠋ᠨ ᠲᠦᠷᠦᠯ ᠲᠡᠮᠳᠡᠭ ᠢ᠋ ᠡᠭᠦᠳᠬᠦ ᠳ᠋ᠦ᠍ ᠲᠤᠯᠢ ᠪᠣᠯᠭᠠᠵᠤ ᠪᠣᠯᠬᠤ 《ᠬᠦᠷᠢᠶ᠎ᠡ ᠶ᠋ᠢᠨ ᠲᠤᠷᠰᠢᠯᠭ᠎ᠠ》 ᠶ᠋ᠢ ᠬᠠᠡᠭ᠌ᠭᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面