ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠴᠡᠩᠬᠡᠷ ᠨᠤᠲᠤᠭ

2026-09-11 16:50:45

ᠵᠣᠬᠢᠶᠠᠭ᠍ᠴᠢ᠄ ᠰᠢᠨᠡᠬᠦᠦ ᠣᠩᠱᠢᠭ᠍ᠰᠠᠨ ᠣᠳᠠᠭ᠎ᠠ᠄ 3

《ᠳ᠋ᠤᠺᠲ᠋ᠤᠷ ᠤ᠋ᠨ ᠦᠯᠦᠭᠡᠢ》 ᠵᠢᠨ ᠨᠡᠷ᠎ᠠ ᠠᠯᠳᠠᠷᠰᠢᠯ

ᠨᠤᠲᠤᠭ ᠤ᠋ᠨ ᠨᠡᠷ᠎ᠡ ᠵᠢ ᠡᠷᠬᠦᠵᠤ ᠶᠠᠪᠤᠭ᠎ᠠ ᠳ᠋ᠤᠺᠲ᠋ᠤᠷ ᠤ᠋ᠳ ᠵᠢᠡᠷ ᠵᠢᠡᠨ ᠬᠦᠮᠦᠨ ᠠᠷᠠᠳ ᠨᠢ ᠤᠮᠤᠭᠰᠢᠨ ᠵᠤᠷᠢᠭᠵᠢᠨ᠎ᠠ᠃ ᠤᠯᠤᠰ ᠤ᠋ᠨ ᠳᠤᠳᠤᠭᠠᠳᠦ ᠭᠠᠳᠠᠭᠠᠳᠦ ᠳ᠋ᠥ ᠠᠯᠳᠠᠷ ᠨᠡᠷ᠎ᠡ᠂ ᠠᠮᠵᠢᠯᠲᠠ ᠪᠦᠲᠦᠭᠡᠯ ᠵᠢᠡᠷ ᠵᠢᠡᠨ ᠬᠢᠯᠠᠷᠠᠵᠤ ᠶᠠᠪᠤᠭ᠎ᠠ ᠳ᠋ᠤᠺᠲ᠋ᠤᠷ ᠤ᠋ᠳ ᠨᠢ ᠲᠤᠰ ᠨᠤᠲᠤᠭ ᠤ᠋ᠨ ᠵᠢᠡᠨ ᠬᠦᠭᠵᠢᠯᠲᠡ ᠬᠤᠪᠢᠷᠠᠯᠲᠠ ᠵᠢ ᠠᠩᠬᠠᠷᠤᠨ ᠬᠠᠯᠠᠮᠵᠢᠯᠠᠵᠤ᠂ ᠳᠡᠮᠵᠢᠨ ᠳᠡᠳᠬᠦᠵᠤ 《ᠳ᠋ᠤᠺᠲ᠋ᠤᠷ ᠤ᠋ᠨ ᠦᠯᠦᠭᠡᠢ》 ᠵᠢᠨ ᠰᠢᠨ᠎ᠡ ᠦᠯᠢᠭᠡᠷ ᠵᠢᠡᠨ ᠦᠷᠬᠦᠯᠵᠢᠯᠡᠨ ᠬᠦᠦᠷᠨᠢᠭᠰᠡᠭᠡᠷ ᠪᠠᠢᠨ᠎ᠠ᠃


QQ20260911-164007.png


ᠮᠡᠳᠡᠬᠡᠵᠢ᠂ ᠬᠦᠪᠡᠭᠡᠲᠦ ᠰᠢᠷ᠎ᠠ ᠬᠤᠰᠢᠭᠤ ᠨᠢ ᠳᠠᠯᠠ ᠨᠠᠶᠠᠭᠠᠳ ᠤᠨ ᠡᠴᠡ ᠰᠤᠷᠭᠠᠨ ᠬᠦᠮᠦᠵᠢᠯ ᠤ᠋ᠨ ᠦᠢᠯᠡᠰ ᠢ᠋ ᠬᠦᠨᠳᠦᠳᠬᠡᠨ ᠬᠦᠭᠵᠢᠬᠦᠯᠵᠤ᠂ ᠡᠳ᠋ ᠤ᠋ᠨ ᠵᠠᠰᠠᠭ ᠬᠦᠴᠢᠷᠲᠠᠢ ᠪᠠᠢᠭᠰᠠᠨ ᠴᠤ᠌ ᠰᠤᠷᠭᠠᠨ ᠬᠦᠮᠦᠵᠢᠯ ᠤ᠋ᠨ ᠪᠡᠯᠡ ᠤᠷᠤᠭᠤᠯᠤᠯᠲᠠ ᠪᠡᠨ ᠳᠠᠰᠤᠷᠠᠯᠲᠠ ᠦᠭᠡᠢ ᠨᠡᠮᠡᠭᠳᠡᠬᠦᠯᠵᠤ᠂ ᠪᠠᠭ᠍ᠰᠢ ᠵᠢᠨ ᠡᠩᠨᠡᠭᠡᠨ ᠤ᠋ ᠪᠠᠢᠭᠤᠯᠤᠯᠲᠠ ᠪᠡᠨ ᠰᠢᠯᠢᠳᠡᠭᠵᠢᠬᠦᠯᠵᠤ ᠢᠷᠡᠭᠰᠡᠨ ᠡᠴᠡ ᠵᠠᠯᠠᠭᠤ ᠪᠠᠭᠠᠴᠤᠳ ᠨᠢ ᠪᠢᠴᠢᠭ ᠨᠤᠮ ᠰᠤᠷᠬᠤ ᠢᠳᠡᠪᠬᠢᠵᠢᠯ ᠵᠢᠡᠷ ᠰᠠᠢᠨ᠂ ᠨᠡᠢᠭᠡᠮ ᠨᠡᠢᠲᠡ ᠪᠡᠷ ᠵᠢᠡᠨ ᠰᠤᠷᠭᠠᠨ ᠬᠦᠮᠦᠵᠢᠯ ᠢ᠋ ᠳᠡᠮᠵᠢᠳᠡᠭ ᠰᠠᠢᠬᠠᠨ ᠤᠯᠠᠮᠵᠢᠯᠠᠯ ᠲᠠᠢ ᠪᠤᠯᠵᠤ᠂ ᠤᠳᠤ ᠪᠤᠯᠬᠤ ᠳ᠋ᠥ 3.1 ᠲᠦᠮᠡᠨ ᠬᠦᠮᠦᠨ ᠠᠮᠠ ᠲᠠᠢ ᠲᠤᠰ ᠬᠤᠰᠢᠭᠤᠨ ᠡᠴᠡ 70 ᠭᠠᠷᠤᠢ ᠳ᠋ᠤᠺᠲ᠋ᠤᠷ ᠴᠤᠯᠭᠤᠷᠠᠨ ᠭᠠᠷᠴᠦ᠂ ᠲᠠᠷᠢᠶᠠᠯᠠᠩ ᠮᠠᠯ ᠠᠵᠣ᠌ ᠠᠬᠣᠢ᠂ ᠡᠮ ᠡᠮᠨᠡᠯᠭᠡ᠂ ᠬᠢᠮᠢ ᠵᠢᠨ ᠣᠬᠠᠭᠠᠨ ᠵᠡᠷᠭᠡ ᠣᠯᠠᠨ ᠠᠵᠢᠯ ᠲᠦᠷᠦᠯ ᠳ᠋ᠦ᠍ ᠬᠢᠯᠠᠷᠠᠭᠤᠯᠵᠤ᠂ ᠴᠢᠨᠠᠭᠰᠢᠯᠠᠪᠠᠯ ᠨᠢᠭᠡ ᠭᠡᠷ ᠡᠴᠡ 3 ᠳ᠋ᠤᠺᠲ᠋ᠤᠷ ᠭᠠᠷᠤᠭᠰᠠᠨ ᠰᠠᠢᠬᠠᠨ ᠪᠦᠲᠦᠮᠵᠢ ᠵᠢ ᠡᠬᠦᠳᠴᠦ᠂ ᠪᠦᠬᠦ ᠤᠷᠤᠨ ᠪᠠᠢᠳᠤᠭᠠᠢ ᠪᠦᠬᠦ ᠤᠯᠤᠰ ᠤ᠋ᠨ ᠬᠡᠪᠴᠢᠶᠡᠨ ᠳ᠋ᠥ ᠴᠤ᠌ ᠬᠤᠰᠢᠭᠤ ᠰᠢᠶᠠᠨ ᠤ᠋ ᠳᠤᠳᠤᠷ᠎ᠠ ᠪᠡᠨ ᠤᠷᠤᠢᠯᠠᠬᠤ ᠪᠠᠢᠷᠢᠨ ᠳ᠋ᠥ ᠳᠤᠳᠤᠷᠠᠨ᠂ 《ᠳ᠋ᠤᠺᠲ᠋ᠤᠷ ᠤ᠋ᠨ ᠦᠯᠦᠭᠡᠢ》 ᠬᠡᠮᠡᠨ ᠬᠤᠯᠠ ᠤᠢᠷ᠎ᠠ ᠳ᠋ᠦ᠍ ᠠᠯᠳᠠᠷᠰᠢᠵᠤ ᠶᠠᠪᠤᠨ᠎ᠠ᠃

ᠰᠤᠷᠭᠠᠨ ᠬᠦᠮᠦᠵᠢᠯ ᠤ᠋ᠨ ᠲᠤᠷᠭᠠᠨ ᠬᠦᠷᠦᠰᠦ ᠲᠠᠢ ᠪᠤᠯᠬᠤᠷ ᠬᠦᠪᠡᠭᠡᠲᠦ ᠰᠢᠷ᠎ᠠ ᠬᠤᠰᠢᠭᠤ ᠨᠢ ᠠᠯᠢ ᠡᠷᠲᠡ ᠨᠠᠶᠠᠭᠠᠳ ᠤᠨ ᠳ᠋ᠥ 《ᠪᠦᠬᠦ ᠤᠯᠤᠰ ᠤ᠋ᠨ ᠰᠠᠭᠤᠷᠢ ᠰᠤᠷᠭᠠᠨ ᠬᠦᠮᠦᠵᠢᠯ ᠤ᠋ᠨ ᠲᠡᠷᠢᠬᠦᠨ ᠤ᠋ ᠬᠤᠰᠢᠭᠤ ᠰᠢᠶᠠᠨ》᠂《ᠪᠦᠬᠦ ᠤᠯᠤᠰ ᠤ᠋ᠨ ᠰᠤᠶᠤᠯ ᠤ᠋ᠨ ᠪᠠᠯᠠᠢ ᠵᠢ ᠠᠷᠢᠯᠭᠠᠭᠰᠠᠨ ᠲᠡᠷᠢᠬᠦᠨ ᠤ᠋ ᠬᠤᠰᠢᠭᠤ》 ᠪᠡᠷ ᠦᠨᠡᠯᠡᠭᠳᠡᠵᠤ ᠪᠠᠢᠭᠰᠠᠨ ᠪᠦᠭᠡᠳ ᠦᠪᠡᠷᠳᠡᠭᠡᠨ ᠵᠠᠰᠠᠬᠤ ᠤᠷᠤᠨ ᠤ᠋ 《ᠦᠨᠳᠦᠰᠦᠲᠡᠨ ᠤ᠋ ᠰᠤᠷᠭᠠᠨ ᠬᠦᠮᠦᠵᠢᠯ ᠤ᠋ᠨ ᠲᠡᠷᠢᠬᠦᠨ ᠤ᠋ ᠬᠠᠮᠲᠦ》 ᠪᠤᠯᠤᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠦ ᠵᠢᠨ ᠢᠷᠠᠭᠤ ᠠᠯᠳᠠᠷ ᠢ᠋ ᠬᠦᠷᠲᠡᠵᠠᠢ᠃

ᠬᠦᠪᠡᠭᠡᠲᠦ ᠰᠢᠷ᠎ᠠ ᠬᠤᠰᠢᠭᠤ ᠨᠢ ᠨᠡᠷᠡᠲᠦ ᠪᠠᠭ᠍ᠰᠢ ᠬᠦᠮᠦᠵᠢᠬᠦᠯᠬᠦ ᠳᠤᠭᠲᠠᠴᠠ ᠪᠡᠨ ᠪᠦᠷᠢᠨᠰᠢᠬᠦᠯᠦᠨ᠂《ᠨᠡᠷᠡᠲᠦ ᠪᠠᠭ᠍ᠰᠢ ᠵᠢᠨ ᠠᠵᠢᠯᠯᠠᠬᠤ ᠦᠷᠦᠬᠡ》 ᠵᠢᠨ ᠲᠦᠷᠦᠯ ᠵᠦᠢᠯ ᠢ᠋ ᠠᠵᠢᠯᠯᠠᠭᠤᠯᠵᠤ᠂ ᠪᠠᠰᠠ ᠳᠤᠰᠬᠠᠢ ᠳᠤᠰᠢᠶᠠᠯᠲᠦ ᠵᠢᠭᠠᠬᠤ ᠵᠢ ᠰᠤᠳᠤᠯᠤᠭ᠍ᠴᠢ ᠵᠢᠨ ᠡᠩᠨᠡᠭᠡ ᠵᠢ ᠪᠤᠵᠠᠭᠠᠢᠷᠠᠭᠤᠯᠤᠨ᠂ ᠵᠢᠭᠠᠨ ᠰᠤᠷᠭᠠᠯᠲᠠ ᠵᠢᠨ ᠶᠠᠰᠤ ᠴᠢᠨᠠᠷ ᠢ᠋ ᠪᠠᠲᠤᠯᠠᠭᠰᠠᠨ ᠪᠠᠢᠨ᠎ᠠ᠃ ᠪᠠᠰᠠ ᠦᠪᠦᠷ ᠮᠤᠩᠭᠤᠯ ᠤ᠋ᠨ ᠪᠠᠭ᠍ᠰᠢ ᠵᠢᠨ ᠶᠡᠬᠡ ᠰᠤᠷᠭᠠᠭᠤᠯᠢ ᠵᠢᠨ ᠬᠠᠷᠢᠶᠠᠲᠦ ᠳᠤᠮᠳᠠᠳᠦ ᠰᠤᠷᠭᠠᠭᠤᠯᠢ᠂ ᠰᠢᠯᠢ ᠵᠢᠨ ᠭᠤᠤᠯ ᠠᠢᠮᠠᠭ ᠤ᠋ᠨ ᠮᠤᠩᠭᠤᠯ ᠳᠤᠮᠳᠠᠳᠦ ᠰᠤᠷᠭᠠᠭᠤᠯᠢ ᠵᠡᠷᠭᠡ ᠭᠤᠤᠯᠳᠠᠯᠭᠠᠲᠦ ᠰᠤᠷᠭᠠᠭᠤᠯᠢ ᠯᠤᠭ᠎ᠠ ᠵᠢᠨ ᠬᠠᠪᠰᠤᠷᠤᠨ ᠳᠡᠳᠬᠦᠬᠦ ᠳᠤᠭᠲᠠᠴᠠ ᠪᠡᠨ ᠬᠦᠨᠵᠡᠭᠡᠢᠷᠡᠬᠦᠯᠵᠤ᠂ ᠲᠡᠷᠢᠬᠦᠨ ᠤ᠋ ᠠᠷᠭ᠎ᠠ ᠳᠤᠷᠰᠢᠯᠭ᠎ᠠ ᠵᠢ ᠰᠤᠷᠤᠯᠴᠠᠬᠤ᠂ ᠬᠤᠯᠪᠤᠭᠠᠯᠠᠵᠤ ᠰᠤᠷᠤᠯᠴᠠᠬᠤ᠂ ᠬᠠᠮᠲᠦ ᠪᠡᠷ ᠰᠤᠳᠤᠯᠬᠤ᠂ ᠳᠠᠭᠠᠭᠠᠴᠢᠯᠠᠨ ᠵᠢᠯᠤᠭᠤᠳᠬᠤ ᠵᠡᠷᠭᠡ ᠵᠢᠭᠠᠨ ᠰᠤᠷᠭᠠᠯᠲᠠ ᠵᠢᠨ ᠠᠷᠭ᠎ᠠ ᠮᠠᠶᠢᠭ᠋ ᠵᠢᠡᠷ ᠪᠠᠭ᠍ᠰᠢ ᠵᠢᠨ ᠡᠩᠨᠡᠭᠡᠨ ᠤ᠋ ᠳᠤᠬᠠᠢᠯᠠᠭᠰᠠᠨ ᠠᠵᠢᠯ ᠤ᠋ᠨ ᠬᠡᠪ ᠪᠤᠯᠪᠠᠰᠤᠷᠠᠯ ᠢ᠋ ᠳᠡᠭᠡᠭᠰᠢᠯᠡᠬᠦᠯᠵᠤ ᠪᠠᠢᠨ᠎ᠠ᠃ ᠬᠦᠪᠡᠭᠡᠲᠦ ᠰᠢᠷ᠎ᠠ ᠬᠤᠰᠢᠭᠤ ᠨᠢ ᠪᠠᠰᠠ ᠳᠤᠭᠲᠠᠭᠰᠠᠨ ᠬᠤᠭᠤᠴᠠᠭ᠎ᠠ ᠲᠠᠢ ᠳ᠋ᠤᠺᠲ᠋ᠤᠷ ᠡᠷᠳᠡᠮᠲᠡᠳ ᠵᠢᠡᠨ ᠤᠷᠢᠨ ᠵᠠᠯᠠᠵᠤ ᠡᠷᠳᠡᠮ ᠰᠢᠨᠵᠢᠯᠡᠭᠡᠨ᠎ᠦ ᠶᠠᠷᠢᠶ᠎ᠠ ᠢᠯᠡᠳᠬᠡᠯ ᠬᠢᠯᠭᠡᠬᠦ ᠪᠤᠶᠤ ᠬᠤᠰᠢᠭᠤ ᠨᠤᠲᠤᠭ ᠎ᠤᠨ ᠵᠢᠡᠨ ᠬᠦᠭᠵᠢᠯᠲᠡ ᠵᠢᠨ ᠵᠦᠪᠯᠡᠭᠴᠢ᠎ᠪᠡᠷ ᠤᠷᠢᠨ ᠵᠠᠯᠠᠵᠤ᠂ ᠤᠰᠤ ᠨᠤᠲᠤᠭ᠎ᠤᠨ ᠵᠢᠡᠨ ᠬᠦᠭᠵᠢᠯᠲᠡ᠎ᠶᠢ ᠠᠬᠢᠭᠤᠯᠵᠣ᠌ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面