2026-09-11 16:43:35
ᠤᠷᠴᠢᠮᠬᠠᠨ᠂ ᠬᠦᠪᠡᠭᠡᠲᠦ ᠰᠢᠷ᠎ᠠ ᠬᠤᠰᠢᠭᠤ ᠨᠢ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ᠎ᠤ ᠬᠦᠷᠢᠶᠡᠯᠡᠩ ᠲᠠᠢ ᠬᠠᠮᠳᠤᠷᠠᠨ《ᠳ᠋ᠤᠺᠲ᠋ᠤᠷ᠎ᠤᠨ ᠦᠢᠯᠡᠴᠢᠯᠡᠭᠡᠨ᠎ᠦ ᠥᠷᠲᠡᠭᠡ》 ᠶ᠋ᠢ ᠪᠠᠢᠭᠤᠯᠤᠨ᠂ ᠡᠷᠳᠡᠮᠲᠡᠨ ᠳ᠋ᠤᠺᠲ᠋ᠤᠷ᠎ᠦᠨ ᠮᠡᠳᠡᠯᠬᠡ ᠴᠢᠳᠠᠪᠤᠷᠢ ᠳ᠋ᠦ᠍ ᠳᠦᠰᠢᠭᠯᠡᠵᠣ᠌᠂ ᠳᠠᠪᠠᠭᠤᠯᠢᠭ᠋ ᠵᠢᠡᠨ ᠪᠠᠳᠠᠷᠠᠭᠤᠯᠤᠨ᠂ ᠴᠢᠳᠠᠪᠤᠷᠢᠲᠡᠨᠤ ᠦᠨᠳᠦᠰᠦᠲᠡᠨ ᠱᠠᠲᠤᠨ ᠳ᠋ᠦ᠍ ᠦᠢᠯᠡᠴᠢᠯᠡᠬᠦ ᠳᠠᠪᠴᠠᠩ᠎ᠢ ᠳᠡᠬᠦᠯᠳᠡᠷᠵᠢᠬᠦᠯᠪᠡ᠃

ᠬᠦᠪᠡᠭᠡᠲᠦ ᠰᠢᠷ᠎ᠠ ᠬᠣᠰᠢᠭᠣ᠌ ᠨᠢ 《ᠳ᠋ᠤᠺᠲ᠋ᠤᠷ ᠤᠨ ᠰᠤᠶᠤᠯ》 ᠵᠢᠡᠷ ᠰᠤᠷᠤᠭ᠍ᠴᠢ ᠬᠦᠮᠦᠵᠢᠬᠦᠯᠬᠦ ᠵᠠᠭᠪᠤᠷ ᠢ ᠡᠬᠦᠳᠴᠦ᠂ ᠴᠡᠴᠡᠷᠯᠢᠭ᠎ᠦᠨ ᠱᠠᠲᠤᠨ᠎ᠠᠴᠠ 《ᠪᠢᠴᠢᠬᠠᠨ ᠳ᠋ᠤᠺᠲ᠋ᠤᠷ᠎ᠤᠨ ᠬᠢᠴᠢᠶᠡᠯ》 ᠭᠡᠬᠦ ᠦᠯᠢᠭᠡᠷ ᠲᠤᠭᠯᠠᠭᠠᠮᠢ ᠤᠶᠠᠯᠳᠤᠭᠤᠯᠤᠭᠰᠠᠨ ᠮᠡᠳᠡᠯᠭᠡ ᠤᠯᠠᠮᠵᠢᠯᠠᠬᠤ ᠵᠢᠭᠠᠨ ᠰᠤᠷᠭᠠᠯᠲᠠ᠂ ᠪᠠᠭ᠎ᠠ ᠰᠤᠷᠭᠠᠭᠤᠯᠢ ᠵᠢᠨ ᠱᠠᠲᠤᠨ ᠳ᠋ᠦ᠍ 《ᠪᠢᠴᠢᠬᠠᠨ ᠳ᠋ᠤᠺᠲ᠋ᠤᠷ᠎ᠦᠨ ᠦᠰᠦᠯᠲᠡ ᠵᠢᠨ ᠬᠢᠴᠢᠶᠡᠯ》 ᠭᠡᠬᠦ ᠰᠤᠷᠤᠯᠴᠠᠬᠤ ᠵᠦᠪ ᠳᠠᠳᠬᠠᠯ ᠪᠠ ᠬᠠᠢᠨ ᠰᠦᠪᠡᠭᠴᠢᠯᠡᠬᠦ ᠤᠬᠠᠮᠰᠠᠷ᠎ᠢ ᠪᠤᠢ ᠪᠤᠯᠭᠠᠬᠤ ᠵᠢᠭᠠᠨ ᠰᠤᠷᠭᠠᠯᠲᠠ᠂ ᠳᠤᠮᠳᠠᠳᠦ ᠰᠤᠷᠭᠠᠭᠤᠯᠢ ᠵᠢᠨ ᠱᠠᠲᠤᠨ ᠳ᠋ᠦ᠍ 《ᠢᠷᠡᠭᠡᠳᠦᠢ ᠵᠢᠨ ᠳ᠋ᠤᠺᠲ᠋ᠤᠷ᠎ᠤᠨ ᠬᠢᠴᠢᠶᠡᠯ ᠲᠦᠷᠦᠯ》 ᠭᠡᠬᠦ ᠰᠤᠷᠤᠯᠴᠠᠬᠤ ᠬᠡᠪ ᠪᠤᠯᠪᠠᠰᠤᠷᠠᠯ ᠪᠠ ᠰᠢᠨ᠎ᠡ᠎ᠶᠢ ᠡᠬᠦᠳᠬᠦ ᠴᠢᠳᠠᠪᠤᠷᠢ᠎ᠶᠢ ᠪᠤᠯᠪᠠᠰᠤᠷᠠᠭᠤᠯᠬᠤ ᠵᠢᠭᠠᠨ ᠰᠤᠷᠭᠠᠯᠲᠠ ᠵᠢᠨ ᠠᠷᠭ᠎ᠠ ᠬᠡᠮᠵᠢᠶ᠎ᠡ᠎ᠶᠢ ᠠᠪᠴᠦ ᠮᠠᠰᠢ ᠰᠠᠢᠨ ᠦᠷ᠎ᠡ ᠠᠰᠢᠭ᠋᠎ᠢ ᠬᠦᠷᠲᠡᠵᠣ᠌ ᠪᠠᠢᠨ᠎ᠠ᠃ ᠪᠠᠰᠠ ᠰᠤᠷᠤᠭ᠍ᠴᠢᠳ᠎ᠢ ᠵᠤᠬᠢᠶᠠᠨ ᠪᠠᠢᠭᠤᠯᠵᠤ᠂ ᠳᠤᠮᠳᠠᠳᠦ ᠤᠯᠤᠰ ᠤᠨ ᠰᠢᠨᠵᠢᠯᠡᠭᠡ ᠮᠡᠷᠭᠡᠵᠢᠯ᠎ᠦᠨ ᠶᠡᠬᠡ ᠰᠤᠷᠭᠠᠭᠤᠯᠢ᠂ ᠨᠠᠨᠵᠢᠩ ᠶᠡᠬᠡ ᠰᠤᠷᠭᠠᠭᠤᠯᠢ ᠵᠡᠷᠭᠡ ᠨᠡᠷᠡᠲᠦ ᠰᠤᠷᠭᠠᠭᠤᠯᠢ᠎ᠪᠠᠷ ᠲᠤᠭᠤᠷᠢᠭᠤᠯᠤᠨ᠂ ᠰᠢᠨᠵᠢᠯᠡᠭᠡ ᠮᠡᠷᠭᠡᠵᠢᠯ᠎ᠦᠨ ᠰᠤᠳᠤᠯᠭᠠᠨ᠎ᠤ ᠠᠭᠤᠷ ᠠᠮᠢᠰᠬᠤᠯ᠎ᠢ 《ᠪᠢᠴᠢᠬᠠᠨ ᠳ᠋ᠤᠺᠲ᠋ᠤᠷ》 ᠤᠳᠲᠤ ᠮᠡᠳᠡᠷᠡᠬᠦᠯᠵᠦ᠂ᠬᠦᠪᠡᠭᠡᠲᠦ ᠰᠢᠷ᠎ᠠ ᠬᠤᠰᠢᠭᠤᠨ ᠳ᠋ᠦ᠍ ᠪᠠᠰᠠ ᠪᠤᠷᠵᠢᠬᠢᠨ ᠭᠡᠷᠡᠯᠲᠦ᠂ ᠮᠠᠩᠯᠠᠢ ᠵᠡᠷᠭᠡ ᠳ᠋ᠤᠺᠲ᠋ᠤᠷ ᠡᠷᠳᠡᠮᠲᠡᠳ᠎ᠦᠨ ᠬᠤᠰᠢᠭᠤ ᠨᠤᠲᠤᠭ᠎ᠲᠠᠭᠠᠨ ᠪᠡᠯᠡ ᠤᠷᠤᠭᠤᠯᠵᠤ ᠪᠠᠢᠭᠤᠯᠤᠭᠰᠠᠨ《ᠮᠡᠨᠳᠦ ᠴᠠᠢ ᠵᠢᠨ ᠦᠢᠯᠡᠳᠪᠦᠷᠢ》᠂ 《ᠮᠤᠩᠭᠤᠯ ᠠᠳᠤᠭᠤ ᠳᠤᠪᠴᠢᠶᠠᠨ》 ᠵᠡᠷᠭᠡ ᠤᠰᠤ ᠨᠤᠲᠤᠭ᠎ᠤᠨ ᠬᠦᠭᠵᠢᠯᠲᠡ᠂ ᠣᠯᠠᠮᠵᠢᠯᠠᠯᠲᠦ ᠰᠤᠳᠣᠨ ᠰᠤᠶᠤᠯ ᠳ᠋ᠦ᠍ ᠦᠢᠯᠡᠴᠢᠯᠡᠭᠰᠡᠨ ᠰᠠᠭᠤᠷᠢᠨ ᠪᠠᠢᠳᠠᠭ ᠨᠢ ᠨᠤᠲᠤᠭ ᠵᠢᠡᠨ ᠭᠡᠰᠡᠨ ᠡᠷᠳᠡᠮᠲᠡᠨ ᠮᠡᠷᠭᠡᠳ᠎ᠤᠨ ᠠᠷᠢᠭᠤᠨ ᠰᠠᠨᠠᠭᠠᠨ᠎ᠤ ᠲᠤᠯᠢ ᠪᠠᠢᠭ᠎ᠠ ᠶᠤᠮ᠃

ᠰᠤᠷᠭᠠᠨ ᠬᠥᠮᠦᠵᠢᠯ᠎ᠦᠨ ᠶᠠᠮᠤᠨ 《2025 ᠣᠨ᠎ᠤ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠭᠰᠡᠨ ᠰᠢᠶᠠᠨ ᠪᠠ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠲᠦᠭᠡᠮᠡᠯᠵᠢᠭᠦᠯᠦᠭᠰᠡᠨ ᠰᠢᠶᠠᠨ》 ᠢ᠋ ᠮᠠᠭᠠᠳᠯᠠᠨ ᠲᠣᠭᠲᠠᠭᠠᠬᠤ᠎ᠳᠤ ᠬᠥᠪᠡᠭᠡᠲᠦ ᠰᠢᠷ᠎ᠠ ᠬᠣᠰᠢᠭᠤ ᠰᠤᠨᠭᠭᠤᠭᠳᠠᠭᠰᠠᠨ ᠪᠠᠢᠳᠠᠭ᠃ ᠡᠨᠡ ᠬᠦ᠌ ᠠᠮᠵᠢᠯᠲᠠ᠎ᠶᠢᠨ ᠠᠷᠤ᠎ᠳᠤ᠂ ᠬᠥᠪᠡᠭᠡᠲᠦ ᠰᠢᠷ᠎ᠠ ᠬᠣᠰᠢᠭᠤ ᠰᠤᠷᠭᠠᠨ ᠬᠥᠮᠦᠵᠢᠯ᠎ᠢ ᠢᠮᠠᠭᠲᠠ ᠰᠠᠭᠤᠷᠢ ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭᠠᠵᠤ᠂ ᠳᠤᠲᠠᠭᠤᠳᠠᠯ᠎ᠢᠶᠠᠨ ᠨᠥᠬᠥᠪᠦᠷᠢᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ᠂ ᠲᠥᠪ ᠭᠤᠤᠯᠴᠢ᠎ᠶᠢ ᠡᠷᠬᠢᠮᠯᠡᠵᠦ᠂ ᠦᠨᠳᠦᠰᠦᠲᠡᠨ᠎ᠦ ᠭᠠᠵᠠᠷ ᠣᠷᠣᠨ ᠤ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢᠨ ᠪᠣᠳᠠᠲᠠᠢ᠎ᠶᠢ ᠡᠷᠬᠢᠮᠯᠡᠨ ᠵᠠᠮᠨᠠᠭᠰᠠᠨ ᠤ ᠨᠢᠬᠡ ᠬᠡᠷᠡᠴᠢᠯᠡᠯ ᠪᠢᠯᠡ᠃
ᠰᠤᠷᠭᠠᠨ ᠬᠥᠮᠦᠵᠢᠯ᠎ᠦᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ᠎ᠶᠢ ᠪᠠᠢᠯᠳᠤᠬᠤ ᠪᠣᠳᠣᠯᠭ᠎ᠠ᠎ᠶᠢᠨ ᠡᠭᠦᠷᠭᠡ ᠪᠣᠯᠭᠠᠵᠤ᠂ ᠨᠠᠮ ᠵᠠᠰᠠᠭ ᠵᠡᠷᠭᠡ᠎ᠪᠡᠷ ᠠᠳᠬᠤᠨ ᠬᠠᠮᠲᠤ᠎ᠪᠠᠷ ᠬᠠᠮᠢᠶᠠᠷᠬᠤ᠂ ᠰᠠᠯᠠᠭ᠎ᠠ ᠮᠥᠴᠢᠷ ᠬᠠᠮᠵᠢᠯᠴᠠᠨ ᠠᠬᠢᠭᠤᠯᠬᠤ ᠠᠵᠢᠯ᠎ᠤᠨ ᠪᠠᠢᠷᠢᠰᠢᠯ᠎ᠢ ᠪᠣᠶ ᠪᠣᠯᠭᠠᠬᠤ ᠵᠢ ᠵᠤᠷᠢᠭᠰᠠᠭᠠᠷ ᠢᠷᠡᠭᠰᠡᠨᠪᠢᠯᠡ᠃ ᠬᠦᠪᠡᠬᠡᠳᠦ ᠰᠢᠷ᠎ᠠ ᠬᠣᠰᠢᠭᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠂ ᠠᠯᠪᠠᠨ ᠵᠢᠷᠤᠮ᠎ᠤᠨ ᠰᠤᠷᠭᠠᠨ ᠬᠥᠮᠦᠵᠢᠯ ᠦᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ᠎ᠶᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠷᠦᠩᠬᠡᠢ ᠲᠥᠯᠦᠪᠵᠢᠭᠦᠯᠭᠡ᠎ᠳᠦ ᠣᠷᠣᠭᠤᠯᠵᠤ᠂ ᠬᠣᠰᠢᠭᠤᠨ ᠳᠠᠷᠤᠭ᠎ᠠ᠎ᠪᠠᠷ ᠳᠤᠭᠤᠢᠯᠠᠩ ᠤᠨ ᠳᠠᠷᠤᠭ᠎ᠠ ᠪᠣᠯᠭᠠᠭᠰᠠᠨ ᠠᠵᠢᠯ᠎ᠤᠨ ᠤᠳᠤᠷᠢᠳᠬᠤ ᠳᠤᠭᠤᠢᠯᠠᠩ᠎ᠢ ᠪᠠᠢᠭᠤᠯᠵᠤ᠂ ᠲᠤᠰᠬᠠᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠵᠤ᠂ ᠰᠠᠯᠠᠭ᠎ᠠ ᠮᠥᠴᠢᠷ ᠪᠠ ᠰᠤᠮᠤ ᠪᠠᠯᠭᠠᠰᠤᠨ ᠤ ᠬᠠᠷᠢᠭᠤᠴᠠᠯᠭ᠎ᠠ᠎ᠶᠢ ᠪᠣᠳᠠᠲᠠᠢᠵᠢᠭᠤᠯᠪᠠ᠃ ᠣᠳᠣᠬᠠᠨ ᠳᠤ ᠪᠥᠬᠥ ᠬᠣᠰᠢᠭᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ 4 ᠰᠤᠷᠭᠠᠭᠤᠯᠢ ᠴᠥᠮ ᠤᠯᠤᠰ ᠤᠨ ᠰᠢᠶᠠᠨ᠎ᠤ ᠬᠡᠪᠴᠢᠶᠡᠨ᠎ᠦ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ᠎ᠶᠢᠨ ᠪᠠᠷᠢᠮᠵᠢᠶ᠎ᠠ᠎ᠳᠤ ᠬᠦᠷᠴᠦ᠂ ᠰᠣᠷᠣᠭ᠍ᠴᠢ ᠪᠦᠷᠢ᠎ᠶᠢᠨ ᠳᠤᠮᠳᠠᠴᠢ ᠵᠢᠭᠠᠨ ᠰᠤᠷᠭᠠᠯᠲᠠ ᠵᠢᠴᠢ ᠬᠠᠪᠰᠤᠷᠤᠮᠵᠢ ᠭᠡᠷ ᠪᠠᠢᠰᠢᠩ᠎ᠤᠨ ᠲᠠᠯᠠᠪᠠᠶ᠂ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠎ᠤ ᠲᠠᠯᠠᠪᠠᠶ᠂ ᠵᠢᠭᠠᠨ ᠰᠤᠷᠭᠠᠯᠲᠠ᠎ᠶᠢᠨ ᠪᠠᠭᠠᠵᠢ ᠲᠥᠬᠦᠭᠡᠷᠦᠮᠵᠢ᠂ ᠰᠦᠯᠵᠢᠶᠡᠨ᠎ᠦ ᠣᠯᠠᠨ ᠵᠠᠭᠤᠴᠢᠲᠤ ᠬᠢᠴᠢᠶᠡᠯ᠎ᠦᠨ ᠭᠡᠷ᠎ᠦᠨ ᠲᠣᠭ᠎ᠠ ᠵᠡᠷᠭᠡ 7 ᠵᠦᠢᠯ᠎ᠦᠨ ᠭᠣᠣᠯ ᠭᠦᠢᠴᠡᠳᠬᠡᠯ ᠲᠣᠭ᠎ᠠ᠎ᠶᠢ ᠴᠥᠮ ᠪᠠᠷᠢᠮᠵᠢᠶ᠎ᠠ᠎ᠳᠤ ᠬᠦᠷᠭᠡᠵᠦ᠂ ᠰᠤᠷᠭᠠᠭᠤᠯᠢ ᠬᠤᠭᠤᠷᠤᠨᠳᠤ ᠵᠢᠨ ᠵᠦᠷᠢᠶ᠎ᠠ ᠵᠢ ᠬᠠᠮᠤᠭ᠎ᠤᠨ ᠳᠣᠣᠷ᠎ᠠ ᠪᠠᠢᠷᠢᠨ᠎ᠳᠤ ᠬᠢᠵᠠᠭᠠᠷᠯᠠᠵᠤ᠂ ᠬᠣᠲᠠ ᠬᠥᠳᠡᠭᠡ᠂ ᠰᠤᠷᠭᠠᠭᠤᠯᠢ᠎ᠶᠢᠨ ᠬᠣᠭᠣᠷᠣᠨᠳᠣᠬᠢ ᠰᠤᠷᠭᠠᠭᠤᠯᠢ ᠡᠷᠭᠢᠯᠡᠬᠦ ᠵᠥᠷᠢᠶ᠎ᠡ᠎ᠶᠢ ᠦᠷᠭᠦᠯᠵᠢᠯᠡᠨ ᠪᠠᠭᠠᠰᠬᠠᠪᠠ᠃ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠬᠦᠷᠢᠶ᠎ᠡ ᠴᠠᠷᠠᠭ᠎ᠠ᠎ᠳᠤ᠂ ᠪᠥᠬᠥ ᠬᠣᠰᠢᠭᠤᠨ᠎ᠤ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠲᠦᠭᠡᠮᠡᠯᠵᠢᠭᠦᠯᠦᠨ ᠬᠠᠷᠠᠭᠠᠯᠵᠠᠬᠤ ᠬᠢᠷᠢ ᠲᠦᠪᠰᠢᠨ ᠢ ᠲᠣᠭᠲᠠᠭᠤᠨ᠎ᠢᠶᠠᠷ ᠳᠡᠭᠡᠭᠰᠢᠯᠡᠭᠦᠯᠵᠦ᠂ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ ᠦᠨ ᠬᠡᠦᠬᠡᠳ ᠦᠨ ᠡᠵᠡᠯᠡᠬᠦ ᠬᠠᠷᠢᠴᠠᠯ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠬᠡᠦᠬᠡᠳ ᠦᠨ ᠴᠡᠴᠡᠷᠯᠢᠭ ᠦᠨ ᠪᠦᠷᠬᠦᠴᠡ᠎ᠶᠢᠨ ᠨᠣᠷᠮ᠎ᠠ ᠵᠡᠷᠭᠡ ᠵᠠᠩᠭᠢᠯᠠᠭ᠎ᠠ᠎ᠶᠢᠨ ᠭᠦᠢᠴᠡᠳᠬᠡᠯ ᠲᠣᠭ᠎ᠠ ᠶᠢ ᠴᠥᠮ ᠪᠠᠷᠢᠮᠵᠢᠶ᠎ᠠ᠎ᠳᠤ ᠬᠦᠷᠭᠡᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠯᠭᠠᠨ ᠬᠤᠷᠢᠶᠠᠯᠲᠠ᠎ᠳᠤ ᠬᠢᠷᠢ ᠲᠡᠩᠴᠡᠭᠰᠡᠨ ᠪᠥᠭᠡᠳ ᠤᠯᠤᠰ᠎ᠤᠨ ᠲᠠᠰ᠎ᠤᠨ ᠬᠢᠨᠠᠨ ᠲᠣᠭᠲᠠᠭᠠᠯᠲᠠ᠎ᠶᠢᠨ ᠡᠩᠨᠡᠭᠡᠨ᠎ᠳᠦ ᠣᠷᠣᠭᠤᠯᠪᠠ᠃
ᠡᠬᠦᠨ᠎ᠤ ᠳᠠᠭᠠᠤ ᠰᠤᠷᠭᠠᠭᠤᠯᠢ ᠡᠷᠬᠢᠯᠡᠬᠦ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠵᠤ᠂ ᠪᠠᠭ᠍ᠰᠢ᠎ᠶᠢᠨ ᠡᠩᠨᠡᠭᠡᠨ᠎ᠦ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠪᠡ᠃ ᠣᠢᠷ᠎ᠠ᠎ᠶᠢᠨ ᠵᠢᠯ᠎ᠳᠦ ᠬᠥᠪᠡᠭᠡᠲᠦ ᠰᠢᠷ᠎ᠠ ᠬᠣᠰᠢᠭᠤ ᠳᠡᠭᠡᠳᠦ ᠱᠠᠲᠤᠨ᠎ᠤ ᠪᠡᠯᠡ ᠮᠥᠩᠭᠥ᠎ᠶᠢ ᠨᠡᠶ᠋ᠢᠲᠡ 1567 ᠲᠦᠮᠡᠨ ᠲᠥᠭᠥᠷᠢᠭ ᠴᠢᠷᠮᠠᠢᠨ ᠣᠯᠵᠤ᠂ ᠣᠶᠤᠨᠲᠤ ᠰᠤᠷᠭᠠᠭᠤᠯᠢ᠎ᠶᠢᠨ ᠬᠦᠷᠢᠶ᠎ᠡ᠂ ᠲᠤᠷᠰᠢᠯᠲᠠ᠎ᠶᠢᠨ ᠲᠠᠰᠤᠭ᠎ᠢ ᠥᠭᠡᠷᠡᠴᠢᠯᠡᠨ ᠪᠠᠶ᠋ᠢᠭᠤᠯᠬᠤ᠂ ᠰᠤᠷᠭᠠᠭᠤᠯᠢ᠎ᠶᠢᠨ ᠪᠠᠢᠷᠢ᠎ᠶᠢ ᠰᠡᠯᠪᠢᠨ ᠵᠠᠰᠠᠬᠤ᠂ ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ ᠪᠦᠲᠦᠭᠡᠨ ᠪᠠᠢᠭᠤᠯᠤᠯᠲᠠ ᠵᠡᠷᠭᠡ ᠢᠨᠵᠧᠨᠧᠷᠢᠩ ᠢ ᠲᠦᠯᠬᠢᠨ ᠠᠬᠢᠭᠤᠯᠵᠤ᠂ ᠰᠤᠷᠭᠠᠭᠤᠯᠢ᠎ᠶᠢᠨ ᠬᠠᠲᠠᠭᠤ ᠲᠣᠨᠣᠭ ᠲᠥᠬᠦᠭᠡᠷᠦᠮᠵᠢ᠎ᠶᠢ ᠪᠥᠬᠥ ᠲᠠᠯ᠎ᠠ᠎ᠪᠠᠷ ᠲᠠᠰ ᠳᠡᠪᠰᠢᠭᠦᠯᠪᠡ᠃ ᠪᠠᠭ᠍ᠰᠢ᠎ᠶᠢᠨ ᠪᠠᠢᠭᠤᠯᠤᠯᠲᠠ᠎ᠶᠢᠨ ᠲᠠᠯ᠎ᠠ᠎ᠪᠠᠷ᠂ ᠰᠤᠷᠭᠠᠭᠤᠯᠢ᠎ᠶᠢᠨ ᠵᠠᠬᠢᠷᠤᠯ ᠪᠠ ᠪᠠᠭ᠍ᠰᠢ᠎ᠶᠢ ᠰᠣᠯᠢᠯᠴᠠᠭᠤᠯᠤᠨ ᠠᠵᠢᠯ᠎ᠤᠨ ᠪᠠᠢᠷᠢ ᠡᠭᠡᠯᠵᠢᠯᠡᠭᠦᠯᠬᠦ ᠳᠦᠷᠢᠮ᠎ᠢ ᠬᠡᠷᠡᠭᠵᠢᠭᠦᠯᠵᠦ᠂ ᠵᠢᠯ ᠪᠦᠷᠢ ᠠᠵᠢᠯ᠎ᠤᠨ ᠪᠠᠢᠷᠢ ᠡᠭᠡᠯᠵᠢᠯᠡᠭᠦᠯᠬᠦ ᠪᠠᠭ᠍ᠰᠢ᠎ᠶᠢᠨ ᠬᠠᠷᠢᠴᠠᠯ ᠢ ᠨᠥᠬᠥᠴᠡᠯ᠎ᠳᠦ ᠨᠡᠢᠴᠡᠬᠦ ᠪᠠᠭ᠍ᠰᠢ᠎ᠶᠢᠨ ᠶᠡᠷᠦᠩᠬᠡᠢ ᠲᠣᠭᠠᠨ᠎ᠤ 10%᠎ᠠᠴᠠ ᠳᠣᠣᠷ᠎ᠠ ᠪᠠᠢᠯᠭᠠᠵᠤ ᠪᠣᠯᠬᠤ ᠦᠭᠡᠢ᠂ ᠭᠣᠣᠯᠯᠠᠭ᠍ᠴᠢ ᠪᠠᠭ᠍ᠰᠢ᠎ᠶᠢᠨ ᠡᠵᠡᠯᠡᠬᠦ ᠬᠠᠷᠢᠴᠠᠯ᠎ᠢ 20%᠎ᠠᠴᠠ ᠳᠡᠬᠡᠭᠰᠢ ᠳᠠᠪᠠᠭᠤᠯᠵᠦ᠂ᠣᠢᠷ᠎ᠠ᠎ᠶᠢᠨ ᠭᠤᠷᠪᠠᠨ ᠵᠢᠯ᠎ᠳᠦ 42 ᠪᠠᠭ᠍ᠰᠢ᠎ᠶᠢ ᠰᠢᠨ᠎ᠡ᠎ᠪᠡᠷ ᠤᠷᠢᠵᠤ᠂ 427 ᠪᠠᠭ᠍ᠰᠢ᠎ᠶᠢ ᠵᠣᠬᠢᠶᠠᠨ ᠪᠠᠢᠭᠤᠯᠤᠨ ᠤᠯᠤᠰ᠎ᠤᠨ ᠪᠣᠯᠪᠠᠰᠤᠷᠠᠯ᠂ ᠣᠷᠣᠨ᠎ᠤ ᠪᠣᠯᠪᠠᠰᠤᠷᠠᠯ᠂ ᠠᠢᠮᠠᠭ᠎ᠤᠨ ᠲᠠᠰ᠎ᠤᠨ ᠪᠣᠯᠪᠠᠰᠤᠷᠠᠯ᠎ᠳᠤ ᠣᠷᠣᠯᠴᠠᠭᠤᠯᠵᠤ᠂ ᠬᠣᠰᠢᠭᠤ ᠱᠠᠲᠤᠨ᠎ᠤ ᠰᠤᠷᠭᠠᠭᠤᠯᠢ ᠶᠢᠨ ᠥᠪᠡᠷ᠎ᠦᠨ ᠪᠣᠯᠪᠠᠰᠤᠷᠠᠭᠤᠯᠤᠯ ᠢ ᠪᠦᠷᠢᠨ ᠪᠦᠷᠬᠦᠭᠦᠯᠪᠡ᠃ ᠬᠣᠰᠢᠭᠤᠨ ᠤ ᠳᠣᠲᠣᠨ᠎ᠠ ᠭᠠᠳᠠᠨ᠎ᠠ ᠬᠣᠣᠰᠯᠠᠨ ᠬᠠᠮᠲᠤ᠎ᠪᠠᠷ ᠪᠠᠶ᠋ᠢᠭᠤᠯᠬᠤ ᠲᠣᠭᠲᠠᠴᠠ᠎ᠶᠢ ᠪᠠᠢᠭᠤᠯᠵᠤ᠂ ᠠᠵᠢᠯ᠎ᠤᠨ ᠪᠠᠢᠷᠢ᠎ᠪᠠᠨ ᠳᠠᠭᠠᠵᠤ ᠰᠤᠷᠤᠯᠴᠠᠬᠤ᠂ ᠰᠤᠷᠭᠠᠨ ᠬᠥᠮᠦᠵᠢᠯ᠎ᠢ ᠳᠡᠮᠵᠢᠵᠦ ᠵᠢᠭᠠᠨ ᠰᠤᠷᠭᠠᠯᠲᠠ᠎ᠶᠢ ᠳᠡᠮᠵᠢᠬᠦ᠂ ᠵᠢᠭᠠᠨ ᠰᠤᠳᠤᠯᠬᠤ᠎ᠶᠢ ᠬᠣᠯᠪᠤᠭᠠᠯᠠᠨ ᠬᠥᠳᠡᠯᠦᠯᠴᠡᠬᠦ ᠵᠡᠷᠭᠡ ᠠᠷᠭ᠎ᠠ ᠬᠡᠯᠪᠡᠷᠢ᠎ᠪᠡᠷ ᠪᠠᠭ᠍ᠰᠢᠨᠡᠷᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶᠢᠨ ᠴᠢᠳᠠᠪᠤᠷᠢ ᠪᠠ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ᠎ᠢ ᠳᠡᠭᠡᠭᠰᠢᠯᠡᠭᠦᠯᠪᠡ᠃ᠪᠠᠰᠠ ᠰᠤᠷᠭᠠᠨ ᠬᠥᠮᠦᠵᠢᠯ᠎ᠦᠨ ᠡᠷᠬᠡ ᠲᠡᠭᠰᠢ᠎ᠶᠢᠨ ᠬᠣᠷᠢᠭ᠎ᠠ ᠱᠤᠭᠤᠮ᠎ᠢ ᠪᠠᠲᠤ ᠰᠠᠬᠢᠪᠡ᠃ᠬᠥᠪᠡᠭᠡᠲᠦ ᠰᠢᠷ᠎ᠠ ᠬᠣᠰᠢᠭᠤ《ᠳᠥᠷᠪᠡ ᠶᠢ ᠪᠠᠢᠴᠠᠭᠠᠵᠤ ᠭᠤᠷᠪᠠ᠎ᠶᠢ ᠬᠠᠷᠢᠴᠠᠭᠤᠯᠬᠤ》ᠠᠷᠭ᠎ᠠ ᠬᠡᠮᠵᠢᠶ᠎ᠠ ᠪᠡᠷ ᠳᠠᠮᠵᠢᠨ ᠰᠤᠷᠤᠯᠭ᠎ᠠ᠎ᠪᠠᠨ ᠳᠣᠷᠭᠣᠨ ᠵᠣᠭᠰᠣᠬᠤ᠎ᠶᠢ ᠬᠢᠵᠠᠭᠠᠷᠯᠠᠵᠤ ᠰᠤᠷᠤᠯᠭ᠎ᠠ᠎ᠶᠢ ᠪᠠᠲᠤᠯᠠᠬᠤ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠠᠢᠭᠤᠯᠵᠤ᠂ ᠰᠤᠷᠭᠠᠭᠤᠯᠢ᠎ᠶᠢᠨ ᠵᠠᠬᠢᠷᠤᠯ ᠰᠤᠷᠭᠠᠭᠤᠯᠢ ᠳᠠᠭᠠᠭᠠᠴᠢᠯᠠᠬᠤ᠂ᠠᠩᠭᠢ᠎ᠶᠢᠨ ᠡᠷᠬᠢᠯᠡᠭᠴᠢ ᠠᠩᠭᠢ ᠳᠠᠭᠠᠭᠠᠴᠢᠯᠠᠬᠤ᠂ ᠬᠢᠴᠢᠶᠡᠯ ᠡᠭᠦᠷᠭᠡᠯᠡᠬᠦ ᠪᠠᠭ᠍ᠰᠢ ᠰᠣᠷᠣᠭ᠍ᠴᠢ᠎ᠶᠢ ᠳᠠᠭᠠᠭᠠᠴᠢᠯᠠᠬᠤ ᠬᠠᠷᠢᠭᠤᠴᠠᠯᠭ᠎ᠠ᠎ᠶᠢᠨ ᠰᠢᠰᠲᠧᠮ᠎ᠢ ᠬᠡᠷᠡᠭᠵᠢᠭᠦᠯᠵᠦ᠂ ᠰᠤᠷᠬᠤ ᠨᠠᠰᠤᠨ᠎ᠤ ᠬᠡᠦᠬᠡᠳ ᠪᠠᠭᠠᠴᠤᠳ᠎ᠤᠨ ᠰᠤᠷᠭᠠᠭᠤᠯᠢ᠎ᠳᠤ ᠣᠷᠣᠬᠤ ᠪᠠᠢᠴᠠᠭᠠᠯᠲᠠ᠎ᠶᠢ ᠪᠠᠢᠩᠭᠤᠵᠢᠭᠤᠯᠤᠨ ᠥᠷᠨᠢᠭᠦᠯᠵᠦ᠂ ᠠᠩᠬ᠎ᠠ ᠳᠤᠮᠳᠠᠳᠤ᠎ᠶᠢᠨ ᠭᠤᠷᠪᠠᠨ ᠵᠢᠯ᠎ᠦᠨ ᠪᠡᠬᠢᠵᠢᠭᠦᠯᠦᠭᠰᠡᠨ ᠨᠣᠷᠮ᠎ᠠ᠂ ᠵᠡᠮᠳᠡᠭ ᠬᠡᠦᠬᠡᠳ ᠪᠠᠭᠠᠴᠤᠳ᠎ᠤᠨ ᠰᠤᠷᠭᠠᠭᠤᠯᠢ᠎ᠳᠤ ᠣᠷᠣᠬᠤ ᠨᠣᠷᠮ᠎ᠠ ᠴᠥᠮ 100%᠎ᠳᠤ ᠬᠥᠷᠪᠡ᠃《ᠰᠤᠷᠤᠭ᠍ᠴᠢᠳ᠎ᠤᠨ ᠤᠤᠭᠤᠬᠤ ᠰᠦ᠎ᠶᠢᠨ ᠲᠥᠯᠥᠪᠯᠡᠭᠡ》 ᠶ᠋ᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠬᠤ᠂ ᠡᠳ᠋᠎ᠦᠨ ᠵᠠᠰᠠᠭ᠎ᠠᠴᠠ ᠲᠤᠰᠬᠠᠢ ᠲᠥᠷᠥᠯ᠎ᠢᠶᠡᠷ ᠪᠦᠬᠦ ᠲᠣᠭ᠎ᠠ᠎ᠪᠠᠷ ᠪᠠᠲᠤᠯᠠᠵᠤ᠂ ᠪᠦᠬᠦ ᠬᠣᠰᠢᠭᠤᠨ᠎ᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠲᠦ ᠪᠠᠢᠭ᠎ᠠ ᠰᠤᠷᠤᠭ᠍ᠴᠢ ᠵᠢᠴᠢ ᠬᠡᠦᠬᠡᠳ᠎ᠲᠦ ᠦᠨ᠎ᠡ ᠲᠥᠯᠥᠪᠦᠷᠢ ᠦᠭᠡᠢ᠎ᠪᠡᠷ ᠰᠢᠮ᠎ᠡ ᠲᠡᠵᠢᠭᠡᠯᠳᠤ ᠰᠦ ᠬᠠᠩᠭᠠᠵᠤ᠂ ᠥᠰᠦᠯᠲᠡ᠎ᠶᠢᠨ ᠵᠠᠩᠭᠢᠯᠠᠭ᠎ᠠ᠎ᠶᠢᠨ ᠬᠤᠭᠤᠴᠠᠭᠠᠨ᠎ᠤ ᠰᠢᠮ᠎ᠡ ᠲᠡᠵᠢᠭᠡᠯ᠎ᠤᠨ ᠱᠠᠭᠠᠷᠳᠠᠯᠭ᠎ᠠ᠎ᠶᠢ ᠪᠡᠶᠡᠯᠡᠬᠦᠯᠦᠨ᠎ᠠ᠃ ᠡᠭᠦᠨ᠎ᠦ ᠬᠠᠮᠲᠤ ᠬᠢᠴᠢᠶᠡᠯ᠎ᠦᠨ ᠳᠠᠷᠠᠭᠠᠬᠢ ᠬᠠᠪᠰᠤᠷᠤᠨ ᠵᠢᠯᠣᠭᠣᠳᠤᠯᠭ᠎ᠠ᠂《ᠨᠢᠭᠡ ᠰᠤᠷᠤᠭᠴᠢ᠎ᠳᠤ ᠨᠢᠭᠡ》ᠬᠠᠪᠰᠤᠷᠤᠨ ᠲᠡᠳᠬᠦᠬᠦ᠂ ᠰᠤᠷᠭᠠᠨ ᠬᠥᠮᠦᠵᠢᠯ᠎ᠢᠶᠡᠷ ᠲᠡᠳᠬᠦᠨ ᠲᠤᠰᠠᠯᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠬᠦᠴᠢᠷᠳᠡᠯ᠎ᠲᠠᠢ ᠰᠤᠷᠤᠭ᠍ᠴᠢᠳ᠎ᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠬᠡᠦᠬᠡᠳ ᠨᠢᠭᠡᠪᠦᠷᠢ ᠴᠥᠮ ᠡᠷᠬᠡ ᠲᠡᠭᠰᠢ ᠪᠥᠭᠡᠳ ᠴᠢᠨᠠᠷ ᠰᠠᠢᠲᠠᠢ ᠰᠤᠷᠭᠠᠨ ᠬᠥᠮᠦᠵᠢᠯ ᠭᠥᠷᠳᠡᠬᠦ᠎ᠶᠢ ᠦᠨᠡᠨ ᠬᠦ᠌ ᠪᠠᠲᠤᠯᠠᠵᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠬᠥᠪᠡᠭᠡᠲᠦ ᠰᠢᠷ᠎ᠠ ᠬᠣᠰᠢᠭᠤ ᠶᠣᠰᠣ᠌ ᠰᠤᠷᠲᠠᠬᠤᠨ᠎ᠢᠶᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠢ ᠬᠢᠴᠢᠶᠡᠯ ᠦᠨ ᠲᠠᠩᠬᠢᠮ᠂ ᠰᠤᠷᠭᠠᠭᠤᠯᠢ᠎ᠶᠢᠨ ᠬᠦᠷᠢᠶᠡᠨ᠎ᠦ ᠰᠣᠶᠣᠯ ᠪᠣᠯᠣᠨ ᠨᠡᠢᠭᠡᠮ᠎ᠦᠨ ᠦᠢᠯᠡᠳᠦᠯᠭᠡ᠎ᠳᠦ ᠠᠭᠤᠰᠤᠯᠴᠠᠭᠤᠯᠵᠤ᠂ ᠦᠨᠳᠦᠰᠦᠲᠡᠨ᠎ᠦ ᠰᠤᠷᠭᠠᠨ ᠬᠥᠮᠦᠵᠢᠯ ᠪᠣᠯᠣᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃
ᠬᠥᠪᠡᠭᠡᠲᠦ ᠰᠢᠷ᠎ᠠ ᠬᠣᠰᠢᠭᠤ ᠨᠢ ᠰᠤᠷᠭᠠᠨ ᠬᠥᠮᠦᠵᠢᠯ᠎ᠦᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠰᠤᠷᠭᠠᠨ ᠬᠥᠮᠦᠵᠢᠯ ᠦᠨ ᠡᠬᠢ ᠪᠠᠶᠠᠯᠢᠭ᠋᠎ᠤᠨ ᠪᠠᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠲᠦᠮᠡᠨ᠎ᠳᠦ ᠲᠠᠭᠠᠰᠢᠶᠠᠭᠳᠠᠭᠰᠠᠨ《ᠳ᠋ᠤᠺᠲ᠋ᠤᠷ᠎ᠤᠨ ᠦᠯᠦᠬᠡᠢ》 ᠪᠡᠨ ᠵᠠᠮ ᠳᠠᠷᠳᠠᠩ ᠬᠠᠷᠭᠤᠢ ᠰᠠᠷᠠᠭᠤᠯ ᠠᠪᠴᠤ ᠶᠠᠪᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃