ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠴᠡᠩᠬᠡᠷ ᠨᠤᠲᠤᠭ

2026-09-04 11:25:37

ᠵᠣᠬᠢᠶᠠᠭ᠍ᠴᠢ᠄ ᠤᠶᠠᠬᠠᠨ ᠯᠢᠦ ᠰᠢᠨ ᠶᠣᠣ ᠣᠩᠱᠢᠭ᠍ᠰᠠᠨ ᠣᠳᠠᠭ᠎ᠠ᠄ 3

ᠭᠤᠷᠪᠠᠨ ᠱᠠᠳᠤᠨ ᠎ᠤ ᠬᠤᠯᠪᠤᠭᠠᠯᠠᠯ — ᠲᠤᠰᠬᠠᠢ ᠰᠡᠳᠦᠪᠲᠦ ᠮᠡᠳᠡᠭᠡᠯᠡᠯ 31


ᠰᠠᠶᠢᠬᠠᠨ ᠦᠨᠳᠦᠷᠯᠡᠭᠰᠡᠨ 《ᠳᠥᠷᠪᠡᠳᠦᠭᠡᠷ ᠬᠤᠭᠤᠴᠠᠭᠠᠨ᠎ᠤ ᠰᠢᠨ᠎ᠡ ᠪᠠᠷᠭᠤ ᠪᠠᠷᠠᠭᠤᠨ ᠬᠣᠰᠢᠭᠤᠨ᠎ᠤ 〈2026ᠠᠷᠠᠳ᠎ᠤᠨ ᠶᠡᠬᠡ ᠨᠠᠭᠠᠳᠤᠮ〉》 ᠨᠢ ᠡᠨᠡ ᠵᠢᠯ᠎ᠤᠨ ᠲᠠᠯ᠎ᠠ ᠨᠤᠲᠤᠭ᠎ᠤᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢᠨ ᠦᠪᠡᠷᠮᠢᠴᠡ ᠰᠤᠳᠤᠨ ᠦᠵᠡᠭᠳᠡᠯ ᠪᠣᠯᠵᠠᠶ᠃ ᠲᠣᠰ ᠤᠳᠠᠭ᠎ᠠ ᠵᠢᠨ ᠦᠪᠡᠳᠡᠭᠰᠢ ᠴᠤᠭᠯᠠᠭᠠᠨ᠎ᠳᠤ《ᠤᠷᠠᠨ ᠰᠠᠢᠬᠠᠨ᠎ᠤ ᠲᠤᠭᠯᠠᠯᠲᠠ᠂ ᠨᠠᠢᠷ ᠨᠠᠭᠠᠳᠤᠮ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠦᠵᠡᠭᠦᠯᠭᠡ᠂ ᠣᠳᠣᠨ ᠣᠭᠲᠠᠷᠭᠤᠶ᠎ᠶᠢᠨ ᠦᠳᠡᠰᠢᠯᠡᠬᠡ》 ᠵᠡᠷᠬᠡ ᠵᠢᠭᠤᠯᠴᠢᠯᠡᠯ ᠰᠡᠯᠡᠭᠦᠴᠡᠯ᠎ᠦᠨ ᠬᠡᠯᠪᠡᠷᠢ᠎ᠶᠢᠨ ᠰᠢᠨ᠎ᠡ᠎ᠶᠢ ᠡᠭᠦᠳᠴᠦ᠂ ᠰᠦᠯᠵᠢᠶᠡᠨ ᠳᠡᠭᠡᠷ᠎ᠡ ᠣᠯᠠᠨ ᠲᠠᠪᠴᠠᠩ᠎ᠢᠶᠠᠷ ᠰᠢᠭᠤᠳ ᠨᠡᠪᠲᠡᠷᠡᠭᠦᠯᠬᠦ ᠪᠠ ᠰᠦᠯᠵᠢᠶᠡᠨ᠎ᠤ ᠭᠠᠳᠠᠨᠠᠬᠢ ᠪᠡᠶᠡᠴᠢᠯᠡᠨ ᠣᠢᠯᠠᠭᠠᠯᠲᠠ᠎ᠶᠢ ᠤᠶᠠᠯᠳᠤᠭᠤᠯᠬᠤ ᠠᠷᠭ᠎ᠠ ᠮᠠᠶᠢᠭ᠋᠎ᠢᠶᠠᠷ ᠳᠠᠮᠵᠢᠭᠤᠯᠤᠨ ᠲᠠᠯ᠎ᠠ ᠨᠤᠲᠤᠭ᠎ᠤᠨ ᠵᠠᠩ ᠦᠢᠯᠡ᠎ᠶᠢᠨ ᠲᠠᠲᠠᠬᠤ ᠬᠦᠴᠦᠨ ᠪᠠ ᠬᠢᠯᠢ ᠬᠢᠵᠠᠭᠠᠷ᠎ᠤᠨ ᠮᠠᠯᠵᠢᠬᠤ ᠣᠷᠣᠨ᠎ᠤ ᠳᠦᠷᠢ ᠲᠥᠷᠬᠦ᠎ᠶᠢ ᠪᠥᠬᠥ ᠲᠠᠯ᠎ᠠ᠎ᠪᠠᠷ ᠳᠡᠯᠭᠡᠨ ᠦᠵᠡᠭᠦᠯᠵᠡᠶ᠃


QQ20260904-111504.png


ᠨᠠᠢᠷ ᠨᠠᠭᠠᠳᠤᠮ᠎ᠤᠨ ᠬᠦᠷ ᠬᠦᠭᠵᠢᠶᠡᠨᠲᠦ ᠠᠭᠤᠷ ᠠᠮᠢᠰᠬᠤᠯ ᠪᠣᠯᠤᠨ ᠪᠠᠢᠭᠠᠯᠢᠯᠢᠭ᠋ ᠠᠮᠢ ᠠᠬᠤᠢ᠎ᠶᠢᠨ ᠪᠡᠶᠡᠴᠢᠯᠡᠨ ᠣᠢᠯᠠᠭᠠᠯᠲᠠ᠎ᠨᠢ ᠵᠢᠭᠤᠯᠴᠢᠯᠠᠭᠰᠠᠳ᠎ᠤᠨ ᠲᠠᠭᠠᠰᠢᠶᠠᠯ᠎ᠢ ᠶᠡᠬᠡ ᠪᠡᠷ ᠣᠯᠵᠤ᠂ ᠰᠢᠨ᠎ᠡ ᠪᠠᠷᠭᠤ ᠪᠠᠷᠠᠭᠤᠨ ᠬᠣᠰᠢᠭᠤᠨ᠎ᠤ ᠰᠣᠶᠣᠯ ᠵᠢᠭᠤᠯᠴᠢᠯᠠᠯ ᠤ᠋ᠨ ᠲᠦᠷᠢ ᠲᠥᠷᠬᠦ᠎ᠪᠠᠨ ᠭᠠᠳᠠᠭ᠍ᠰᠢ ᠳᠡᠯᠭᠡᠨ ᠦᠵᠡᠭᠦᠯᠬᠦ ᠭᠣᠣᠯ ᠨᠡᠷ᠎ᠡ᠎ᠶᠢᠨ ᠬᠠᠭᠤᠳᠠᠰᠤ ᠪᠣᠯᠵᠠᠢ᠃ ᠡᠭᠦᠨ᠎ᠤ ᠵᠡᠷᠭᠡᠪᠡᠷ᠂ ᠬᠥᠯᠥᠨ ᠨᠠᠭᠤᠷ᠎ᠢ ᠲᠣᠭᠤᠷᠢᠬᠤ ᠳᠤᠭᠤᠢ ᠲᠡᠷᠭᠡᠨ᠎ᠤ ᠤᠷᠤᠯᠳᠤᠭᠠᠨ᠂ ᠵᠢᠩ ᠳ᠋ᠦᠩ ᠰᠦᠯᠵᠢᠶᠡᠨ ᠬᠤᠳᠠᠯᠳᠤᠭ᠎ᠠ ᠵᠢᠨ 《ᠰᠢᠨ᠎ᠡ ᠰᠤᠷᠭᠤᠭ ᠬᠤᠨᠢᠨ ᠮᠢᠬ᠎ᠠ᠎ᠶᠢ ᠵᠠᠬ᠎ᠠ ᠳᠡᠯᠭᠡᠭᠦᠷ᠎ᠲᠦ ᠭᠠᠷᠭᠠᠬᠤ ᠪᠠᠶᠠᠷ》 ᠵᠡᠷᠭᠡ ᠤᠨᠴᠠᠯᠢᠬ᠍ᠳᠤ ᠤᠷᠤᠯᠳᠤᠭᠠᠨ᠎ᠤ ᠠᠵᠢᠯᠯᠠᠭ᠎ᠠ᠎ᠶᠢ ᠵᠠᠯᠭᠠᠭ᠎ᠠ᠎ᠪᠠᠷ ᠶᠠᠪᠤᠭᠳᠠᠭᠤᠯᠵᠤ᠂ ᠰᠣᠶᠣᠯ ᠵᠢᠭᠤᠯᠴᠢᠯᠠᠯ᠎ᠤᠨ ᠬᠦᠯᠢᠶᠡᠨ ᠠᠪᠤᠭ᠍ᠴᠢᠳ᠎ᠤᠨ ᠬᠦᠷᠢᠶ᠎ᠡ ᠬᠡᠪᠴᠢᠶ᠎ᠡ᠎ᠶᠢ ᠦᠷᠭᠦᠯᠵᠢᠯᠡᠨ ᠥᠷᠭᠡᠳᠬᠡᠵᠦ᠂ ᠭᠠᠵᠠᠷ ᠤᠷᠤᠨ᠎ᠤ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠵᠠᠬ᠎ᠠ ᠳᠡᠯᠭᠡᠭᠦᠷ᠎ᠢ ᠦᠨᠡᠨᠬᠦ ᠬᠥᠭᠵᠢᠭᠡᠪᠡ᠃


QQ20260904-111444.png


ᠰᠢᠨ᠎ᠡ ᠪᠠᠷᠭᠤ ᠪᠠᠷᠠᠭᠤᠨ ᠬᠣᠰᠢᠭᠤ ᠬᠥᠯᠥᠨ ᠪᠤᠢᠷ᠎ᠤᠨ ᠥᠷᠥᠴᠡᠨ᠎ᠳᠤ ᠪᠠᠢᠷᠢᠰᠢᠵᠤ᠂《ᠳᠤᠮᠳᠠᠳᠤ ᠤᠷᠤᠰ ᠮᠤᠩᠭᠤᠯ ᠭᠤᠷᠪᠠᠨ ᠤᠯᠤᠰ》 ᠤ᠋ᠨ ᠠᠭᠤᠯᠵᠠᠷ᠎ᠲᠤ ᠤᠷᠤᠰᠢᠳᠠᠭ᠃ 《ᠨᠢᠭᠡ ᠠᠭᠤᠯᠠ ᠬᠣᠶᠠᠷ ᠨᠠᠭᠤᠷ ᠬᠣᠶᠠᠷ ᠭᠣᠣᠯ ᠨᠢᠭᠡ ᠨᠤᠭᠤ ᠭᠠᠵᠠᠷ》 ᠎ᠪᠣᠯᠣᠨ ᠪᠠᠷᠭᠤ ᠨᠡᠭᠦᠳᠡᠯ ᠮᠠᠯᠵᠢᠯ᠎ᠤᠨ ᠰᠣᠶᠣᠯ᠎ᠤᠨ ᠠᠭᠤᠯᠬᠤᠨ᠎ᠳᠤ ᠲᠦᠰᠢᠭᠯᠡᠨ᠂ ᠨᠠᠭᠤᠷ ᠴᠥᠭᠥᠷᠥᠮ ᠨᠤᠭᠤ ᠭᠠᠵᠠᠷ᠂ ᠬᠢᠯᠢ ᠬᠢᠵᠠᠭᠠᠷ᠂ ᠵᠠᠩ ᠦᠢᠯᠡ᠎ᠶᠢᠨ ᠣᠢᠯᠠᠭᠠᠭᠳᠠᠬᠤᠨ ᠵᠢᠡᠷ ᠭᠣᠣᠯ ᠪᠣᠯᠭᠠᠭᠰᠠᠨ ᠲᠠᠯ᠎ᠠ ᠨᠤᠲᠤᠭ᠎ᠤᠨ ᠠᠶᠠᠯᠠᠯ ᠵᠢᠭᠤᠯᠴᠢᠯᠠᠯ᠎ᠤᠨ ᠰᠢᠰᠲᠧᠮ᠎ᠢ ᠲᠥᠯᠥᠪᠰᠢᠭᠦᠯᠵᠦ᠂ ᠬᠢᠯᠢ ᠬᠢᠵᠠᠭᠠᠷ᠎ᠤᠨ ᠥᠪᠡᠷᠮᠢᠴᠡ ᠣᠨᠴᠠᠯᠢᠭ᠋ ᠪᠦᠬᠦᠢ ᠣᠯᠠᠨ ᠨᠡᠶ᠋ᠢᠲᠡ᠎ᠶᠢᠨ ᠠᠶᠠᠯᠠᠯ ᠵᠢᠭᠤᠯᠴᠢᠯᠠᠯ᠎ᠤᠨ ᠵᠣᠷᠢᠯᠲᠠᠳᠤ ᠭᠠᠵᠠᠷ ᠪᠣᠯᠤᠭᠰᠠᠨ ᠪᠠᠢᠨ᠎ᠠ.᠃

ᠨᠠᠭᠤᠷ ᠪᠠ ᠨᠤᠭᠤ ᠭᠠᠵᠠᠷ ᠨᠢ ᠳᠤᠰ ᠬᠤᠰᠢᠭᠤᠨ᠎ᠤ ᠬᠠᠮᠤᠭ᠎ᠤᠨ ᠭᠣᠣᠯ ᠵᠢᠭᠤᠯᠴᠢᠯᠠᠯ᠎ᠤᠨ ᠢᠯᠡ ᠳᠤᠳᠤ ᠲᠡᠮᠳᠡᠭ ᠪᠣᠯᠣᠨ᠎ᠠ᠃ ᠬᠥᠯᠥᠨ ᠨᠠᠭᠤᠷ᠂ ᠪᠣᠶ᠋ᠢᠷ ᠨᠠᠭᠤᠷ ᠬᠣᠶᠠᠷ ᠶᠡᠬᠡ ᠨᠠᠷᠠᠲᠤ ᠨᠠᠭᠤᠷ᠎ᠲᠠᠢ᠂ ᠡᠭᠦᠨ᠎ᠳᠦ ᠬᠥᠯᠥᠨ ᠨᠠᠭᠤᠷ᠎ᠤᠨ 91%ᠨᠢ ᠳᠤᠰ ᠬᠣᠰᠢᠭᠤᠨ᠎ᠤ ᠳᠣᠲᠣᠷ᠎ᠠ ᠪᠠᠢᠷᠢᠯᠠᠵᠤ᠂ ᠥᠪᠥᠷ ᠮᠣᠩᠭᠣᠯ᠎ᠤᠨ ᠨᠢᠭᠡᠳᠦᠭᠡᠷ ᠶᠡᠬᠡ ᠴᠡᠩᠭᠡᠭ ᠨᠠᠭᠤᠷ ᠪᠣᠯᠣᠨ᠎ᠠ᠃ ᠡᠯᠡᠰᠦᠨ ᠲᠠᠩ ᠨᠢ ᠨᠠᠷᠢᠬᠠᠨ ᠵᠥᠭᠡᠯᠡᠨ᠂ ᠨᠠᠭᠤᠷ᠎ᠤᠨ ᠤᠰᠤᠨ᠎ᠠ ᠳᠡᠭᠷᠢ ᠵᠢᠨ ᠴᠡᠬᠡᠯ ᠳᠤᠨᠤᠷᠠᠬᠤ᠂ ᠨᠠᠷᠡ ᠰᠢᠨᠭᠭᠡᠬᠦ᠂ ᠴᠠᠬᠤᠯᠠᠢ ᠨᠢᠰᠬᠦ ᠨᠢ ᠪᠡᠯᠭᠡ ᠲᠡᠮᠳᠡᠭ᠎ᠦᠨ ᠴᠢᠨᠠᠷᠲᠠᠢ ᠦᠵᠡᠮᠵᠢ ᠪᠣᠯᠬᠤ ᠪᠥᠭᠡᠳ ᠪᠠᠰᠠ ᠴᠢᠩᠭᠢᠰ᠎ᠦᠨ ᠮᠣᠷᠢᠨ᠎ᠤ ᠤᠶᠠᠭ᠎ᠠ ᠵᠡᠷᠭᠡ ᠰᠣᠶᠣᠯ ᠢᠷᠭᠡᠨᠰᠢᠯ᠎ᠦᠨ ᠦᠯᠡᠳᠡᠭᠳᠡᠯ᠎ᠢ ᠰᠤᠨᠢᠷᠬᠠᠵᠦ ᠪᠤᠯᠳᠠᠭ᠃ ᠪᠣᠶ᠋ᠢᠷ ᠨᠠᠭᠤᠷ ᠨᠢ ᠪᠠᠯᠠᠷ ᠡᠷᠲᠡᠨ᠎ᠦ ᠪᠠᠢᠭᠠᠯᠢ᠎ᠶᠢᠨ ᠳᠦᠷᠰᠦ ᠪᠠᠢᠳᠠᠯ᠎ᠢᠶᠠᠨ ᠬᠠᠳᠠᠭᠠᠯᠠᠵᠤ᠂ ᠨᠠᠭᠤᠷ᠎ᠤᠨ ᠤᠰᠤ ᠨᠢ ᠲᠤᠩᠭᠠᠯᠠᠭ᠂ ᠬᠢᠯᠢ ᠳᠠᠭᠠᠤ ᠵᠢᠨ ᠤᠨᠴᠠᠭᠠᠢ ᠦᠵᠡᠮᠵᠢ ᠵᠢ ᠪᠦᠷᠢᠳᠦᠬᠦᠯᠵᠡᠢ᠃ ᠬᠣᠶᠠᠷ ᠨᠠᠭᠤᠷ᠎ᠢ ᠬᠣᠯᠪᠣᠭᠰᠠᠨ ᠤᠯᠠᠭᠠᠨᠨᠠᠭᠤᠷ᠎ᠤᠨ ᠨᠤᠭᠤ ᠭᠠᠵᠠᠷ ᠨᠢ 《ᠰᠢᠪᠠᠭᠤᠳ᠎ᠤᠨ ᠡᠬᠡ ᠨᠤᠲᠤᠭ》 ᠬᠡᠮᠡᠭᠳᠡᠵᠦ᠂ ᠳᠣᠷᠣᠨᠠᠳᠠᠬᠢᠨ᠎ᠤ ᠴᠠᠭᠠᠨ ᠥᠷᠪᠢ᠂ ᠳᠤᠷᠤᠮᠳᠤ ᠬᠤᠨ ᠵᠡᠷᠭᠡ 290 ᠭᠠᠷᠤᠢ ᠵᠦᠢᠯ᠎ᠦᠨ ᠬᠣᠪᠣᠷ ᠴᠤᠬᠠᠭ ᠰᠢᠪᠠᠭᠤᠳ ᠠᠮᠢᠳᠤᠷᠠᠵᠤ᠂ ᠣᠯᠠᠨ ᠤᠯᠤᠰ᠎ᠤᠨ ᠴᠢᠬᠤᠯᠠ ᠨᠤᠭᠤ ᠭᠠᠵᠠᠷ ᠪᠠ ᠳᠤᠰᠬᠠᠢᠯᠠᠨ ᠰᠢᠪᠠᠭᠤᠳ᠎ᠢ ᠰᠡᠬᠦᠳᠡᠷᠯᠡᠬᠦ ᠦᠵᠡᠮᠵᠢᠲᠦ ᠣᠷᠣᠨ ᠵᠢᠡᠷ ᠦᠨᠡᠯᠡᠭᠳᠡᠵᠡᠢ᠃


QQ20260904-111515.png


ᠮᠡᠳᠡᠬᠡᠵᠢ᠂ ᠲᠠᠯ᠎ᠠ ᠨᠤᠲᠤᠭ ᠪᠣᠯᠣᠨ ᠬᠢᠯᠢ᠎ᠶᠢᠨ ᠥᠩᠭᠡ ᠦᠵᠡᠮᠵᠢ ᠨᠢ ᠢᠯᠡ ᠳᠤᠳᠤᠷᠬᠠᠢ ᠵᠢᠭᠤᠯᠴᠢᠯᠠᠯ᠎ᠤᠨ ᠳᠠᠪᠠᠭᠤᠯᠢᠭ᠋᠎ᠲᠠᠢ᠃ ᠪᠠᠷᠭᠤ᠎ᠶᠢᠨ ᠲᠠᠯ᠎ᠠ ᠬᠡᠵᠦ ᠤᠰᠤ ᠪᠡᠯᠴᠢᠭᠡᠷ ᠡᠯᠪᠡᠭ᠂ ᠪᠣᠭᠳᠠ ᠠᠭᠤᠯᠠ ᠰᠦᠨᠳᠡᠷᠯᠡᠵᠦ᠂ ᠵᠢᠯ ᠪᠦᠷᠢ᠎ᠶᠢᠨ ᠣᠪᠣᠭᠠᠨ ᠲᠠᠬᠢᠯᠭ᠎ᠠ ᠨᠢ ᠳᠠᠷᠬᠠᠨ ᠰᠤᠶᠤᠯ᠎ᠤᠨ ᠭᠤᠤᠯ ᠢᠯᠡᠷᠬᠡᠢᠯᠡᠯ ᠪᠤᠯᠳᠠᠭ᠃ ᠬᠢᠯᠢ᠎ᠶᠢᠨ ᠱᠤᠭᠤᠮ ᠨᠢ ᠤᠯᠤᠰ᠎ᠤᠨ ᠡᠭᠦᠳᠡ᠂ ᠬᠢᠯᠢ᠎ᠶᠢᠨ ᠬᠥᠰᠢᠶ᠎ᠡ ᠪᠣᠯᠣᠨ ᠬᠢᠯᠢ᠎ᠶᠢᠨ ᠪᠣᠭᠣᠮᠲᠠ᠎ᠶᠢ ᠬᠣᠯᠪᠣᠵᠤ᠂ 《ᠭᠤᠷᠪᠠᠨ ᠤᠯᠤᠰ》 ᠎ᠤ᠋ᠨ ᠥᠪᠡᠷᠮᠢᠴᠡ ᠣᠷᠣᠨ ᠪᠠᠢᠷᠢ ᠨᠢ ᠬᠢᠯᠢ᠎ᠶᠢᠨ ᠨᠢᠭᠤᠴᠠ᠎ᠶᠢ ᠬᠠᠢᠬᠤ ᠣᠨᠴᠠᠭᠠᠶ ᠣᠢᠯᠠᠭᠠᠯᠲᠠ᠎ᠶᠢ ᠪᠣᠶ ᠪᠣᠯᠭᠠᠵᠦ᠂ ᠬᠡᠷᠦᠯᠦᠨ ᠭᠣᠣᠯ᠎ᠤᠨ ᠬᠥᠪᠡᠭᠡ᠂ ᠪᠠᠯᠠᠷᠯᠢᠭ ᠮᠠᠯᠵᠢᠯ᠎ᠤᠨ ᠲᠠᠯᠠᠪᠠᠢ ᠨᠢ ᠬᠠᠮᠤᠭ᠎ᠤᠨ ᠴᠡᠪᠡᠷ ᠲᠠᠯ᠎ᠠ ᠨᠤᠲᠤᠭ᠎ᠤᠨ ᠦᠵᠡᠮᠵᠢ᠎ᠪᠡᠨ ᠬᠠᠳᠠᠭᠠᠯᠠᠵᠤ᠂ ᠥᠪᠡᠷᠳᠡᠭᠡᠨ ᠳᠡᠷᠭᠡ ᠵᠢᠯᠣᠭᠣᠳᠤᠨ ᠬᠡᠭᠡᠷᠡᠯᠡᠨ ᠵᠢᠭᠤᠯᠴᠢᠯᠠᠬᠤ ᠪᠠ ᠤᠳᠤᠨ ᠣᠭᠲᠠᠷᠭᠤᠢ᠎ᠶᠢ ᠵᠢᠷᠤᠭᠯᠠᠬᠤ ᠬᠠᠮᠤᠭ᠎ᠤᠨ ᠰᠠᠢᠨ ᠭᠠᠵᠠᠷ ᠠᠵᠢ᠃


QQ20260904-111532.png


ᠤᠨᠴᠠᠭᠠᠢᠯᠠᠵᠦ ᠬᠡᠯᠡᠬᠦ ᠡᠴᠡ᠂ ᠪᠠᠷᠭᠤ ᠵᠠᠩ ᠦᠢᠯᠡ᠎ᠶᠢᠨ ᠰᠣᠶᠣᠯ ᠨᠢ ᠳᠤᠰ ᠬᠤᠰᠢᠭᠤᠨ᠎ᠤ ᠵᠢᠭᠤᠯᠴᠢᠯᠠᠯ᠎ᠳᠤ ᠭᠦᠨ ᠵᠤᠵᠠᠭᠠᠨ ᠰᠣᠶᠣᠯ ᠳᠡᠦᠬᠡ ᠵᠢᠨ ᠴᠥᠮ᠎ᠡ᠎ᠶᠢ ᠨᠡᠮᠡᠷᠢᠯᠡᠵᠡᠢ᠃ ᠲᠤᠬᠠᠢ᠎ᠶᠢᠨ ᠭᠠᠵᠠᠷ᠎ᠤᠨ ᠬᠢᠨ ᠪᠠᠷᠭᠤ ᠠᠢᠮᠠᠭ᠎ᠤᠨ ᠨᠡᠭᠦᠳᠡᠯ ᠮᠠᠯᠵᠢᠯ᠎ᠤᠨ ᠰᠣᠶᠣᠯ᠎ᠢ ᠪᠦᠷᠢᠨ ᠪᠦᠲᠦᠨ ᠤᠯᠠᠮᠵᠢᠯᠠᠨ ᠵᠠᠯᠭᠠᠮᠵᠢᠯᠠᠬᠤ᠂ ᠣᠪᠣᠭ᠎ᠠ ᠲᠠᠭᠢᠬᠤ᠂ ᠪᠥᠬᠡ᠎ᠪᠠᠷᠢᠯᠳᠤᠬᠤ᠂ ᠣᠷᠳᠣ᠌᠎ᠶᠢᠨ ᠳᠠᠭᠤᠤ ᠵᠢᠨ ᠮᠦᠷᠦᠢᠴᠡᠬᠡᠨ ᠵᠡᠷᠭᠡ ᠠᠵᠢᠯᠯᠠᠭ᠎ᠠ᠎ᠪᠡᠷ ᠪᠠᠷᠭᠤ ᠵᠠᠩ ᠦᠢᠯᠡ᠎ᠶᠢᠨ ᠠᠵᠤ ᠦᠢᠯᠡᠰ᠎ᠦᠨ ᠬᠦᠷᠢᠶᠡᠯᠡᠩ᠂ ᠣᠨᠴᠠᠯᠢᠭ᠍ᠲᠤ ᠭᠡᠷ ᠪᠦᠯᠢ᠎ᠶᠢᠨ ᠮᠠᠯᠵᠢᠯ᠎ᠤᠨ ᠲᠠᠯᠠᠪᠠᠢ᠎ᠳᠤ ᠮᠣᠷᠢ ᠤᠨᠤᠬᠤ᠂ ᠰᠦ᠎ᠲᠠᠢ ᠴᠠᠢ ᠤᠤᠭᠤᠬᠤ᠂ ᠴᠠᠭᠠᠨ ᠢᠳᠡᠭᠡᠨ ᠦᠢᠯᠡᠳᠬᠦ ᠵᠡᠷᠭᠡ ᠭᠦᠨᠵᠡᠭᠡᠢ ᠪᠡᠶᠡᠴᠢᠯᠡᠨ ᠣᠢᠯᠠᠭᠠᠬᠤ ᠲᠦᠷᠦᠯ ᠵᠦᠢᠯ ᠯᠤᠬᠡ ᠤᠶᠠᠯᠳᠤᠭᠤᠯᠵᠦ᠂ ᠵᠢᠭᠤᠯᠴᠢᠯᠠᠭᠰᠠᠳ᠎ᠲᠤ ᠦᠨᠳᠦᠰᠦᠲᠡᠨ᠎ᠦ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶᠢ ᠮᠡᠳᠡᠷᠡᠭᠦᠯᠵᠦ ᠪᠠᠢᠳᠠᠭ᠃ᠣᠯᠠᠨ ᠵᠢᠯ᠎ᠤᠨ ᠲᠤᠷᠰᠢ《ᠰᠣᠶᠣᠯ᠎ᠢᠶᠠᠷ ᠵᠢᠭᠤᠯᠴᠢᠯᠠᠯ᠎ᠢ ᠬᠦᠭᠵᠢᠭᠦᠯᠵᠦ᠂ ᠵᠢᠭᠤᠯᠴᠢᠯᠠᠯ᠎ᠢᠶᠠᠷ ᠰᠣᠶᠣᠯ᠎ᠢ ᠳᠣᠪᠤᠢᠯᠭᠠᠨ᠂ ᠰᠣᠶᠣᠯ ᠵᠢᠭᠤᠯᠴᠢᠯᠠᠯ᠎ᠢᠶᠠᠷ ᠨᠤᠳᠤᠭ ᠤᠷᠤᠨ ᠵᠢᠡᠨ ᠬᠦᠭᠵᠢᠭᠦᠯᠦᠨ᠂ ᠠᠷᠠᠳ᠎ᠢ ᠪᠠᠶᠠᠵᠢᠭᠤᠯᠤᠨ ᠬᠣᠰᠢᠭᠤ᠎ᠪᠠᠨ ᠬᠦᠴᠦᠷᠬᠡᠭᠵᠢᠭᠦᠯᠬᠦ》 ᠬᠥᠭᠵᠢᠯᠲᠡ᠎ᠶᠢᠨ ᠣᠢᠯᠠᠭᠠᠭᠲᠠᠬᠤᠨ᠎ᠢ ᠪᠠᠷᠢᠮᠲᠠᠯᠠᠨ᠂ ᠮᠠᠯ ᠠᠵᠤ ᠠᠬᠤᠶ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠪᠠᠶᠠᠯᠢᠭ᠍ᠵᠢᠭᠤᠯᠤᠨ᠂ ᠦᠢᠯᠡᠴᠢᠯᠡᠭᠡᠨ᠎ᠤ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠵᠦ᠂ ᠥᠪᠡᠷᠮᠢᠴᠡ ᠣᠨᠴᠠᠯᠢᠭ᠋᠎ᠲᠠᠢ ᠲᠦᠷᠦᠯ ᠲᠡᠮᠳᠡᠭ᠎ᠢ ᠡᠭᠦᠳᠦᠨ᠂ ᠳᠥᠷᠪᠡᠨ ᠤᠯᠠᠷᠢᠯ᠎ᠤᠨ ᠵᠢᠭᠤᠯᠴᠢᠯᠡᠯ᠂ ᠪᠥᠬᠥ ᠣᠷᠣᠨ ᠪᠦᠰᠡ᠎ᠶᠢᠨ ᠥᠩᠭᠡ ᠥᠵᠡᠮᠵᠢ᠎ᠶᠢ ᠰᠤᠨᠢᠷᠬᠠᠬᠤ ᠬᠢᠯᠢ ᠬᠢᠵᠠᠭᠠᠷ᠎ᠤᠨ ᠲᠠᠯ᠎ᠠ ᠨᠤᠲᠤᠭ᠎ᠤᠨ ᠰᠣᠶᠣᠯ ᠵᠢᠭᠤᠯᠴᠢᠯᠠᠯ᠎ᠤᠨ ᠵᠣᠷᠢᠯᠳᠠᠳᠤ ᠭᠠᠵᠠᠷ᠎ᠢ ᠪᠥᠬᠥ ᠬᠦᠴᠦᠨ᠎ᠢᠶᠠᠷ᠎ᠢᠶᠠᠨ ᠪᠦᠲᠦᠭᠡᠨ ᠪᠠᠢᠭᠤᠯᠵᠤ᠂ ᠬᠢᠯᠢ ᠬᠢᠵᠠᠭᠠᠷ ᠣᠷᠣᠨ ᠬᠦᠴᠦᠷᠬᠡᠭ᠂ ᠠᠷᠠᠳ ᠲᠦᠮᠡᠨ ᠪᠠᠶᠠᠨ ᠴᠢᠨᠡᠭᠡᠯᠢᠭ᠂ ᠥᠩᠭᠡ ᠦᠵᠡᠮᠵᠢ ᠭᠤᠢᠲᠠ ᠰᠠᠢᠬᠠᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠮ᠎ᠢ ᠨᠡᠭᠡᠭᠡᠵᠡᠢ᠃

ᠳᠤᠬᠠᠢᠯᠠᠪᠠᠯ᠂ ᠪᠦᠬᠦ ᠬᠦᠷᠢᠶ᠎ᠡ ᠴᠠᠷᠠᠭ᠎ᠠ᠎ᠶᠢᠨ ᠪᠠᠢᠷᠢᠰᠢᠭᠤᠯᠤᠯᠲᠠ ᠬᠢᠵᠦ᠂ ᠵᠢᠭᠤᠯᠴᠢᠯᠠᠯ᠎ᠤᠨ ᠰᠣᠳᠤᠨ ᠵᠠᠮ ᠱᠤᠭᠤᠮ ᠵᠢᠡᠷ ᠲᠠᠯ᠎ᠠ ᠨᠤᠲᠤᠭ᠎ᠤᠨ ᠵᠠᠩ ᠦᠢᠯᠡ᠎ᠶᠢ ᠪᠡᠶᠡᠴᠢᠯᠡᠨ ᠣᠢᠯᠠᠭᠠᠭᠤᠯᠵᠦ ᠪᠠᠢᠭ᠎ᠠ ᠪᠢᠯᠡ᠃ ᠨᠣᠮᠢᠨ ᠳᠣᠯᠭᠢᠶᠠᠨᠳᠤ ᠬᠥᠯᠥᠨ ᠨᠠᠭᠤᠷ᠎ᠤᠨ ᠰᠦᠷᠯᠢᠭ ᠦᠵᠡᠮᠵᠢ᠂ ᠤᠯᠠᠭᠠᠨᠨᠠᠭᠤᠷ᠎ᠤᠨ ᠨᠤᠭᠤ ᠭᠠᠵᠠᠷ᠎ᠤᠨ ᠵᠢᠭᠦᠷᠲᠡᠨ ᠰᠢᠪᠠᠭᠤᠳ ᠬᠤᠷᠠᠨ ᠴᠤᠭᠯᠠᠷᠠᠭᠰᠠᠨ ᠪᠠᠢᠭᠠᠯᠢᠯᠢᠭ ᠠᠮᠢ ᠠᠬᠤᠶ᠂ ᠠᠷᠤᠬᠠᠰᠢᠶᠠᠲᠤ ᠬᠢᠯᠢ᠎ᠶᠢᠨ ᠪᠣᠭᠣᠮᠲᠠ᠎ᠶᠢᠨ ᠥᠩᠭᠡ ᠦᠵᠡᠮᠵᠢ ᠵᠢᠴᠢ ᠮᠡᠨᠡᠩ᠎ᠦᠨ ᠪᠣᠭᠳᠠ ᠠᠭᠤᠯᠠ᠎ᠶᠢᠨ ᠥᠵᠡᠰᠭᠦᠯᠡᠩᠳᠤ ᠰᠠᠢᠬᠠᠨ ᠥᠩᠭᠡ ᠦᠵᠡᠮᠵᠢ᠎ᠳᠤ ᠲᠦᠰᠢᠭᠯᠡᠨ ᠰᠢᠨ᠎ᠡ ᠪᠠᠷᠭᠤ ᠪᠠᠷᠠᠭᠤᠨ ᠬᠣᠰᠢᠭᠤ ᠪᠦᠬᠦ ᠣᠷᠣᠨ ᠪᠦᠰᠡ᠎ᠶᠢᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠢ ᠨᠢᠭᠡᠳᠦᠯᠲᠡᠢ ᠲᠦᠯᠦᠪᠯᠡᠵᠦ᠂ 《ᠲᠠᠯ᠎ᠠ ᠨᠤᠲᠤᠭ᠂ ᠨᠠᠭᠤᠷ ᠭᠣᠣᠯ᠂ ᠬᠢᠯᠢ ᠬᠢᠵᠠᠭᠠᠷ᠂ ᠠᠷᠠᠳ᠎ᠤᠨ ᠵᠠᠩ ᠦᠢᠯᠡ》 ᠵᠡᠷᠭᠡ ᠳᠦᠷᠪᠡᠨ ᠶᠡᠬᠡ ᠣᠨᠴᠠᠯᠢᠭ᠋᠎ᠢ ᠬᠣᠯᠪᠣᠭᠰᠠᠨ ᠰᠣᠳᠣᠨ ᠰᠣᠶᠣᠯ ᠵᠢᠭᠤᠯᠴᠢᠯᠠᠯ᠎ᠤᠨ ᠵᠠᠮ ᠱᠤᠭᠤᠮ᠎ᠢ ᠪᠠᠢᠭᠤᠯᠵᠤ᠂ ᠪᠦᠬᠦ ᠣᠷᠣᠨ ᠪᠦᠰᠡ᠎ᠶᠢ ᠪᠦᠷᠬᠦᠭᠰᠡᠨ᠂ ᠳᠡᠰ ᠳᠠᠪᠬᠤᠷᠭ᠎ᠠ ᠲᠣᠳᠣᠷᠬᠠᠢ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠤ ᠬᠠᠩᠭᠠᠯᠭ᠎ᠠ᠎ᠶᠢᠨ ᠰᠢᠰᠲᠧᠮ᠎ᠢ ᠪᠠᠢᠭᠤᠯᠪᠠ᠃ ᠵᠢᠭᠤᠯᠴᠢᠯᠠᠭᠰᠠᠳ G331 ᠤᠯᠤᠰ᠎ᠤᠨ ᠵᠠᠮ᠎ᠢᠶᠠᠷ ᠤᠮᠠᠷᠠᠰᠢ ᠮᠣᠷᠳᠠᠪᠡᠯ ᠪᠤᠭᠳᠠᠠᠠᠭᠤᠯᠠ ᠰᠤᠶᠤᠯ ᠵᠢᠭᠤᠯᠴᠢᠯᠠᠯ᠎ᠤᠨ ᠥᠷᠲᠡᠭᠡ᠎ᠳᠤ ᠵᠣᠭᠰᠣᠨ ᠠᠮᠠᠷᠠᠬᠤ ᠪᠤᠶᠤ ᠮᠠᠯᠵᠢᠬᠤ ᠣᠷᠣᠨ᠎ᠳᠤ ᠭᠦᠨᠵᠡᠭᠡᠢᠷᠡᠨ᠂ ᠰᠢᠨ᠎ᠡ ᠰᠣᠷᠭᠣᠭ 《ᠪᠠᠷᠠᠭᠤᠨ ᠬᠣᠰᠢᠭᠤᠨ᠎ᠤ ᠬᠤᠨᠢᠨ ᠮᠢᠬ᠎ᠠ》᠎ᠶ᠋ᠢ ᠠᠮᠲᠠᠯᠠᠵᠤ᠂ ᠥᠷᠭᠡᠨ ᠠᠭᠤᠳᠠᠮ ᠲᠠᠯ᠎ᠠ ᠨᠤᠲᠤᠭ᠎ᠤᠨ ᠠᠮᠢᠵᠢᠷᠠᠯ᠎ᠤᠨ ᠬᠦᠴᠦᠨ ᠪᠠ ᠬᠠᠯᠠᠭᠤᠨ ᠰᠡᠳᠬᠢᠯᠭᠡ᠎ᠶᠢ ᠮᠡᠳᠡᠷᠡᠵᠦ ᠪᠤᠯᠤᠨ᠎ᠠ᠃

ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠰᠢᠨ᠎ᠡ᠎ᠶᠢ ᠡᠭᠦᠳᠴᠦ 《ᠨᠡᠭᠦᠳᠡᠯ ᠲᠡᠷᠭᠡ + ᠮᠠᠯᠵᠢᠬᠤ ᠡᠷᠦᠬᠡ᠎ᠶᠢᠨ ᠵᠢᠭᠤᠯᠴᠢᠯᠠᠯ》᠎ᠨᠢ ᠪᠥᠬᠥ ᠣᠷᠣᠨ ᠪᠦᠰᠡ᠎ᠶᠢᠨ ᠵᠢᠭᠤᠯᠴᠢᠯᠠᠯ᠎ᠤᠨ ᠰᠢᠨ᠎ᠡ ᠬᠦᠳᠡᠯᠭᠡᠭᠴᠢ ᠬᠦᠴᠦᠨ ᠪᠤᠯᠵᠦ ᠪᠠᠢᠨ᠎ᠠ᠃ ᠰᠢᠨ᠎ᠡ ᠪᠠᠷᠭᠤ ᠪᠠᠷᠠᠭᠤᠨ ᠬᠣᠰᠢᠭᠤ 《ᠨᠡᠭᠦᠳᠡᠯ ᠲᠡᠷᠭᠡ + ᠮᠠᠯᠵᠢᠬᠤ ᠡᠷᠦᠬᠡ᠎ᠶᠢᠨ ᠵᠢᠭᠤᠯᠴᠢᠯᠠᠯ》 ᠎ᠤ᠋ᠨ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠰᠢᠨ᠎ᠡ᠎ᠶᠢ ᠡᠭᠦᠳᠦᠨ᠂ ᠣᠲᠣ᠌ ᠦᠶ᠎ᠡ᠎ᠶᠢᠨ ᠨᠡᠭᠦᠳᠡᠯ ᠲᠡᠷᠭᠡᠨ᠎ᠤ ᠵᠣᠰᠠᠯᠠᠩ ᠪᠠ ᠮᠠᠯᠴᠢᠳ᠎ᠤᠨ ᠤᠯᠠᠮᠵᠢᠯᠠᠯᠲᠤ ᠠᠮᠢᠳᠤᠷᠠᠯ᠎ᠢ ᠭᠦᠨᠵᠡᠭᠡᠶ ᠠᠭᠤᠰᠤᠯᠴᠠᠭᠤᠯᠵᠤ᠂ ᠵᠢᠭᠤᠯᠴᠢᠯᠠᠭᠰᠠᠳ ᠮᠣᠷᠢ ᠤᠨᠤᠬᠤ᠂ ᠨᠤᠮᠤ ᠰᠤᠮᠤ ᠬᠠᠷᠪᠤᠬᠤ᠂ ᠴᠠᠭᠠᠨ ᠢᠳᠡᠭᠡ ᠪᠤᠯᠪᠠᠰᠤᠷᠠᠭᠤᠯᠬᠤ ᠵᠡᠷᠭᠡ ᠮᠠᠯᠵᠢᠬᠤ ᠦᠢᠯᠡᠳᠪᠦᠷᠢᠯᠡᠯ ᠠᠮᠢᠳᠤᠷᠠᠯ᠎ᠢ ᠪᠡᠶᠡᠴᠢᠯᠡᠨ ᠣᠢᠯᠠᠭᠠᠵᠤ ᠪᠣᠯᠤᠨ᠎ᠠ᠃ ᠡᠨᠡ ᠬᠦ᠌ ᠬᠡᠯᠪᠡᠷᠢ᠎ᠨᠢ ᠮᠠᠯᠵᠢᠬᠤ ᠣᠷᠣᠨ᠎ᠤ ᠰᠤᠯᠠ ᠪᠠᠢᠭ᠎ᠠ ᠡᠳ᠋ ᠬᠥᠷᠥᠩᠭᠡ᠎ᠶᠢ ᠠᠮᠢᠯᠠᠭᠤᠯᠤᠭᠰᠠᠨ᠎ᠢᠶᠠᠷ ᠪᠠᠷᠠᠬᠤ ᠥᠬᠡᠶ᠂ ᠨᠠᠩ ᠴᠤ᠌ ᠮᠠᠯᠴᠢᠳ᠎ᠤᠨ ᠨᠤᠲᠤᠭ ᠪᠡᠯᠴᠢᠭᠡᠷ᠎ᠢᠶᠠᠨ ᠵᠣᠬᠢᠰᠲᠠᠢ ᠠᠰᠢᠭ᠍ᠯᠠᠬᠤ᠂ ᠠᠷᠠᠳ᠎ᠤᠨ ᠤᠷᠤᠨ ᠰᠠᠭᠤᠴᠠ᠎ᠶᠢᠨ ᠡᠵᠡᠩᠨᠡᠯᠲᠡ᠎ᠪᠠᠷ ᠳᠠᠮᠵᠢᠭᠤᠯᠤᠨ ᠣᠯᠠᠨ ᠡᠰᠢᠵᠢᠭᠰᠡᠨ ᠣᠷᠣᠯᠭ᠎ᠠ᠎ᠶᠢᠨ ᠨᠡᠮᠡᠭᠳᠡᠯ᠎ᠢ ᠳᠠᠢᠴᠢᠯᠠᠵᠤ᠂ ᠨᠠᠩ ᠣᠯᠠᠨ ᠮᠠᠯᠴᠢᠳ᠎ᠲᠤ ᠵᠢᠭᠤᠯᠴᠢᠯᠠᠯ᠎ᠤᠨ ᠠᠰᠢᠭ᠋ ᠲᠤᠰᠠ᠎ᠶᠢ ᠬᠦᠷᠲᠡᠭᠡᠵᠡᠢ᠃

2026 ᠣᠨ᠎ᠤ 1 — 7 ᠰᠠᠷ᠎ᠠ᠎ᠳᠤ᠂ ᠰᠢᠨ᠎ᠡ ᠪᠠᠷᠭᠤ ᠪᠠᠷᠠᠭᠤᠨ ᠬᠣᠰᠢᠭᠤ ᠨᠡᠢᠲᠡ 28.82 ᠲᠦᠮᠡᠨ ᠬᠥᠮᠦᠨ ᠤᠳᠠᠭ᠎ᠠ ᠵᠢᠭᠤᠯᠴᠢᠯᠠᠭᠰᠠᠳ᠎ᠢ ᠭᠥᠯᠢᠶᠡᠨ ᠠᠪᠴᠤ᠂ ᠠᠳᠠᠯᠢ ᠬᠤᠭᠤᠴᠠᠭᠠᠨ᠎ᠤ᠎ᠬᠢ᠎ᠠᠴᠠ 43.6%᠎ᠪᠠᠷ ᠨᠡᠮᠡᠭᠳᠡᠪᠡ᠂ ᠡᠭᠦᠨ᠎ᠳᠤ᠂ ᠤᠯᠤᠰ᠎ᠤᠨ ᠳᠣᠲᠣᠭᠠᠳᠤ᠎ᠶᠢᠨ ᠵᠢᠭᠤᠯᠴᠢᠯᠠᠭᠰᠠᠳ᠎ᠢ 25.71 ᠲᠦᠮᠡᠨ ᠬᠥᠮᠦᠨ ᠤᠳᠠᠭ᠎ᠠ᠂ ᠬᠢᠯᠢ᠎ᠪᠠᠷ ᠣᠷᠣᠵᠤ ᠢᠷᠡᠭᠰᠡᠨ ᠵᠢᠭᠤᠯᠴᠢᠯᠠᠭᠰᠠᠳ᠎ᠢ 3.11 ᠲᠦᠮᠡᠨ ᠬᠥᠮᠦᠨ ᠤᠳᠠᠭ᠎ᠠ ᠭᠥᠯᠢᠶᠡᠨ ᠠᠪᠴᠠᠶ᠃3.57 ᠳ᠋ᠦᠩᠰᠢᠭᠤᠷ ᠲᠥᠭᠥᠷᠢᠭ᠎ᠤᠨ ᠵᠢᠭᠤᠯᠴᠢᠯᠠᠯ᠎ᠤᠨ ᠣᠷᠣᠯᠭ᠎ᠠ᠎ᠶᠢ ᠪᠡᠶᠡᠯᠡᠭᠦᠯᠵᠦ᠂ ᠠᠳᠠᠯᠢ ᠬᠤᠭᠤᠴᠠᠭᠠᠨ᠎ᠤ᠎ᠬᠢ᠎ᠠᠴᠠ 62%᠎ᠢᠶᠠᠷ ᠨᠡᠮᠡᠭᠳᠡᠨ᠂ ᠰᠣᠶᠣᠯ ᠵᠢᠭᠤᠯᠴᠢᠯᠠᠯ᠎ᠤᠨ ᠠᠵᠤ ᠠᠬᠤᠶ᠎ᠳᠤ ᠬᠦᠴᠦᠲᠡᠶ ᠨᠡᠮᠡᠭᠳᠡᠯ᠎ᠤᠨ ᠪᠠᠢᠳᠠᠯ ᠢᠯᠡᠷᠡᠪᠡ᠃ ᠳᠦᠷᠦᠯ ᠲᠡᠮᠳᠡᠭ᠎ᠤᠨ ᠠᠵᠢᠯᠯᠠᠭ᠎ᠠ᠎ᠨᠢ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠰᠢᠨ᠎ᠡ ᠠᠮᠢᠵᠢᠷᠠᠯ᠎ᠤᠨ ᠬᠦᠴᠦᠨ᠎ᠢ ᠬᠥᠭᠵᠢᠭᠡᠳᠡᠭ᠃ ᠳᠤᠰ ᠬᠣᠰᠢᠭᠤ ᠠᠮᠢ ᠠᠬᠤᠶ ᠪᠣᠯᠤᠨ ᠰᠣᠶᠣᠯ᠎ᠤᠨ ᠳᠠᠪᠠᠭᠤᠯᠢᠭ᠋᠎ᠲᠠᠭᠠᠨ ᠦᠷᠭᠦᠯᠵᠢᠯᠡᠨ ᠲᠦᠰᠢᠭᠯᠡᠵᠦ᠂ ᠳᠥᠷᠪᠡᠨ ᠤᠯᠠᠷᠢᠯ᠎ᠤᠨ ᠲᠠᠯ᠎ᠠ ᠨᠤᠲᠤᠭ᠎ᠤᠨ ᠥᠩᠭᠡ ᠦᠵᠡᠮᠵᠢ᠎ᠳᠤ ᠰᠠᠭᠤᠷᠢᠯᠠᠨ᠂ ᠮᠠᠯ ᠠᠵᠤ ᠠᠬᠤᠶ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ᠎ᠢ ᠦᠷᠭᠦᠯᠵᠢᠯᠡᠨ ᠭᠦᠨᠵᠡᠭᠡᠶ ᠠᠭᠤᠳᠠᠯᠠᠵᠤ᠂ ᠬᠠᠪᠤᠷ ᠴᠡᠴᠡᠭ ᠰᠣᠨᠢᠷᠬᠠᠬᠤ᠂ ᠵᠤᠨ ᠰᠡᠷᠢᠬᠦᠴᠡᠨ ᠳᠤᠭᠤᠷᠢᠬᠤ᠂ ᠨᠠᠮᠤᠷ ᠮᠢᠬ᠎ᠠ ᠠᠮᠲᠠᠯᠠᠬᠤ᠂ ᠡᠪᠦᠯ ᠴᠠᠰᠤ ᠦᠵᠡᠬᠦ ᠪᠦᠬᠦ ᠤᠯᠠᠷᠢᠯ᠎ᠤᠨ᠂ ᠪᠦᠬᠦ ᠣᠷᠣᠨ ᠪᠦᠰᠡᠴᠢᠯᠡᠭᠰᠡᠨ ᠵᠢᠭᠤᠯᠴᠢᠯᠠᠯ᠎ᠤᠨ ᠬᠥᠭᠵᠢᠯᠲᠡ᠎ᠶᠢᠨ ᠪᠠᠢᠳᠠᠯ᠎ᠢ ᠡᠭᠦᠳᠴᠦ᠂ ᠰᠣᠶᠣᠯ ᠵᠢᠭᠤᠯᠴᠢᠯᠠᠯ᠎ᠤᠨ ᠰᠢᠯᠢᠳᠡᠭ ᠪᠦᠲᠦᠭᠡᠭᠳᠡᠬᠦᠨ᠎ᠤ ᠬᠠᠩᠭᠠᠯᠭ᠎ᠠ᠎ᠶᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ᠂ ᠰᠣᠶᠣᠯ ᠵᠢᠭᠤᠯᠴᠢᠯᠠᠯ᠎ᠤᠨ ᠦᠢᠯᠡᠴᠢᠯᠡᠭᠡᠨ᠎ᠤ ᠴᠢᠨᠠᠷ ᠴᠢᠨᠰᠠᠭ᠎ᠠ᠎ᠶᠢ ᠲᠡᠰ ᠳᠡᠪᠰᠢᠭᠦᠯᠬᠦ ᠪᠤᠯᠤᠨ᠎ᠠ᠃



ᠵᠠᠭᠤᠴᠢᠯᠠᠭᠤᠷ᠎ᠤᠨ ᠳᠠᠪᠴᠠᠩ᠎ᠳᠤ ᠰᠠᠭᠤᠷᠢᠯᠡᠵᠦ ᠵᠤᠭᠠᠳᠠᠢ ᠴᠢᠯᠦᠬᠡᠳᠡᠢ ᠬᠠᠯᠠᠮᠰᠢᠯ᠎ᠢ ᠪᠤᠢ ᠪᠤᠯᠭᠠᠨ᠎ᠠ

ᠤᠶᠠᠬᠠᠨ ᠯᠢᠦ ᠰᠢᠨ ᠶᠣᠣ

ᠰᠢᠨ᠎ᠠ ᠪᠠᠷᠭᠤ ᠪᠠᠷᠠᠭᠤᠨ ᠬᠤᠰᠢᠭᠤ ᠠᠮᠢ ᠠᠬᠤᠢ᠎ᠶᠢᠨ ᠵᠢᠭᠤᠯᠴᠢᠯᠡᠯ᠂ ᠬᠢᠯᠢ᠎ᠶᠢᠨ ᠠᠶᠠᠯᠠᠯ᠂ ᠵᠠᠩ ᠦᠢᠯᠡ᠎ᠶᠢ ᠪᠡᠶᠡᠴᠢᠯᠡᠨ ᠣᠢᠯᠠᠭᠠᠬᠤ᠂ ᠮᠥᠰᠥ ᠴᠠᠰᠤᠨ᠎ᠤ ᠠᠮᠠᠷᠠᠯᠲᠠ ᠵᠡᠷᠭᠡ ᠳᠦᠷᠪᠡᠨ ᠶᠡᠬᠡ ᠴᠢᠭᠯᠡᠯ᠎ᠢᠶᠡᠷ ᠪᠦᠬᠦ ᠣᠷᠣᠨ ᠪᠦᠰᠡ ᠪᠦᠬᠦ ᠤᠯᠠᠷᠢᠯ᠎ᠤᠨ ᠵᠢᠭᠤᠯᠴᠢᠯᠡᠯ᠎ᠤᠨ ᠪᠦᠲᠦᠭᠡᠭᠳᠡᠬᠦᠨ᠎ᠢ ᠴᠣᠭᠴᠠᠯᠠᠵᠤ᠂ ᠤᠤᠭᠠᠯ ᠠᠮᠢ ᠠᠬᠤᠢ᠎ᠶᠢᠨ ᠳᠡᠪᠢᠰᠬᠡᠷ ᠥᠩᠭᠡ ᠪᠣᠯᠣᠨ ᠬᠢᠯᠢ ᠬᠢᠵᠠᠭᠠᠷ᠎ᠤᠨ ᠣᠨᠴᠠᠯᠢᠭ᠋᠎ᠲᠠᠭᠠᠨ ᠲᠦᠰᠢᠭᠯᠡᠨ᠂ ᠠᠯᠬᠤᠮ ᠠᠯᠬᠤᠮ᠎ᠢᠶᠠᠷ ᠬᠥᠯᠥᠨ ᠪᠤᠢ᠍ᠢᠷ᠎ᠤᠨ ᠰᠣᠶᠣᠯ ᠵᠢᠭᠤᠯᠴᠢᠯᠠᠯ᠎ᠤᠨ ᠴᠢᠬᠤᠯᠠ ᠨᠡᠮᠡᠭᠳᠡᠯ᠎ᠦᠨ ᠲᠤᠢᠯ ᠪᠣᠯᠭᠠᠬᠤ ᠬᠡᠵᠦ ᠪᠠᠢᠭ᠎ᠠ ᠪᠢᠯᠡ᠃

ᠡᠩ ᠲᠡᠷᠢᠭᠦᠨ᠎ᠳᠦ᠂ ᠲᠥᠪ᠎ᠦᠨ ᠵᠠᠭᠤᠴᠢᠯᠠᠭᠤᠷ᠎ᠲᠤ ᠬᠠᠨᠳᠤᠭᠤᠯᠤᠨ᠂ 《ᠬᠢᠯᠢ ᠬᠢᠵᠠᠭᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ + ᠰᠣᠶᠣᠯ ᠵᠢᠭᠤᠯᠴᠢᠯᠠᠯ᠎ᠤᠨ ᠦᠯᠢᠭᠡᠷ ᠬᠡᠪ》 ᠎ᠢ᠋ ᠭᠣᠣᠯᠯᠠᠨ ᠬᠦᠦᠷᠨᠢᠵᠦ᠂ G331 ᠬᠢᠯᠢ᠎ᠶᠢᠨ ᠦᠵᠡᠮᠵᠢ᠎ᠶᠢᠨ ᠵᠠᠮ᠎ᠤᠨ ᠪᠦᠲᠦᠭᠡᠨ ᠪᠠᠢᠭᠤᠯᠤᠯᠲᠠ᠂《ᠮᠠᠯᠴᠢᠨ ᠡᠷᠦᠭᠡ᠎ᠶᠢᠨ ᠵᠢᠭᠤᠯᠴᠢᠯᠡᠯ》ᠵᠢᠡᠷ ᠮᠠᠯᠴᠢᠳ᠎ᠤᠨ ᠣᠷᠣᠯᠭ᠎ᠠ᠎ᠶᠢ ᠨᠡᠮᠡᠭᠳᠡᠭᠦᠯᠬᠦ᠎ᠶᠢ ᠳᠠᠢᠴᠢᠯᠠᠬᠤ᠂ ᠪᠦᠬᠦ ᠤᠯᠠᠷᠢᠯ᠎ᠤᠨ ᠵᠢᠭᠤᠯᠴᠢᠯᠡᠯ᠎ᠤᠨ ᠠᠷᠭ᠎ᠠ ᠬᠡᠮᠵᠢᠶ᠎ᠡ᠎ᠶᠢ ᠠᠪᠴᠤ᠂ ᠬᠠᠭᠤᠯᠪᠤᠷᠢᠯᠠᠵᠤ ᠪᠣᠯᠬᠤ ᠬᠢᠯᠢ ᠬᠢᠵᠠᠭᠠᠷ᠎ᠤᠨ ᠬᠥᠭᠵᠢᠯᠲᠡ᠎ᠶᠢᠨ ᠨᠡᠢᠲᠡᠯᠢᠭ ᠲᠤᠷᠰᠢᠯᠭ᠎ᠠ᠎ᠶᠢ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ ᠵᠢᠴᠢ ᠬᠣᠲᠠ᠎ᠶᠢᠨ ᠲᠠᠰ᠎ᠤᠨ ᠵᠠᠭᠤᠴᠢᠯᠠᠭᠤᠷ᠎ᠲᠤ ᠬᠠᠨᠳᠤᠭᠤᠯᠤᠨ᠂ ᠰᠣᠶᠣᠯ ᠵᠢᠭᠤᠯᠴᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢᠨ ᠭᠣᠣᠯ ᠰᠡᠳᠦᠪ᠎ᠦᠨ ᠲᠣᠭᠣᠷᠢᠨ᠎ᠳᠤ᠂ ᠪᠥᠬᠥ ᠣᠷᠣᠨ ᠪᠦᠰᠡ᠎ᠶᠢᠨ ᠡᠬᠢ ᠪᠠᠶᠠᠯᠢᠭ᠋᠎ᠢ ᠨᠡᠢᠳᠬᠡᠬᠦ᠂ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠲᠠᠰ ᠳᠡᠪᠰᠢᠭᠦᠯᠬᠦ᠂ ᠨᠠᠷᠠᠲᠤ ᠲᠥᠷᠥᠯ ᠲᠡᠮᠳᠡᠭ᠎ᠢ ᠡᠭᠦᠳᠬᠦ ᠵᠢ ᠦᠷᠬᠦᠯᠵᠢᠯᠡᠨ ᠠᠬᠢᠭᠤᠯᠵᠦ᠂ ᠣᠯᠠᠨ ᠨᠡᠶ᠋ᠢᠲᠡ᠎ᠶᠢᠨ ᠰᠢᠨ᠎ᠡ ᠵᠠᠭᠤᠴᠢᠯᠠᠭᠤᠷ᠎ᠲᠤ ᠬᠠᠨᠳᠤᠭᠤᠯᠤᠨ ᠭᠤᠷᠪᠠᠨ ᠤᠯᠤᠰ᠎ᠤᠨ ᠠᠭᠤᠯᠵᠠᠷ᠎ᠤᠨ ᠬᠣᠪᠣᠷ ᠴᠤᠬᠠᠭ ᠣᠷᠣᠨ ᠪᠠᠢᠷᠢ᠂ ᠪᠠᠯᠠᠷᠯᠢᠭ ᠲᠠᠯ᠎ᠠ ᠨᠤᠲᠤᠭ᠎ᠤᠨ ᠳᠦᠷᠰᠦ ᠪᠠᠢᠳᠠᠯ᠂ ᠬᠥᠯᠥᠨ ᠨᠠᠭᠤᠷ᠎ᠤᠨ ᠵᠢᠷᠭᠠᠬᠤ ᠨᠠᠷᠠ ᠵᠡᠷᠭᠡ ᠬᠠᠯᠠᠮᠰᠢᠯ ᠴᠡᠭ᠎ᠢ ᠳᠣᠪᠣᠶ᠋ᠢᠯᠭᠠᠵᠤ᠂ ᠵᠢᠭᠤᠯᠴᠢᠯᠠᠭᠰᠠᠳ ᠪᠠ ᠵᠠᠯᠠᠭᠤ ᠭᠥᠯᠢᠶᠡᠨ ᠠᠪᠤᠭ᠍ᠴᠢᠳ᠎ᠤᠨ ᠭᠤᠸ᠎ᠠ ᠳᠠᠭᠠᠰᠢᠶᠡᠯ᠎ᠳᠤ ᠨᠡᠢᠴᠡᠭᠦᠯᠤᠨ᠎ᠠ᠃

ᠡᠭᠦᠨ᠎ᠦ ᠬᠠᠮᠳᠤ᠂ ᠠᠯᠪᠠᠨ᠎ᠤ ᠪᠠ ᠠᠷᠠᠳ ᠬᠣᠯᠪᠤᠭᠠᠯᠠᠨ ᠬᠥᠳᠡᠯᠦᠯᠴᠡᠭᠰᠡᠨ ᠳᠠᠮᠵᠢᠭᠤᠯᠭ᠎ᠠ᠎ᠶᠢᠨ ᠵᠠᠮ᠎ᠢ ᠨᠠᠪᠲᠠᠷᠡᠭᠦᠯᠵᠦ᠂ ᠪᠣᠰᠣᠭ᠎ᠠ ᠴᠣᠭᠴᠠᠲᠤ ᠳᠠᠮᠵᠢᠭᠤᠯᠭ᠎ᠠ᠎ᠶᠢᠨ ᠵᠢᠭ᠍ᠰᠠᠭᠠᠯ᠎ᠢ ᠪᠠᠶ᠋ᠢᠭᠤᠯᠤᠨ᠎ᠠ᠃ ᠤᠯᠠᠷᠢᠯ ᠪᠦᠷᠢ ᠨᠢᠭᠡ᠎ᠡᠴᠡ ᠬᠣᠶᠠᠷ ᠬᠠᠯᠠᠮᠰᠢᠯ ᠰᠡᠳᠦᠪ ᠰᠣᠩᠭᠣᠵᠤ᠂ ᠰᠤᠷᠪᠤᠯᠵᠢᠯᠠᠭ᠍ᠴᠢ᠎ᠶᠢ ᠤᠷᠢᠵᠤ ᠮᠠᠯᠵᠢᠬᠤ ᠣᠷᠣᠨ᠎ᠳᠤ ᠭᠦᠨᠵᠡᠭᠡᠢᠷᠡᠨ᠂ ᠴᠡᠭ᠎ᠲᠦ ᠰᠠᠭᠤᠨ ᠰᠤᠷᠪᠤᠯᠵᠢᠯᠠᠭᠤᠯᠵᠤ᠂ ᠣᠷᠣᠨ ᠨᠤᠲᠤᠭ᠎ᠤᠨ ᠠᠵᠢᠯ᠎ᠤᠨ ᠪᠠᠢᠷᠢᠯᠠᠭᠤᠯᠤᠯᠲᠠ᠎ᠶᠢ ᠨᠠᠩ ᠥᠨᠳᠥᠷ ᠲᠠᠰ ᠳᠠᠪᠬᠤᠷᠭ᠎ᠠ᠎ᠶᠢᠨ ᠳᠠᠮᠵᠢᠭᠤᠯᠭ᠎ᠠ᠎ᠶᠢᠨ ᠲᠠᠪᠴᠠᠩ᠎ᠳᠤ ᠭᠠᠷᠭᠠᠬᠤ᠎ᠶᠢ ᠠᠬᠢᠭᠤᠯᠵᠦ᠂ ᠬᠣᠰᠢᠭᠤᠨ᠎ᠤ ᠬᠠᠮ ᠵᠠᠭᠤᠴᠢᠯᠠᠭᠤᠷ᠎ᠤᠨ ᠲᠥᠪ᠂ ᠰᠣᠶᠣᠯ ᠵᠢᠭᠤᠯᠴᠢᠯᠠᠯ᠎ᠤᠨ ᠠᠯᠪᠠᠨ᠎ᠤ ᠲᠠᠯ᠎ᠠ᠎ᠶᠢᠨ ᠵᠠᠭᠤᠴᠢᠯᠠᠭᠤᠷ᠎ᠤᠨ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠵᠦ᠂ ᠰᠢᠷᠢᠰ ᠲᠠᠢᠯᠤᠮᠵᠢ ᠮᠡᠳᠡᠭᠡᠯᠡᠯ ᠭᠠᠷᠭᠠᠬᠤ᠎ᠶᠢᠨ ᠬᠠᠮᠲᠤ ᠲᠣᠰ ᠭᠠᠵᠠᠷ ᠣᠷᠣᠨ᠎ᠤ ᠬᠤᠪᠢ᠎ᠶᠢᠨ ᠵᠠᠭᠤᠴᠢᠯᠠᠭᠤᠷ᠎ᠤᠨ ᠴᠢᠳᠠᠪᠤᠷᠢᠲᠠᠳ᠎ᠢ ᠲᠡᠳᠬᠦᠨ ᠪᠣᠢᠵᠢᠭᠤᠯᠵᠤ᠂《ᠰᠣᠶᠣᠯ ᠵᠢᠭᠤᠯᠴᠢᠯᠠᠯ᠎ᠤᠨ ᠲᠠᠨᠢᠯᠴᠠᠭᠤᠯᠤᠭ᠍ᠴᠢ》 ᠎ᠶ᠋ᠢᠨ ᠡᠩᠨᠡᠭᠡ᠎ᠶᠢ ᠵᠣᠬᠢᠶᠠᠨ ᠪᠠᠢᠭᠤᠯᠵᠤ᠂ ᠠᠷᠠᠳ᠎ᠤᠨ ᠬᠠᠷᠠᠭᠠᠰᠤ᠎ᠠᠴᠠ ᠠᠵᠢᠯ᠎ᠤᠨ ᠪᠣᠳᠠᠲᠠᠢ ᠪᠠᠢᠳᠠᠯ᠎ᠢ ᠠᠮᠢᠳᠤᠯᠢᠭ᠋ ᠢᠯᠡᠷᠡᠭᠦᠯᠵᠦ᠂ ᠰᠣᠶᠣᠯ ᠵᠢᠭᠤᠯᠴᠢᠯᠠᠯ᠎ᠤᠨ ᠤᠬᠠᠭᠤᠯᠭ᠎ᠠ᠎ᠶᠢᠨ ᠨᠡᠭᠦᠳᠡᠯ ᠴᠣᠩᠬᠤᠪᠴᠢ ᠵᠢ ᠨᠡᠬᠡᠬᠡᠨ᠎ᠠ᠃

ᠪᠤᠰᠤᠳ ᠭᠠᠵᠠᠷ ᠤᠷᠤᠨ᠎ᠤ ᠠᠯᠢ ᠤᠯᠠᠨ ᠵᠠᠭᠤᠴᠢᠯᠠᠭᠤᠷ᠎ᠤᠨ ᠰᠤᠷᠪᠤᠯᠵᠢᠯᠠᠭ᠍ᠴᠢ᠂ ᠵᠢᠭᠤᠯᠴᠢᠯᠠᠯ᠎ᠤᠨ ᠴᠢᠳᠠᠪᠤᠷᠢᠲᠠᠨ᠎ᠢ ᠤᠷᠢᠵᠤ ᠲᠠᠯ᠎ᠠ ᠨᠤᠲᠤᠭ᠎ᠲᠤ ᠳᠦᠪᠯᠡᠷᠡᠬᠦᠯᠵᠦ᠂ ᠣᠯᠠᠨ ᠲᠠᠪᠴᠠᠩ᠎ᠢᠶᠠᠷ ᠰᠢᠭᠤᠳ ᠨᠡᠪᠲᠡᠷᠡᠭᠦᠯᠬᠦ᠂ ᠰᠢᠷᠢᠰ ᠭᠦᠨᠵᠡᠭᠡᠢ ᠮᠡᠳᠡᠭᠡᠯᠡᠯ᠎ᠢ ᠨᠡᠪᠲᠡᠷᠡᠭᠦᠯᠦᠨ᠂ G331 ᠤᠯᠤᠰ᠎ᠤᠨ ᠵᠠᠮ ᠳᠠᠭᠠᠤ᠎ᠶᠢᠨ ᠮᠠᠯᠴᠢᠨ ᠡᠷᠦᠬᠡ᠎ᠶᠢᠨ ᠦᠯᠢᠬᠡᠷ᠎ᠢᠶᠡᠷ ᠭᠣᠣᠯᠳᠠᠭᠤᠯᠵᠤ᠂ ᠬᠢᠯᠢ ᠬᠢᠵᠠᠭᠠᠷ᠎ᠤᠨ ᠡᠳᠦᠷ ᠲᠤᠳᠤᠮ᠎ᠤᠨ ᠰᠢᠷᠢᠰ ᠰᠣᠶᠣᠯ ᠵᠢᠭᠤᠯᠴᠢᠯᠠᠯ᠎ᠤᠨ ᠣᠬᠣᠷ ᠸᠢᠳᠢᠤ᠋ ᠵᠦᠴᠦᠭᠡ᠎ᠶᠢ ᠪᠠᠢᠭᠤᠯᠵᠤ᠂ ᠬᠥᠩᠭᠡᠨ ᠵᠦᠴᠦᠭᠡ᠎ᠶᠢᠨ ᠬᠡᠯᠪᠡᠷᠢ᠎ᠪᠡᠷ ᠪᠦᠬᠦ ᠣᠷᠣᠨ ᠪᠦᠰᠡ᠎ᠶᠢᠨ ᠵᠢᠭᠤᠯᠴᠢᠯᠡᠯ᠂ ᠮᠠᠯᠴᠢᠨ ᠡᠷᠦᠬᠡ᠎ᠳᠦ ᠪᠡᠶᠡᠴᠢᠯᠡᠨ ᠣᠢᠯᠠᠭᠠᠭᠤᠯᠬᠤ ᠵᠡᠷᠭᠡ ᠠᠵᠢᠯ᠎ᠤᠨ ᠪᠠᠢᠷᠢᠯᠠᠭᠤᠯᠤᠯᠲᠠ ᠬᠢᠵᠦ᠂ ᠣᠬᠣᠷ ᠸᠢᠳᠢᠤ᠋᠎ᠶᠢᠨ ᠲᠠᠪᠴᠠᠩ᠎ᠢ ᠠᠰᠢᠭ᠍ᠯᠠᠨ ᠠᠭᠤᠯᠭ᠎ᠠ᠎ᠶᠢᠨ ᠲᠣᠭᠲᠠᠭᠤᠨ ᠬᠠᠩᠭᠠᠯᠭ᠎ᠠ᠎ᠶᠢᠨ ᠵᠠᠮ ᠮᠥᠷ᠎ᠢ ᠪᠣᠶ ᠪᠣᠯᠭᠠᠬᠤ ᠪᠤᠯᠤᠨ᠎ᠠ᠃ ᠡᠭᠦᠨ᠎ᠦ ᠬᠠᠮᠲᠤ ᠡᠷᠬᠢᠨ ᠲᠣᠭᠣᠷᠢᠨ᠎ᠤ ᠬᠢᠯᠢ᠎ᠶᠢᠨ ᠬᠣᠰᠢᠭᠤ ᠬᠣᠲᠠ᠎ᠲᠠᠢ ᠬᠠᠮᠲᠤᠷᠠᠨ《ᠬᠥᠯᠥᠨ ᠪᠣᠶ᠋ᠢᠷ᠎ᠤᠨ ᠬᠢᠯᠢ᠎ᠶᠢᠨ ᠵᠢᠭᠤᠯᠴᠢᠯᠠᠯ᠎ᠤᠨ ᠪᠦᠰᠡ》 ᠎ᠶ᠋ᠢᠨ ᠬᠠᠮᠲᠤᠷᠠᠨ ᠤᠬᠠᠭᠤᠯᠤᠭᠰᠠᠨ ᠳᠦᠷᠦᠯ ᠳᠡᠮᠳᠡᠭ᠎ᠢ ᠪᠣᠶ ᠪᠣᠯᠭᠠᠵᠤ᠂ ᠵᠢᠭᠤᠯᠴᠢᠯᠠᠯ᠎ᠤᠨ ᠠᠵᠢᠯ᠎ᠤᠨ ᠪᠠᠢᠷᠢᠯᠠᠭᠤᠯᠤᠯᠲᠠ᠎ᠶᠢᠨ ᠨᠥᠯᠥᠭᠡᠯᠡᠬᠦ ᠬᠦᠴᠦᠨ᠎ᠢ ᠢᠵᠢᠯ ᠠᠯᠬᠤᠮ᠎ᠢᠶᠠᠷ ᠦᠷᠬᠡᠳᠬᠡᠵᠦ᠂ ᠬᠢᠯᠢ ᠬᠢᠵᠠᠭᠠᠷ᠎ᠤᠨ ᠲᠠᠯ᠎ᠠ ᠨᠤᠲᠤᠭ᠎ᠤᠨ ᠰᠣᠶᠣᠯ ᠵᠢᠭᠤᠯᠴᠢᠯᠠᠯ᠎ᠤᠨ ᠥᠯᠢᠭᠡᠷ᠎ᠢ ᠨᠠᠩ ᠬᠦᠨᠵᠡᠬᠡᠢ᠂ ᠨᠠᠩ ᠬᠤᠪᠢ᠎ᠶᠢᠨ ᠵᠢᠩ᠎ᠲᠠᠢ ᠪᠣᠯᠭᠠᠨ᠎ᠠ᠃


ᠳᠤᠰ ᠨᠢᠭᠤᠷ᠎ᠤᠨ ᠬᠡᠷᠡᠯ ᠵᠢᠷᠤᠭ᠎ᠢ ᠰᠢᠨ᠎ᠠ ᠪᠠᠷᠭᠤ ᠪᠠᠷᠠᠭᠤᠨ ᠬᠤᠰᠢᠭᠤᠨ᠎ᠤ ᠬᠠᠮ ᠵᠠᠭᠤᠴᠢᠯᠠᠭᠤᠷ ᠤ᠋ᠨ ᠳᠦᠪ ᠬᠠᠨᠭᠭᠠᠪᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面