2026-09-18 11:40:01
ᠦᠪᠯᠡᠵᠦ ᠢᠷᠡᠭᠰᠡᠨ ᠤᠯᠠᠮᠵᠢᠯᠠᠯᠳᠤ ᠢᠳᠡᠬᠡᠨᠤ ᠠᠵᠦ ᠦᠢᠯᠡᠰᠵᠢᠭᠰᠡᠨ ᠰᠢᠨ᠎ᠠ ᠵᠠᠮᠨᠠᠯ
ᠰᠢᠯᠤᠭᠤᠨ ᠬᠦᠬᠡ ᠬᠤᠰᠢᠭᠤᠨ ᠤ᠋ ᠴᠠᠭᠠᠨ ᠢᠳᠡᠬᠡᠨ ᠡᠳ᠋ᠰᠢᠬᠦᠯᠬᠦ ᠤᠷ᠎ᠠ ᠮᠡᠷᠭᠡᠵᠢᠯ ᠴᠡᠪᠡᠷ ᠪᠠ ᠨᠠᠷᠢᠯᠢᠭ᠋ ᠵᠢᠡᠷ ᠵᠢᠡᠨ ᠠᠯᠳᠠᠷᠳᠠᠢ᠃2013 ᠣᠨ ᠳ᠋ᠤ᠌ 《ᠰᠢᠯᠤᠭᠤᠨ ᠬᠥᠬᠡ ᠵᠢᠨ ᠬᠤᠷᠤᠳ》 ᠪᠠ 《ᠰᠢᠯᠤᠭᠤᠨ ᠬᠥᠬᠡ ᠵᠢᠨ ᠥᠷᠥᠮ᠎ᠡ》 ᠨᠢ ᠤᠯᠤᠰ ᠤ᠋ᠨ ᠭᠠᠵᠠᠷ ᠵᠦᠶ ᠶ᠋ᠢᠨ ᠢᠯᠡᠷᠬᠡᠢᠯᠡᠯᠳᠤ ᠳᠠᠷᠢᠶᠠᠯᠠᠩᠤᠨ ᠪᠦᠲᠦᠭᠡᠭᠳᠡᠬᠦᠨ ᠪᠤᠯᠤᠭᠰᠠᠨ ᠶᠤᠮ᠃ ᠣᠳᠣᠬᠠᠨ ᠳ᠋ᠤ᠌᠂ ᠰᠢᠯᠤᠭᠤᠨ ᠬᠥᠬᠡ ᠬᠣᠰᠢᠭᠤᠨ ᠤ᠋ ᠴᠠᠭᠠᠨ ᠢᠳᠡᠭᠡᠨ ᠬᠢᠬᠦ ᠤᠷ᠎ᠠ ᠮᠡᠷᠭᠡᠵᠢᠯ ᠦ᠋ᠨ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠲᠦᠯᠦᠭᠡᠯᠡᠬᠦ ᠴᠢᠨᠠᠷᠳᠠᠢ ᠤᠯᠠᠮᠵᠢᠯᠠᠭᠴᠢ ᠵᠢᠨ ᠡᠩᠨᠡᠭᠡ ᠲᠠᠰᠤᠷᠠᠯᠲᠠ ᠥᠬᠡᠶ ᠪᠤᠵᠠᠭᠠᠢᠷᠠᠵᠤ᠂ ᠲᠠᠰ ᠳᠠᠪᠬᠤᠷᠭ᠎ᠠ ᠲᠣᠳᠣᠷᠬᠠᠶ ᠤᠯᠠᠮᠵᠢᠯᠠᠨ ᠵᠠᠯᠭᠠᠮᠵᠢᠯᠠᠬᠤ ᠰᠢᠰᠲᠧᠮ ᠢ᠋ ᠪᠠᠢᠭᠤᠯᠵᠤ᠂ ᠤᠯᠤᠰ ᠤ᠋ᠨ ᠲᠠᠰ ᠤ᠋ᠨ ᠤᠯᠠᠮᠵᠢᠯᠠᠭᠴᠢ 1᠂ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠤᠯᠠᠮᠵᠢᠯᠠᠭᠴᠢ 2᠂ ᠠᠢᠮᠠᠭ ᠤ᠋ᠨ ᠲᠠᠰ ᠤ᠋ᠨ ᠤᠯᠠᠮᠵᠢᠯᠠᠭᠴᠢ 4 ᠪᠠᠢᠬᠤ ᠡᠴᠡ ᠭᠠᠳᠠᠨ᠎ᠠ ᠬᠤᠰᠢᠭᠤᠨ ᠲᠠᠰ ᠤ᠋ᠨ ᠤᠯᠠᠮᠵᠢᠯᠠᠭᠴᠢ 20 ᠪᠠᠢᠵᠤ᠂ ᠪᠦᠬᠦ ᠬᠣᠰᠢᠭᠤᠨ ᠳ᠋ᠤ᠌ 118 ᠴᠠᠭᠠᠨ ᠢᠳᠡᠭᠡᠨ ᠦ᠌ ᠦᠢᠯᠡᠳᠬᠡᠯ ᠤ᠋ᠨ ᠭᠠᠵᠠᠷ ᠲᠠᠢ᠂ ᠴᠠᠭᠠᠨ ᠢᠳᠡᠭᠡᠨ ᠬᠢᠬᠦ ᠤᠷ᠎ᠠ ᠮᠡᠷᠭᠡᠵᠢᠯ ᠨᠢ ᠬᠡᠪᠴᠢᠶᠡᠵᠢᠭᠰᠡᠨ᠂ ᠵᠢᠷᠤᠮᠵᠢᠭ᠍ᠰᠠᠨ ᠬᠥᠭᠵᠢᠯᠲᠡ ᠶ᠋ᠢᠨ ᠳᠤᠮᠳᠠ ᠥᠷᠨᠢᠭᠦᠨ ᠬᠥᠭᠵᠢᠩᠭᠦᠢ ᠠᠮᠢᠵᠢᠷᠠᠯ ᠤ᠋ᠨ ᠬᠦᠴᠦᠨ ᠢ᠋ᠶ᠋ᠡᠨ ᠪᠠᠳᠠᠷᠠᠭᠤᠯᠤᠭᠰᠠᠭᠠᠷ᠃

ᠰᠢᠯᠤᠭᠤᠨ ᠬᠥᠬᠡ ᠬᠣᠰᠢᠭᠤᠨ ᠤ᠋ 《ᠬᠠᠭᠠᠨ ᠢᠳᠡᠭᠡ》 ᠴᠠᠭᠠᠨ ᠢᠳᠡᠭᠡᠨ ᠦ᠌ ᠲᠡᠯᠭᠡᠭᠦᠷ ᠤ᠋ᠨ ᠦᠢᠯᠡᠳᠬᠡᠯ ᠤ᠋ᠨ ᠭᠠᠵᠠᠷ ᠲᠤ᠌ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠲᠤᠭᠤ ᠭᠤᠸᠠᠢ ᠱᠠᠪᠢ ᠨᠠᠷ ᠲᠠᠭᠠᠨ ᠬᠤᠷᠤᠳ ᠬᠢᠬᠦ ᠮᠡᠷᠭᠡᠵᠢᠯ ᠢ᠋ᠶ᠋ᠠᠨ ᠤᠯᠠᠮᠵᠢᠯᠠᠵᠤ ᠶᠠᠭᠠᠷᠠᠨ᠎ᠠ᠃ ᠳᠡᠷᠡᠪᠡᠷ ᠰᠠᠩ ᠤ᠋ᠨ ᠲᠡᠯᠡᠶ ᠪᠠᠯᠭᠠᠰᠤᠨ ᠤ᠋ ᠠᠯᠲᠠᠶ ᠭᠠᠴᠠᠭᠠᠨ ᠳ᠋ᠦ᠍ ᠳᠦᠷᠦᠵᠦ᠂ 7 ᠨᠠᠰᠤᠨ ᠠ᠋ᠴᠠ ᠪᠠᠨ ᠦᠨᠢᠶ᠎ᠠ ᠰᠠᠭᠠᠵᠤ᠂ 17 ᠨᠠᠰᠤᠲᠠᠶ ᠳ᠋ᠠᠭᠠᠨ ᠪᠡᠶ᠎ᠡ ᠪᠡᠨ ᠳᠠᠭᠠᠭᠠᠵᠤ ᠬᠤᠷᠤᠳ ᠬᠢᠵᠦ ᠰᠤᠷᠴᠠᠢ᠃ ᠭᠤᠴᠢ ᠭᠠᠷᠤᠢ ᠵᠢᠯ ᠦ᠋ᠨ ᠲᠤᠷᠰᠢ᠂ ᠲᠤᠭᠤ ᠴᠠᠭᠠᠨ ᠢᠳᠡᠬᠡᠨ ᠡᠳ᠋ᠰᠢᠬᠦᠯᠬᠦ ᠶᠠᠪᠤᠴᠠ ᠳ᠋ᠠᠭᠠᠨ᠂ ᠰᠦ ᠡᠭᠡᠳᠡᠭᠦᠯᠬᠦ᠂ ᠬᠤᠷᠤᠳ ᠬᠢᠬᠦ ᠠᠯᠬᠤᠮ ᠪᠦᠷᠢ ᠳ᠋ᠥ ᠤᠯᠠᠮᠵᠢᠯᠠᠯᠲᠤ ᠤᠷ᠎ᠠ ᠮᠡᠷᠭᠡᠵᠢᠯ ᠢ᠋ᠶ᠋ᠡᠨ ᠤᠷᠬᠢᠭ᠍ᠳᠠᠭᠤᠯᠤᠯ ᠦᠭᠡᠢ ᠴᠢᠩᠭ᠎ᠠ ᠵᠢᠷᠤᠮᠯᠠᠳᠠᠭ ᠪᠦᠭᠡᠳ ᠶᠠᠮᠠᠷᠴᠦ ᠠᠮᠳᠠ ᠤᠷᠤᠭᠤᠯᠬᠤ ᠨᠠᠮᠡᠯᠳᠡ ᠵᠦᠢᠯ ᠵᠠᠷᠤᠳᠠᠭ ᠦᠬᠡᠢ ᠡᠴᠡ ᠳᠡᠭᠦᠨ ᠤ᠋ ᠬᠢᠭᠰᠡᠨ ᠴᠠᠭᠠᠨ ᠢᠳᠡᠭᠡᠨ ᠨᠢ ᠤᠯᠠᠮᠵᠢᠯᠠᠯᠲᠤ ᠠᠮᠳᠠ ᠰᠢᠮᠳᠡ ᠪᠠᠨ ᠬᠠᠳᠠᠭᠠᠯᠠᠭᠰᠠᠨ᠂ ᠬᠡᠷᠡᠭᠯᠡᠭᠴᠢᠳ ᠤ᠋ᠨ ᠢᠳᠡᠬᠡᠯ ᠪᠠ ᠰᠠᠢᠨ ᠦᠨᠡᠯᠡᠯᠳᠡ ᠶ᠋ᠢ ᠬᠦᠯᠢᠶᠡᠭᠰᠡᠨ ᠪᠦᠳᠦᠭᠡᠭᠳᠡᠬᠦᠨ ᠪᠤᠯᠵᠤ ᠴᠢᠳᠠᠵᠠᠢ᠃ ᠵᠠᠬᠢᠶᠠᠯᠠᠭ᠎ᠠ ᠨᠡᠮᠡᠭᠳᠡᠬᠦ ᠶ᠋ᠢ ᠳᠠᠭᠠᠯᠳᠤᠨ᠂ 2019 ᠣᠨ ᠳ᠋ᠤ᠌ ᠲᠡᠷᠡ ᠴᠠᠭᠠᠨ ᠢᠳᠡᠭᠡᠨ ᠤ᠋ ᠬᠡᠷ ᠪᠦᠯᠢ ᠶ᠋ᠢᠨ ᠵᠢᠵᠢᠭ ᠦᠶ᠋ᠯᠡᠳᠬᠡᠯ ᠦ᠋ᠨ ᠭᠠᠵᠠᠷ ᠵᠢᠡᠨ ᠬᠡᠪᠴᠢᠶᠡᠵᠢᠭᠦᠯᠦᠨ ᠪᠣᠯᠪᠠᠰᠤᠷᠠᠭᠤᠯᠬᠤ ᠦᠶ᠋ᠯᠡᠳᠪᠦᠷᠢ ᠪᠣᠯᠭᠠᠨ ᠦᠷᠭᠡᠳᠭᠡᠭᠰᠡᠨ ᠪᠥᠭᠡᠳ ᠪᠥᠬᠥ ᠬᠣᠰᠢᠭᠤᠨ ᠤ᠋ 200 ᠭᠠᠷᠤᠶ ᠡᠷᠦᠬᠡ ᠡᠴᠡ ᠡᠳᠦᠷ ᠪᠦᠷᠢ 1000 ᠭᠠᠷᠤᠶ ᠵᠢᠩ ᠰᠦ ᠬᠤᠳᠠᠯᠳᠤᠨ ᠠᠪᠴᠤ᠂ ᠴᠠᠭᠠᠨ ᠢᠳᠡᠭᠡᠨ ᠤ᠋ ᠲᠦᠭᠦᠬᠡᠶ ᠡᠳ᠋ ᠤ᠋ᠨ ᠶᠠᠰᠤ ᠴᠢᠨᠠᠷ ᠢ᠋ ᠪᠠᠳᠤᠯᠠᠬᠤ ᠵᠢᠨ ᠬᠠᠮᠳᠤ ᠮᠠᠯᠴᠢᠳ ᠤ᠋ᠨ ᠣᠷᠣᠯᠭ᠎ᠠ ᠶ᠋ᠢ ᠨᠡᠮᠡᠭᠳᠡᠭᠦᠯᠬᠦ ᠠᠷᠭ᠎ᠠ ᠵᠠᠮ ᠢ᠋ ᠦᠷᠭᠡᠳᠭᠡᠭᠰᠡᠨ ᠪᠠᠢᠨ᠎ᠠ᠃ ᠲᠤᠭᠤ᠄《ᠤᠳᠤᠬᠠᠨ ᠳ᠋ᠥ ᠡᠳᠦᠷ ᠪᠦᠷᠢ ᠠᠷᠪᠠᠨ ᠬᠡᠳᠦᠨ ᠳᠦᠷᠦᠯ ᠦ᠋ᠨ ᠴᠠᠭᠠᠨ ᠢᠳᠡᠭᠡᠨ ᠬᠢᠵᠦ᠂ ᠦᠶ᠋ᠯᠡᠳᠬᠦᠨ ᠢ᠋ᠶ᠋ᠡᠨ ᠪᠡᠭᠡᠵᠢᠩ᠂ ᠱᠠᠩᠬᠠᠶ᠂ ᠱᠧᠨᠵᠧᠨ ᠵᠡᠷᠭᠡ ᠣᠯᠠᠨ ᠬᠣᠲᠠ ᠳ᠋ᠤ᠌ ᠪᠣᠷᠣᠯᠠᠭᠤᠯᠵᠤ ᠪᠠᠢᠨ᠎ᠠ᠃ ᠪᠢ ᠪᠣᠳᠠᠰ ᠤ᠋ᠨ ᠪᠤᠰᠤ ᠰᠣᠶᠣᠯ ᠤ᠋ᠨ ᠦᠪ ᠢ᠋ ᠤᠯᠠᠮᠵᠢᠯᠠᠬᠤ ᠳ᠋ᠥ ᠬᠦᠴᠦ ᠳᠠᠯᠪᠢᠵᠦ᠂ ᠡᠨᠡ ᠬᠦ᠌ ᠰᠤᠶᠤᠯ ᠢ᠋ ᠨᠡᠩ ᠤᠯᠠᠨ ᠬᠦᠮᠦᠰ ᠲᠤ᠌ ᠳᠡᠯᠭᠡᠷᠡᠭᠦᠯᠬᠦ ᠵᠢ ᠬᠦᠰᠡᠵᠦ ᠪᠠᠢᠨ᠎ᠠ》 ᠭᠡᠯᠡ᠃

ᠶᠡᠷᠡᠭᠡᠳ ᠣᠨ ᠳ᠋ᠤ᠌ ᠲᠥᠷᠥᠭᠰᠡᠨ ᠰᠤᠪᠠᠰᠢᠳᠢ ᠪᠣᠯ ᠲᠡᠭᠦᠨ ᠦ᠌ ᠤᠯᠠᠨ ᠱᠠᠪᠢ ᠵᠢᠨ ᠬᠢᠨᠢ ᠨᠢᠭᠡ᠃ 2020 ᠣᠨ ᠳ᠋ᠤ᠌ ᠰᠤᠪᠠᠰᠢᠳᠢ ᠶᠡᠬᠡ ᠰᠤᠷᠭᠠᠭᠤᠯᠢ ᠪᠠᠨ ᠲᠡᠭᠦᠰᠦᠭᠰᠡᠨ ᠦ᠌ ᠳᠠᠷᠠᠭ᠎ᠠ ᠨᠤᠲᠤᠭ ᠲᠠᠭᠠᠨ ᠢᠷᠡᠵᠦ ᠲᠤᠭᠤ ᠶ᠋ᠢ ᠳᠠᠭᠠᠨ ᠴᠠᠭᠠᠨ ᠢᠳᠡᠭᠡᠨ ᠬᠢᠬᠦ ᠤᠷ᠎ᠠ ᠮᠡᠷᠭᠡᠵᠢᠯ ᠰᠤᠷᠤᠯᠴᠠᠵᠤ᠂ ᠤᠳᠤ ᠪᠤᠯᠬᠤ ᠳ᠋ᠥ 《ᠰᠢᠯᠢ ᠶ᠋ᠢᠨ ᠭᠣᠣᠯ ᠤ᠋ᠨ ᠬᠤᠷᠤᠳ》 ᠤ᠋ᠨ ᠣᠷᠣᠨ ᠪᠦᠰᠡ ᠶ᠋ᠢᠨ ᠨᠡᠢᠲᠡ ᠶ᠋ᠢᠨ ᠲᠦᠷᠦᠯ ᠲᠡᠮᠳᠡᠭ ᠦ᠋ᠨ ᠡᠷᠬᠡ ᠣᠯᠭᠣᠯᠲᠠ ᠶ᠋ᠢ ᠣᠯᠤᠭᠰᠠᠨ ᠪᠥᠭᠡᠳ ᠥᠪᠡᠷ ᠦ᠋ᠨ ᠴᠠᠭᠠᠨ ᠢᠳᠡᠭᠡᠨ ᠤ᠋ ᠦᠢᠯᠡᠳᠪᠦᠷᠢ ᠪᠡᠨ ᠪᠠᠢᠭᠤᠯᠵᠠᠢ᠃ ᠰᠤᠪᠠᠰᠢᠳᠢ ᠲᠠᠢ ᠨᠠᠰᠤ ᠬᠤᠷᠠᠭ ᠨᠠᠷᠬᠢᠯ ᠮᠥᠨ ᠴᠦ᠍ ᠰᠢᠯᠤᠭᠤᠨ ᠬᠦᠬᠡ ᠬᠤᠰᠢᠭᠤᠨ ᠳ᠋ᠠᠭᠠᠨ ᠴᠠᠭᠠᠨ ᠢᠳᠡᠭᠡᠨ ᠢ᠋ ᠤᠯᠠᠮᠵᠢᠯᠠᠯᠳᠤ ᠠᠷᠭ᠎ᠠ ᠮᠠᠶᠢᠭ᠋ ᠢ᠋ᠶ᠋ᠠᠷ ᠬᠢᠬᠦ ᠶ᠋ᠢ ᠪᠠᠷᠢᠮᠳᠠᠯᠠᠭᠰᠠᠭᠠᠷ ᠪᠦᠭᠡᠳ ᠲᠡᠷᠡᠪᠡᠷ ᠪᠠᠰᠠ ᠵᠠᠬ᠎ᠠ ᠲᠡᠯᠭᠡᠭᠦᠷ ᠤ᠋ᠨ ᠬᠡᠷᠡᠭᠴᠡᠭᠡᠨ ᠳ᠋ᠤ᠌ ᠵᠤᠬᠢᠴᠠᠭᠤᠯᠵᠤ᠂ ᠵᠢᠮᠢᠰ ᠬᠠᠪᠴᠢᠭᠤᠯᠤᠭᠰᠠᠨ ᠬᠤᠷᠤᠳ᠂ ᠴᠠᠭᠠᠨ ᠢᠳᠡᠭᠡᠨ ᠦ᠌ ᠪᠣᠭᠣᠷᠰᠣᠭ ᠵᠡᠷᠭᠡ ᠰᠢᠨ᠎ᠡ ᠮᠠᠶᠢᠭ᠋ ᠤ᠋ᠨ ᠪᠦᠲᠦᠭᠡᠭᠳᠡᠭᠦᠨ ᠢ᠋ ᠡᠭᠦᠳᠴᠦ᠂ ᠤᠯᠠᠮᠵᠢᠯᠠᠯᠲᠤ ᠴᠠᠭᠠᠨ ᠢᠳᠡᠭᠡᠨ ᠢ᠋ ᠰᠤᠯᠠ ᠢᠳᠡᠭᠡᠨ ᠤ᠋ ᠵᠠᠬ᠎ᠠ ᠲᠡᠯᠭᠡᠭᠦᠷ ᠵᠦᠭ ᠰᠠᠨᠠᠭᠠᠴᠢᠯᠠᠭ᠎ᠠ ᠲᠠᠢ ᠵᠤᠬᠢᠴᠠᠭᠤᠯᠤᠨ ᠬᠦᠭᠵᠢᠬᠦᠯᠵᠤ ᠪᠠᠢᠨ᠎ᠠ᠃ ᠡᠢᠨ ᠬᠦ᠌ ᠦᠶ᠎ᠡ ᠦᠶ᠎ᠡ ᠶ᠋ᠢᠨ ᠬᠦᠮᠦᠰ ᠤ᠋ᠨ ᠴᠢᠷᠮᠠᠢᠯᠭ᠎ᠠ ᠪᠠᠷ ᠡᠷᠳᠡᠨ ᠡᠴᠡ ᠤᠯᠠᠮᠵᠢᠯᠠᠭᠰᠠᠨ ᠴᠠᠭᠠᠨ ᠢᠳᠡᠭᠡᠨ ᠬᠢᠬᠦ ᠤᠷ᠎ᠠ ᠮᠡᠷᠭᠡᠵᠢᠯ ᠡᠳᠦᠭᠡ ᠬᠦᠷᠳᠡᠯ᠎ᠡ ᠤᠯᠠᠮᠵᠢᠯᠠᠭᠳᠠᠨ ᠬᠦᠭ᠌ᠵᠢᠵᠤ᠂ ᠤᠯᠠᠮ ᠳᠡᠭᠦᠯᠳᠡᠷᠵᠢᠬᠦᠯᠵᠦ ᠶᠠᠪᠤᠨ᠎ᠠ᠃

ᠣᠢᠷ᠎ᠠ ᠶ᠋ᠢᠨ ᠵᠢᠯ᠂ ᠰᠢᠯᠤᠭᠤᠨ ᠬᠥᠬᠡ ᠬᠣᠰᠢᠭᠤ ᠴᠠᠭᠠᠨ ᠢᠳᠡᠭᠡᠨ ᠦ᠌ ᠰᠣᠶᠣᠯ ᠢ᠋ ᠤᠯᠠᠮᠵᠢᠯᠠᠨ ᠲᠡᠯᠭᠡᠷᠡᠬᠦᠯᠬᠦ ᠪᠠ ᠬᠥᠭᠵᠢᠭᠦᠯᠬᠦ ᠶ᠋ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠬᠤ ᠡᠷᠴᠢᠮ ᠢ᠋ᠶ᠋ᠡᠨ ᠦᠷᠭᠦᠯᠵᠢᠯᠡᠨ ᠴᠢᠩᠭᠠᠷᠠᠭᠤᠯᠵᠤ᠂ ᠤᠯᠠᠮᠵᠢᠯᠠᠯᠲᠤ ᠴᠠᠭᠠᠨ ᠢᠳᠡᠭᠡᠨ ᠦ᠌ ᠰᠣᠶᠣᠯ ᠬᠢᠭᠡᠳ ᠰᠣᠶᠣᠯ ᠵᠢᠭᠤᠯᠴᠢᠯᠠᠯ ᠤ᠋ᠨ ᠠᠭᠤᠰᠤᠯᠴᠠᠯ ᠢ᠋ ᠬᠦᠨᠵᠡᠭᠡᠢᠷᠡᠬᠦᠯᠵᠤ ᠪᠤᠢ᠃
ᠲᠤᠬᠠᠶ ᠶ᠋ᠢᠨ ᠭᠠᠵᠠᠷ ᠤ᠋ᠨ ᠬᠢᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠵᠠᠯᠭᠠᠮᠵᠢᠯᠠᠬᠤ ᠰᠢᠰᠲᠧᠮ ᠢ᠋ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠷ᠎ᠠ ᠮᠡᠷᠭᠡᠵᠢᠯ ᠦ᠋ᠨ ᠪᠣᠯᠪᠠᠰᠤᠷᠠᠯ ᠢ᠋ ᠪᠠᠢᠩᠭᠤ ᠥᠷᠨᠢᠭᠦᠯᠬᠦ ᠶ᠋ᠢᠨ ᠬᠠᠮᠲᠤ ᠠᠯᠳᠠᠩᠬ᠍ᠸᠠ ᠴᠡᠴᠡᠭ ᠤ᠋ᠨ ᠵᠢᠭᠤᠯᠴᠢᠯᠠᠯ ᠤ᠋ᠨ ᠤᠯᠠᠷᠢᠯ᠂ ᠴᠠᠭᠠᠨ ᠢᠳᠡᠭᠡᠨ ᠦ᠌ ᠰᠣᠶᠣᠯ ᠤ᠋ᠨ ᠰᠣᠯᠢᠯᠴᠠᠭ᠎ᠠ ᠵᠡᠷᠭᠡ ᠠᠵᠢᠯᠯᠠᠭ᠎ᠠ ᠪᠠᠷ ᠳᠠᠮᠵᠢᠭᠤᠯᠤᠨ ᠨᠠᠩ ᠣᠯᠠᠨ ᠬᠥᠮᠦᠨ ᠳ᠋ᠦ᠍ ᠤᠯᠠᠮᠵᠢᠯᠠᠯᠲᠤ ᠴᠠᠭᠠᠨ ᠢᠳᠡᠭᠡ ᠬᠢᠬᠦ ᠤᠷ᠎ᠠ ᠮᠡᠷᠭᠡᠵᠢᠯ ᠢ᠋ ᠲᠠᠨᠢᠭᠤᠯᠵᠤ ᠤᠢᠯᠠᠭᠠᠭᠤᠯᠵᠤ ᠪᠤᠢ᠃ ᠡᠭᠦᠨ ᠦ᠌ ᠬᠠᠮᠲᠤ᠂ ᠰᠢᠯᠤᠭᠤᠨ ᠬᠥᠬᠡ ᠬᠣᠰᠢᠭᠤ 《ᠰᠢᠯᠤᠭᠤᠨ ᠬᠥᠬᠡ ᠵᠢᠨ ᠴᠠᠭᠠᠨ ᠢᠳᠡᠭᠡᠨ》᠂ 《ᠰᠢᠯᠢ ᠶ᠋ᠢᠨ ᠭᠣᠤᠯ ᠤ᠋ᠨ ᠬᠤᠷᠤᠳ》 ᠤ᠋ᠨ ᠳᠦᠷᠦᠯ ᠳᠡᠮᠳᠡᠭᠢ ᠪᠥᠬᠥ ᠬᠦᠴᠦᠨ ᠢ᠋ᠶ᠋ᠡᠷ ᠢ᠋ᠶ᠋ᠡᠨ ᠬᠦᠭᠵᠢᠬᠦᠯᠵᠦ᠂ ᠴᠠᠭᠠᠨ ᠢᠳᠡᠭᠡᠨ ᠦ᠌ ᠦᠶ᠋ᠯᠡᠳᠬᠡᠯ ᠪᠠ ᠡᠳ᠋ᠰᠢᠭᠦᠯᠬᠦ ᠠᠵᠤ ᠠᠬᠤᠢᠯᠠᠯ ᠤ᠋ᠨ ᠶᠠᠰᠤ ᠴᠢᠨᠠᠷ ᠢ᠋ᠶ᠋ᠠᠨ ᠳᠡᠭᠡᠭᠰᠢᠯᠡᠭᠦᠯᠦᠨ ᠲᠠᠰ ᠳᠡᠪᠰᠢᠬᠦ ᠶ᠋ᠢ ᠲᠡᠳᠬᠦᠨ ᠳᠡᠮᠵᠢᠵᠦ ᠪᠠᠢᠨ᠎ᠠ᠃

2023 ᠣᠨ ᠳ᠋ᠤ᠌ ᠰᠢᠯᠤᠭᠤᠨ ᠬᠦᠭᠡ ᠬᠤᠰᠢᠭᠤ ᠴᠠᠭᠠᠨ ᠢᠳᠡᠭᠡᠨ ᠤ᠋ ᠰᠤᠶᠤᠯ ᠢ᠋ ᠤᠯᠠᠮᠵᠢᠯᠠᠨ ᠳᠡᠯᠭᠡᠷᠡᠭᠦᠯᠬᠦ ᠳᠠᠪᠴᠠᠩ ᠪᠤᠯᠬᠤ 6600 ᠲᠡᠭᠰᠢ ᠳᠥᠷᠪᠡᠯᠵᠢᠨ ᠮᠧᠲᠷ ᠳᠠᠯᠠᠪᠠᠢ ᠪᠦᠬᠦᠢ ᠴᠠᠭᠠᠨ ᠢᠳᠡᠭᠡᠨ ᠤ᠋ ᠵᠤᠭᠤᠭ ᠤ᠋ᠨ ᠦᠷᠦᠭᠡ ᠵᠢ ᠪᠠᠢᠭᠤᠯᠵᠤ᠂ ᠤᠯᠠᠮᠵᠢᠯᠠᠯᠲᠤ ᠴᠠᠭᠠᠨ ᠢᠳᠡᠭᠡᠨ ᠬᠢᠬᠦ ᠤᠷ᠎ᠠ ᠮᠡᠷᠭᠡᠵᠢᠯ ᠬᠢᠭᠡᠳ ᠣᠲᠣ᠌ ᠦᠶ᠎ᠡ ᠶ᠋ᠢᠨ ᠰᠣᠶᠣᠯ ᠵᠢᠭᠤᠯᠴᠢᠯᠠᠯ ᠤ᠋ᠨ ᠡᠵᠡᠩᠨᠡᠯᠲᠡ ᠶ᠋ᠢᠨ ᠬᠡᠯᠪᠡᠷᠢ ᠪᠠᠢᠳᠠᠯ ᠤ᠋ᠨ ᠭᠦᠨᠵᠡᠭᠡᠶ ᠠᠭᠤᠰᠤᠯᠴᠠᠯ ᠢ᠋ ᠪᠡᠶᠡᠯᠡᠭᠦᠯᠵᠡᠢ᠃ 2025 ᠣᠨ ᠳ᠋ᠤ᠌᠂ ᠵᠤᠭᠤᠭ ᠤ᠋ᠨ ᠦᠷᠦᠭᠡ ᠨᠢ ᠨᠡᠢᠲᠡ 5 ᠲᠦᠮᠡᠨ ᠵᠢᠭᠤᠯᠴᠢᠯᠠᠭᠰᠠᠳ (ᠤᠳᠠᠭ᠎ᠠ) ᠢ᠋ ᠭᠥᠯᠢᠶᠡᠨ ᠠᠪᠴᠤ᠂ ᠪᠣᠷᠣᠯᠠᠭᠤᠯᠭ᠎ᠠ ᠶ᠋ᠢᠨ ᠬᠡᠮᠵᠢᠶ᠎ᠠ 50 ᠲᠦᠮᠡᠨ ᠲᠥᠭᠥᠷᠢᠭ ᠲᠤ᠌ ᠬᠦᠷᠴᠡᠢ᠃ ᠮᠥᠨ ᠲᠤᠰ ᠵᠢᠯ ᠳ᠋ᠦ᠍᠂ ᠰᠢᠯᠤᠭᠤᠨ ᠬᠦᠬᠡ ᠬᠣᠰᠢᠭᠤᠨ ᠤ᠋ ᠣᠷᠣᠨ ᠨᠤᠲᠤᠭ ᠤ᠋ᠨ ᠤᠨᠴᠠᠯᠢᠬ᠍ᠳᠤ ᠴᠠᠭᠠᠨ ᠢᠳᠡᠭᠡᠨ ᠦ᠌ ᠶᠠᠰᠤ ᠴᠢᠨᠠᠷ ᠢ᠋ ᠮᠥᠷᠳᠡᠨ ᠪᠠᠢᠴᠠᠭᠠᠬᠤ ᠲᠠᠪᠴᠠᠩ ᠵᠢᠩᠬᠢᠨᠢ ᠪᠡᠷ ᠠᠰᠢᠭ᠍ᠯᠠᠯᠲᠠ ᠳ᠋ᠤ᠌ ᠣᠷᠣᠵᠤ᠂ ᠦᠢᠯᠡᠳᠪᠦᠷᠢᠯᠡᠯ ᠡᠴᠡ ᠬᠡᠷᠡᠭᠯᠡᠭᠡ ᠬᠦᠷᠲᠡᠯᠡᠬᠢ ᠪᠦᠬᠦ ᠶᠠᠪᠤᠴᠠ ᠶ᠋ᠢ ᠮᠥᠷᠳᠡᠨ ᠪᠠᠢᠴᠠᠭᠠᠬᠤ ᠶ᠋ᠢ ᠪᠡᠶᠡᠯᠡᠭᠦᠯᠦᠭᠰᠡᠨ ᠪᠠᠢᠨ᠎ᠠ᠃ 2025 ᠣᠨ ᠳ᠋ᠤ᠌ ᠰᠢᠯᠤᠭᠤᠨ ᠬᠥᠬᠡ ᠬᠣᠰᠢᠭᠤ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠴᠠᠭᠠᠨ ᠢᠳᠡᠭᠡᠨ ᠤ᠋ ᠰᠣᠶᠣᠯ ᠤ᠋ᠨ ᠠᠮᠢ ᠠᠬᠤᠶ ᠶ᠋ᠢᠨ ᠬᠠᠮᠠᠭᠠᠯᠠᠯᠲᠠ ᠶ᠋ᠢᠨ ᠣᠷᠣᠨ ᠵᠢᠡᠷ ᠠᠮᠵᠢᠯᠲᠠ ᠲᠠᠶ ᠰᠣᠩᠭᠣᠭᠳᠠᠵᠤ᠂ ᠣᠷᠣᠨ ᠪᠦᠰᠡ ᠶ᠋ᠢᠨ ᠴᠢᠨᠠᠷᠲᠠᠶ ᠪᠦᠬᠦᠯᠢ ᠴᠣᠭᠴᠠ ᠶ᠋ᠢᠨ ᠬᠠᠮᠠᠭᠠᠯᠠᠯᠲᠠ᠂ ᠤᠯᠠᠮᠵᠢᠯᠠᠯ ᠬᠢᠭᠡᠳ ᠠᠵᠤ ᠦᠶ᠋ᠯᠡᠰ ᠦ᠋ᠨ ᠠᠭᠤᠰᠤᠯᠴᠠᠨ ᠬᠥᠭᠵᠢᠬᠦ ᠰᠢᠨ᠎ᠡ ᠬᠠᠭᠤᠳᠠᠰᠤ ᠶ᠋ᠢ ᠪᠢᠴᠢᠭᠯᠡᠵᠦ ᠪᠤᠢ᠃

ᠡᠳᠦᠭᠡ᠂ ᠰᠢᠯᠤᠭᠤᠨ ᠬᠦᠭᠡ ᠵᠢᠨ ᠴᠠᠭᠠᠨ ᠢᠳᠡᠬᠡᠨ ᠨᠢ ᠦᠩᠭᠡᠷᠡᠭᠰᠡᠨ ᠳ᠋ᠥ ᠵᠦᠪᠬᠡᠨ ᠢᠳᠡᠭᠡᠨ ᠤᠮᠳᠠᠭᠠᠨ ᠳ᠋ᠥ ᠬᠡᠷᠡᠭᠯᠡᠭᠳᠡᠵᠦ ᠪᠠᠢᠭᠰᠠᠨ ᠡᠴᠡ ᠪᠡᠨ ᠲᠠᠯ᠎ᠠ ᠨᠤᠲᠤᠭ ᠤ᠋ᠨ ᠪᠣᠯᠪᠠᠰᠤᠨ ᠢ᠋ ᠠᠴᠢᠶᠠᠯᠠᠭᠰᠠᠨ᠂ ᠣᠷᠣᠨ ᠨᠤᠲᠤᠭ ᠤ᠋ᠨ ᠣᠨᠴᠠᠯᠢᠭ᠋ ᠢ᠋ ᠬᠠᠷᠠᠭᠤᠯᠤᠭᠰᠠᠨ᠂ ᠤᠯᠠᠨ ᠲᠦᠮᠡᠨ ᠢ᠋ ᠳᠠᠢ᠍ᠢᠴᠢᠯᠠᠨ ᠣᠷᠣᠯᠭ᠎ᠠ ᠶ᠋ᠢ ᠨᠢ ᠨᠡᠮᠡᠭᠳᠡᠭᠦᠯᠬᠦ ᠴᠢᠬᠤᠯᠠ ᠰᠣᠶᠣᠯ ᠤ᠋ᠨ IP ᠪᠤᠯᠵᠤ᠂ ᠣᠯᠠᠮᠵᠢᠯᠠᠯ ᠢ᠋ᠶ᠋ᠠᠨ ᠪᠠᠳᠠᠷᠠᠭᠤᠯᠬᠤ ᠪᠠ ᠰᠢᠨ᠎ᠡ ᠶ᠋ᠢ ᠡᠭᠦᠳᠬᠦ ᠳᠤᠮᠳᠠ ᠰᠢᠨ᠎ᠡ ᠬᠦᠭᠵᠢᠯᠳᠡ ᠶ᠋ᠢᠨ ᠬᠠᠭᠤᠳᠠᠰᠤ ᠶ᠋ᠢ ᠪᠢᠴᠢᠭᠯᠡᠵᠦ ᠪᠠᠢᠨ᠎ᠠ᠃
(ᠳᠤᠰ ᠨᠢᠭᠤᠷᠤᠨ ᠬᠡᠷᠡᠯ ᠵᠢᠷᠤᠭᠢ ᠰᠢᠯᠤᠭᠤᠨ ᠬᠦᠬᠡ ᠬᠤᠰᠢᠭᠤᠨᠤ ᠬᠠᠮ ᠵᠠᠭᠤᠴᠢᠯᠠᠭᠤᠷ ᠤ᠋ᠨ ᠳᠦᠪ ᠬᠠᠨᠭᠭᠠᠪᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃