2026-08-21 15:48:19
ᠦᠩᠭᠡ᠎ᠶᠢᠨ ᠴᠡᠴᠡᠭ ᠮᠢᠷᠠᠯᠵᠠᠨ ᠳᠡᠯᠭᠡᠷᠡᠭᠰᠡᠨ ᠨᠠᠢ᠍ᠮᠠᠨ ᠰᠠᠷ᠎ᠠ᠎ᠶᠢᠨ ᠤᠯᠠᠭᠠᠨᠮᠤᠳᠤ᠎ᠶᠢᠨ ᠲᠠᠯ᠎ᠠ ᠨᠤᠲᠤᠭ ᠵᠢᠷᠤᠭ ᠮᠡᠲᠤ ᠭᠤᠶᠤᠬᠠᠨ ᠦᠵᠡᠮᠵᠢ ᠪᠡᠷ᠎ᠢᠶᠡᠨ ᠬᠤᠯᠠ ᠤᠢᠷ᠎ᠠ᠎ᠶᠢᠨ ᠵᠢᠭᠤᠯᠴᠢᠯᠠᠭᠰᠠᠳ᠎ᠤᠨ ᠪᠠᠬᠠᠷᠬᠠᠯ᠎ᠢ ᠠᠷᠭ᠎ᠠ ᠦᠭᠡᠢ ᠳᠠᠳᠠᠨ᠎ᠠ᠃ ᠤᠢᠷ᠎ᠠ᠎ᠶᠢᠨ ᠵᠢᠯ᠎ᠳᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠨᠢ 《ᠬᠢᠨᠭᠭᠠᠨ ᠠᠢᠮᠠᠭ᠎ᠤᠨ ᠨᠠᠭᠠᠳᠤᠮ》ᠬᠡᠬᠦ ᠳᠦᠷᠦᠯ ᠲᠡᠮᠳᠡᠭ᠎ᠦᠨ ᠬᠦᠴᠦᠨ᠎ᠳᠦ ᠲᠦᠰᠢᠭᠯᠡᠨ᠂ ᠰᠣᠶᠣᠯ ᠵᠢᠭᠤᠯᠴᠢᠯᠠᠯ᠎ᠤᠨ ᠬᠦᠭᠵᠢᠯᠳᠡ᠎ᠶᠢ ᠲᠠᠰᠤᠷᠠᠯᠲᠠ ᠦᠭᠡᠢ ᠳᠦᠯᠬᠢᠨ ᠠᠬᠢᠭᠤᠯᠪᠠ᠃

ᠤᠯᠠᠭᠠᠨᠮᠤᠳᠤ᠎ᠶᠢᠨ ᠲᠠᠯ᠎ᠠ ᠨᠤᠲᠤᠭ᠂ ᠬᠠᠷ᠎ᠠ ᠢᠮᠠᠭᠠᠲᠤ ᠠᠭᠤᠯᠠ᠂ ᠯᠢᠤᠢ ᠱᠦᠢ ᠣᠳᠣᠨ ᠣᠭᠲᠠᠷᠭᠤᠢ᠎ᠶᠢᠨ ᠬᠡᠭᠡᠷ᠎ᠡ ᠪᠠᠭᠤᠳᠠᠯᠯᠠᠬᠤ ᠭᠠᠵᠠᠷ᠂ ᠲᠥᠪᠡᠳ ᠬᠠᠰᠢ᠎ᠶᠢᠨ ᠭᠦᠩᠱᠧ᠎ᠶᠢᠨ ᠬᠥᠳᠡᠭᠡ ᠲᠣᠰᠬᠣᠨ᠎ᠤ ᠵᠢᠭᠤᠯᠴᠢᠯᠡᠯ᠎ᠤᠨ ᠰᠠᠭᠤᠷᠢᠨ ᠵᠡᠷᠭᠡ ᠨᠢᠭᠡ ᠪᠦᠯᠦᠭ ᠣᠨᠴᠠᠯᠢᠭ᠍ᠲᠤ ᠵᠢᠭᠤᠯᠴᠢᠯᠡᠯ᠎ᠤᠨ ᠴᠡᠭ ᠭᠠᠵᠠᠷ᠎ᠢ ᠴᠤᠭᠴᠠᠯᠠᠨ ᠰᠦᠯᠵᠢᠶ᠎ᠡ ᠳᠡᠭᠡᠷ᠎ᠡ ᠭᠠᠷᠭᠠᠵᠤ᠂ ᠲᠠᠯ᠎ᠠ ᠨᠤᠲᠤᠭ᠎ᠤᠨ ᠬᠡᠭᠡᠷ᠎ᠡ ᠪᠠᠭᠤᠳᠠᠯᠯᠠᠬᠤ᠂ ᠣᠳᠣᠨ ᠣᠭᠲᠠᠷᠭᠤᠢ᠎ᠶᠢᠨ ᠠᠮᠠᠷᠠᠯᠲᠠ᠂ ᠬᠥᠳᠡᠭᠡ ᠲᠣᠰᠬᠣᠨ᠎ᠳᠡᠬᠢ ᠰᠤᠳᠤᠯᠤᠨ ᠰᠤᠷᠤᠯᠴᠠᠯᠭ᠎ᠠ᠂ ᠠᠷᠠᠳ᠎ᠤᠨ ᠵᠠᠩ ᠦᠢᠯᠡ᠎ᠶᠢᠨ ᠣᠢᠯᠠᠭᠠᠯᠲᠠ ᠵᠡᠷᠭᠡ ᠰᠢᠨ᠎ᠡ ᠡᠵᠡᠩᠨᠡᠯᠲᠡ᠎ᠶᠢᠨ ᠭᠡᠯᠪᠡᠷᠢ ᠪᠠᠢᠳᠠᠯ ᠢ᠋ ᠢᠳᠡ ᠭᠦᠭ᠎ᠲᠠᠢ ᠪᠤᠯᠭᠠᠵᠤ᠂ 《ᠭᠠᠵᠠᠷ ᠪᠣᠯᠭᠠᠨ᠎ᠳᠤ ᠨᠠᠭᠠᠳᠤᠮ ᠦᠷᠨᠢᠭᠰᠡᠨ》 ᠪᠦᠭᠦ ᠣᠷᠣᠨ ᠪᠦᠰᠡ᠎ᠶᠢᠨ ᠰᠣᠶᠣᠯ ᠵᠢᠭᠤᠯᠴᠢᠯᠠᠯ᠎ᠤᠨ ᠪᠠᠢᠳᠠᠯ᠎ᠢ ᠪᠦᠷᠢᠯᠳᠦᠭᠦᠯᠵᠡᠢ᠃ ᠳᠠᠩ ᠴᠤᠯᠭᠤᠢ ᠲᠣᠭᠣᠷᠢᠨ ᠦᠵᠡᠬᠦ ᠵᠢ ᠪᠡᠶᠡᠴᠢᠯᠡᠨ ᠮᠡᠳᠡᠷᠡᠬᠦ ᠪᠠ ᠵᠢᠩᠬᠢᠨᠢ ᠤᠳᠬ᠎ᠠ ᠵᠢᠨ ᠠᠮᠠᠷᠡᠯᠳᠡ ᠲᠡᠢᠰᠢ ᠬᠠᠨᠳᠤᠭᠤᠯᠵᠤ᠂ ᠵᠢᠭᠤᠯᠴᠢᠯᠠᠬ᠍ᠰᠠᠳ ᠨᠢ ᠵᠦᠪᠬᠡᠨ ᠲᠠᠯ᠎ᠠ ᠨᠤᠲᠤᠭ᠎ᠤᠨ ᠥᠩᠭᠡ ᠦᠵᠡᠮᠵᠢ᠎ᠶᠢ ᠰᠣᠨᠢᠷᠬᠠᠬᠤᠪᠢᠰᠢ᠂ ᠬᠠᠷᠢᠨ ᠮᠣᠩᠭᠣᠯ ᠭᠡᠷ᠎ᠲᠦ ᠰᠠᠭᠤᠵᠤ᠂ ᠠᠷᠠᠳ᠎ᠤᠨ ᠵᠠᠩ ᠦᠢᠯᠡ᠎ᠶᠢᠨ ᠤᠷ᠎ᠠ ᠮᠡᠷᠭᠡᠵᠢᠯ᠎ᠢ ᠦᠵᠡᠨ ᠪᠠᠶᠠᠰᠴᠤ᠂ ᠲᠠᠯ᠎ᠠ ᠨᠤᠲᠤᠭ᠎ᠤᠨ ᠢᠳᠡᠭᠡᠨ ᠤᠮᠳᠠᠭᠠᠨ᠎ᠢ ᠠᠮᠳᠠᠯᠠᠬᠤ᠂ ᠬᠣᠷᠴᠢᠨ ᠰᠣᠶᠣᠯ᠎ᠤᠨ ᠷᠢᠳᠢ ᠰᠢᠳᠢ᠎ᠶᠢ ᠭᠦᠨᠵᠡᠭᠡᠢ ᠮᠡᠳᠡᠷᠡᠵᠤ ᠳᠡᠢᠯᠬᠦ ᠪᠤᠯᠵᠠᠢ᠃ ᠡᠯ᠎ᠡ ᠭᠠᠵᠠᠷ᠎ᠤᠨ ᠦᠨᠳᠦᠰᠦᠳᠡᠨ ᠨᠤᠬᠦᠳ᠎ᠤᠨ ᠵᠢᠭᠤᠯᠴᠢᠯᠠᠭ᠍ᠰᠠᠳ ᠲᠠᠯ᠎ᠠ ᠨᠤᠲᠤᠭ᠎ᠲᠤ ᠬᠤᠷᠠᠨ ᠴᠤᠭᠯᠠᠷᠠᠵᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠳᠤᠮᠳᠠ ᠬᠠᠢᠷ᠎ᠠ ᠰᠡᠳᠬᠢᠯᠭᠡ᠎ᠪᠡᠨ ᠵᠤᠵᠠᠭᠠᠳᠬᠠᠵᠤ᠂ ᠰᠣᠶᠣᠯ ᠵᠢᠭᠤᠯᠴᠢᠯᠠᠯ᠎ᠤᠨ ᠵᠢᠭ᠍ᠰᠠᠭᠠᠯ᠎ᠤᠨ ᠭᠠᠵᠠᠷ᠎ᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠮᠢᠳᠤ ᠰᠣᠷᠭᠣᠭ ᠠᠴᠢᠶᠠᠯᠠᠪᠤᠷᠢ ᠪᠤᠯᠭᠠᠵᠡᠢ᠃

ᠤᠷᠴᠢᠮᠬᠠᠨ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠤᠯᠠᠭᠠᠨᠮᠣᠳᠤ᠎ᠶᠢᠨ ᠲᠠᠯ᠎ᠠ ᠨᠤᠲᠤᠭ᠎ᠲᠤ 3 ᠡᠳᠦᠷ᠎ᠦᠨ ᠬᠤᠭᠤᠴᠠᠭ᠎ᠠ ᠲᠠᠢ ᠶᠠᠪᠤᠭᠳᠠᠭᠰᠠᠨ ᠲᠠᠯ᠎ᠠ ᠨᠤᠲᠤᠭ᠎ᠤᠨ ᠨᠠᠨᠳᠢᠨ ᠪᠤᠯᠵᠤᠭ᠎ᠠ᠂ ᠳᠠᠩᠰᠤᠭ ᠨᠠᠭᠠᠳᠤᠮ᠎ᠤᠨ ᠪᠠᠶᠠᠷᠲᠤ ᠵᠤᠯᠭᠠᠯᠳᠠ — 《2026 ᠬᠢᠩᠭᠠᠨ ᠠᠢᠮᠠᠭ᠎ᠤᠨ ᠨᠠᠭᠠᠳᠤᠮ》 ᠨᠢ ᠲᠡᠭᠦᠰ ᠠᠮᠵᠢᠯᠲᠠ᠎ᠲᠠᠢ ᠦᠨᠳᠦᠷᠯᠡᠵᠤ᠂ 《ᠡᠷ᠎ᠡ᠎ᠶᠢᠨ ᠭᠤᠷᠪᠠᠨ ᠨᠠᠭᠠᠳᠤᠮ》᠂ ᠳᠠᠭᠤᠤ ᠬᠥᠭᠵᠢᠮ᠎ᠦᠨ ᠨᠠᠢᠷ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠤᠭᠯᠠᠭᠠᠨ᠂ᠬᠦᠳᠡᠬᠡ ᠬᠡᠭᠡᠷ᠎ᠡ ᠪᠠᠭᠤᠳᠠᠯᠯᠠᠬᠤ ᠵᠡᠷᠭᠡ ᠪᠡᠷ ᠲᠦᠯᠦᠭᠡᠯᠡᠭᠦᠯᠦᠭᠰᠡᠨ ᠰᠢᠷᠢᠰ ᠠᠵᠢᠯᠯᠠᠭ᠎ᠠ ᠨᠢ ᠡᠬᠢᠯᠡᠯᠳᠡ᠎ᠶᠢᠨ ᠡᠳᠦᠷ᠎ᠲᠤ ᠬᠤᠯᠠ ᠤᠢᠷ᠎ᠠ᠎ᠶᠢᠨ ᠨᠠᠭᠠᠳᠤᠮᠴᠢᠳᠢ 20 ᠲᠦᠮᠡ ᠬᠦᠯᠢᠶᠡᠨ ᠠᠪᠴᠡᠢ᠃ ᠬᠢᠩᠭᠠᠨ ᠠᠢᠮᠠᠭ᠎ᠤᠨ ᠪᠡᠯᠭᠡ ᠲᠡᠮᠳᠡᠭ᠎ᠦᠨ ᠴᠢᠨᠠᠷᠲᠠᠢ ᠰᠣᠶᠣᠯ ᠵᠢᠭᠤᠯᠴᠢᠯᠠᠯ᠎ᠤᠨ IP ᠪᠣᠯᠤᠭᠰᠠᠨ᠎ᠤ ᠬᠤᠪᠢ᠎ᠳᠤ᠂ ᠲᠣᠰ ᠬᠤᠭᠤᠴᠠᠭ᠋ᠠᠨ᠎ᠤ ᠨᠠᠭᠠᠳᠤᠮ ᠨᠢ ᠤᠯᠠᠮᠵᠢᠯᠠᠯᠲᠤ ᠪᠠᠶᠠᠷ ᠳᠤᠷᠠᠰᠬᠠᠯ᠎ᠤᠨ ᠬᠡᠪ ᠵᠠᠭᠪᠤᠷ᠎ᠠᠴᠠ ᠰᠠᠯᠵᠤ᠂ ᠣᠯᠠᠨ ᠲᠦᠮᠡᠨᠴᠢ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠵᠠᠮ᠎ᠤᠨ ᠰᠢᠨ᠎ᠡ᠎ᠶᠢ ᠡᠭᠦᠳᠴᠦ᠂ ᠠᠷᠠᠳ᠎ᠤᠨ ᠵᠠᠩ ᠦᠶ᠋ᠯᠡ᠎ᠶᠢᠨ ᠦᠪᠡᠳᠡᠭᠰᠢ ᠴᠤᠭᠯᠠᠭᠠᠨ᠎ᠢ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠬᠥᠳᠡᠯᠭᠡᠭᠦᠷ ᠳᠡᠢᠰᠢ ᠬᠤᠪᠢᠷᠠᠭᠤᠯᠵᠤ᠂ ᠬᠣᠰᠢᠭᠤᠨ᠎ᠤ ᠪᠥᠬᠥ ᠣᠷᠣᠨ ᠪᠦᠰᠡ᠎ᠶᠢᠨ ᠰᠣᠶᠣᠯ ᠵᠢᠭᠤᠯᠴᠢᠯᠠᠯ᠎ᠤᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠵᠠᠢ᠃

《 ᠡᠷ᠎ᠠ ᠵᠢᠨ ᠭᠤᠷᠪᠡᠨ ᠨᠠᠭᠠᠳᠤᠮ》 ᠪᠣᠯ ᠲᠠᠯ᠎ᠠ ᠨᠤᠲᠤᠭ᠎ᠤᠨ ᠬᠥᠪᠡᠭᠦᠳ ᠥᠬᠢᠳ᠎ᠦᠨ ᠦᠶ᠎ᠡ ᠶ᠋ᠢᠨ ᠦᠶ᠎ᠡ᠎ᠳᠡᠭᠡᠨ ᠤᠯᠠᠮᠵᠢᠯᠠᠵᠤ ᠢᠷᠡᠭᠰᠡᠨ ᠰᠣᠶᠣᠯ᠎ᠤᠨ ᠦᠨᠡᠲᠦ ᠡᠷᠳᠡᠨᠢ ᠪᠥᠭᠡᠳ ᠨᠡᠭᠦᠳᠡᠯ ᠮᠠᠯᠵᠢᠯ᠎ᠤᠨ ᠠᠭᠤᠯᠬᠤᠨ᠎ᠢ ᠠᠴᠢᠶᠠᠯᠠᠵᠤ ᠪᠠᠢᠳᠠᠭ᠃ 8 ᠵᠢᠯ᠎ᠦᠨ ᠲᠤᠷᠰᠢ᠂ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠤᠯᠠᠭᠠᠨᠮᠣᠳᠤ᠎ᠶᠢᠨ ᠲᠠᠯ᠎ᠠ ᠨᠤᠲᠤᠭ᠎ᠲᠤ ᠦᠨᠳᠦᠰᠦᠯᠡᠨ ᠨᠠᠬᠢᠶᠠᠯᠠᠭᠰᠠᠨ 《ᠬᠢᠩᠭᠠᠨ ᠠᠢᠮᠠᠭ᠎ᠤᠨ ᠨᠠᠭᠠᠳᠤᠮ》 ᠨᠢ ᠣᠬᠣᠷᠬᠠᠨ ᠬᠡᠳᠦᠨ ᠡᠳᠦᠷ ᠶᠠᠪᠤᠭᠳᠠᠳᠠᠭ ᠤᠷᠤᠯᠳᠤᠭᠠᠨ ᠴᠡᠨᠭᠭᠡᠬᠦᠨ ᠲᠡᠳᠦᠢ ᠯᠡ ᠪᠢᠰᠢ᠂ ᠬᠠᠷᠢᠨ ᠤᠯᠠᠮᠵᠢᠯᠠᠯᠲᠤ ᠳᠠᠮᠢᠷ᠎ᠤᠨ ᠬᠦᠳᠡᠯᠭᠡᠭᠡᠨ᠂ ᠰᠣᠶᠣᠯ᠎ᠤᠨ ᠦᠵᠡᠭᠦᠯᠭᠡ ᠪᠠ ᠲᠣᠭᠯᠠᠯᠲᠠ᠂ ᠰᠡᠯᠡᠭᠦᠴᠡᠯ ᠠᠮᠠᠷᠠᠯᠲᠠ᠂ ᠬᠤᠳᠠᠯᠳᠤᠭ᠎ᠠ ᠬᠡᠷᠡᠭᠯᠡᠬᠡ ᠵᠢ ᠨᠢᠭᠡ ᠴᠣᠭᠴᠠᠵᠢᠭᠤᠯᠤᠭᠰᠠᠨ ᠶᠡᠷᠦᠩᠬᠡᠢᠯᠡᠭᠰᠡᠨ ᠴᠢᠨᠠᠷᠲᠠᠢ ᠰᠣᠶᠣᠯ ᠵᠢᠭᠤᠯᠴᠢᠯᠡᠯ᠎ᠤᠨ ᠦᠪᠡᠳᠡᠭᠰᠢ ᠴᠤᠭᠯᠠᠭᠠᠨ ᠪᠤᠯᠭᠠᠭᠰᠠᠨ ᠪᠠᠢᠨ᠎ᠠ᠃ ᠲᠤᠰ ᠬᠤᠭᠤᠴᠠᠭᠠᠨ᠎ᠤ ᠨᠠᠭᠠᠳᠤᠮ᠎ᠳᠤ 《ᠡᠷ᠎ᠡ᠎ᠶᠢᠨ ᠭᠤᠷᠪᠠᠨ ᠨᠠᠭᠠᠳᠤᠮ》᠂ ᠪᠢᠯᠠᠭᠤ᠂ ᠱᠠᠭ᠎ᠠ ᠵᠡᠷᠭᠡ ᠤᠯᠠᠮᠵᠢᠯᠠᠯᠲᠤ ᠤᠷᠤᠯᠳᠤᠭᠠᠨ᠎ᠤ ᠲᠦᠷᠦᠯ᠎ᠢ ᠦᠯᠡᠳᠡᠭᠡᠵᠦ᠂ ᠡᠭᠦᠨ᠎ᠦ ᠵᠡᠷᠭᠡ ᠪᠡᠷ 《ᠡᠳᠦᠷ ᠡᠳᠦᠷ᠎ᠤᠨ ᠨᠠᠭᠠᠳᠤᠮ》 ᠬᠡᠬᠦ ᠠᠷᠪᠠᠨ ᠶᠡᠬᠡ ᠭᠣᠣᠯ ᠰᠡᠳᠦᠪᠲᠦ ᠬᠤᠳᠠᠯᠳᠤᠭ᠎ᠠ ᠡᠵᠡᠩᠨᠡᠯᠲᠡ᠎ᠶᠢᠨ ᠬᠡᠯᠪᠡᠷᠢ᠎ᠶᠢ ᠰᠢᠨ᠎ᠡ᠎ᠪᠡᠷ ᠡᠭᠦᠳᠴᠦ᠂ ᠡᠳᠦᠷ᠎ᠲᠡᠬᠡᠨ ᠤᠯᠠᠮᠵᠢᠯᠠᠯᠲᠤ ᠨᠠᠭᠠᠳᠤᠮ᠎ᠤᠨ ᠠᠵᠢᠯᠯᠠᠭ᠎ᠠ᠎ᠶᠢ ᠰᠤᠨᠢᠷᠬᠠᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠠᠩ ᠳᠠᠳᠬᠠᠯ᠎ᠢ ᠪᠡᠶᠡᠴᠢᠯᠡᠨ ᠣᠢᠯᠠᠭᠠᠵᠤ᠂ ᠰᠥᠨᠢ᠎ᠳᠡᠭᠡᠨ ᠳᠠᠭᠤᠤ ᠬᠥᠭᠵᠢᠮ᠎ᠦᠨ ᠨᠠᠢᠷ᠂ ᠲᠦᠳᠡᠭ ᠭᠠᠯ᠎ᠤᠨ ᠦᠳᠡᠰᠢᠯᠡᠭᠡ ᠳ᠋ᠦ᠍ ᠤᠷᠤᠯᠴᠠᠬᠤ ᠮᠠᠶᠢᠭ᠋᠎ᠤᠨ ᠪᠦᠳᠦᠨ ᠡᠳᠦᠷ᠎ᠢᠶᠡᠷ ᠨᠠᠭᠠᠳᠬᠤ ᠤᠷᠴᠢᠨ᠎ᠢ ᠪᠠᠢᠭᠤᠯᠵᠤ᠂ ᠳᠠᠭᠠᠦ᠎ᠳᠤᠨᠢ ᠠᠷᠠᠯᠵᠢᠶ᠎ᠠ ᠬᠤᠳᠠᠯᠳᠤᠭ᠎ᠠ ᠦᠷᠨᠢᠬᠦᠯᠬᠦ ᠵᠡᠷᠬᠡ ᠪᠡᠷ ᠦᠨᠭᠭᠡᠷᠡᠭᠰᠡᠨ᠎ᠤ ᠳᠤᠭᠳᠠᠮᠠᠯ ᠬᠠᠭᠤᠴᠢᠷᠡᠮᠡᠯ ᠨᠠᠭᠠᠳᠤᠮ᠎ᠤᠨ ᠬᠡᠪ ᠮᠠᠶᠢᠭ᠎ᠢ ᠦᠨᠳᠦᠰᠦᠨ᠎ᠡᠴᠡ ᠨᠢ ᠰᠢᠢᠳᠪᠦᠷᠢᠯᠡᠵᠠᠢ᠃ ᠡᠭᠦᠨ᠎ᠦ ᠬᠠᠮᠲᠤ᠂ ᠡᠬᠢᠯᠡᠯᠲᠡ᠎ᠶᠢᠨ ᠶᠣᠰᠣᠯᠠᠯ᠂ ᠵᠢᠭ᠍ᠰᠠᠭᠠᠯ᠎ᠤᠨ ᠲᠣᠭᠯᠠᠭ᠍ᠴᠢ ᠶ᠋ᠢ ᠪᠥᠬᠥ ᠨᠡᠢᠭᠡᠮ᠎ᠡᠴᠡ ᠢᠯᠡ᠎ᠪᠡᠷ ᠡᠯᠰᠡᠵᠦ᠂ 《ᠵᠠᠰᠠᠭ᠎ᠤᠨ ᠣᠷᠳᠣᠨ ᠲᠠᠪᠴᠠᠩ ᠪᠠᠢᠭᠤᠯᠬᠤ᠂ ᠪᠥᠬᠥ ᠠᠷᠠᠳ᠎ᠢᠶᠠᠷ᠎ᠢᠶᠠᠨ ᠤᠷᠤᠯᠴᠠᠬᠤ᠂ ᠵᠠᠬ᠎ᠠ ᠳᠡᠯᠭᠡᠭᠦᠷ᠎ᠢᠶᠡᠷ ᠣᠷᠣᠯᠭ᠎ᠠ᠎ᠪᠠᠨ ᠨᠡᠮᠡᠭᠳᠡᠭᠦᠯᠬᠦ》 ᠵᠢ ᠦᠨᠡᠨ ᠬᠦ᠌ ᠪᠡᠶᠡᠯᠡᠭᠦᠯᠵᠦ᠂ ᠤᠯᠠᠮᠵᠢᠯᠠᠯᠲᠤ ᠠᠷᠠᠳ᠎ᠤᠨ ᠵᠠᠩ ᠦᠶ᠋ᠯᠡ᠎ᠶᠢ ᠰᠢᠨ᠎ᠡ ᠴᠠᠭ ᠦᠶ᠎ᠡ᠎ᠳᠦ ᠠᠮᠢᠵᠢᠷᠠᠯ᠎ᠤᠨ ᠬᠦᠴᠦᠨ᠎ᠢᠶᠡᠷ ᠪᠢᠯᠬᠠᠭᠤᠯᠵᠠᠢ᠃

ᠨᠢᠭᠡ ᠤᠳᠠᠭᠠᠨ᠎ᠤ ᠦᠪᠡᠳᠡᠭᠰᠢ ᠴᠤᠭᠯᠠᠭᠠᠨ᠎ᠤ ᠦᠨ᠎ᠡ ᠦᠷᠳᠡᠭ ᠨᠢ ᠲᠤᠬᠠᠢ᠎ᠶᠢᠨ ᠲᠠᠯᠠᠪᠠᠢ᠎ᠶᠢᠨ ᠬᠦᠷ ᠬᠦᠭᠵᠢᠶᠡᠨᠳᠤ ᠯᠠ ᠪᠠᠢᠬᠤ ᠪᠢᠰᠢ᠂ ᠬᠠᠷᠢᠨ ᠣᠬᠣᠷ ᠬᠤᠭᠤᠴᠠᠭᠠᠨ᠎ᠤ ᠬᠥᠮᠥᠰ᠎ᠦᠨ ᠤᠷᠤᠰᠬᠠᠯ᠎ᠢ ᠤᠷᠳᠤ ᠤᠳᠠᠭᠠᠨ ᠬᠥᠭᠵᠢᠯᠲᠡ᠎ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ᠎ᠳᠤ ᠪᠤᠢ᠃ ᠲᠤᠰ ᠬᠤᠭᠤᠴᠠᠭᠠᠨ᠎ᠤ ᠨᠠᠭᠠᠳᠤᠮ᠎ᠳᠤ ᠪᠠᠰᠠ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ᠎ᠶᠢᠨ ᠵᠠᠭᠪᠤᠷ᠎ᠤᠨ ᠰᠢᠨ᠎ᠡ᠎ᠶᠢ ᠡᠭᠦᠳᠴᠦ᠂ ᠦᠵᠡᠭᠴᠢᠳ᠎ᠤᠨ ᠰᠠᠭᠤᠳᠠᠯ᠎ᠢ ᠪᠢᠯᠧᠲ ᠬᠤᠳᠠᠯᠳᠤᠵᠤ᠂ ᠬᠤᠳᠠᠯᠳᠤᠭ᠎ᠠ ᠡᠵᠡᠩᠨᠡᠯᠲᠡ᠎ᠶᠢᠨ ᠬᠡᠯᠪᠡᠷᠢ᠎ᠶᠢ ᠪᠦᠬᠦ ᠲᠠᠯ᠎ᠠ᠎ᠪᠠᠷ ᠨᠡᠭᠡᠭᠡᠯᠲᠡ᠎ᠲᠠᠢ ᠪᠣᠯᠭᠠᠵᠤ᠂ ᠪᠢᠯᠧᠲ᠎ᠦᠨ ᠰᠠᠭᠤᠷᠢ᠎ᠪᠠᠷ ᠠᠷᠠᠳ᠎ᠲᠤ ᠠᠰᠢᠭ᠋ ᠬᠦᠷᠲᠡᠭᠡᠬᠦ ᠲᠦᠷᠦ᠎ᠶᠢᠨ ᠪᠣᠳᠣᠯᠭ᠎ᠠ᠎ᠶᠢ ᠬᠣᠯᠪᠤᠭᠠᠯᠠᠨ ᠬᠡᠷᠡᠭᠵᠢᠭᠦᠯᠵᠦ᠂ ᠨᠠᠭᠠᠳᠤᠮ᠎ᠤᠨ ᠪᠢᠯᠧᠲ᠎ᠢᠶᠡᠷ ᠪᠦᠬᠦ ᠠᠢᠮᠠᠭ᠎ᠤᠨ ᠤᠯᠠᠨ ᠦᠵᠡᠮᠵᠢ᠎ᠶᠢᠨ ᠣᠷᠣᠨ᠂ ᠬᠤᠳᠠᠯᠳᠤᠭᠠᠨ᠎ᠤ ᠡᠷᠦᠬᠡ᠎ᠳᠤ ᠬᠠᠷᠠᠭᠠᠯᠵᠠᠯ ᠬᠦᠷᠲᠡᠬᠡᠵᠦ᠂ 《ᠨᠠᠭᠠᠳᠤᠮ᠎ᠤᠨ ᠪᠢᠯᠧᠲ᠎ᠢᠶᠡᠷ ᠬᠢᠩᠭᠠᠨ᠎ᠤ ᠡᠬᠡ ᠭᠠᠵᠠᠷ᠎ᠢᠶᠠᠷ ᠵᠢᠭᠤᠯᠴᠢᠯᠡᠬᠤ》 ᠶ᠋ᠢ ᠪᠡᠶᠡᠯᠡᠭᠦᠯᠵᠡᠢ᠃ ᠨᠠᠭᠠᠳᠤᠮ ᠨᠢ ᠡᠷᠭᠢᠨ ᠲᠣᠭᠣᠷᠢᠨ᠎ᠤ ᠮᠠᠯᠴᠢᠳ᠎ᠤᠨ ᠣᠷᠣᠨ ᠰᠠᠭᠤᠴᠠ᠂ ᠮᠣᠩᠭᠣᠯ ᠭᠡᠷ᠂ ᠣᠨᠴᠠᠯᠢᠭ᠍ᠲᠤ ᠢᠳᠡᠭᠡᠨ ᠤᠮᠳᠠᠭᠠᠨ᠂ ᠮᠠᠯ᠎ᠤᠨ ᠠᠰᠢᠭ᠋ ᠰᠢᠮᠡᠲᠠᠷᠢᠶᠠᠯᠠᠩ ᠤᠨ ᠪᠦᠲᠦᠭᠡᠭᠳᠡᠬᠦᠨ᠎ᠦ ᠪᠣᠷᠤᠯᠠᠭᠤᠯᠭ᠎ᠠ᠎ᠶᠢ ᠪᠦᠬᠦ ᠲᠠᠯ᠎ᠠ ᠪᠠᠷ ᠨᠡᠮᠡᠭᠳᠡᠭᠦᠯᠵᠦ᠂ ᠳᠡᠭᠡᠳᠦ ᠲᠡᠰ᠎ᠤᠨ ᠵᠣᠴᠢᠳ᠎ᠤᠨ ᠪᠠᠭᠤᠳᠠᠯ᠎ᠠᠴᠠ ᠲᠠᠯ᠎ᠠ ᠨᠤᠲᠤᠭ᠎ᠤᠨ ᠬᠡᠭᠡᠷ᠎ᠡ ᠪᠠᠭᠤᠳᠠᠯᠯᠠᠬᠤ ᠮᠠᠢᠬᠠᠨ ᠬᠦᠷᠳᠡᠯᠡᠬᠢ ᠤᠯᠠᠨ ᠡᠰᠢᠲᠦ ᠬᠣᠨᠣᠭ᠎ᠤᠨ ᠬᠠᠩᠭᠠᠯᠭ᠎ᠠ ᠨᠢ ᠠᠳᠠᠯᠢ ᠪᠤᠰᠤ ᠵᠢᠭᠤᠯᠴᠢᠯᠠᠭᠰᠠᠳ᠎ᠤᠨ ᠬᠡᠷᠡᠭᠴᠡᠭᠡ᠎ᠶᠢ ᠬᠠᠩᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠢᠯᠡᠳᠬᠦᠨ᠂ ᠦᠬᠡᠷ ᠬᠤᠨᠢᠨ ᠮᠢᠬᠠᠨ᠎ᠤ ᠪᠦᠲᠦᠭᠡᠭᠳᠡᠬᠦᠨ᠂ ᠴᠠᠭᠠᠨ ᠢᠳᠡᠭᠡ ᠨᠢ ᠲᠤᠰ ᠤᠳᠠᠭᠠᠨ᠎ᠤ ᠦᠪᠡᠳᠡᠭᠰᠢ ᠴᠤᠭᠯᠠᠭᠠᠨ᠎ᠳᠤ ᠲᠦᠰᠢᠭᠯᠡᠨ ᠪᠣᠷᠤᠯᠠᠭᠤᠯᠭ᠎ᠠ᠎ᠶᠢᠨ ᠵᠠᠮ᠎ᠢᠶᠠᠨ ᠥᠷᠭᠡᠳᠬᠡᠵᠦ᠂ ᠮᠠᠯᠴᠢᠨ ᠲᠠᠷᠢᠶᠠᠴᠢᠨ᠎ᠳᠤ 《ᠡᠭᠦᠳᠡᠨ ᠡᠮᠦᠨᠡᠬᠢ ᠵᠢᠭᠤᠯᠴᠢᠯᠠᠯ》 ᠤ᠋ᠨ ᠠᠰᠢᠭ᠋ ᠤᠷᠤᠯᠭ᠎ᠠ᠎ᠶᠢ ᠭᠦᠷᠳᠡᠭᠦᠯᠵᠠᠢ᠃ ᠪᠦᠷᠢᠳᠬᠡᠯ᠎ᠢ ᠦᠨᠳᠦᠰᠦᠯᠡᠪᠡᠯ᠂ 2026 ᠣᠨ᠎ᠤ ᠳᠡᠭᠡᠷ᠎ᠡ ᠬᠠᠭᠠᠰ ᠵᠢᠯ᠎ᠳᠦ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠢᠨ 266.35 ᠲᠦᠮᠡᠨ ᠬᠥᠮᠥᠨ ᠤᠳᠠᠭ᠎ᠠ᠎ᠶᠢᠨ ᠵᠢᠭᠤᠯᠴᠢᠯᠠᠭᠰᠠᠳ᠎ᠢ ᠬᠦᠯᠢᠶᠡᠨ ᠠᠪᠴᠤ᠂ ᠵᠢᠭᠤᠯᠴᠢᠯᠠᠯ᠎ᠤᠨ ᠬᠡᠷᠡᠭᠯᠡᠭᠡ 10.37 ᠳ᠋ᠦᠩᠰᠢᠭᠤᠷ ᠲᠥᠭᠥᠷᠢᠭ᠎ᠢ ᠳᠠᠪᠠᠵᠤ᠂ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠦᠷᠭᠦᠯᠵᠢᠯᠡᠨ ᠰᠠᠢᠵᠢᠷᠠᠵᠤ᠂ ᠨᠠᠭᠠᠳᠤᠮ᠎ᠤᠨ IP᠎ᠶᠢᠨ ᠳᠠᠢᠴᠢᠯᠠᠬᠤ ᠦᠢᠯᠡᠳᠦᠯ ᠤᠯᠠᠮ᠎ᠠᠴᠠ ᠤᠯᠠᠮ ᠲᠣᠪᠣᠢᠮ᠎ᠠ ᠪᠤᠯᠵᠠᠢ᠃

ᠡᠨᠡ ᠵᠢᠯ᠎ᠤᠨ 《ᠬᠢᠨᠭᠭᠠᠨ ᠠᠢᠮᠠᠭ᠎ᠤᠨ ᠨᠠᠭᠠᠳᠤᠮ》 ᠬᠡᠳᠦᠢᠪᠡᠷ ᠠᠮᠵᠢᠯᠳᠡ ᠳᠡᠢ ᠦᠨᠳᠦᠷᠯᠡᠭᠰᠡᠨ ᠴᠤ᠌ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠰᠣᠶᠣᠯ ᠵᠢᠭᠤᠯᠴᠢᠯᠡᠯ᠎ᠤᠨ ᠦᠢᠯᠡᠰ᠎ᠦᠨ ᠳᠡᠰ ᠲᠠᠪᠰᠢᠯᠲᠠ᠎ᠶᠢ ᠠᠬᠢᠭᠤᠯᠬᠤ ᠠᠵᠢᠯᠯᠠᠭ᠎ᠠ ᠵᠣᠭᠰᠣᠰᠢ ᠦᠭᠡᠢ ᠤᠷᠤᠭᠰᠢᠲᠠᠢ ᠶᠠᠪᠤᠭᠳᠠᠵᠤ ᠪᠠᠢᠭ᠎ᠠ᠃ ᠠᠮᠢ ᠠᠬᠤᠢ᠎ᠶᠢᠨ ᠤᠤᠭᠠᠯ ᠪᠠᠢᠳᠠᠯ ᠪᠠ ᠰᠣᠶᠣᠯ᠎ᠤᠨ ᠡᠬᠢ ᠪᠠᠶᠠᠯᠢᠭ᠋᠎ᠲᠤ ᠰᠠᠭᠤᠷᠢᠯᠠᠨ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠢᠭᠤᠯᠴᠢᠯᠠᠯ᠎ᠤᠨ ᠢᠵᠢ ᠪᠦᠷᠢᠳᠦᠭᠦᠯᠦᠭᠰᠡᠨ ᠳᠤᠲᠠᠭᠤᠳᠠᠯ᠎ᠢ ᠦᠷᠭᠦᠯᠵᠢᠯᠡᠨ ᠨᠥᠬᠥᠪᠦᠷᠢᠯᠡᠵᠦ᠂ ᠢᠳᠡᠵᠦ ᠤᠤᠭᠤᠬᠤ᠂ ᠵᠢᠭᠤᠯᠴᠢᠯᠡᠨ ᠲᠣᠭᠣᠷᠢᠬᠤ᠂ ᠨᠠᠭᠠᠳᠴᠤ ᠴᠡᠩᠭᠡᠬᠦ᠂ ᠪᠦᠭᠦ ᠬᠡᠯᠬᠢᠶᠡᠵᠢᠭᠰᠡᠨ ᠦᠢᠯᠡᠴᠢᠯᠡᠭᠡ᠎ᠶᠢ ᠰᠢᠯᠢᠳᠡᠭᠵᠢᠭᠦᠯᠦᠨ᠂ ᠲᠡᠷᠭᠡᠨ ᠵᠣᠭᠰᠣᠭᠠᠯ᠂ ᠴᠢᠮᠡᠭᠡ ᠬᠣᠯᠪᠤᠭ᠎ᠠ᠂ ᠠᠷᠠᠳ᠎ᠲᠤ ᠳᠥᠭᠦᠮ ᠦᠵᠡᠭᠦᠯᠭᠦ ᠦᠢᠯᠡᠴᠢᠯᠡᠭᠡ ᠵᠡᠷᠭᠡ ᠰᠠᠭᠤᠷᠢ ᠲᠥᠬᠦᠭᠡᠷᠦᠮᠵᠢ᠎ᠶᠢ ᠲᠡᠭᠦᠯᠳᠡᠷᠵᠢᠭᠦᠯᠵᠦ᠂ ᠵᠢᠭᠤᠯᠴᠢᠯᠠᠭᠰᠠᠳ᠎ᠤᠨ ᠪᠡᠶᠡᠳᠡᠨ ᠦᠢᠯᠠᠭᠠᠬᠤ ᠰᠡᠳᠬᠢᠯᠭᠡ᠎ᠶᠢ ᠳᠠᠰᠤᠷᠠᠯᠳᠠ ᠦᠭᠡᠢ ᠳᠡᠭᠡᠭᠰᠢᠯᠡᠭᠦᠯᠵᠤ ᠪᠠᠢᠨ᠎ᠠ᠃ ᠡᠭᠦᠨ᠎ᠦ ᠬᠠᠮᠲᠤ᠂ ᠨᠡᠭᠦᠳᠡᠯ ᠮᠠᠯᠵᠢᠯ᠎ᠤᠨ ᠰᠣᠶᠣᠯ᠂ ᠦᠨᠳᠦᠰᠦᠲᠡᠨ᠎ᠦ ᠵᠠᠩ ᠦᠢᠯᠡ᠎ᠶᠢᠨ ᠪᠣᠳᠠᠰ᠎ᠤᠨ ᠪᠤᠰᠤ ᠰᠣᠶᠣᠯ᠎ᠤᠨ ᠥᠪ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠡᠬᠢ ᠪᠠᠶᠠᠯᠢᠭ᠋᠎ᠢ ᠦᠷᠭᠦᠯᠵᠢᠯᠡᠨ ᠠᠭᠤᠳᠠᠯᠵᠤ᠂ ᠰᠣᠶᠣᠯ ᠲᠠᠮᠢᠷ᠂ ᠠᠷᠠᠯᠵᠢᠶᠠᠴᠢᠨ ᠪᠠ ᠲᠠᠷᠢᠶᠠᠴᠢᠨ᠎ᠤ ᠭᠦᠨᠵᠡᠭᠡᠢ ᠠᠭᠤᠰᠤᠯᠴᠠᠯ᠎ᠢ ᠠᠬᠢᠭᠤᠯᠵᠤ᠂ᠨᠠᠭᠠᠳᠤᠮ ᠴᠡᠨᠭᠬᠡᠬᠦᠨᠳᠤ ᠰᠣᠶᠣᠯ ᠵᠢᠭᠤᠯᠴᠢᠯᠠᠯ᠎ᠤᠨ ᠠᠷᠭ᠎ᠠ ᠬᠡᠮᠵᠢᠶ᠎ᠠ ᠵᠢᠨ ᠨᠡᠷᠡᠨᠦᠯᠦᠬᠡᠶᠢ ᠦᠷᠭᠦᠯᠵᠢᠯᠡᠨ ᠭᠢᠯᠠᠷᠠᠭᠤᠯᠵᠤ᠂ ᠵᠤᠨ᠎ᠤ ᠤᠯᠠᠷᠢᠯ᠎ᠤᠨ ᠵᠢᠭᠤᠯᠴᠢᠯᠠᠯ᠎ᠤᠨ ᠴᠠᠭ᠎ᠤᠨ ᠬᠢᠵᠠᠭᠠᠷᠯᠠᠯ᠎ᠢ ᠡᠪᠳᠡᠵᠦ᠂ ᠪᠦᠭᠦ ᠤᠯᠠᠷᠢᠯ᠎ᠤᠨ ᠵᠢᠭᠤᠯᠴᠢᠯᠠᠯ᠎ᠤᠨ ᠬᠥᠭᠵᠢᠯᠲᠡ᠎ᠶᠢᠨ ᠵᠠᠮ᠎ᠢ ᠬᠠᠢᠨ ᠰᠦᠪᠡᠭᠴᠢᠯᠡᠵᠤ ᠪᠤᠢ᠃
ᠡᠭᠦᠨ᠎ᠡᠴᠡ ᠦᠵᠡᠬᠦ᠎ᠳᠦ᠂ 《ᠬᠢᠨᠭᠭᠠᠨ ᠠᠢᠮᠠᠭ᠎ᠤᠨ ᠨᠠᠭᠠᠳᠤᠮ》 ᠨᠢ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ ᠠᠪᠴᠤ ᠬᠡᠯᠡᠪᠡᠯ᠂ ᠵᠥᠪᠭᠡᠨ ᠣᠬᠣᠷᠬᠠᠨ ᠬᠤᠭᠤᠴᠠᠭᠠᠨ᠎ᠤ ᠵᠢᠭᠤᠯᠴᠢᠯᠠᠯ ᠪᠣᠯᠣᠨ ᠬᠡᠷᠡᠭᠯᠡᠭᠡ ᠪᠢᠰᠢ᠂ ᠨᠡᠩ ᠴᠦ᠍ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠠᠮᠢᠵᠢᠷᠠᠯ᠎ᠤᠨ ᠬᠦᠴᠦᠨ᠂ ᠠᠵᠤ ᠦᠢᠯᠡᠰ᠎ᠦᠨ ᠳᠡᠰ ᠳᠡᠪᠰᠢᠬᠦ ᠰᠡᠳᠬᠢᠴᠡ᠂ ᠭᠠᠳᠠᠭᠠᠳᠤ ᠨᠡᠭᠡᠭᠡᠯᠲᠡ᠎ᠶᠢᠨ ᠴᠣᠩᠬᠣ᠌ ᠪᠣᠯᠣᠨ᠎ᠠ᠃ ᠳᠠᠷᠠᠭᠠᠴᠢ᠎ᠶᠢᠨ ᠠᠯᠬᠤᠮ᠎ᠳᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠨᠢ 《ᠬᠢᠨᠭᠭᠠᠨ ᠠᠢᠮᠠᠭ᠎ᠤᠨ ᠨᠠᠭᠠᠳᠤᠮ》᠎ᠤᠨ ᠨᠡᠷ᠎ᠡ᠎ᠶᠢᠨ ᠬᠠᠭᠤᠳᠠᠰᠤ᠎ᠶᠢ ᠦᠷᠭᠦᠯᠵᠢᠯᠡᠨ ᠰᠠᠢᠲᠤᠷ ᠠᠰᠢᠭ᠍ᠯᠠᠵᠤ᠂ ᠠᠷᠠᠳ᠎ᠤᠨ ᠵᠠᠡᠭ ᠦᠢᠯᠡ᠎ᠶᠢᠨ ᠰᠣᠶᠣᠯ᠎ᠤᠨ ᠡᠬᠢ ᠪᠠᠶᠠᠯᠢᠭ᠋᠎ᠢ ᠠᠵᠤ ᠦᠢᠯᠡᠰ᠎ᠦᠨ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠰᠣᠶᠣᠯ ᠵᠢᠭᠤᠯᠴᠢᠯᠠᠯ᠎ᠢᠶᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠵᠤ᠂ ᠨᠡᠡᠭ ᠴᠤ᠌ ᠠᠵᠤ ᠦᠢᠯᠡᠰ ᠬᠦᠭᠵᠢᠨ ᠮᠠᠨᠳᠤᠭᠰᠠᠨ᠂ ᠠᠷᠠᠳ ᠤᠯᠠᠨ ᠪᠠᠶᠠᠨ ᠴᠢᠨᠠᠭᠡᠯᠢᠭ ᠰᠠᠢᠨ ᠰᠠᠢᠬᠠᠨ ᠵᠢᠷᠤᠭᠯᠡᠯᠢ ᠪᠦᠳᠦᠬᠡᠨ᠎ᠠ᠃
︵ᠬᠡᠷᠡᠯ ᠵᠢᠷᠤᠭ᠎ᠢ ᠬᠣᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ᠎ᠤ ᠬᠠᠮ ᠵᠠᠭᠤᠴᠢᠯᠠᠭᠤᠷ ᠤ᠋ᠨ ᠳᠦᠪ᠎ᠤᠨ ᠰᠤᠷᠪᠤᠯᠵᠢᠯᠠᠭᠴᠢ ᠬᠠᠨ ᠱᠤᠸᠠᠩ ᠯᠦᠨᠭ ᠬᠠᠨᠭᠭᠠᠪᠠ︶
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃