2025-12-05 10:42:28
ᠲᠡᠤᠬᠡ ᠰᠤᠶᠤᠯ ᠤ᠋ᠨ ᠵᠤᠵᠠᠭᠠᠨ ᠦᠪ ᠢ᠋ᠶ᠋ᠠᠷ ᠵᠢᠭᠤᠯᠴᠢᠯᠠᠭᠰᠠᠳ ᠢ᠋ ᠳᠠᠳᠠᠨ᠎ᠠ
ᠡᠨᠡ ᠵᠢᠯ ᠡᠴᠡ ᠨᠠᠭᠠᠰᠢ᠂ ᠰᠢᠯᠤᠭᠤᠨ ᠬᠥᠬᠡ ᠬᠤᠰᠢᠭᠤ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠬᠤ ᠪᠠᠷ ᠭᠣᠤᠯ ᠰᠢᠵᠢᠮ ᠪᠣᠯᠭᠠᠵᠤ᠂ ᠤᠷᠤᠨ ᠨᠤᠳᠤᠭ ᠤ᠋ᠨ ᠢ᠋ᠶ᠋ᠠᠨ ᠭᠦᠨ ᠵᠤᠵᠠᠭᠠᠨ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ᠋ ᠲᠤ᠌ ᠰᠠᠭᠤᠷᠢᠯᠠᠨ᠂ ᠰᠣᠶᠣᠯ ᠵᠢᠭᠤᠯᠴᠢᠯᠠᠯ ᠤ᠋ᠨ ᠠᠭᠤᠰᠤᠯᠴᠠᠯ ᠢ᠋ ᠬᠦᠨᠵᠡᠭᠡᠢᠷᠡᠬᠦᠯᠵᠤ᠂ ᠰᠢᠨ᠎ᠡ ᠶ᠋ᠢ ᠡᠬᠦᠳᠴᠦ ᠪᠦᠳᠦᠭᠡᠯᠴᠢ ᠪᠠᠷ ᠠᠵᠢᠯᠯᠠᠵᠤ᠂ ᠰᠤᠶᠤᠯ ᠵᠢᠭᠤᠯᠴᠢᠯᠠᠯ ᠤ᠋ᠨ ᠦᠢᠯᠡᠰ ᠤ᠋ᠨ ᠴᠢᠨᠠᠷ ᠰᠠᠢᠳᠠᠢ ᠬᠥᠭᠵᠢᠯᠲᠡ ᠶ᠋ᠢ ᠯᠠᠪᠳᠠᠭᠤᠨ ᠢ᠋ᠶ᠋ᠠᠷ ᠠᠬᠢᠭᠤᠯᠵᠤ ᠪᠠᠢᠨ᠎ᠠ᠃
ᠰᠢᠯᠤᠭᠤᠨ ᠬᠦᠬᠡ ᠬᠤᠰᠢᠭᠤ 《ᠰᠣᠶᠣᠯ ᠢ᠋ᠶ᠋ᠠᠷ ᠵᠢᠭᠤᠯᠴᠢᠯᠠᠯ ᠢ᠋ᠶ᠋ᠠᠨ ᠪᠠᠶᠠᠯᠢᠭ᠍ᠵᠢᠭᠤᠯᠵᠤ᠂ ᠵᠢᠭᠤᠯᠴᠢᠯᠠᠯ ᠢ᠋ᠶ᠋ᠠᠷ ᠰᠣᠶᠣᠯ ᠢ᠋ᠶ᠋ᠠᠨ ᠤᠬᠠᠭᠤᠯᠬᠤ》 ᠶ᠋ᠢ ᠪᠠᠷᠢᠮᠲᠠᠯᠠᠵᠤ᠂ 《ᠶᠤᠸᠠᠨ ᠤ᠋ ᠲᠡᠭᠡᠳᠦ ᠨᠡᠢᠰᠯᠡᠯ ᠦ᠋ᠨ ᠪᠠᠭᠤᠷᠢ》᠂ 《ᠠᠯᠲᠠᠩᠬᠤ᠎ᠠ ᠴᠡᠴᠡᠭ》᠂ 《ᠬᠤᠯᠠᠨ ᠰᠢᠷᠭ᠎ᠠ ᠲᠠᠭ᠎ᠠ》 ᠵᠡᠷᠭᠡ ᠰᠣᠶᠣᠯ ᠵᠢᠭᠤᠯᠴᠢᠯᠠᠯ ᠤ᠋ᠨ ᠨᠡᠷᠡᠳᠦ ᠲᠡᠮᠳᠡᠭᠳᠤ ᠵᠢᠨ ᠨᠦᠯᠦᠬᠡ ᠲᠤᠰᠬᠠᠯ ᠢ᠋ ᠦᠷᠬᠦᠯᠵᠢᠯᠡᠨ ᠪᠡᠬᠢᠵᠢᠬᠦᠯᠵᠤ᠂ ᠡᠨᠡ ᠵᠢᠯ ᠤᠷᠢᠳ ᠬᠣᠵᠢᠳ᠂ 《ᠪᠠᠶᠠᠰᠬᠤᠯᠠᠡᠭ᠌ᠳᠤ ᠰᠢᠯᠤᠭᠤᠨ ᠬᠦᠬᠡ ᠮᠦᠡᠭᠬᠦᠨ ᠡᠪᠦᠯ ᠤ᠋ᠨ ᠨᠠᠢᠷ》᠂ ᠬᠤᠯᠠᠨ ᠰᠢᠷᠭ᠎ᠠ ᠲᠠᠭ᠎ᠠ ᠶ᠋ᠢᠨ ᠡᠯᠡᠰᠦᠷᠭᠡᠭ ᠭᠠᠵᠠᠷ ᠤ᠋ᠨ ᠮᠠᠰᠢᠨ ᠲᠡᠷᠭᠡᠨ ᠤ᠋ ᠤᠷᠤᠯᠳᠤᠭᠠᠨ᠂ ᠮᠣᠩᠭᠣᠯ ᠮᠣᠷᠢᠨ ᠤ᠋ ᠬᠣᠯᠪᠣᠭᠠᠲᠤ ᠤᠷᠤᠯᠳᠤᠭᠠᠨ ᠵᠡᠷᠬᠡ ᠰᠢᠷᠢᠰ ᠠᠵᠢᠯᠯᠠᠭ᠎ᠠ᠂ 512 ᠵᠠᠯᠠᠭᠤ ᠪᠠᠭᠠᠴᠤᠳ ᠤ᠋ᠨ ᠪᠥᠬᠡ ᠶ᠋ᠢᠨ ᠪᠠᠷᠢᠯᠳᠤᠭᠠᠨ᠂ 《ᠰᠢᠷ᠎ᠠ ᠲᠠᠯ᠎ᠠ ᠶ᠋ᠢᠨ ᠵᠤᠨ》 ᠤᠷᠠᠨ ᠰᠠᠢᠬᠠᠨ ᠤ᠋ ᠲᠣᠭᠯᠠᠯᠲᠠ᠂ 《ᠠᠶ᠎ᠠ ᠳᠠᠭᠤᠨ ᠤ᠋ ᠠᠶᠠᠨ》 ᠰᠢᠭᠤᠳ ᠨᠡᠪᠳᠡᠷᠡᠬᠦᠯᠬᠡ᠂ 《ᠡᠬᠡ ᠤᠯᠤᠰ ᠤ᠋ᠨ ᠠᠶᠠᠯᠠᠯ᠂ ᠬᠤᠯᠠᠨ ᠰᠢᠷᠭ᠎ᠠ ᠲᠠᠭ᠎ᠠ ᠶ᠋ᠢᠨ ᠡᠯᠡᠰᠦ ᠶ᠋ᠢ ᠳᠤᠭᠤᠯᠬᠤ》 ᠵᠡᠷᠬᠡ ᠣᠯᠠᠨ ᠰᠤᠶᠤᠯ ᠵᠢᠭᠤᠯᠴᠢᠯᠠᠯ ᠤ᠋ᠨ ᠠᠵᠢᠯᠯᠠᠭ᠎ᠠ ᠶ᠋ᠢ ᠵᠤᠬᠢᠶᠠᠨ ᠪᠠᠢᠭᠤᠯᠵᠤ ᠶᠠᠪᠤᠭᠳᠠᠭᠤᠯᠵᠠᠢ᠃
ᠠᠯᠲᠠᠩᠬᠤ᠎ᠠ ᠴᠡᠴᠡᠭ ᠤ᠋ᠨ ᠵᠢᠭᠤᠯᠴᠢᠯᠠᠯ ᠤ᠋ᠨ ᠤᠯᠠᠷᠢᠯ ᠤ᠋ᠨ ᠰᠢᠷᠢᠰ ᠠᠵᠢᠯᠯᠠᠭᠠᠨ ᠤ᠋ ᠡᠬᠢᠯᠡᠯᠲᠡ ᠶ᠋ᠢᠨ ᠶᠣᠰᠣᠯᠠᠯ ᠢ᠋ᠶ᠋ᠠᠷ᠂ ᠱᠠᠨ ᠵᠢᠶ ᠰᠢᠶᠠᠩ᠂ ᠯᠦᠸᠧ ᠰᠢᠨ ᠵᠡᠷᠭᠡ ᠨᠡᠷ᠎ᠡ ᠬᠦᠨᠳᠦᠳᠦ ᠵᠣᠴᠢᠳ ᠢ᠋ ᠤᠷᠢᠨ ᠵᠠᠯᠠᠵᠤ᠂ ᠶᠤᠸᠠᠨ ᠤ᠋ ᠳᠡᠭᠡᠳᠦ ᠨᠡᠢᠰᠯᠡᠯ ᠦ᠋ᠨ ᠰᠣᠶᠣᠯ ᠤ᠋ᠨ ᠥᠪ ᠢ᠋ ᠬᠠᠮᠠᠭᠠᠯᠠᠬᠤ ᠰᠡᠳᠦᠪ ᠤ᠋ᠨ ᠲᠤᠭᠤᠷᠢᠨ ᠳ᠋ᠤ᠌ ᠡᠷᠳᠡᠮ ᠰᠢᠨᠵᠢᠯᠡᠭᠡᠨ ᠤ᠋ ᠦᠨᠳᠦᠷᠴᠡ ᠲᠠᠢ ᠶᠠᠷᠢᠯᠴᠠᠭ᠎ᠠ ᠦᠷᠨᠢᠬᠦᠯᠦᠭᠰᠡᠨ ᠪᠠᠢᠨ᠎ᠠ᠃ ᠡᠬᠢᠯᠡᠯᠲᠡ ᠶ᠋ᠢᠨ ᠶᠣᠰᠣᠯᠠᠯ ᠤ᠋ᠨ ᠳᠠᠷᠠᠭ᠎ᠠ ᠪᠥᠬᠡ ᠶ᠋ᠢᠨ ᠪᠠᠷᠢᠯᠳᠤᠭᠠᠨ᠂ ᠰᠤᠷ ᠬᠠᠷᠪᠤᠬᠤ ᠤᠷᠤᠯᠳᠤᠭᠠᠨ᠂ ᠦᠨᠢᠷ ᠰᠦᠷᠦᠭ ᠤ᠋ᠨ ᠰᠢᠯᠭᠠᠷᠠᠭᠤᠯᠤᠯᠳᠠ᠂ ᠴᠠᠭᠠᠨ ᠢᠳᠡᠭᠡᠨ ᠦ᠌ ᠠᠳᠠᠯᠢᠳᠬᠠᠨ ᠰᠢᠯᠭᠠᠷᠠᠭᠤᠯᠤᠯᠳᠠ᠂ ᠬᠤᠯᠠᠨ ᠰᠢᠷᠭ᠎ᠠ ᠲᠠᠭ᠎ᠠ ᠶ᠋ᠢᠨ ᠦᠬᠡᠷ ᠦ᠋ᠨ ᠮᠢᠬᠠᠨ ᠤ᠋ ᠲᠠᠢᠯᠠᠯᠭ᠎ᠠ ᠵᠡᠷᠭᠡ ᠠᠵᠢᠯᠯᠠᠭ᠎ᠠ ᠶ᠋ᠢ ᠰᠠᠷ᠎ᠠ ᠢᠯᠡᠬᠦᠦ ᠬᠤᠭᠤᠴᠠᠭ᠎ᠠ ᠲᠠᠢ ᠶᠠᠪᠤᠭᠳᠠᠭᠤᠯᠵᠤ᠂ ᠡᠯᠪᠡᠭ ᠪᠠᠶᠠᠯᠢᠭ᠋ ᠬᠦᠳᠡᠯᠬᠡᠬᠡᠨ ᠪᠠ ᠠᠭᠤᠯᠭ᠎ᠠ ᠪᠠᠷ ᠢ᠋ᠶ᠋ᠠᠨ ᠵᠢᠭᠤᠯᠴᠢᠯᠠᠭ᠍ᠰᠠᠳ ᠢ᠋ ᠳᠠᠳᠠᠵᠤ ᠴᠢᠳᠠᠵᠠᠢ᠃ ᠡᠭᠦᠨ ᠦ᠌ ᠬᠠᠮᠲᠤ᠂ ᠰᠢᠶᠠᠮᠧᠨ᠂ ᠪᠡᠭᠡᠵᠢᠩ ᠵᠡᠷᠭᠡ ᠭᠠᠵᠠᠷ ᠤᠷᠤᠨ ᠢ᠋ᠶ᠋ᠠᠷ ᠬᠦᠷᠴᠦ᠂ ᠰᠣᠶᠣᠯ ᠵᠢᠭᠤᠯᠴᠢᠯᠠᠯ ᠤ᠋ᠨ ᠲᠠᠨᠢᠯᠴᠠᠭᠤᠯᠭ᠎ᠠ ᠶ᠋ᠢᠨ ᠠᠵᠢᠯᠯᠠᠭ᠎ᠠ ᠶ᠋ᠢ ᠡᠷᠴᠢᠳᠠᠢ ᠥᠷᠨᠢᠭᠦᠯᠵᠦ ᠶᠠᠪᠤᠭᠳᠠᠭᠤᠯᠤᠭᠰᠠᠨ ᠪᠠᠢᠨ᠎ᠠ᠃
ᠤᠳᠬ᠎ᠠ ᠤᠷᠠᠯᠢᠭ᠋ ᠤ᠋ᠨ ᠤᠬᠠᠭᠤᠯᠭ᠎ᠠ ᠶ᠋ᠢ ᠴᠢᠬᠤᠯᠠᠴᠢᠯᠠᠵᠤ᠂ ᠲᠡᠤᠬᠡᠳᠤ ᠵᠦᠴᠦᠬᠡ ᠵᠢᠨ ᠵᠤᠬᠢᠶᠠᠨ ᠪᠦᠳᠦᠬᠡᠯᠬᠡ ᠵᠢ ᠤᠬᠠᠭᠤᠯᠬᠤ ᠠᠵᠢᠯᠯᠠᠭ᠎ᠠ ᠶ᠋ᠢ ᠵᠣᠬᠢᠶᠠᠨ ᠪᠠᠢᠭᠤᠯᠵᠤ᠂ ᠵᠦᠴᠦᠭᠡ ᠰᠢᠡᠭᠬᠡᠭᠡᠨ ᠰᠡᠭᠦᠳᠡᠷᠯᠡᠭᠰᠡᠨ ᠭᠠᠵᠠᠷ᠎ᠢ ᠰᠤᠷᠳᠠᠯᠴᠢᠯᠠᠨ᠂ ᠰᠢᠯᠤᠭᠤᠨ ᠬᠥᠬᠡ ᠬᠣᠰᠢᠭᠤᠨ ᠤ᠋ ᠰᠣᠶᠣᠯ ᠲᠡᠤᠬᠡ᠂ ᠵᠢᠭᠤᠯᠴᠢᠯᠠᠯ ᠤ᠋ᠨ ᠡᠬᠢ ᠪᠠᠶᠠᠯᠢᠭ᠋ ᠪᠠ ᠪᠠᠢᠭᠠᠯᠢ ᠶ᠋ᠢᠨ ᠥᠩᠭᠡ ᠦᠵᠡᠮᠵᠢ ᠶ᠋ᠢ ᠦᠷᠬᠡᠨ ᠢ᠋ᠶ᠋ᠠᠷ ᠤᠬᠠᠭᠤᠯᠤᠭᠰᠠᠨ ᠪᠠᠢᠨ᠎ᠠ᠃ 《ᠬᠤᠯᠠᠨ ᠰᠢᠷᠭ᠎ᠠ ᠲᠠᠭ᠎ᠠ》 ᠤᠷᠠᠨ ᠪᠢᠴᠢᠯᠭᠡ ᠬᠡᠷᠡᠯ ᠵᠢᠷᠤᠭ᠂ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠪᠦᠲᠦᠭᠡᠯ ᠦ᠋ᠨ ᠦᠵᠡᠰᠬᠦᠯᠡᠩ ᠵᠡᠷᠭᠡ ᠲᠤᠰᠬᠠᠶ ᠰᠡᠳᠦᠪᠲᠦ ᠦᠵᠡᠰᠬᠦᠯᠡᠩ ᠢ᠋ 30 ᠭᠠᠷᠤᠶ ᠵᠣᠬᠢᠶᠠᠨ ᠪᠠᠢᠭᠤᠯᠵᠤ᠂ ᠨᠣᠮ ᠤ᠋ᠨ ᠰᠠᠩ᠂ ᠰᠣᠶᠣᠯ ᠤ᠋ᠨ ᠣᠷᠳᠣᠨ ᠢ᠋ᠶ᠋ᠠᠷ ᠣᠯᠠᠨ ᠲᠦᠮᠡᠨᠴᠢ ᠰᠣᠶᠣᠯ ᠤ᠋ᠨ ᠠᠵᠢᠯᠯᠠᠭ᠎ᠠ ᠶ᠋ᠢ 20 ᠭᠠᠷᠤᠶ ᠤᠳᠠᠭ᠎ᠠ ᠦᠷᠨᠢᠬᠦᠯᠦᠨ᠂ ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ ᠢ᠋ ᠤᠯᠠᠮ ᠨᠢᠭᠡ ᠠᠯᠬᠤᠮ ᠲᠡᠯᠭᠡᠷᠡᠬᠦᠯᠦᠨ ᠤᠬᠠᠭᠤᠯᠵᠤ᠂ ᠡᠯ᠎ᠡ ᠦᠨᠳᠦᠰᠦᠲᠡᠨ ᠤ᠋ ᠰᠣᠶᠣᠯ ᠤ᠋ᠨ ᠰᠣᠯᠢᠯᠴᠠᠭ᠎ᠠ ᠶ᠋ᠢ ᠠᠬᠢᠭᠤᠯᠵᠠᠢ᠃
ᠤᠳᠬ᠎ᠠ ᠤᠷᠠᠯᠢᠭ᠋ ᠤ᠋ᠨ ᠵᠣᠬᠢᠶᠠᠨ ᠪᠦᠲᠦᠭᠡᠯᠭᠡ ᠶ᠋ᠢ ᠲᠠᠰᠤᠷᠠᠯᠲᠠ ᠥᠬᠡᠶ ᠴᠡᠴᠡᠭᠯᠡᠭᠦᠯᠵᠦ᠂ ᠰᠢᠯᠤᠭᠤᠨ ᠬᠥᠬᠡ ᠬᠣᠰᠢᠭᠤᠨ ᠤ᠋ ᠤᠯᠠᠭᠠᠨᠮᠥ᠋ᠴᠢᠷ 《ᠬᠤᠯᠠᠨ ᠰᠢᠷᠭ᠎ᠠ ᠲᠠᠭ᠎ᠠ》᠂ 《ᠰᠢᠨ᠎ᠡ ᠴᠠᠭ ᠦᠶ᠎ᠡ ᠶ᠋ᠢᠨ ᠤᠯᠠᠭᠠᠨᠮᠥ᠋ᠴᠢᠷ》᠂ ᠨᠠᠢᠷᠠᠯ ᠬᠥᠭᠵᠢᠮ 《ᠰᠦᠷᠯᠢᠭ ᠰᠠᠢᠬᠠᠨ ᠤᠮᠠᠷᠠᠲᠤ ᠬᠢᠯᠢ》᠂ ᠦᠵᠡᠭᠳᠡᠯᠲᠦ ᠳᠠᠭᠤᠤ ᠪᠥᠵᠢᠭ 《ᠨᠠᠷᠠᠨ ᠵᠦᠭ᠎ᠤᠨ ᠤᠯᠠᠭᠠᠨ ᠮᠦᠴᠢᠷ》 ᠵᠡᠷᠭᠡ ᠬᠣᠷᠢ ᠭᠠᠷᠤᠶ ᠰᠢᠯᠢᠳᠡᠭ ᠪᠦᠲᠦᠭᠡᠯ ᠢ᠋ ᠵᠣᠬᠢᠶᠠᠨ ᠪᠦᠳᠦᠭᠡᠭᠰᠡᠨ ᠪᠠᠢᠨ᠎ᠠ᠃ ᠰᠣᠩᠭᠣᠨ ᠬᠦᠷᠭᠡᠭᠰᠡᠨ ᠪᠦᠲᠦᠭᠡᠯ ᠨᠢ ᠡᠯ᠎ᠡ ᠱᠠᠲᠤᠨ ᠤ᠋ ᠤᠳᠬ᠎ᠠ ᠤᠷᠠᠯᠢᠭ᠋ ᠤ᠋ᠨ ᠤᠷᠤᠯᠳᠤᠭᠠᠨ ᠳ᠋ᠤ᠌ ᠰᠢᠯᠢᠳᠡᠭ ᠪᠦᠳᠦᠮᠵᠢ ᠡᠬᠦᠳᠴᠦ᠂ ᠲᠠᠭᠤᠯᠠᠯᠳᠤ ᠵᠦᠴᠦᠭᠡ 《ᠬᠤᠯᠠᠨ ᠰᠢᠷᠭ᠎ᠠ ᠲᠠᠭ᠎ᠠ》 ᠨᠢ ᠥᠪᠡᠷᠲᠡᠭᠡᠨ ᠵᠠᠰᠠᠬᠤ ᠣᠷᠣᠨ ᠤ᠋ ᠠᠷᠪᠠᠨ ᠵᠢᠷᠭᠤᠳᠤᠭᠠᠷ ᠬᠤᠭᠤᠴᠠᠭᠠᠨ ᠤ᠋ ᠣᠶᠤᠨ ᠤ᠋ ᠪᠣᠯᠪᠠᠰᠤᠨ ᠤ᠋ ᠪᠠᠢᠭᠤᠯᠤᠯᠲᠠ ᠶ᠋ᠢᠨ 《ᠲᠠᠪᠤᠨ ᠨᠢᠭᠡ ᠶ᠋ᠢᠨ ᠢᠨᠵᠧᠨᠧᠷᠢᠩ》 ᠤ᠋ᠨ ᠰᠢᠯᠢᠳᠡᠭ ᠪᠦᠲᠦᠭᠡᠯ ᠦ᠋ᠨ ᠱᠠᠩᠨᠠᠯ ᠢ᠋ ᠭᠥᠷᠳᠡᠵᠦ᠂ ᠦᠵᠡᠭᠳᠡᠯᠲᠦ ᠳᠠᠭᠤᠤ ᠪᠥᠵᠢᠭ 《ᠨᠠᠷᠠᠨ ᠵᠦᠭ᠎ᠤᠨ ᠤᠯᠠᠭᠠᠨ ᠮᠦᠴᠢᠷ》 ᠨᠢ ᠠᠷᠪᠠᠳᠤᠭᠠᠷ ᠬᠤᠭᠤᠴᠠᠭᠠᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠯᠠᠭᠠᠨᠮᠥ᠋ᠴᠢᠷ ᠦ᠋ᠨ ᠤᠷᠠᠯᠢᠭ᠋ ᠤ᠋ᠨ ᠨᠠᠢᠷ ᠪᠠ ᠬᠣᠷᠢᠨ ᠭᠤᠷᠪᠠᠳᠤᠭᠠᠷ ᠬᠤᠭᠤᠴᠠᠭᠠᠨ ᠤ᠋ ᠪᠥᠬᠥ ᠠᠢᠮᠠᠭ ᠤ᠋ᠨ ᠤᠯᠠᠭᠠᠨᠮᠥ᠋ᠴᠢᠷ ᠦ᠋ᠨ ᠬᠠᠮᠲᠤᠷᠠᠭᠰᠠᠨ ᠲᠣᠭᠯᠠᠯᠲᠠ ᠳ᠋ᠤ᠌ ᠴᠥᠮ ᠪᠦᠯᠬᠦᠮ ᠦ᠋ᠨ ᠮᠥᠩᠭᠥᠨ ᠱᠠᠩᠨᠠᠯ ᠬᠦᠷᠳᠡᠵᠡᠢ᠃
ᠰᠣᠶᠣᠯ ᠤ᠋ᠨ ᠥᠪ ᠦ᠋ᠨ ᠬᠠᠮᠠᠭᠠᠯᠠᠯᠲᠠ ᠶ᠋ᠢᠨ ᠲᠠᠯ᠎ᠠ ᠪᠠᠷ᠂ ᠶᠤᠸᠠᠨ ᠤ᠋ ᠲᠡᠭᠡᠳᠦ ᠨᠡᠢᠰᠯᠡᠯ ᠦ᠋ᠨ ᠪᠠᠭᠤᠷᠢ ᠶ᠋ᠢᠨ ᠦᠵᠡᠮᠵᠢ ᠶ᠋ᠢᠨ ᠣᠷᠣᠨ ᠢ᠋ ᠤᠯᠤᠰ ᠤ᠋ᠨ 5A ᠲᠡᠰ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠪᠤᠯᠭᠠᠨ ᠪᠦᠳᠦᠭᠡᠨ ᠪᠠᠢᠭᠤᠯᠬᠤ ᠠᠵᠢᠯ ᠢ᠋ ᠡᠬᠢᠯᠡᠭᠦᠯᠵᠦ᠂ ᠲᠤᠰᠬᠠᠢ ᠮᠡᠷᠭᠡᠵᠢᠯᠲᠡᠨ ᠢ᠋ ᠤᠷᠢᠵᠤ ᠣᠯᠠᠨ ᠤᠳᠠᠭ᠎ᠠ ᠪᠠᠢᠴᠠᠭᠠᠨ ᠰᠤᠳᠤᠯᠤᠯᠲᠠ ᠬᠢᠵᠦ᠂ ᠦᠵᠡᠮᠵᠢ ᠶ᠋ᠢᠨ ᠣᠷᠣᠨ ᠤ᠋ ᠵᠢᠭᠤᠯᠴᠢᠯᠠᠭᠰᠠᠳ ᠲᠤ᠌ ᠬᠠᠨᠳᠤᠭᠤᠯᠬᠤ ᠦᠢᠯᠡᠴᠢᠯᠡᠬᠡ ᠶ᠋ᠢ ᠪᠠᠶᠠᠯᠢᠭ᠍ᠵᠢᠭᠤᠯᠵᠤ᠂ ᠦᠨᠳᠦᠰᠦᠳᠡᠨ ᠤ᠋ ᠬᠤᠪᠴᠠᠰᠤ ᠵᠠᠰᠠᠯ ᠢ᠋ᠶ᠋ᠠᠷ ᠭᠤᠶᠤᠯᠠᠵᠤ ᠰᠡᠭᠦᠳᠡᠷᠯᠡᠬᠦ ᠵᠡᠷᠭᠡ ᠪᠡᠶᠡᠴᠢᠯᠡᠨ ᠤᠷᠤᠯᠴᠠᠬᠤ ᠲᠥᠷᠥᠯ ᠵᠦᠶ᠋ᠯ ᠢ᠋ ᠢᠯᠡᠳᠳᠡ ᠨᠡᠮᠡᠭᠳᠡᠬᠦᠯᠵᠤ᠂ ᠡᠬᠦᠨ ᠤ᠋ ᠬᠠᠮᠳᠤ᠂ ᠲᠠᠯ᠎ᠠ ᠨᠤᠲᠤᠭ ᠢ᠋ᠶ᠋ᠠᠷ ᠠᠶᠠᠯᠠᠨ ᠰᠤᠷᠤᠯᠴᠠᠬᠤ᠂ ᠮᠦᠽᠧᠶ ᠪᠠᠷ ᠲᠤᠭᠤᠷᠢᠨ ᠰᠤᠷᠤᠯᠴᠠᠬᠤ᠂ ᠳᠡᠯᠡᠬᠡᠶ ᠶ᠋ᠢᠨ ᠰᠣᠶᠣᠯ ᠤ᠋ᠨ ᠥᠪ ᠢ᠋ᠶ᠋ᠠᠷ ᠲᠤᠭᠤᠷᠢᠨ ᠰᠤᠷᠤᠯᠴᠠᠬᠤ ᠵᠡᠷᠭᠡ ᠬᠢᠴᠢᠶᠡᠯ ᠢ᠋ ᠨᠡᠭᠡᠭᠡᠨ᠂ ᠵᠢᠭᠤᠯᠴᠢᠯᠠᠭᠰᠠᠳ ᠲᠤ᠌ ᠨᠡᠡᠭ ᠤᠯᠠᠨ ᠲᠤᠭᠤᠷᠢᠨ ᠠᠶᠠᠯᠠᠵᠤ ᠰᠤᠳᠤᠯᠤᠨ ᠰᠤᠷᠤᠯᠴᠠᠬᠤ ᠰᠤᠡᠭ᠌ᠭᠤᠯᠳᠠ ᠶ᠋ᠢ ᠬᠠᠡᠭ᠌ᠭᠠᠭᠰᠠᠨ ᠪᠠᠢᠨ᠎ᠠ᠃ ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠬᠤ ᠪᠠ ᠤᠯᠠᠮᠵᠢᠯᠠᠨ ᠲᠡᠯᠭᠡᠷᠡᠬᠦᠯᠬᠦ ᠲᠠᠯ᠎ᠠ ᠪᠠᠷ᠂ ᠡᠨᠡ ᠵᠢᠯ ᠨᠡᠢᠲᠡ 20 ᠭᠠᠷᠤᠶ ᠤᠳᠠᠭᠠᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠢ᠋ ᠳᠡᠯᠭᠡᠨ ᠦᠵᠡᠭᠦᠯᠬᠦ ᠠᠵᠢᠯᠯᠠᠭ᠎ᠠ ᠡᠷᠭᠢᠯᠡᠵᠦ᠂ 12 ᠲᠦᠮᠡᠨ ᠬᠥᠮᠦᠨ ᠤᠳᠠᠭ᠎ᠠ ᠤᠷᠤᠯᠴᠠᠵᠠᠢ᠃ 2025 ᠣᠨ ᠳ᠋ᠤ᠌᠂ ᠰᠢᠯᠤᠭᠤᠨ ᠬᠥᠬᠡ ᠬᠣᠰᠢᠭᠤ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠴᠠᠭᠠᠨ ᠢᠳᠡᠭᠡᠨ ᠤ᠋ ᠰᠣᠶᠣᠯ ᠤ᠋ᠨ ᠠᠮᠢ ᠠᠬᠤᠶ ᠶ᠋ᠢᠨ ᠬᠠᠮᠠᠭᠠᠯᠠᠯᠲᠠ ᠶ᠋ᠢᠨ ᠲᠤᠷᠰᠢᠯᠲᠠ ᠶ᠋ᠢᠨ ᠣᠷᠣᠨ ᠢ᠋ᠶ᠋ᠠᠷ ᠰᠣᠡᠭ᠌ᠭᠤᠭᠳᠠᠪᠠ᠃ ᠣᠳᠣᠬᠠᠨ ᠪᠣᠯᠲᠠᠯ᠎ᠠ᠂ ᠰᠢᠯᠤᠭᠤᠨ ᠬᠥᠬᠡ ᠬᠣᠰᠢᠭᠤᠨ ᠳ᠋ᠤ᠌ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠲᠥᠷᠥᠯ ᠵᠦᠶ᠋ᠯ 2᠂ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ 19᠂ ᠠᠢᠮᠠᠭ ᠤ᠋ᠨ ᠲᠠᠰ ᠤ᠋ᠨ 29᠂ ᠬᠣᠰᠢᠭᠤᠨ ᠤ᠋ ᠲᠠᠰ ᠤ᠋ᠨ 66 ᠪᠣᠶ᠃ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠤᠯᠠᠮᠵᠢᠯᠠᠭ᠍ᠴᠢ 2 ᠬᠥᠮᠦᠨ᠂ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ 20 ᠬᠥᠮᠦᠨ᠂ ᠠᠢᠮᠠᠭ ᠤ᠋ᠨ ᠲᠠᠰ ᠤ᠋ᠨ 47 ᠬᠥᠮᠦᠨ᠂ ᠬᠤᠰᠢᠭᠤ ᠲᠠᠰ ᠤ᠋ᠨ 125 ᠬᠥᠮᠦᠨ ᠪᠤᠢ᠃
ᠰᠤᠶᠤᠯ ᠵᠢᠭᠤᠯᠴᠢᠯᠠᠯ ᠤ᠋ᠨ ᠦᠢᠯᠡᠰ ᠤ᠋ᠨ ᠦᠷᠨᠢᠬᠦᠨ ᠬᠦᠭᠵᠢᠯᠳᠡ ᠨᠢ ᠰᠢᠯᠤᠭᠤᠨ ᠬᠦᠬᠡ ᠬᠤᠰᠢᠭᠤᠨ ᠤ᠋ ᠨᠠᠷᠠ ᠠᠯᠳᠠᠷᠰᠢᠯ ᠢ᠋ ᠦᠷᠬᠦᠯᠵᠢᠯᠡᠨ ᠲᠡᠭᠡᠭᠰᠢᠯᠡᠬᠦᠯᠵᠤ᠂ ᠵᠢᠭᠤᠯᠴᠢᠯᠠᠯ ᠢ᠋ᠶ᠋ᠠᠷ ᠳᠠᠮᠵᠢᠭᠤᠯᠤᠨ ᠦᠪ ᠵᠤᠵᠠᠭᠠᠨ ᠰᠣᠶᠣᠯ ᠤ᠋ᠨ ᠡᠬᠢ ᠪᠠᠶᠠᠯᠢᠭ᠋ ᠢ᠋ᠶ᠋ᠠᠨ ᠤᠯᠠᠮ ᠴᠢᠨᠠᠭᠰᠢᠳᠠ ᠠᠭᠤᠳᠠᠯᠤᠨ ᠤᠬᠠᠭᠤᠯᠵᠤ᠂ ᠵᠢᠭᠤᠯᠴᠢᠯᠠᠯ ᠤ᠋ᠨ ᠠᠭᠤᠯᠭ᠎ᠠ ᠪᠠ ᠠᠭᠤᠯᠬᠤᠨ ᠢ᠋ ᠪᠠᠶᠠᠯᠢᠭ᠍ᠵᠢᠭᠤᠯᠵᠤ᠂ ᠰᠤᠶᠤᠯ ᠵᠢᠭᠤᠯᠴᠢᠯᠠᠯ ᠤ᠋ᠨ ᠦᠢᠯᠡᠰ ᠨᠢ ᠰᠢᠯᠤᠭᠤᠨ ᠬᠦᠬᠡ ᠬᠤᠰᠢᠭᠤᠨ ᠤ᠋ ᠠᠵᠤ ᠠᠬᠤᠢ ᠶ᠋ᠢᠨ ᠬᠦᠭᠵᠢᠯᠳᠡ ᠶ᠋ᠢᠨ ᠰᠢᠨ᠎ᠠ ᠬᠡᠪ ᠪᠠᠢᠳᠠᠯ ᠲᠤᠤᠷᠡᠬᠢ ᠴᠢᠬᠤᠯᠠ ᠨᠡᠮᠡᠭᠳᠡᠯ ᠴᠡᠭ ᠪᠤᠯᠵᠤ ᠪᠠᠢᠨ᠎ᠠ᠃

ᠪᠤᠯᠠᠭ ᠱᠠᠨᠭᠳᠠ ᠳᠠᠢ ᠨᠤᠳᠤᠭ
ᠤᠯᠠᠮᠵᠢᠯᠠᠯᠳᠤ ᠴᠠᠭᠠᠨ ᠢᠳᠡᠬᠡᠨ᠎ᠤ ᠠᠵᠦ ᠦᠢᠯᠡᠰ ᠬᠡᠯᠪᠡᠷᠢ ᠪᠡᠨ ᠬᠤᠪᠢᠷᠠᠭᠤᠯᠤᠨ᠎ᠠ
ᠰᠢᠯᠤᠭᠤᠨ ᠬᠥᠬᠡ ᠬᠣᠰᠢᠭᠤᠨ᠎ᠤ ᠴᠠᠭᠠᠨ ᠢᠳᠡᠭᠡᠨ᠎ᠦ ᠠᠵᠤ ᠦᠢᠯᠡᠰ ᠤᠯᠠᠮᠵᠢᠯᠠᠯᠲᠤ ᠭᠠᠷ ᠤᠷᠠᠯᠠᠯ᠎ᠠᠴᠠ ᠤᠳᠤ ᠦᠶ᠎ᠡ᠎ᠶᠢᠨ ᠠᠵᠤ ᠦᠢᠯᠡᠰ᠎ᠦᠨ ᠰᠢᠰᠲᠧᠮ ᠲᠡᠢᠰᠢ ᠭᠦᠨᠵᠡᠭᠡᠢ ᠬᠤᠪᠢᠰᠤᠯᠲᠠ᠎ᠶᠢ ᠥᠩᠭᠡᠷᠡᠭᠡᠵᠦ ᠪᠤᠢ᠃ 《ᠳᠤᠮᠳᠠᠳᠤ ᠤᠯᠤᠰ᠎ᠤᠨ ᠴᠠᠭᠠᠨ ᠢᠳᠡᠭᠡᠨ᠎ᠦ ᠨᠤᠲᠤᠭ》 ᠪᠠ 《ᠳᠤᠮᠳᠠᠳᠤ ᠤᠯᠤᠰ᠎ᠤᠨ ᠴᠠᠭᠠᠨ ᠢᠳᠡᠭᠡᠨ᠎ᠦ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠰᠠᠭᠤᠷᠢᠨ》 ᠪᠣᠯᠤᠭᠰᠠᠨ᠎ᠤ ᠬᠤᠪᠢ᠎ᠳᠤ᠂ ᠰᠢᠯᠤᠭᠤᠨ ᠬᠥᠬᠡ ᠬᠣᠰᠢᠭᠤᠨ᠎ᠤ ᠬᠡᠪᠴᠢᠶᠡᠨ᠎ᠳᠤ 126 ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ᠎ᠲᠠᠢ᠂ ᠣᠷᠣᠨ ᠨᠤᠲᠤᠭ᠎ᠤᠨ ᠣᠨᠴᠠᠯᠢᠭ᠍ᠲᠤ ᠴᠠᠭᠠᠨ ᠢᠳᠡᠭᠡᠨ᠎ᠢ 35 ᠵᠦᠢᠯ ᠰᠤᠳᠤᠯᠤᠨ ᠦᠢᠯᠡᠳᠪᠦᠷᠢᠯᠡᠵᠦ᠂ ᠲᠤᠬᠠᠢ᠎ᠶᠢᠨ ᠭᠠᠵᠠᠷ᠎ᠤᠨ ᠠᠵᠤ ᠠᠬᠤᠢ᠎ᠶᠢᠨ ᠬᠥᠭᠵᠢᠯᠲᠡ ᠪᠠ ᠵᠢᠭᠤᠯᠴᠢᠯᠠᠯ᠎ᠤᠨ ᠦᠢᠯᠡᠰ᠎ᠢ ᠠᠬᠢᠭᠤᠯᠬᠤ ᠴᠢᠬᠤᠯᠠ ᠬᠥᠳᠡᠯᠭᠡᠭᠦᠷ ᠪᠣᠯᠤᠭᠰᠠᠨ ᠪᠠᠢᠳᠠᠭ᠃
ᠰᠢᠯᠤᠭᠤᠨ ᠬᠥᠬᠡ ᠬᠣᠰᠢᠭᠤᠨ᠎ᠤ ᠴᠠᠭᠠᠨ ᠢᠳᠡᠭᠡᠨ᠎ᠦ ᠠᠵᠤ ᠦᠢᠯᠡᠰ ᠨᠢ ᠥᠪᠡᠷᠮᠢᠴᠡ ᠣᠨᠴᠠᠯᠢᠭ᠋᠎ᠲᠠᠢ ᠠᠵᠤ ᠦᠢᠯᠡᠰ᠎ᠦᠨ ᠣᠨᠴᠠᠯᠢᠭ᠋᠎ᠢ ᠪᠦᠷᠢᠯᠳᠦᠭᠦᠯᠵᠡᠢ᠃ ᠪᠦᠬᠦ ᠬᠣᠰᠢᠭᠤᠨ᠎ᠳᠤ ᠡᠳᠦᠷ᠎ᠲᠦ ᠳᠤᠮᠳᠠᠴᠢ᠎ᠪᠠᠷ 80 ᠲᠣᠨ ᠰᠦ ᠦᠢᠯᠡᠳᠪᠦᠷᠢᠯᠡᠵᠦ᠂ ᠠᠵᠤ ᠦᠢᠯᠡᠰ᠎ᠦᠨ ᠬᠥᠭᠵᠢᠯᠲᠡ᠎ᠳᠦ ᠭᠦᠢᠴᠡᠳ ᠲᠦᠭᠦᠬᠡᠢ ᠮᠠᠲᠧᠷᠢᠶᠠᠯ᠎ᠤᠨ ᠪᠠᠲᠤᠯᠠᠭ᠎ᠠ ᠬᠠᠨᠭᠭᠠᠭᠰᠠᠨ ᠵᠢᠡᠷ ᠬᠤᠷᠤᠳ᠂ ᠥᠷᠥᠮ᠎ᠡ ᠵᠡᠷᠬᠡ ᠭᠠᠵᠠᠷ ᠵᠦᠢ ᠵᠢᠨ ᠢᠯᠡᠷᠬᠡᠢᠯᠡᠯᠳᠦ ᠳᠠᠸᠠᠷ᠎ᠤᠨ ᠪᠦᠲᠦᠭᠡᠭᠳᠡᠬᠦᠨ᠎ᠢᠶᠡᠷ ᠲᠥᠯᠥᠭᠡᠯᠡᠭᠴᠢ ᠪᠣᠯᠭᠠᠵᠤ᠂ ᠪᠠᠰᠠ ᠴᠤᠷ᠎ᠠ᠂ ᠬᠠᠳᠠᠭᠠᠭᠰᠠᠨ ᠬᠤᠷᠤᠳ᠂ ᠰᠢᠷ᠎ᠠ ᠲᠣᠰᠣ᠌᠂ ᠵᠦᠬᠡᠬᠡᠢ ᠵᠡᠷᠭᠡ 30 ᠭᠠᠷᠤᠢ ᠲᠥᠷᠥᠯ᠎ᠦᠨ ᠤᠯᠠᠮᠵᠢᠯᠠᠯᠲᠤ ᠪᠦᠲᠦᠭᠡᠭᠳᠡᠬᠦᠨ᠎ᠲᠠᠢ᠃ ᠡᠳᠡᠭᠡᠷ ᠪᠦᠲᠦᠭᠡᠭᠳᠡᠬᠦᠨ ᠨᠢ ᠤᠯᠠᠮᠵᠢᠯᠠᠯᠲᠤ ᠤᠷ᠎ᠠ ᠮᠡᠷᠭᠡᠵᠢᠯ᠎ᠢ ᠬᠡᠷᠡᠭᠯᠡᠭᠰᠡᠨ ᠳᠡᠳᠦᠢ ᠦᠬᠡᠢ ᠢᠰᠬᠡᠬᠦ᠂ ᠪᠦᠯᠢᠬᠦ᠂ ᠬᠤᠳᠬᠤᠬᠤ᠂ ᠬᠡᠪ ᠤᠷᠤᠭᠤᠯᠬᠤ ᠵᠡᠷᠭᠡ ᠶᠠᠪᠤᠴᠠ᠎ᠳᠠᠭᠠᠨ ᠪᠠᠰᠠ ᠤᠳᠤ ᠦᠶ᠎ᠡ᠎ᠶᠢᠨ ᠦᠢᠯᠡᠳᠪᠦᠷᠢᠯᠡᠯ᠎ᠦᠨ ᠮᠡᠷᠭᠡᠵᠢᠯ᠎ᠢ ᠢᠳᠡᠪᠬᠢᠲᠡᠢ ᠣᠷᠣᠭᠤᠯᠪᠠ᠃ ᠵᠢᠱ᠌ᠢᠶᠡᠯᠡᠪᠡᠯ᠂ ᠤᠯᠠᠮᠵᠢᠯᠠᠯᠲᠤ ᠭᠠᠷ ᠤᠷᠠᠯᠠᠯ᠎ᠢ ᠣᠳᠣᠬᠢᠴᠢᠯᠠᠭᠰᠠᠨ ᠠᠵᠤ ᠦᠢᠯᠡᠳᠪᠦᠷᠢ᠎ᠶᠢᠨ ᠦᠢᠯᠡᠳᠪᠦᠷᠢᠯᠡᠯ᠎ᠲᠠᠢ ᠠᠮᠵᠢᠯᠲᠠ᠎ᠲᠠᠢ ᠤᠶᠠᠯᠳᠤᠭᠤᠯᠵᠤ᠂ 《5S》᠎ᠶ᠋ᠢᠨ ᠪᠠᠷᠢᠮᠵᠢᠶᠠᠵᠢᠭ᠍ᠰᠠᠨ ᠬᠠᠮᠢᠶᠠᠷᠤᠯᠲᠠ᠎ᠶᠢ ᠴᠢᠩᠭ᠎ᠠ ᠬᠡᠷᠡᠭᠵᠢᠭᠦᠯᠵᠦ᠂ ᠴᠠᠭᠠᠨ ᠢᠳᠡᠭᠡᠨ᠎ᠦ ᠦᠢᠯᠡᠳᠪᠦᠷᠢᠯᠡᠯ᠎ᠦᠨ ᠪᠠᠷᠢᠮᠵᠢᠶᠠᠵᠢᠯᠲᠠ᠂ ᠲᠣᠭ᠎ᠠ ᠪᠠᠷᠢᠮᠲᠠᠴᠢᠯᠠᠯᠲᠠ ᠪᠠ ᠨᠠᠷᠢᠯᠢᠭ᠍ᠵᠢᠭᠤᠯᠤᠯᠲᠠᠶᠢ ᠪᠡᠶᠡᠯᠡᠭᠦᠯᠪᠡ᠃ ᠡᠭᠦᠨ᠎ᠦ ᠬᠠᠮᠲᠤ᠂ ᠪᠦᠬᠦ ᠬᠣᠰᠢᠭᠤ ᠣᠷᠣᠨ ᠨᠤᠲᠤᠭ᠎ᠤᠨ ᠣᠨᠴᠠᠯᠢᠭ᠍ᠲᠤ ᠴᠠᠭᠠᠨ ᠢᠳᠡᠭᠡᠨ᠎ᠦ ᠶᠠᠰᠤ ᠴᠢᠨᠠᠷ᠎ᠢ ᠮᠥᠷᠳᠡᠨ ᠪᠠᠢᠴᠠᠭᠠᠬᠤ ᠲᠠᠪᠴᠠᠩ᠎ᠢ ᠪᠠᠢᠭᠤᠯᠵᠤ᠂ 《ᠨᠢᠭᠡ ᠪᠦᠳᠦᠬᠡᠭᠳᠡᠬᠦᠨ᠎ᠳᠤ ᠨᠢᠬᠡ ᠺᠤᠳ᠋᠂ ᠨᠢᠭᠡ ᠠᠵᠤ ᠠᠬᠤᠢᠯᠡᠯ᠎ᠳᠤ ᠨᠢᠭᠡ ᠺᠤᠳ᠋᠎ᠲᠠᠢ ᠪᠠᠢᠬᠤ》 ᠶ᠋ᠢ ᠪᠡᠶᠡᠯᠡᠭᠦᠯᠵᠤ᠂ ᠨᠢᠭᠡᠨᠲᠡ 95 ᠴᠠᠭᠠᠨ ᠢᠳᠡᠭᠡᠨ᠎ᠦ ᠵᠢᠵᠢᠭ ᠦᠢᠯᠡᠳᠬᠡᠯ ᠪᠠ ᠠᠵᠤ ᠠᠬᠤᠢᠯᠡᠯ᠎ᠤᠨ ᠳᠠᠩᠰᠠᠯᠠᠭᠤᠯᠤᠭᠰᠠᠨ ᠲᠠᠪᠴᠠᠩ᠎ᠲᠠᠢ ᠪᠣᠯᠵᠤ᠂ ᠪᠦᠷᠢᠳᠬᠡᠬᠦᠯᠦᠭᠰᠡᠨ ᠨᠤᠷᠮ᠎ᠠ ᠨᠢ 76%᠎ᠳᠤ ᠬᠦᠷᠴᠦ᠂ ᠬᠡᠷᠡᠭᠯᠡᠭᠰᠡᠨ ᠨᠤᠷᠮ᠎ᠠ ᠨᠢ 98%᠎ᠳᠤ ᠬᠦᠷᠴᠡᠢ᠃
ᠰᠢᠯᠤᠭᠤᠨ ᠬᠥᠬᠡ ᠬᠣᠰᠢᠭᠤᠨ᠎ᠤ ᠴᠠᠭᠠᠨ ᠢᠳᠡᠭᠡᠨ᠎ᠦ ᠠᠵᠤ ᠦᠢᠯᠡᠰ ᠨᠢ 《ᠦᠢᠯᠡᠳᠪᠦᠷᠢᠯᠡᠬᠦ ᠠᠵᠤ ᠠᠬᠤᠢᠯᠡᠯ᠎ᠢᠶᠠᠷ ᠭᠣᠣᠯᠯᠠᠭ᠍ᠴᠢ ᠪᠣᠯᠭᠠᠵᠤ᠂ ᠪᠣᠯᠪᠠᠰᠤᠷᠠᠭᠤᠯᠬᠤ ᠵᠢᠵᠢᠭ ᠦᠢᠯᠡᠳᠬᠡᠯ᠎ᠢᠶᠡᠷ ᠨᠥᠬᠥᠪᠦᠷᠢ ᠪᠣᠯᠭᠠᠭᠰᠠᠨ》 ᠣᠨᠴᠠᠯᠢᠭ᠍ᠲᠤ ᠠᠵᠤ ᠦᠢᠯᠡᠰ᠎ᠦᠨ ᠰᠢᠰᠲᠧᠮ᠎ᠢ ᠪᠦᠷᠢᠯᠳᠦᠭᠦᠯᠵᠡᠢ᠃ ᠭᠣᠣᠯ ᠪᠣᠯᠬᠤ ᠴᠠᠭᠠᠨ ᠢᠳᠡᠭᠡᠨ᠎ᠦ ᠦᠢᠯᠡᠳᠪᠦᠷᠢ ᠨᠤᠬᠦᠳ ᠨᠢ 《ᠥᠪᠥᠷ ᠮᠣᠩᠭᠣᠯ》 ᠳᠡᠮᠳᠡᠭᠳᠦ ᠠᠵᠤ ᠠᠬᠤᠢᠯᠡᠯ ᠪᠣᠯᠤᠭᠰᠠᠨ᠎ᠤ ᠬᠤᠪᠢ᠎ᠳᠤ᠂ ᠦᠢᠯᠡᠳᠬᠦᠨ᠎ᠦ ᠲᠥᠷᠥᠯ ᠵᠦᠢᠯ ᠨᠢ ᠲᠦᠷᠦᠯ ᠲᠡᠮᠳᠡᠭ᠎ᠦᠨ ᠪᠠᠢᠭᠤᠯᠤᠯᠲᠠ᠎ᠶᠢᠨ ᠲᠠᠯ᠎ᠠ᠎ᠪᠠᠷ᠂ 《ᠰᠢᠯᠢ᠎ᠶᠢᠨ ᠭᠣᠣᠯ᠎ᠤᠨ ᠴᠠᠭᠠᠨ ᠢᠳᠡᠬᠡ》 ᠵᠢᠨ ᠣᠷᠣᠨ ᠪᠦᠰᠡ᠎ᠶᠢᠨ ᠨᠡᠶ᠋ᠢᠲᠡ᠎ᠶᠢᠨ ᠲᠦᠷᠦᠯ ᠲᠡᠮᠳᠡᠭ᠎ᠦᠨ ᠡᠷᠬᠡ ᠣᠯᠵᠤ᠂ 《ᠴᠠᠭᠠᠨ ᠢᠳᠡᠬᠡ ᠵᠢ ᠤᠢᠯᠠᠭᠠᠬᠤ ᠲᠡᠩᠬᠢᠮ》 ᠵᠡᠷᠭᠡ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠲᠠᠪᠴᠠᠩ᠎ᠢᠶᠠᠷ ᠳᠠᠮᠵᠢᠭᠤᠯᠤᠨ᠂ ᠰᠢᠯᠤᠭᠤᠨ ᠬᠥᠬᠡ ᠬᠣᠰᠢᠭᠤᠨ᠎ᠤ ᠴᠠᠭᠠᠨ ᠢᠳᠡᠭᠡᠨ ᠨᠢ ᠪᠡᠭᠡᠵᠢᠩ᠂ ᠾᠧᠪᠧᠢ᠂ ᠱᠠᠨᠰᠢ ᠵᠡᠷᠭᠡ ᠪᠥᠬᠥ ᠤᠯᠤᠰ᠎ᠤᠨ 20 ᠮᠤᠵᠢ ᠬᠣᠲᠠ ᠣᠷᠣᠨ᠎ᠳᠤ ᠪᠣᠷᠣᠯᠠᠭᠤᠯᠤᠭᠳᠠᠪᠠ᠃ᠬᠣᠰᠢᠭᠤᠨ᠎ᠤ ᠵᠠᠰᠠᠭ᠎ᠤᠨ ᠣᠷᠳᠣᠨ ᠪᠠᠰᠠ 《ᠴᠠᠭᠠᠨ ᠢᠳᠡᠭᠡᠨ᠎ᠦ ᠪᠠᠶᠠᠷ》ᠵᠢᠡᠷ ᠵᠠᠭᠤᠴᠢ ᠪᠣᠯᠭᠠᠵᠤ᠂ ᠤᠯᠠᠨ ᠤᠳᠠᠭ᠎ᠠ ᠣᠷᠣᠨ ᠨᠤᠲᠤᠭ᠎ᠤᠨ ᠣᠨᠴᠠᠯᠢᠭ᠍ᠲᠤ ᠴᠠᠭᠠᠨ ᠢᠳᠡᠭᠡᠨ᠎ᠦ ᠦᠵᠡᠰᠬᠦᠯᠡᠩ᠎ᠢ ᠡᠷᠬᠢᠯᠡᠵᠦ᠂ ᠣᠨᠴᠠᠯᠢᠭ᠍ᠲᠤ 《ᠴᠠᠭᠠᠨ ᠢᠳᠡᠬᠡᠨ᠎ᠤ ᠠᠵᠤ ᠦᠢᠯᠡᠰ + ᠵᠢᠭᠤᠯᠴᠢᠯᠠᠯ》᠎ᠤ᠋ᠨ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠬᠥᠭᠵᠢᠭᠦᠯᠵᠦ᠂ ᠴᠠᠭᠠᠨ ᠢᠳᠡᠬᠡᠨ᠎ᠤ ᠲᠦᠷᠦᠯ ᠲᠡᠮᠳᠡᠭ᠎ᠦᠨ ᠵᠠᠬ᠎ᠠ ᠳᠡᠯᠭᠡᠭᠦᠷ᠎ᠦᠨ ᠨᠡᠷ᠎ᠡ ᠠᠯᠳᠠᠷ ᠪᠣᠯᠣᠨ ᠠᠯᠳᠠᠷᠰᠢᠯ᠎ᠢ ᠬᠦᠴᠦᠯᠡᠨ ᠳᠡᠭᠡᠭᠰᠢᠯᠡᠭᠦᠯᠪᠡ᠃ ᠰᠢᠨ᠎ᠡ ᠬᠥᠭᠵᠢᠯᠲᠡ᠎ᠶᠢᠨ ᠭᠠᠷᠤᠭ᠎ᠠ ᠳᠡᠭᠡᠷ᠎ᠡ᠂ ᠰᠢᠯᠤᠭᠤᠨ ᠬᠥᠬᠡ ᠬᠣᠰᠢᠭᠤᠨ᠎ᠤ ᠴᠠᠭᠠᠨ ᠢᠳᠡᠭᠡᠨ᠎ᠦ ᠠᠵᠤ ᠦᠢᠯᠡᠰ ᠨᠢ ᠤᠯᠠᠨ ᠲᠠᠯ᠎ᠠ᠎ᠠᠴᠠ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠭᠦᠯᠬᠦ᠎ᠶᠢ ᠠᠬᠢᠭᠤᠯᠬᠤ ᠴᠢᠬᠤᠯᠠᠲᠠᠢ ᠪᠠᠢᠨ᠎ᠠ᠃ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠤᠯᠠᠮᠵᠢᠯᠠᠯᠲᠤ ᠭᠠᠷ ᠤᠷᠠᠯᠠᠯ ᠪᠣᠯᠣᠨ ᠤᠳᠤ ᠦᠶ᠎ᠡ᠎ᠶᠢᠨ ᠢᠳᠡᠭᠡᠨ᠎ᠦ ᠰᠢᠨᠵᠢᠯᠡᠬᠦ ᠤᠬᠠᠭᠠᠨ ᠮᠡᠷᠭᠡᠵᠢᠯ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠵᠦ᠂ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠥᠨᠳᠥᠷ ᠨᠡᠮᠡᠯᠲᠡ ᠦᠷᠳᠡᠭ᠎ᠲᠠᠢ ᠦᠢᠯᠡᠳᠬᠦᠨ ᠵᠢᠱ᠌ᠢᠶᠡᠯᠡᠪᠡᠯ ᠰᠦᠨ᠎ᠦ ᠴᠢᠩᠭᠡᠯᠢᠭ᠎ᠢ ᠶᠡᠷᠦᠩᠬᠡᠢᠯᠡᠨ ᠠᠰᠢᠭ᠍ᠯᠠᠬᠤ ᠵᠡᠷᠭᠡ᠎ᠶᠢ ᠬᠥᠭᠵᠢᠭᠦᠯᠤᠨ᠂ ᠨᠠᠷᠠᠲᠤ ᠲᠡᠮᠳᠡᠭᠲᠦ᠎ᠶᠢᠨ ᠪᠠᠢᠭᠤᠯᠤᠯᠲᠠ᠎ᠶᠢ ᠴᠢᠩᠭᠠᠳᠬᠠᠵᠤ᠂ 《ᠰᠢᠯᠤᠭᠤᠨ ᠬᠥᠬᠡ ᠬᠣᠰᠢᠭᠤᠨ᠎ᠤ ᠬᠤᠷᠤᠳ》᠂ 《ᠰᠢᠯᠤᠭᠤᠨ ᠬᠥᠬᠡ ᠬᠣᠰᠢᠭᠤᠨ᠎ᠤ ᠥᠷᠥᠮ᠎ᠡ》 ᠵᠡᠷᠭᠡ ᠭᠠᠵᠠᠷ ᠵᠦᠢ᠎ᠶᠢᠨ ᠢᠯᠡᠷᠬᠡᠢᠯᠡᠯᠳᠦ ᠪᠦᠲᠦᠭᠡᠭᠳᠡᠬᠦᠨ᠎ᠦ ᠵᠠᠬ᠎ᠠ ᠳᠡᠯᠭᠡᠭᠦᠷ᠎ᠦᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠂ ᠠᠵᠤ ᠦᠢᠯᠡᠰ᠎ᠦᠨ ᠠᠭᠤᠰᠤᠯᠴᠠᠯ᠎ᠢ ᠠᠬᠢᠭᠤᠯᠵᠤ᠂ 《ᠰᠦᠨ᠎ᠦ ᠦᠢᠯᠡᠰ + ᠵᠢᠭᠤᠯᠴᠢᠯᠠᠯ 》᠂ 《ᠰᠦᠨ᠎ᠦ ᠦᠢᠯᠡᠰ + ᠰᠣᠶᠣᠯ》 ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠬᠥᠭᠵᠢᠯᠲᠡ᠎ᠶᠢ ᠭᠦᠨᠵᠡᠭᠡᠢᠷᠡᠭᠦᠯᠦᠨ᠎ᠡ᠃
ᠢᠨᠭᠬᠢᠬᠡᠳ ᠦᠵᠡᠪᠡᠯ᠂ ᠰᠢᠯᠤᠭᠤᠨ ᠬᠥᠬᠡ ᠬᠣᠰᠢᠭᠤᠨ᠎ᠤ ᠴᠠᠭᠠᠨ ᠢᠳᠡᠭᠡᠨ᠎ᠦ ᠠᠵᠤ ᠦᠢᠯᠡᠰ ᠤᠯᠠᠮᠵᠢᠯᠠᠯᠲᠤ ᠣᠨᠴᠠᠯᠢᠭ᠋᠎ᠢᠶᠠᠨ ᠪᠠᠲᠤᠯᠠᠭᠰᠠᠨ ᠰᠠᠭᠤᠷᠢᠨ ᠳᠡᠭᠡᠷ᠎ᠡ ᠨᠡᠩ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ ᠪᠣᠯᠣᠮᠵᠢ᠎ᠲᠠᠢ ᠪᠠᠢᠨ᠎ᠠ᠃ ᠦᠷᠬᠡᠨ ᠤᠯᠠᠨ ᠬᠡᠷᠡᠭᠯᠡᠭᠴᠢ ᠪᠠ ᠵᠢᠭᠤᠯᠴᠢᠯᠠᠭᠰᠠᠳ ᠲᠤ᠌ 《ᠴᠠᠭᠠᠨ ᠢᠳᠡᠭᠡᠨ᠎ᠦ ᠨᠤᠲᠤᠭ》 ᠮᠠᠨᠢ ᠥᠪᠡᠷᠮᠢᠴᠡ ᠠᠵᠤ ᠦᠢᠯᠡᠰ᠎ᠦᠨ ᠷᠢᠳᠢ ᠰᠢᠳᠢ ᠪᠠ ᠰᠣᠶᠣᠯ᠎ᠤᠨ ᠠᠭᠤᠯᠤᠭᠳᠠᠬᠤᠨᠢᠶᠠᠷᠢᠶᠠᠨ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ ᠪᠡᠨ ᠬᠤᠪᠢᠷᠠᠭᠤᠯᠬᠤ ᠵᠠᠮ ᠵᠢᠡᠷ ᠢᠳᠡᠪᠬᠢᠯᠡᠨ ᠵᠠᠮᠨᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃