ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠥᠩᠭᠡ

2025-10-10 11:43:00

ᠵᠣᠬᠢᠶᠠᠭ᠍ᠴᠢ᠄ ᠤᠷᠠᠯᠢᠭ ᠣᠩᠱᠢᠭ᠍ᠰᠠᠨ ᠣᠳᠠᠭ᠎ᠠ᠄ 3

ᠰᠢᠯᠢ᠎ᠶᠢᠨ ᠭᠤᠣᠯ ᠠᠢᠮᠠᠭ᠎ᠤᠨ ᠰᠦᠨᠢᠳ ᠵᠡᠬᠦᠨ ᠬᠤᠰᠢᠭᠤ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠶ ᠳᠤᠭᠤᠰᠢᠯᠠᠭᠤᠯᠵᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠬᠤ᠎ᠶᠢᠨ ᠲᠥᠯᠥᠭᠡ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠳᠠᠭᠠᠨ ᠤᠷᠤᠬᠰᠢᠯᠠᠬᠤ》 ᠣᠯᠠᠨ ᠲᠦᠮᠡᠨᠴᠢ ᠬᠥᠮᠦᠵᠢᠯ᠎ᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ 《ᠬᠤᠶᠠᠷ᠎ᠢ ᠮᠡᠳᠡᠭᠦᠯᠬᠦ᠂ ᠬᠤᠶᠠᠷ ᠲᠤ᠌ ᠤᠢᠯᠡᠴᠢᠯᠡᠬᠦ᠂ ᠬᠤᠶᠠᠷ᠎ᠢ ᠬᠠᠷᠢᠭᠤ ᠮᠡᠳᠡᠭᠦᠯᠬᠦ》 ᠠᠵᠢᠯ᠎ᠤᠨ ᠲᠣᠭᠲᠠᠴᠠ᠎ᠪᠠᠷ ᠭᠠᠷᠳᠠᠴᠠ ᠪᠣᠯᠭᠠᠵᠤ᠂ ᠪᠠᠶ᠋ᠢᠭᠤᠯᠭ᠎ᠠ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠠᠵᠢᠯ᠎ᠤᠨ ᠪᠠᠶ᠋ᠢᠷᠢᠨ᠎ᠳᠤ ᠪᠠᠶ᠋ᠢᠭ᠎ᠠ ᠨᠠᠮ᠎ᠤᠨ ᠭᠡᠰᠢᠭᠦᠨ᠎ᠤ ᠬᠦᠴᠦᠨ᠎ᠢ ᠳᠣᠷᠣᠭ᠍ᠰᠢ ᠪᠠᠭᠤᠯᠭᠠᠬᠤ᠂ ᠡᠬᠢ ᠪᠠᠶᠠᠯᠢᠭ᠋᠎ᠢ ᠳᠣᠷᠣᠭ᠍ᠰᠢ ᠪᠠᠭᠤᠯᠭᠠᠬᠤ᠂ ᠤᠢᠯᠡᠴᠢᠯᠡᠭᠡ᠎ᠶᠢ ᠳᠣᠷᠣᠭ᠍ᠰᠢ ᠪᠠᠭᠤᠯᠭᠠᠬᠤ᠎ᠶᠢ ᠠᠬᠢᠭᠤᠯᠵᠤ᠂ ᠵᠣᠬᠢᠶᠠᠨ ᠪᠠᠶ᠋ᠢᠭᠤᠯᠤᠯᠲᠠ ᠪᠣᠯᠤᠨ ᠨᠡᠶ᠋ᠢᠭᠡᠮ ᠲᠣᠭᠤᠷᠢᠭ᠋᠎ᠤᠨ ᠬᠣᠯᠪᠤᠭᠠᠯᠠᠬᠤ᠂ ᠨᠠᠮ᠎ᠤᠨ ᠭᠡᠰᠢᠭᠦᠨ ᠪᠣᠯᠤᠨ ᠣᠯᠠᠨ ᠲᠦᠮᠡᠨ᠎ᠤ ᠬᠠᠷᠢᠯᠴᠠᠨ ᠬᠥᠳᠡᠯᠦᠯᠴᠡᠬᠦ᠎ᠶᠢ ᠪᠡᠶᠡᠯᠡᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠵᠣᠬᠢᠶᠠᠨ ᠪᠠᠶ᠋ᠢᠭᠤᠯᠬᠤ ᠬᠦᠴᠦᠨ ᠪᠣᠯᠤᠨ ᠵᠠᠰᠠᠯᠲᠠ᠎ᠶᠢᠨ ᠦᠷ᠎ᠡ ᠪᠦᠲᠦᠮᠵᠢ᠎ᠶᠢ ᠪᠦᠲᠦᠮᠵᠢᠲᠡᠶ ᠳᠡᠭᠡᠭᠰᠢᠯᠡᠭᠦᠯᠪᠡ᠃

ᠬᠤᠰᠢᠭᠤ ᠨᠠᠮ᠎ᠤᠨ ᠬᠤᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠠᠴᠠ 《ᠠᠵᠢᠯ᠎ᠤᠨ ᠪᠠᠶ᠋ᠢᠷᠢ᠎ᠳᠤ ᠪᠠᠶ᠋ᠢᠭ᠎ᠠ ᠨᠠᠮ᠎ᠤᠨ ᠭᠡᠰᠢᠭᠦᠨ ᠨᠡᠶ᠋ᠢᠭᠡᠮ ᠲᠣᠭᠤᠷᠢᠭ᠋᠎ᠲᠤ ᠣᠷᠣᠵᠤ ᠨᠡᠷ᠎ᠡ ᠮᠡᠳᠡᠭᠦᠯᠬᠦ ᠵᠢᠴᠢ ᠰᠣᠩᠭᠤᠨ ᠲᠣᠮᠢᠯᠠᠬᠤ ᠠᠵᠢᠯ᠎ᠤᠨ ᠲᠤᠬᠠᠶ ᠮᠡᠳᠡᠭᠳᠡᠯ》᠎ᠢ᠋ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠯ᠎ᠡ ᠨᠢᠭᠡᠴᠢ᠎ᠶᠢᠨ ᠨᠡᠶ᠋ᠢᠭᠡᠮ ᠲᠣᠭᠤᠷᠢᠭ᠋᠎ᠤᠨ ᠲᠣᠣᠷᠵᠢᠯ᠎ᠤᠨ ᠬᠦᠷᠢᠶ᠎ᠡ ᠬᠡᠪᠴᠢᠶ᠎ᠡ᠂ ᠠᠵᠢᠯ᠎ᠤᠨ ᠠᠭᠤᠯᠭ᠎ᠠ ᠪᠣᠯᠤᠨ ᠠᠵᠢᠯᠯᠠᠭ᠎ᠠ᠎ᠶᠢᠨ ᠠᠷᠭ᠎ᠠ ᠮᠠᠶᠢᠭ᠋᠎ᠢ ᠳᠠᠬᠢᠨ ᠰᠢᠨ᠎ᠡ᠎ᠪᠠᠷ ᠲᠣᠭᠲᠠᠭᠠᠪᠠ᠃ ᠲᠤᠰᠬᠠᠶ ᠰᠡᠳᠦᠪᠲᠦ ᠪᠠᠶ᠋ᠢᠷᠢᠯᠠᠭᠤᠯᠤᠯᠲᠠ᠎ᠶᠢᠨ ᠬᠤᠷᠠᠯ ᠵᠢᠴᠢ 《ᠲᠣᠣᠷᠵᠢᠯ᠎ᠤᠨ ᠵᠢᠭᠠᠨ ᠵᠢᠯᠣᠭᠤᠳᠣᠭ᠍ᠴᠢ》᠎ᠶ᠋ᠢ ᠤᠷᠢᠨ ᠲᠣᠮᠢᠯᠠᠬᠤ᠎ᠪᠠᠷ ᠳᠠᠮᠵᠢᠭᠤᠯᠤᠨ᠂ 55 ᠰᠢᠯᠢᠳᠡᠭ ᠵᠠᠯᠠᠭᠤ ᠨᠠᠮ᠎ᠤᠨ ᠭᠡᠰᠢᠭᠦᠨ ᠺᠠᠳ᠋ᠷᠴᠤᠳ᠎ᠲᠤ ᠤᠷᠢᠯᠭ᠎ᠠ᠎ᠶᠢᠨ ᠪᠢᠴᠢᠭ ᠣᠯᠭᠤᠭᠰᠠᠨ ᠪᠥᠭᠡᠳ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠶ᠋ᠢᠳᠠᠯ᠎ᠳᠤ ᠬᠢᠨᠠᠯᠲᠠ ᠲᠠᠯᠪᠢᠬᠤ᠎ᠪᠠᠨ ᠴᠢᠩᠭᠠᠳᠬᠠᠪᠠ᠃ ᠣᠳᠣᠬᠠᠨ᠎ᠳᠤ᠂ ᠪᠥᠬᠦ ᠬᠤᠰᠢᠭᠤᠨ᠎ᠤ 68 ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ 874 ᠠᠵᠢᠯ᠎ᠤᠨ ᠪᠠᠶ᠋ᠢᠷᠢ᠎ᠳᠤ ᠪᠠᠶ᠋ᠢᠭ᠎ᠠ ᠨᠠᠮ᠎ᠤᠨ ᠭᠡᠰᠢᠭᠦᠨ ᠨᠢᠭᠡᠨᠲᠡ ᠪᠦᠬᠦᠨ᠎ᠢ ᠲᠤᠬᠢᠷᠠᠭᠤᠯᠤᠨ ᠨᠡᠷ᠎ᠡ ᠮᠡᠳᠡᠭᠦᠯᠵᠦ᠂ ᠪᠠᠶ᠋ᠢᠩᠭᠤ᠎ᠶᠢᠨ ᠴᠢᠨᠠᠷᠲᠠᠶ ᠨᠡᠶ᠋ᠢᠭᠡᠮ ᠲᠣᠭᠤᠷᠢᠭ᠋᠎ᠲᠤ ᠰᠠᠭᠤᠵᠦ ᠬᠤᠯᠪᠣᠭ᠎ᠠ ᠠᠪᠬᠤ ᠪᠠ ᠦᠢᠯᠡᠴᠢᠯᠡᠭᠡ ᠥᠷᠨᠢᠭᠦᠯᠵᠦ᠂ ᠠᠵᠢᠯᠲᠠᠨ᠂ ᠡᠬᠢ ᠪᠠᠶᠠᠯᠢᠭ᠋᠂ ᠤᠢᠯᠡᠴᠢᠯᠡᠭᠡ᠎ᠶᠢ ᠳᠣᠷᠣᠭ᠍ᠰᠢ ᠪᠠᠭᠤᠯᠭᠠᠬᠤ᠎ᠶᠢ ᠬᠦᠴᠦᠲᠡᠶ ᠠᠬᠢᠭᠤᠯᠪᠠ᠃ ᠡᠨᠡ ᠵᠢᠯ᠎ᠠᠴᠠ ᠨᠠᠭᠠᠰᠢ᠂ ᠣᠯᠠᠨ ᠲᠦᠮᠡᠨ᠎ᠤ ᠬᠡᠷᠡᠭᠴᠡᠭᠡ ᠱᠠᠭᠠᠷᠳᠠᠯᠭ᠎ᠠ᠎ᠶᠢ ᠨᠡᠶ᠋ᠢᠲᠡ 16 ᠵᠤᠷᠪᠤᠰ ᠭᠥᠯᠢᠶᠡᠨ ᠠᠪᠴᠤ᠂ ᠨᠠᠮ᠎ᠤᠨ ᠭᠡᠰᠢᠭᠦᠨ᠎ᠤ ᠭᠥᠯᠢᠶᠡᠨ ᠠᠪᠴᠤ ᠪᠡᠶᠡᠯᠡᠭᠦᠯᠦᠭᠰᠡᠨ ᠨᠣᠷᠮ᠎ᠠ 100%᠎ᠳᠤ ᠬᠦᠷᠴᠦ᠂ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠣᠷᠴᠢᠨ ᠲᠣᠭᠤᠷᠢᠨ᠎ᠢ ᠴᠡᠭᠴᠡᠯᠡᠨ ᠵᠠᠰᠠᠬᠤ ᠵᠡᠷᠭᠡ ᠰᠠᠶ᠋ᠢᠨ ᠳᠤᠷ᠎ᠠ᠎ᠶᠢᠨ ᠦᠢᠯᠡᠴᠢᠯᠡᠭᠡ᠎ᠶᠢ ᠪᠠᠶ᠋ᠢᠩᠭᠤᠵᠢᠭᠤᠯᠤᠨ ᠥᠷᠨᠢᠭᠦᠯᠬᠦ᠎ᠶᠢ ᠠᠬᠢᠭᠤᠯᠤᠭᠰᠠᠨ ᠪᠠᠢᠨ᠎ᠠ᠃

ᠡᠨᠡ ᠵᠢᠯ᠎ᠠᠴᠠ ᠨᠠᠭᠠᠰᠢ᠂ ᠣᠯᠠᠨ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭᠠᠳ ᠵᠣᠯ ᠵᠢᠷᠭᠠᠯᠲᠤ ᠠᠮᠢᠳᠤᠷᠠᠯ᠎ᠤᠨ ᠡᠬᠢ ᠪᠤᠯᠠᠭ᠎ᠢ ᠭᠦᠨᠵᠡᠭᠡᠶ ᠲᠠᠨᠢᠭᠤᠯᠵᠤ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠳᠠᠭᠠᠨ ᠤᠷᠤᠬᠰᠢᠯᠠᠬᠤ》 ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠶᠢᠨ ᠤᠬᠠᠮᠰᠠᠷ᠎ᠢ᠎ᠨᠢ ᠲᠠᠰᠤᠷᠠᠯᠲᠠ ᠥᠬᠡᠶ ᠪᠠᠳᠤᠳᠬᠠᠭᠰᠠᠨ ᠪᠠᠢᠨ᠎ᠠ᠃ ᠦᠢᠯᠡᠴᠢᠯᠡᠭᠡ᠎ᠶᠢ ᠪᠠᠢᠩᠭᠤᠵᠢᠭᠣᠯᠵᠦ᠂ ᠤᠷᠳᠤ ᠬᠤᠭᠤᠴᠠᠭ᠎ᠠ᠎ᠪᠠᠷ ᠪᠦᠲᠦᠮᠵᠢᠲᠡᠢ ᠠᠵᠢᠯᠯᠠᠭᠤᠯᠬᠤ᠎ᠶᠢ ᠠᠬᠢᠭᠤᠯᠬᠤ᠎ᠶᠢᠨ ᠲᠥᠯᠥᠭᠡ᠂ ᠰᠦᠨᠢᠳ ᠵᠡᠬᠦᠨ ᠬᠤᠰᠢᠭᠤᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ ᠪᠣᠯᠤᠨ ᠰᠢᠭᠤᠳ ᠬᠠᠷᠢᠶ᠎ᠠ ᠪᠠᠶ᠋ᠢᠭᠤᠯᠭ᠎ᠠ᠎ᠶᠢᠨ ᠠᠵᠢᠯ᠎ᠤᠨ ᠬᠤᠷᠢᠶ᠎ᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠵᠢᠯᠣᠭᠤᠳᠬᠤ᠎ᠪᠠᠨ ᠴᠢᠩᠭᠠᠳᠬᠠᠵᠤ᠂ ᠨᠠᠮ᠎ᠤᠨ ᠭᠡᠰᠢᠭᠦᠨ᠎ᠤ ᠦᠢᠯᠡᠴᠢᠯᠡᠭᠡᠨ᠎ᠤ ᠪᠠᠶ᠋ᠢᠳᠠᠯ᠎ᠢ ᠨᠠᠮ᠎ᠤᠨ ᠪᠠᠶ᠋ᠢᠭᠤᠯᠤᠯᠲᠠ᠎ᠶᠢᠨ ᠲᠤᠰᠢᠶᠠᠯ᠎ᠤᠨ ᠮᠡᠳᠡᠭᠦᠯᠦᠯᠲᠡ᠎ᠶᠢ ᠦᠨᠡᠯᠡᠬᠦ ᠪᠠ ᠣᠨ᠎ᠤ ᠬᠢᠨᠠᠨ ᠰᠢᠯᠭᠠᠬᠤ ᠰᠢᠰᠲᠧᠮ᠎ᠳᠤ ᠣᠷᠣᠭᠤᠯᠬᠤ᠎ᠶᠢᠨ ᠬᠠᠮᠲᠤ ᠰᠢᠯᠢᠳᠡᠭ᠎ᠢ ᠰᠢᠯᠭᠠᠷᠠᠭᠤᠯᠬᠤ ᠲᠡᠷᠢᠭᠦᠨ᠎ᠤ᠎ᠬᠢ᠎ᠶᠢ ᠰᠢᠯᠭᠠᠷᠠᠭᠤᠯᠬᠤ ᠪᠠ ᠺᠠᠳ᠋ᠷ᠎ᠢ ᠰᠣᠩᠭᠤᠨ ᠲᠣᠮᠢᠯᠠᠬᠤ ᠴᠢᠬᠤᠯᠠ ᠦᠨᠳᠦᠰᠦᠯᠡᠯ ᠪᠣᠯᠭᠠᠪᠠ᠃

ᠡᠯ᠎ᠡ ᠨᠢᠭᠡᠴᠢ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ ᠭᠤᠤᠯ ᠴᠣᠭᠴᠠ᠎ᠶᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠂ ᠨᠠᠮ᠎ᠤᠨ ᠭᠡᠰᠢᠭᠦᠨ᠎ᠢ ᠤᠷᠢᠶᠠᠯᠠᠨ ᠲᠠᠢᠴᠢᠯᠠᠵᠦ ᠪᠠᠶ᠋ᠢᠭᠠᠳ ᠴᠠᠭ ᠲᠤᠬᠠᠶ᠎ᠳᠤᠨᠢ ᠨᠡᠷ᠎ᠡ ᠮᠡᠳᠡᠭᠦᠯᠵᠦ᠂ ᠨᠡᠶ᠋ᠢᠭᠡᠮ ᠲᠣᠭᠤᠷᠢᠭ᠋᠎ᠤᠨ ᠦᠢᠯᠡᠴᠢᠯᠡᠭᠡ᠎ᠳᠤ ᠢᠳᠡᠪᠬᠢᠲᠡᠶ ᠤᠷᠤᠯᠴᠠᠭᠤᠯᠤᠨ ᠨᠡᠶ᠋ᠢᠭᠡᠮ ᠲᠣᠭᠤᠷᠢᠭ᠋᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ ᠣᠯᠠᠨ ᠲᠦᠮᠡᠨ᠎ᠤ ᠬᠠᠷᠢᠭᠤ ᠲᠤᠰᠬᠠᠬᠤ ᠪᠠ ᠦᠢᠯᠡᠴᠢᠯᠡᠭᠡᠨ᠎ᠤ ᠲᠡᠮᠳᠡᠭᠯᠡᠯ᠎ᠳᠤ ᠲᠦᠰᠢᠭᠯᠡᠨ ᠨᠠᠮ᠎ᠤᠨ ᠭᠡᠰᠢᠭᠦᠨ᠎ᠤ ᠢᠯᠡᠷᠡᠯ᠎ᠢ ᠮᠥᠷᠳᠡᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠪᠠᠯᠭᠠᠰᠤᠨ᠎ᠤ ᠨᠠᠮ᠎ᠤᠨ ᠬᠤᠷᠢᠶ᠎ᠠ ᠪᠠ ᠬᠤᠰᠢᠭᠤᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠲᠤ ᠪᠠᠶ᠋ᠢᠳᠠᠯ᠎ᠢᠶᠠᠨ ᠮᠡᠳᠡᠭᠦᠯᠦᠨ ᠬᠦᠷᠬᠡᠵᠦ᠂ ᠪᠠᠯᠭᠠᠰᠤᠨ᠎ᠤ ᠨᠠᠮ᠎ᠤᠨ ᠬᠤᠷᠢᠶ᠎ᠠ ᠬᠠᠷᠢᠶ᠎ᠠ ᠭᠠᠵᠠᠷ᠎ᠤᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠨᠠᠶ᠋ᠢᠳᠠᠪᠤᠷᠢᠵᠢᠭᠤᠯᠵᠤ᠂ ᠨᠡᠶ᠋ᠢᠭᠡᠮ ᠲᠣᠭᠤᠷᠢᠭ᠋᠎ᠤᠨ ᠣᠯᠠᠨ ᠲᠦᠮᠡᠨ᠎ᠳᠤ ᠤᠢᠯᠡᠴᠢᠯᠡᠬᠦ ᠲᠤᠰᠬᠠᠶ ᠪᠠᠯᠠ ᠮᠥᠩᠭᠦ᠎ᠶᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠡᠷᠡᠭᠯᠡᠵᠦ᠂ ᠨᠠᠮ ᠪᠠ ᠣᠯᠠᠨ ᠲᠦᠮᠡᠨ᠎ᠤ ᠤᠢᠯᠡᠴᠢᠯᠡᠭᠡᠨ᠎ᠤ ᠲᠥᠪ᠂ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠤᠢᠯᠡᠳᠦᠯᠭᠡ᠎ᠶᠢᠨ ᠥᠷᠲᠡᠭᠡ ᠵᠡᠷᠭᠡ ᠭᠠᠵᠠᠷ᠎ᠤᠨ ᠡᠬᠢ ᠪᠠᠶᠠᠯᠢᠭ᠋᠎ᠢ ᠡᠮᠬᠢᠯᠡᠨ ᠨᠡᠶ᠋ᠢᠯᠡᠭᠦᠯᠬᠦ᠎ᠶᠢᠨ ᠬᠠᠮᠲᠤ᠂ ᠨᠡᠶ᠋ᠢᠭᠡᠮ ᠲᠣᠭᠤᠷᠢᠭ᠋᠎ᠢ ᠵᠢᠯᠣᠭᠤᠳᠤᠨ ᠵᠣᠯᠭᠠᠭᠤᠯᠬᠤ ᠪᠠ ᠤᠢᠯᠡᠴᠢᠯᠡᠭᠡᠨ᠎ᠤ ᠠᠮᠵᠢᠯᠲᠠ ᠪᠦᠲᠦᠮᠵᠢ᠎ᠶᠢ ᠦᠨᠡᠯᠡᠬᠦ ᠠᠵᠢᠯ᠎ᠢ ᠰᠠᠶ᠋ᠢᠲᠤᠷ ᠬᠢᠵᠦ᠂ 《 ᠮᠡᠳᠡᠭᠦᠯᠬᠦ — ᠤᠢᠯᠡᠴᠢᠯᠡᠬᠦ — ᠦᠨᠡᠯᠡᠬᠦ 》 ᠪᠢᠲᠡᠭᠦᠮᠵᠢᠯᠡᠭᠰᠡᠨ ᠬᠠᠮᠢᠶᠠᠷᠤᠯᠲᠠ᠎ᠶᠢᠨ ᠲᠣᠭᠲᠠᠴᠠ᠎ᠶᠢ ᠪᠥᠬᠦ ᠲᠠᠯ᠎ᠠ᠎ᠪᠠᠷ ᠪᠠᠢᠭᠤᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面