2026-10-10 11:25:48
ᠮᠢᠩ ᠤᠯᠤᠰ᠎ᠤᠨ ᠦᠶ᠎ᠡ ᠡᠴᠡ ᠤᠩᠨᠢᠭᠤᠳ ᠲᠦᠮᠡᠨ᠎ᠳᠤ ᠲᠠᠨᠢᠬᠲᠠᠬᠰᠠᠨ 《ᠬᠤᠩᠱᠠᠨ ᠲᠤᠲᠤᠷᠭ᠎ᠠ》 ᠪᠤᠯ ᠦᠶ᠎ᠡ ᠦᠶ᠎ᠡ᠎ᠶᠢᠨ ᠬᠦᠮᠦᠰ᠎ᠤᠨ ᠭᠠᠷ ᠲᠠᠮᠵᠢᠨ ᠤᠯᠠᠮᠵᠢᠯᠠᠬᠤ ᠪᠠ ᠰᠢᠯᠢᠳᠡᠭᠵᠢᠬᠦᠯᠬᠦ ᠰᠠᠭᠤᠷᠢᠨ ᠲᠡᠭᠡᠷ᠎ᠡ ᠲᠡᠬᠦᠯᠳᠡᠷᠵᠢᠵᠦ ᠬᠦᠭᠵᠢᠭᠰᠡᠨ ᠰᠢᠯᠢᠳᠡᠭ ᠲᠠᠸᠠᠷ᠎ᠤᠨ ᠲᠡᠮᠳᠡᠭ ᠪᠤᠯᠤᠨ᠎ᠠ᠂ ᠮᠦᠨ ᠴᠦ᠍ ᠤᠩᠨᠢᠭᠤᠳ ᠬᠤᠰᠢᠭᠤᠨ᠎ᠤ ᠤᠷᠤᠨ ᠨᠤᠲᠤᠭ᠎ᠤᠨ ᠲᠦᠯᠦᠬᠡᠯᠡᠬᠦ ᠴᠢᠨᠠᠷᠲᠠᠢ ᠤᠨᠴᠠᠯᠢᠬᠲᠦ ᠲᠠᠷᠢᠶᠠᠯᠠᠩ᠎ᠤᠨ ᠪᠦᠲᠦᠭᠡᠭᠳᠡᠬᠦᠨ ᠪᠤᠯᠬᠤ ᠶᠤᠮ᠃
ᠤᠢᠷ᠎ᠠ᠎ᠶᠢᠨ ᠵᠢᠯ᠎ᠳᠤ᠂ ᠤᠩᠨᠢᠭᠤᠳ ᠬᠤᠰᠢᠭᠤ ᠨᠢ ᠬᠤᠨᠭᠱᠠᠨ ᠲᠤᠲᠤᠷᠭ᠎ᠠ᠎ᠶᠢᠨ ᠠᠵᠦ ᠦᠢᠯᠡᠰ᠎ᠤᠨ ᠲᠡᠰ ᠲᠡᠪᠰᠢᠬᠦ᠎ᠶᠢ ᠠᠬᠢᠭᠤᠯᠵᠦ᠂ ᠲᠤᠲᠤᠷᠭ᠎ᠠ ᠲᠠᠷᠢᠬᠤ ᠲᠠᠯᠠᠪᠠᠢ᠎ᠶᠢ ᠦᠷᠬᠦᠯᠵᠢᠯᠡᠨ ᠨᠡᠮᠡᠭᠳᠡᠬᠦᠯᠵᠦ᠂ ᠠᠵᠦ ᠦᠢᠯᠡᠰᠵᠢᠬᠦ᠎ᠶᠢ ᠨᠢ ᠲᠦᠷᠭᠡᠳᠭᠡᠨ᠂ ᠪᠠᠷᠢᠮᠵᠢᠶ᠎ᠠ᠎ᠵᠢᠨ ᠬᠦᠭᠵᠢᠬᠦ ᠰᠢᠨ᠎ᠡ ᠵᠠᠮ ᠡᠷᠢᠯᠬᠢᠯᠡᠨ᠂ ᠤᠰᠤᠨ ᠲᠤᠲᠤᠷᠭ᠎ᠠ ᠲᠠᠷᠢᠬᠤ ᠪᠠ ᠨᠢ᠋ᠮᠠᠯᠵᠢ ᠲᠡᠵᠢᠭᠡᠬᠦ᠎ᠶᠢ ᠠᠭᠤᠰᠠᠬᠠᠠᠰᠠᠨ ᠠᠮᠢ ᠠᠬᠤᠢ᠎ᠶᠢᠨ ᠲᠠᠷᠢᠵᠦ ᠲᠡᠵᠢᠭᠡᠬᠦ ᠵᠠᠬᠪᠦᠷᠢ ᠡᠬᠦᠳᠴᠦ᠂ ᠲᠠᠷᠢᠶᠠᠯᠠᠩ᠎ᠤᠨ ᠮᠠᠰᠢᠨᠴᠢᠯᠠᠯᠲᠠ᠎ᠶᠢ ᠪᠦᠬᠦ ᠲᠠᠯ᠎ᠠ ᠪᠡᠷ ᠲᠦᠭᠡᠮᠡᠯᠵᠢᠬᠦᠯᠵᠦ᠂ ᠤᠯᠠᠮᠵᠢᠯᠠᠯᠲᠦ ᠲᠤᠲᠤᠷᠭ᠎ᠠ᠎ᠶᠢᠨ ᠠᠵᠦ ᠦᠢᠯᠡᠰ᠎ᠤᠨ ᠪᠦᠲᠦᠬᠦᠯᠢᠭ ᠬᠦᠭᠵᠢᠯᠳᠡ ᠵᠢᠨ ᠵᠠᠬᠪᠦᠷᠢ ᠵᠤᠷᠢᠭᠲᠠᠢ ᠬᠤᠪᠢᠷᠠᠭᠤᠯᠵᠤ᠂ ᠲᠤᠲᠤᠷᠭ᠎ᠠ᠎ᠶᠢᠨ ᠶᠠᠰᠦ ᠴᠢᠨᠠᠷ᠎ᠢ ᠲᠡᠭᠡᠭᠰᠢᠯᠡᠬᠦᠯᠵᠦ ᠤᠨᠠᠯᠲᠠ᠎ᠶᠢ ᠨᠢ ᠨᠡᠮᠡᠭᠳᠡᠬᠦᠯᠦᠨ᠂ ᠪᠤᠬᠢᠷᠲᠤᠯ ᠦᠬᠡᠢ ᠠᠵᠦ ᠦᠢᠯᠡᠰ ᠲᠡᠢᠰᠢ ᠬᠦᠭᠵᠢᠬᠦᠯᠦᠭᠰᠡᠨ ᠪᠠᠢᠨ᠎ᠠ᠃
《ᠬᠤᠨᠭᠱᠠᠨ ᠲᠤᠲᠤᠷᠭ᠎ᠠ》᠎ᠶᠢ ᠠᠵᠦ ᠦᠢᠯᠡᠰᠵᠢᠬᠦᠯᠬᠦ ᠶᠠᠪᠤᠴᠠ᠎ᠳᠠᠭᠠᠨ ᠤᠨᠭᠨᠢᠭᠤᠳ ᠬᠤᠰᠢᠭᠤ ᠨᠢ ᠪᠠᠰᠠ《ᠠᠵᠦ ᠠᠬᠤᠢᠯᠠᠯ+ ᠬᠤᠷᠰᠢᠶᠠᠵᠢᠯ + ᠲᠠᠷᠢᠶᠠᠴᠢᠨ ᠡᠷᠦᠬᠡ》᠎ᠶᠢᠨ ᠵᠠᠬᠪᠦᠷ ᠢ ᠡᠬᠦᠳᠴᠦ᠂ ᠡᠬᠢ ᠪᠠᠶᠠᠯᠢᠭ᠎ᠢ ᠪᠦᠲᠦᠮᠵᠢᠳᠡᠢ ᠨᠡᠢᠳᠭᠡᠨ᠂ ᠲᠠᠷᠢᠶᠠᠴᠢᠳ᠎ᠢ ᠴᠢᠨᠡᠭᠡᠯᠢᠭᠵᠢᠬᠦᠯᠬᠦ ᠪᠡᠷ ᠭᠤᠤᠯ ᠬᠠᠷᠠᠯᠲᠠ ᠪᠠᠨ ᠪᠤᠯᠭᠠᠵᠦ᠂ ᠦᠢᠯᠡᠳᠪᠦᠷᠢᠯᠡᠯ ᠪᠤᠷᠤᠯᠠᠭᠤᠯᠭ᠎ᠠ᠎ᠶᠢ ᠬᠡᠯᠬᠢᠶᠡᠵᠢᠬᠦᠯᠦᠨ ᠬᠦᠭᠵᠢᠬᠦᠯᠵᠦ᠂ ᠤᠯᠠᠨ ᠲᠦᠮᠡᠨ᠎ᠢ ᠲᠠᠢᠴᠢᠯᠠᠨ ᠤᠷᠤᠯᠭ᠎ᠠ᠎ᠶᠢ ᠨᠢ ᠪᠦᠬᠦ ᠲᠠᠯ᠎ᠠ ᠪᠡᠷ ᠨᠡᠮᠡᠭᠳᠡᠬᠦᠯᠦᠭᠰᠡᠨ ᠪᠠᠢᠨ᠎ᠠ᠃
ᠤᠯᠠᠮᠵᠢᠯᠠᠯ᠎ᠢ ᠪᠠᠷᠢᠮᠲᠠᠯᠠᠬᠤ ᠡᠴᠡ ᠤᠲᠤ ᠦᠶ᠎ᠡ᠎ᠶᠢᠨ ᠰᠢᠨ᠎ᠡ ᠮᠡᠷᠭᠡᠵᠢᠯ᠎ᠢ ᠭᠡᠷᠡᠭᠯᠡᠬᠦ ᠬᠦᠷᠳᠡᠯ᠎ᠡ᠂ᠳᠠᠩ ᠴᠤᠯᠭᠤᠢ ᠲᠠᠷᠢᠵᠦ ᠤᠷᠭᠤᠭᠤᠯᠬᠤ ᠮᠡᠷᠭᠡᠵᠢᠯ ᠡᠴᠡ ᠤᠯᠠᠨ ᠡᠰᠢᠴᠢᠯᠡᠵᠦ ᠬᠦᠭᠵᠢᠬᠦ ᠬᠦᠷᠳᠡᠯ᠎ᠡ᠂ 《ᠬᠤᠨᠭᠱᠠᠨ ᠲᠤᠲᠤᠷᠭ᠎ᠠ 》 ᠨᠢ ᠨᠢᠬᠡᠨᠳᠡ ᠤᠨᠭᠨᠢᠭᠤᠳ ᠬᠤᠰᠢᠭᠤ᠎ᠶᠢᠨ ᠤᠨᠴᠠᠯᠢᠬᠲᠦ ᠲᠠᠷᠢᠶᠠᠯᠠᠩ ᠪᠤᠯᠵᠦ᠂ ᠬᠦᠳᠡᠭᠡ ᠲᠤᠰᠬᠤᠨ᠎ᠤ ᠠᠵᠦ ᠠᠬᠤᠢ ᠶᠢ ᠠᠮᠢᠲᠤᠯᠢᠭᠵᠢᠭᠤᠯᠬᠤ᠂ ᠬᠦᠳᠡᠭᠡ ᠲᠤᠰᠬᠤᠨ᠎ᠢ ᠬᠦᠭᠵᠢᠬᠦᠯᠦᠨ ᠮᠠᠨᠲᠤᠭᠤᠯᠬᠤ᠎ᠶᠢᠨ ᠲᠤᠯᠭᠠᠭᠤᠷᠢᠯᠠᠬᠤ ᠠᠵᠦ ᠦᠢᠯᠡᠰ ᠪᠤᠯᠤᠬᠰᠠᠨ ᠪᠠᠢᠨ᠎ᠠ᠃ ᠤᠲᠤ 《ᠬᠤᠨᠭᠱᠠᠨ ᠲᠤᠲᠤᠷᠭ᠎ᠠ》 ᠨᠢ ᠰᠢᠯᠢᠳᠡᠭ ᠶᠠᠰᠦ ᠴᠢᠨᠠᠷ ᠪᠠ ᠭᠠᠵᠠᠷ ᠤᠷᠤᠨ᠎ᠤ ᠤᠨᠴᠠᠯᠢᠭ ᠲᠠᠭᠠᠨ ᠲᠦᠰᠢᠭᠯᠡᠨ᠂ ᠪᠤᠬᠢᠷᠲᠤᠯ ᠦᠬᠡᠢ᠂ ᠰᠢᠯᠢᠳᠡᠭ ᠲᠠᠷᠢᠶᠠᠯᠠᠩ᠎ᠤᠨ ᠨᠡᠷᠡᠲᠦ ᠲᠡᠮᠳᠡᠭ ᠪᠤᠯᠵᠠᠢ᠃ ᠡᠨᠡ ᠰᠠᠭᠤᠷᠢᠨ ᠲᠡᠭᠡᠷ᠎ᠡ᠂ ᠤᠨᠭᠨᠢᠭᠤᠳ ᠬᠤᠰᠢᠭᠤ ᠨᠢ ᠲᠦᠷᠦᠯ ᠲᠡᠮᠳᠡᠭ᠎ᠤᠨ ᠪᠠᠢᠭᠤᠯᠤᠯᠲᠠ᠎ᠶᠢ ᠦᠷᠬᠦᠯᠵᠢᠯᠡᠨ ᠴᠢᠩᠭᠠᠳᠬᠠᠬᠤ᠎ᠶᠢᠨ ᠲᠠᠭᠠᠦ ᠠᠵᠦ ᠦᠢᠯᠡᠰ ᠤᠨ ᠰᠢᠰᠲᠧᠮ ᠢ ᠰᠢᠯᠢᠳᠡᠭᠵᠢᠬᠦᠯᠦᠨ᠂ ᠵᠠᠬ᠎ᠠ ᠲᠡᠯᠭᠡᠬᠦᠷᠴᠢᠯᠡᠬᠦ ᠵᠠᠮ ᠰᠤᠪᠠᠭ᠎ᠢ ᠦᠷᠭᠡᠳᠭᠡᠨ᠂ ᠦᠦᠬᠡ ᠲᠡᠦᠬᠡ ᠡᠴᠡ ᠤᠯᠠᠮᠵᠢᠯᠠᠵᠦ ᠢᠷᠡᠭᠰᠡᠨ ᠰᠢᠯᠢᠳᠡᠭ ᠡᠬᠦᠯᠳᠡᠷ ᠢ ᠴᠤ ᠰᠢᠨ᠎ᠡ ᠠᠮᠢᠵᠢᠷᠠᠯ᠎ᠤᠨ ᠬᠦᠴᠦᠨ ᠲᠠᠢ ᠪᠤᠯᠭᠠᠬᠰᠠᠨ ᠪᠢᠯᠡ᠃
ᠮᠦᠬᠦᠯᠢᠭ ᠲᠤᠲᠤᠷᠭ᠎ᠠ ᠮᠢᠨᠭᠭᠠᠨ ᠠᠢᠯ ᠲᠦᠮᠡᠨ ᠡᠷᠦᠬᠡ᠎ᠶᠢᠨ ᠴᠢᠨᠡᠭᠡᠯᠢᠭᠵᠢᠯ ᠪᠠ ᠬᠦᠳᠡᠭᠡ ᠲᠤᠰᠬᠤᠨ᠎ᠤ ᠬᠦᠭᠵᠢᠯᠳᠡ᠎ᠶᠢᠨ ᠬᠦᠰᠡᠯ᠎ᠢ ᠲᠡᠭᠡᠭᠡᠵᠦ᠂ ᠠᠵᠦ ᠦᠢᠯᠡᠰ ᠢ ᠬᠦᠭᠵᠢᠬᠦᠯᠬᠦ᠂ ᠲᠠᠷᠢᠶᠠᠴᠢᠳ᠎ᠢ ᠴᠢᠨᠡᠭᠡᠯᠢᠭᠵᠢᠬᠦᠯᠬᠦ᠂ ᠬᠦᠳᠡᠭᠡ ᠲᠤᠰᠬᠤᠨ᠎ᠢ ᠪᠠᠶᠠᠵᠢᠭᠤᠯᠬᠤ ᠳᠤ ᠬᠦᠴᠦᠨ ᠨᠡᠮᠡᠵᠦ᠂ ᠤᠨᠭᠨᠢᠭᠤᠳ ᠬᠤᠰᠢᠭᠤᠨ᠎ᠤ ᠲᠠᠷᠢᠶᠠᠯᠠᠩ ᠠᠵᠦ ᠠᠬᠤᠢ᠎ᠶᠢᠨ ᠴᠢᠨᠠᠷ ᠰᠠᠢᠲᠠᠢ ᠬᠦᠭᠵᠢᠯᠳᠡ ᠪᠠ ᠬᠦᠳᠡᠭᠡ ᠲᠤᠰᠬᠤᠨ᠎ᠤ ᠬᠦᠭᠵᠢᠨ ᠮᠠᠨᠲᠤᠯᠲᠠ᠎ᠳᠤ ᠪᠠᠲᠦ ᠰᠠᠭᠤᠷᠢ ᠲᠠᠯᠪᠢᠵᠦ ᠦᠭᠬᠦᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃