ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠴᠡᠩᠬᠡᠷ ᠨᠤᠲᠤᠭ

2026-10-23 12:34:55

ᠵᠣᠬᠢᠶᠠᠭ᠍ᠴᠢ᠄ ᠰᠠᠷᠠᠨᠬᠦᠦ ᠣᠩᠱᠢᠭ᠍ᠰᠠᠨ ᠣᠳᠠᠭ᠎ᠠ᠄ 3

ᠪᠠᠭᠠᠷᠢᠨ ᠵᠡᠬᠦᠨ ᠬᠤᠰᠢᠭᠤ ᠶᠡᠬᠡ ᠬᠢᠨᠭᠭᠠᠨ ᠲᠠᠪᠠᠭᠠᠨ᠎ᠤ ᠪᠠᠷᠠᠭᠤᠨ ᠡᠮᠦᠨ᠎ᠡ ᠬᠤᠷᠮᠤᠢ᠎ᠳᠤ ᠪᠠᠢᠷᠢᠯᠠᠲᠠᠭ᠂ ᠡᠨᠳᠡᠬᠢ ᠰᠢᠮᠡᠯᠢᠭ ᠬᠦᠷᠦᠰᠦᠨ᠎ᠳᠤ ᠨᠢᠬᠡᠨ ᠤᠨᠴᠠᠭᠠᠢ ᠤᠷᠭᠤᠮᠠᠯ — ᠱᠦᠬᠦᠷ ᠡᠪᠡᠰᠦ ᠤᠷᠭᠤᠲᠠᠭ᠃ ᠬᠠᠭᠤᠴᠢ ᠰᠤᠲᠤᠯᠤᠭᠠᠴᠢᠳ ᠲᠤᠰ ᠬᠤᠰᠢᠭᠤ᠎ᠶᠢᠨ ᠯᠢᠨᠳᠦ᠋ᠩ ᠪᠠᠯᠭᠠᠰᠦᠨ᠎ᠳᠤ ᠪᠠᠢᠭ᠎ᠠ ᠯᠢᠶᠤᠤ᠎ᠶᠢᠨ ᠲᠡᠭᠡᠲᠦ ᠨᠡᠢᠰᠯᠡᠯ᠎ᠤᠨ ᠪᠠᠭᠤᠷᠢ ᠡᠴᠡ ᠬᠦᠷᠦᠵᠦ ᠤᠷᠠᠯᠠᠬᠰᠠᠨ ᠱᠦᠬᠦᠷ ᠡᠪᠡᠰᠦᠨ᠎ᠤ ᠭᠠᠷ ᠤᠷᠠᠯᠠᠯ᠎ᠢ ᠢᠯᠡᠷᠡᠬᠦᠯᠦᠭᠰᠡᠨ ᠶᠤᠮ᠂ ᠡᠬᠦᠨ ᠡᠴᠡ ᠪᠢᠳᠡ ᠪᠠᠭᠠᠷᠢᠨ ᠵᠡᠬᠦᠨ ᠬᠤᠰᠢᠭᠤ᠎ᠶᠢᠨ ᠱᠦᠬᠦᠷ ᠡᠪᠡᠰᠦ ᠲᠠᠷᠢᠬᠰᠠᠨ ᠮᠢᠨᠭᠭᠠᠨ   ᠤᠨ᠎ᠤ ᠲᠡᠦᠭᠡ᠎ᠶᠢ ᠮᠦᠷᠳᠡᠵᠦ ᠪᠤᠯᠬᠤ ᠶᠤᠮ᠃

ᠦᠨᠦᠲᠦᠷ ᠡᠨᠡᠬᠦ ᠮᠢᠨᠭᠭᠠᠨ  ᠤᠨ᠎ᠤ ᠲᠡᠦᠭᠡ ᠲᠠᠢ ᠵᠢᠵᠢᠭ ᠱᠦᠬᠦᠷ ᠡᠪᠡᠰᠦ ᠨᠢᠬᠡᠨᠳᠡ ᠲᠠᠷᠢᠵᠦ ᠤᠷᠭᠤᠭᠤᠯᠬᠤ᠂ ᠨᠠᠷᠢᠯᠢᠭ ᠡᠳ᠋ᠰᠢᠬᠦᠯᠬᠦ᠂ ᠬᠤᠲᠠᠯᠲᠤᠨ ᠪᠤᠷᠤᠯᠠᠭᠤᠯᠬᠤ᠎ᠶᠢ ᠨᠢᠬᠡ ᠴᠤᠭᠴᠠᠵᠢᠭᠤᠯᠤᠬᠰᠠᠨ ᠠᠵᠦ ᠦᠢᠯᠡᠰ᠎ᠤᠨ ᠬᠡᠯᠬᠢᠶᠡᠵᠢᠯ ᠪᠤᠯᠵᠦ ᠴᠢᠲᠠᠬᠰᠠᠨ ᠪᠦᠬᠡᠳ ᠪᠠᠭᠠᠷᠢᠨ ᠵᠡᠬᠦᠨ ᠬᠤᠰᠢᠭᠤᠨ᠎ᠤ ᠠᠵᠦ ᠠᠬᠤᠢ᠎ᠶᠢᠨ ᠨᠡᠮᠡᠭᠳᠡᠯ᠂ ᠠᠵᠢᠯ ᠤᠯᠭᠤᠯᠲᠠ᠎ᠶᠢ ᠲᠠᠢᠴᠢᠯᠠᠬᠤ ᠲᠤᠮᠤ ᠠᠵᠦ ᠦᠢᠯᠡᠰ ᠪᠤᠯᠤᠬᠰᠠᠨ ᠪᠠᠢᠨ᠎ᠠ᠃ ᠡᠬᠦᠨ᠎ᠤ ᠴᠠᠭᠠᠨ᠎ᠠ ᠪᠠᠭᠠᠷᠢᠨᠴᠤᠳ᠎ᠤᠨ ᠡᠬᠢ ᠪᠠᠶᠠᠯᠢᠭ᠎ᠤᠨ ᠲᠠᠪᠠᠭᠤᠯᠢᠭ ᠲᠠᠭᠠᠨ ᠵᠦᠪ  ᠪᠠᠢᠷᠢ ᠲᠤᠭᠲᠠᠭᠠᠯᠲᠠ ᠬᠢᠵᠦ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠶ᠋ᠢᠡᠷ ᠠᠵᠦ ᠦᠢᠯᠡᠰ᠎ᠤᠨ ᠬᠦᠭᠵᠢᠯᠳᠡ᠎ᠶᠢᠨ᠎ᠶ᠋ᠢᠡᠨ ᠬᠦᠳᠡᠯᠭᠡᠬᠦ ᠬᠦᠴᠦᠨ ᠪᠤᠯᠭᠠᠵᠦ᠂ ᠨᠢᠬᠡᠲᠦᠯᠳᠡᠢ ᠲᠦᠯᠦᠪᠵᠢᠬᠦᠯᠵᠦ ᠲᠤᠰᠬᠠᠢ ᠲᠦᠷᠦᠯ᠎ᠶ᠋ᠢᠡᠷ ᠬᠦᠭᠵᠢᠬᠦᠯᠦᠭᠰᠡᠨ ᠤᠷᠤᠯᠲᠤᠯᠭ᠎ᠠ ᠪᠠ ᠴᠢᠷᠮᠠᠢᠯᠭ᠎ᠠ ᠨᠢᠭᠤᠬᠲᠠᠵᠦ ᠪᠤᠢ᠃



ᠨᠢᠬᠡᠲᠦᠯᠳᠡᠢ ᠲᠦᠯᠦᠪᠵᠢᠬᠦᠯᠬᠡ᠄ ᠠᠵᠦ ᠦᠢᠯᠡᠰ᠎ᠤᠨ ᠬᠦᠭᠵᠢᠯᠳᠡ᠎ᠶᠢᠨ ᠪᠠᠲᠦ ᠰᠠᠭᠤᠷᠢ

ᠪᠠᠭᠠᠷᠢᠨ ᠵᠡᠭᠦᠨ ᠬᠣᠰᠢᠭᠤ ᠰᠡᠷᠢᠬᠦᠨ ᠪᠦᠰᠡᠨ᠎ᠤ ᠡᠬᠡ ᠬᠠᠭᠤᠷᠠᠢ᠎ᠶᠢᠨ ᠴᠢᠨᠠᠷᠲᠠᠢ ᠠᠭᠤᠷ ᠠᠮᠢᠰᠬᠤᠯ ᠲᠠᠢ᠂ ᠬᠠᠷ᠎ᠠ ᠺᠠᠯᠼᠲᠦ ᠬᠦᠷᠦᠰᠦ ᠲᠠᠢ᠂ ᠡᠨᠡ ᠬᠦ᠌ ᠦᠪᠡᠷᠮᠢᠴᠠ ᠠᠭᠤᠷ ᠠᠮᠢᠰᠬᠤᠯ ᠪᠠ ᠬᠦᠷᠦᠰᠦ ᠰᠢᠷᠤᠢ᠎ᠶᠢᠨ ᠨᠦᠭᠦᠴᠡᠯ᠎ᠨᠢ ᠱᠦᠭᠦᠷ ᠡᠪᠡᠰᠦ ᠲᠠᠷᠢᠬᠤ᠎ᠳᠤ ᠮᠠᠰᠢ ᠲᠣᠬᠢᠷᠠᠬᠰᠠᠨ ᠪᠠᠢᠲᠠᠭ᠃ ᠲᠤᠬᠠᠢ᠎ᠶᠢᠨ ᠭᠠᠵᠠᠷ᠎ᠤᠨ ᠨᠠᠰᠤᠲᠠᠢᠴᠤᠳ ᠲᠠᠩᠲᠠ᠄ 《ᠮᠠᠨ᠎ᠤ ᠡᠨᠳᠡᠬᠢ ᠱᠦᠬᠦᠷ ᠡᠪᠡᠰᠦ ᠡᠰᠢ ᠨᠢ ᠰᠢᠯᠤᠭᠤᠨ᠂ ᠴᠢᠨᠠᠷ ᠨᠢ ᠬᠠᠷᠢᠮᠠᠬᠠᠢ᠂ ᠦᠩᠭᠡ ᠨᠢ ᠴᠡᠪᠡᠷ᠂ ᠡᠨᠡ ᠡᠪᠡᠰᠦ ᠪᠡᠷ ᠬᠦᠷᠦᠭᠰᠡᠨ ᠱᠦᠬᠦᠷ᠎ᠢ ᠠᠷᠪᠠᠨ ᠵᠢᠯ ᠵᠠᠷᠤᠭᠰᠠᠨ ᠴᠦ᠍ ᠡᠪᠳᠡᠷᠡᠬᠦ ᠦᠬᠡᠢ》 ᠭᠡᠵᠦ ᠶᠠᠷᠢᠲᠠᠭ᠃

ᠡᠢᠨᠬᠦ ᠪᠠᠭᠠᠷᠢᠨ ᠵᠡᠬᠦᠨ ᠬᠤᠰᠢᠭᠤᠨ᠎ᠤ ᠵᠠᠰᠠᠭ᠎ᠤᠨ ᠤᠷᠲᠤᠨ ᠡᠴᠡ ᠱᠦᠬᠦᠷ ᠡᠪᠡᠰᠦᠨ᠎ᠤ ᠠᠵᠦ ᠦᠢᠯᠡᠰ᠎ᠢ ᠴᠢᠬᠤᠯᠠᠴᠢᠯᠠᠨ ᠬᠦᠭᠵᠢᠬᠦᠯᠵᠦ᠂ ᠨᠢᠬᠡᠲᠦᠯᠳᠡᠢ ᠲᠦᠯᠦᠪᠵᠢᠬᠦᠯᠵᠦ᠂ ᠲᠤᠰᠬᠠᠢ ᠲᠦᠷᠦᠯ᠎ᠶ᠋ᠢᠡᠷ ᠲᠡᠮᠵᠢᠨ᠂ ᠱᠦᠭᠦᠷ ᠡᠪᠡᠰᠦᠨ᠎ᠤ ᠠᠵᠤ ᠦᠢᠯᠡᠰ᠎ᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠠᠷᠠᠳ᠎ᠤᠨ ᠠᠮᠢᠳᠤᠷᠠᠯ᠎ᠢ ᠳᠠᠢ᠌ᠴᠢᠯᠠᠨ ᠣᠷᠤᠯᠭ᠎ᠠ᠎ᠶᠢ᠎ᠨᠢ ᠨᠡᠮᠡᠭᠳᠡᠭᠦᠯᠬᠦ᠌ ᠤᠨᠴᠠᠯᠢᠭᠳᠤ ᠲᠤᠯᠭᠠᠭᠤᠷᠢ ᠠᠵᠤ ᠦᠢᠯᠡᠰ ᠪᠣᠯᠭᠠᠨ ᠬᠥᠭᠵᠢᠭᠦᠯᠵᠦ᠍᠂ ᠠᠷᠠᠳ ᠣᠯᠠᠨ᠎ᠤ ᠣᠷᠤᠯᠭ᠎ᠠ᠎ᠶᠢ ᠨᠡᠮᠡᠭᠳᠡᠭᠦᠯᠦᠨ ᠴᠢᠨᠡᠭᠡᠯᠢᠭᠵᠢᠬᠦᠯᠬᠦ᠎ᠶᠢᠨ  ᠴᠢᠬᠤᠯᠠ ᠬᠦᠳᠡᠯᠭᠡᠬᠦ ᠬᠦᠴᠦᠨ ᠪᠣᠯᠭᠠᠵᠤ ᠪᠠᠢ᠌ᠨ᠎ᠠ᠃

ᠬᠤᠰᠢᠭᠤ ᠵᠠᠰᠠᠭ᠎ᠤᠨ ᠤᠷᠲᠤᠨ ᠡᠴᠡ ᠠᠵᠤ ᠦᠢᠯᠡᠰ᠎ᠤᠨ ᠲᠤᠰᠬᠠᠢ ᠮᠥᠩᠭᠦᠨ ᠭᠦᠢᠯᠭᠡᠭᠡᠨ᠎ᠤ ᠲᠡᠳᠬᠦᠨ ᠳᠡᠮᠵᠢᠬᠦ᠌ ᠲᠥᠷᠦ᠎ᠶᠢᠨ ᠪᠣᠳᠤᠯᠭ᠎ᠠ᠎ᠶᠢ ᠬᠡᠷᠡᠭᠵᠢᠭᠦᠯᠵᠦ᠍᠂ ᠵᠢᠭᠡᠯᠡᠯᠭᠡ ᠣᠯᠭᠤᠬᠤ ᠲᠤᠭ᠎ᠠ ᠬᠡᠮᠵᠢᠶ᠎ᠡ᠎ᠶᠢ ᠶᠡᠭᠡ᠎ᠪᠠᠷ ᠳᠡᠭᠡᠭᠰᠢᠯᠡᠭᠦᠯᠦᠨ᠂ ᠵᠢᠭᠡᠯᠡᠯᠭᠡ᠎ᠶᠢᠨ ᠵᠢᠯ᠎ᠦᠨ ᠬᠦᠦ ᠮᠥᠩᠭᠦ᠎ᠶᠢ 8%᠎ᠠᠴᠠ 3% ᠪᠣᠯᠭᠠᠨ ᠪᠠᠭᠤᠷᠠᠭᠤᠯᠵᠤ᠂ ᠵᠥᠷᠢᠶᠡᠲᠦ᠍ ᠲᠣᠭᠠᠨ᠎ᠤ ᠬᠡᠰᠡᠭ᠎ᠢ᠎ᠨᠢ ᠬᠤᠰᠢᠭᠤᠨ᠎ᠤ ᠡᠳ᠋᠎ᠤᠨ ᠵᠠᠰᠠᠭ᠎ᠠᠴᠠ ᠪᠥᠬᠦ᠌ ᠲᠤᠭ᠎ᠠ᠎ᠪᠠᠷ  ᠨᠦᠬᠦᠪᠦᠷᠢᠯᠡᠨ᠂ ᠲᠠᠷᠢᠮᠠᠯ᠎ᠤᠨ ᠲᠣᠮᠤ ᠡᠷᠦᠬᠡ᠂ ᠡᠳ᠋ᠰᠢᠭᠦᠯᠬᠦ᠌ ᠠᠵᠤ ᠠᠬᠤᠢ᠌ᠯᠠᠯ᠂ ᠪᠣᠳᠠᠰ᠎ᠤᠨ ᠪᠤᠰᠤ ᠰᠣᠶᠤᠯ᠎ᠤᠨ ᠥᠪ᠎ᠢᠶᠠᠷ ᠠᠳᠠᠯ ᠦᠢᠯᠡᠰ ᠴᠣᠭᠴᠠᠯᠠᠬᠤ᠎ᠳᠤ ᠪᠡᠷᠬᠡ᠂ ᠪᠠᠯᠠ ᠬᠤᠷᠠᠮᠳᠤᠭᠤᠯᠬᠤ᠎ᠳᠤ ᠦᠨᠡᠲᠡᠢ᠂ ᠡᠷᠭᠢᠯᠲᠡ ᠬᠢᠬᠦ᠌᠎ᠳᠤ ᠬᠦᠴᠢᠷᠲᠡᠢ ᠪᠠᠢ᠌ᠬᠤ ᠠᠰᠠᠭᠤᠳᠠᠯ᠎ᠢ ᠦᠨᠡᠨ ᠬᠦ᠌ ᠰᠶ᠋ᠢᠳᠪᠦᠷᠢᠯᠡᠵᠦ᠍᠂ ᠠᠵᠤ ᠦᠢᠯᠡᠰ᠎ᠤᠨ ᠬᠥᠭᠵᠢᠯᠲᠡ᠎ᠳᠤ ᠮᠥᠩᠭᠦᠨ ᠭᠦᠢᠯᠭᠡᠭᠡᠨ᠎ᠤ ᠠᠮᠢᠵᠢᠷᠠᠯ᠎ᠤᠨ ᠬᠦᠴᠦᠨ  ᠣᠯᠭᠤᠵᠠᠢ᠃




ᠡᠬᠦᠨ᠎ᠤ ᠬᠠᠮᠲᠦ ᠱᠦᠭᠦᠷ ᠡᠪᠡᠰᠦᠨ᠎ᠤ ᠠᠵᠤ ᠦᠢᠯᠡᠰ᠎ᠤᠨ ᠥᠩᠭᠡᠷᠡᠭᠰᠡᠨ᠎ᠤ ᠲᠠᠷᠠᠬᠠᠢ ᠪᠤᠲᠠᠷᠬᠠᠢ ᠲᠠᠷᠢᠵᠤ ᠪᠠᠶ᠋ᠢᠭᠰᠠᠨ ᠪᠠᠶ᠋ᠢᠳᠠᠯ᠎ᠢ ᠲᠦᠢᠯᠪᠤᠷᠢᠲᠠᠢ ᠬᠣᠪᠢᠷᠠᠭᠤᠯᠬᠤ᠎ᠪᠠᠷ᠂ ᠲᠠᠷᠢᠶᠠᠯᠠᠩ᠂ ᠬᠤᠳᠠᠯᠳᠤᠭ᠎ᠠ᠂ ᠰᠣᠶᠤᠯ ᠵᠢᠭᠤᠯᠴᠢᠯᠠᠯ᠂ ᠮᠥᠩᠭᠦᠨ ᠭᠦᠢᠯᠭᠡᠭᠡ ᠵᠡᠷᠭᠡ ᠣᠯᠠᠨ ᠰᠠᠯᠠᠭ᠎ᠠ ᠮᠥᠴᠢᠷ᠎ᠢ ᠬᠠᠮᠵᠢᠯᠴᠠᠭᠤᠯᠤᠨ᠂ ᠨᠢᠭᠡᠳᠦᠯᠲᠡᠢ ᠤᠳᠤᠷᠢᠳᠤᠭᠰᠠᠨ᠂ ᠴᠤᠭᠭᠠᠷ ᠠᠳᠬᠤᠵᠤ ᠬᠠᠮᠲᠤ᠎ᠪᠠᠷ  ᠬᠠᠮᠢᠶᠠᠷᠤᠭᠰᠠᠨ ᠠᠵᠤ ᠦᠢᠯᠡᠰ᠎ᠤᠨ ᠬᠥᠭᠵᠢᠯᠲᠡ᠎ᠶᠢᠨ ᠪᠠᠢ᠌ᠷᠢᠰᠢᠯ᠎ᠢ ᠪᠣᠢ ᠪᠣᠯᠭᠠᠵᠠᠢ᠃ ᠲᠤᠰ ᠬᠤᠰᠢᠭᠤ ᠨᠢ ᠪᠥᠬᠦ᠌ ᠣᠷᠤᠨ ᠪᠦᠰᠡ᠎ᠶᠢᠨ ᠡᠬᠢ ᠪᠠᠶᠠᠯᠢᠭ᠎ᠤᠨ ᠳᠠᠪᠠᠭᠤᠯᠢᠭ᠎ᠲᠤ᠌ ᠰᠠᠭᠤᠷᠢᠯᠠᠨ᠂ ᠠᠵᠤ ᠦᠢᠯᠡᠰ᠎ᠤᠨ ᠬᠥᠭᠵᠢᠯᠲᠡ᠎ᠶᠢᠨ ᠪᠠᠢ᠌ᠷᠢᠰᠢᠭᠤᠯᠤᠯᠲᠠ᠎ᠶᠢ ᠰᠢᠨᠵᠢᠯᠡᠬᠦ᠌ ᠤᠬᠠᠭᠠᠨᠴᠢ᠎ᠪᠠᠷ ᠲᠥᠯᠦᠪᠵᠢᠭᠦᠯᠵᠦ᠍᠂ ᠠᠷᠪᠠᠨ ᠭᠤᠷᠪᠠᠨ ᠣᠪᠤᠭ᠎ᠠ ᠪᠠᠯᠭᠠᠰᠤ᠂ ᠬᠠᠷᠠᠬᠠᠳᠠ ᠪᠠᠯᠭᠠᠰᠤ᠂ ᠯᠦᠩ ᠴᠠᠩ ᠪᠠᠯᠭᠠᠰᠤᠨ᠎ᠤ ᠭᠤᠤᠯ ᠲᠠᠷᠢᠮᠠᠯ᠎ᠤᠨ ᠣᠷᠤᠨ᠎ᠳᠤ ᠲᠥᠪᠯᠡᠷᠡᠭᠦᠯᠦᠨ᠂ ᠪᠠᠷᠢᠮᠵᠢᠶᠠᠵᠢᠭᠰᠠᠨ ᠲᠠᠷᠢᠮᠠᠯ᠎ᠤᠨ ᠵᠢ᠍ᠱ᠌ᠢᠶ᠎ᠡ ᠦᠵᠡᠭᠦᠯᠬᠦ᠌ ᠪᠦᠰᠡ᠂ ᠨᠠᠷᠢᠯᠢᠭ ᠡᠳ᠋ᠰᠢᠭᠦᠯᠬᠦ᠌ ᠲᠤᠭᠤᠷᠢᠭ᠂ ᠰᠣᠶᠤᠯ ᠵᠢᠭᠤᠯᠴᠢᠯᠠᠯ ᠠᠭᠤᠰᠤᠯᠴᠠᠭᠰᠠᠨ ᠪᠡᠶᠡᠳᠡᠨ ᠣᠢ᠌ᠯᠠᠭᠠᠬᠤ ᠲᠤᠭᠤᠷᠢᠭ ᠵᠡᠷᠭᠡ᠎ᠶᠢ ᠵᠠᠭᠠᠭᠯᠠᠨ ᠲᠣᠭᠲᠠᠭᠠᠵᠤ᠂ ᠠᠵᠤ ᠦᠢᠯᠡᠰ᠎ᠤᠨ ᠬᠡᠪᠴᠢᠶᠡᠵᠢᠭᠰᠡᠨ᠂ ᠲᠥᠪᠯᠡᠷᠡᠭᠰᠡᠨ᠂ ᠵᠢᠷᠤᠮᠵᠢᠭᠰᠠᠨ ᠬᠥᠭᠵᠢᠯᠲᠡ᠎ᠶᠢ ᠪᠡᠶᠡᠯᠡᠭᠦᠯᠪᠡ᠃᠎ᠪᠠᠰᠠ ᠱᠦᠭᠦᠷ ᠡᠪᠡᠰᠦᠨ᠎ᠦ ᠡᠭᠦᠯᠳᠡᠷ᠎ᠢ ᠰᠠᠢ᠌ᠵᠢᠷᠠᠭᠤᠯᠬᠤ᠂ ᠲᠦᠭᠦᠬᠡᠢ ᠮᠠᠲ᠋ᠧᠷᠢᠶᠠᠯ ᠬᠠᠳᠠᠭᠠᠯᠠᠬᠤ᠂ ᠮᠡᠷᠭᠡᠵᠢᠯ᠎ᠤᠨ  ᠪᠣᠯᠪᠠᠰᠤᠷᠠᠯ᠂ ᠦᠢᠯᠡᠳᠬᠦᠨ᠎ᠢ ᠰᠤᠳᠤᠯᠤᠨ ᠨᠡᠭᠡᠭᠡᠬᠦ᠂ ᠵᠠᠬ᠎ᠠ ᠳᠡᠯᠭᠡᠭᠦᠷ᠎ᠤᠨ ᠪᠣᠷᠤᠯᠠᠭᠤᠯᠭ᠎ᠠ ᠵᠡᠷᠭᠡ ᠲᠠᠪᠤᠨ ᠶᠡᠭᠡ ᠴᠢᠭᠯᠡᠯ᠎ᠢ ᠲᠣᠳᠤᠷᠬᠠᠢ᠌ᠯᠠᠨ᠂ ᠱᠦᠭᠦᠷ ᠡᠪᠡᠰᠦᠨ᠎ᠤ ᠠᠵᠤ ᠦᠢᠯᠡᠰ᠎ᠤᠨ ᠬᠥᠭᠵᠢᠯᠲᠡ᠎ᠶᠢ ᠪᠥᠬᠦ᠌ ᠬᠤᠰᠢᠭᠤᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠢ ᠠᠵᠢᠯ᠎ᠤᠨ ᠬᠢᠨᠠᠨ ᠰᠢᠯᠭᠠᠯᠲᠠ᠎ᠳᠤ ᠣᠷᠤᠭᠤᠯᠵᠤ᠂ ᠬᠥᠭᠵᠢᠯᠲᠡ᠎ᠶᠢᠨ ᠬᠠᠷᠠᠯᠲᠠ᠎ᠶᠢ ᠵᠢᠯ ᠳᠠᠷᠠᠭᠠᠯᠠᠨ ᠨᠠᠷᠢᠯᠢᠭᠵᠢᠭᠤᠯᠤᠨ᠂ ᠠᠵᠢᠯ᠎ᠤᠨ ᠬᠠᠷᠢᠭᠤᠴᠠᠯᠭ᠎ᠠ᠎ᠶᠢ ᠪᠣᠳᠠᠲᠠᠢ᠌ᠵᠢᠭᠤᠯᠵᠤ᠂ ᠲᠠᠷᠢᠮᠠᠯ᠎ᠤᠨ ᠬᠡᠪᠴᠢᠶ᠎ᠡ᠎ᠶᠢ ᠦᠷᠭᠦᠯᠵᠢᠯᠡᠨ ᠲᠣᠭᠲᠠᠭᠤᠨ᠎ᠢᠶᠠᠷ ᠥᠷᠭᠡᠳᠬᠡᠨ᠂ ᠪᠥᠬᠦ᠌ ᠬᠤᠰᠢᠭᠤᠨ᠎ᠤ ᠱᠦᠭᠦᠷ  ᠡᠪᠡᠰᠦ ᠳᠠᠷᠢᠬᠤ ᠲᠠᠯᠠᠪᠠᠢ᠎ᠶᠢ 30 ᠭᠠᠷᠤᠢ ᠲᠦᠮᠡᠨ ᠮᠥ᠍᠎ᠠᠴᠠ ᠳᠡᠭᠡᠭᠰᠢ ᠪᠠᠢ᠌ᠯᠭᠠᠬᠤ᠎ᠶᠢ ᠪᠠᠲᠤᠯᠠᠵᠤ᠂ ᠠᠵᠤ ᠦᠢᠯᠡᠰ᠎ᠤᠨ ᠣᠷᠳᠤ ᠬᠤᠭᠤᠴᠠᠭᠠᠨ᠎ᠤ ᠪᠦᠲᠦᠮᠵᠢᠲᠡᠢ ᠬᠥᠭᠵᠢᠯᠲᠡ᠎ᠶᠢᠨ ᠰᠠᠭᠤᠷᠢ᠎ᠶᠢ  ᠪᠠᠲᠤᠳᠬᠠᠵᠤ ᠪᠠᠶ᠋ᠢᠨ᠎ᠠ᠃

ᠪᠠᠭᠠᠷᠢᠨ ᠵᠡᠭᠦᠨ ᠬᠣᠰᠢᠭᠤ ᠠᠵᠤ ᠠᠬᠤᠢ᠌ᠯᠠᠯ᠎ᠳᠤ ᠠᠰᠢᠭ ᠬᠦᠷᠲᠡᠭᠡᠬᠦ᠂ ᠨᠠᠷᠢᠯᠢᠭ ᠣᠨᠣᠪᠴᠢᠲᠠᠢ᠎ᠪᠠᠷ ᠮᠡᠷᠭᠡᠵᠢᠯ᠎ᠦᠨ ᠳᠡᠮᠵᠢᠯᠭᠡ ᠦᠵᠡᠭᠦᠯᠬᠦ᠌ ᠵᠠᠷᠴᠢᠮ᠎ᠢ ᠪᠠᠷᠢᠮᠲᠠᠯᠠᠵᠤ᠂ ᠲᠠᠷᠢᠶᠠᠴᠢᠳ᠎ᠤᠨ ᠲᠠᠷᠢᠬᠤ᠂ ᠠᠵᠤ ᠠᠬᠤᠢ᠌ᠯᠠᠯ᠎ᠤᠨ ᠡᠳ᠋ᠰᠢᠭᠦᠯᠬᠦ᠂ ᠦᠢᠯᠡᠰ ᠪᠣᠰᠬᠠᠬᠤ ᠥᠪᠡᠷ᠎ᠤᠨ ᠥᠷᠲᠡᠭ᠎ᠢ ᠪᠦᠬᠦ᠌ ᠲᠠᠯ᠎ᠠ᠎ᠪᠠᠷ ᠪᠠᠭᠤᠷᠠᠭᠤᠯᠪᠠ᠃ ᠠᠵᠤ ᠠᠬᠤᠢ᠌ᠯᠠᠯ᠎ᠢ ᠲᠡᠳᠬᠦᠨ ᠳᠡᠮᠵᠢᠬᠦ᠌ ᠲᠠᠯ᠎ᠠ᠎ᠪᠠᠷ᠂ ᠱᠦᠭᠦᠷ ᠡᠪᠡᠰᠦ ᠡᠳ᠋ᠰᠢᠭᠦᠯᠬᠦ᠌ ᠦᠢᠯᠡᠳᠪᠦᠷᠢ᠎ᠶᠢᠨ ᠬᠡᠷ ᠪᠠᠢ᠌ᠰᠢᠩ᠂ ᠠᠦ᠋ᠲ᠋ᠤᠴᠢᠯᠠᠨ ᠪᠣᠯᠪᠠᠰᠤᠷᠠᠭᠤᠯᠬᠤ ᠲᠥᠬᠦᠭᠡᠷᠦᠮᠵᠢ ᠬᠤᠳᠠᠯᠳᠤᠨ ᠠᠪᠤᠭᠰᠠᠨ ᠡᠵᠡᠩᠨᠡᠯᠲᠡ᠎ᠶᠢᠨ ᠭᠤᠤᠯ ᠴᠣᠭᠴᠠ᠎ᠳᠤ ᠲᠤᠰᠬᠠᠢ ᠲᠦᠷᠦᠯ᠎ᠦᠨ ᠨᠥᠬᠦᠪᠦᠷᠢ ᠣᠯᠭᠤᠵᠤ᠂ ᠬᠡᠪᠴᠢᠶᠡᠵᠢᠭᠦᠯᠦᠨ ᠡᠳ᠋ᠰᠢᠭᠦᠯᠬᠦ᠌ ᠠᠵᠤ ᠠᠬᠤᠢ᠌ᠯᠠᠯ᠂ ᠲᠤᠰᠬᠠᠢ ᠬᠤᠷᠰᠢᠶᠠᠵᠢᠯ᠎ᠢ ᠭᠤᠤᠯᠳᠠᠯᠭ᠎ᠠ᠎ᠲᠠᠢ ᠳᠡᠮᠵᠢᠵᠦ᠍᠂ ᠨᠡᠢ᠌ᠲᠡ 40 ᠪᠠᠷᠢᠮᠵᠢᠶᠠᠵᠢᠭᠤᠯᠤᠨ ᠡᠳ᠋ᠰᠢᠭᠦᠯᠬᠦ᠌ ᠦᠢᠯᠡᠳᠪᠦᠷᠢ᠎ᠶᠢ ᠰᠢᠨ᠎ᠡ᠎ᠪᠠᠷ ᠪᠠᠶ᠋ᠢᠭᠤᠯᠵᠤ᠂ ᠪᠥᠬᠦ᠌ ᠬᠤᠰᠢᠭᠤᠨ᠎ᠤ ᠬᠡᠪᠴᠢᠶᠡᠵᠢᠭᠦᠯᠦᠨ ᠡᠳ᠋ᠰᠢᠭᠦᠯᠬᠦ᠌ ᠭᠤᠤᠯ ᠴᠣᠭᠴᠠ 86 ᠪᠣᠯᠵᠤ᠂ ᠬᠡᠷ ᠪᠦᠯᠢ᠎ᠶᠢᠨ ᠵᠢᠵᠢᠭ ᠦᠢᠯᠡᠳᠭᠡᠯ᠎ᠦᠨ ᠭᠠᠵᠠᠷ᠎ᠤᠨ ᠲᠠᠷᠠᠬᠠᠢ ᠪᠤᠲᠠᠷᠬᠠᠢ ᠡᠳ᠋ᠰᠢᠭᠦᠯᠬᠦ᠌ ᠬᠤᠴᠤᠷᠤᠩᠭᠤᠢ ᠵᠠᠭᠪᠤᠷ᠎ᠢ ᠲᠣᠶ᠋ᠢᠯᠪᠤᠷᠢᠲᠠᠢ ᠦᠭᠡᠷᠡᠴᠢᠯᠡᠪᠡ᠃ ᠡᠯᠸᠺᠲᠷᠣᠨ ᠬᠤᠳᠠᠯᠳᠤᠭᠠᠨ᠎ᠤ ᠪᠣᠷᠤᠯᠠᠭᠤᠯᠭ᠎ᠠ᠎ᠶᠢᠨ ᠬᠦᠷᠢᠶᠡᠨ᠎ᠳᠤ᠂ ᠵᠠᠰᠠᠭ᠎ᠤᠨ ᠣᠷᠳᠤᠨ ᠪᠠᠷᠠᠭᠠᠨ᠎ᠤ ᠭᠦᠢᠯᠭᠡᠭᠡᠨ᠎ᠤ ᠨᠥᠬᠦᠪᠦᠷᠢ᠂ ᠰᠢᠭᠤᠳ ᠨᠡᠪᠲᠡᠷᠡᠭᠦᠯᠭᠡ᠎ᠪᠠᠷ ᠲᠡᠳᠬᠦᠬᠦ᠌ ᠵᠡᠷᠭᠡ ᠤᠷᠮᠠᠰᠢᠭᠤᠯᠬᠤ ᠲᠥᠷᠦ᠎ᠶᠢᠨ ᠪᠣᠳᠤᠯᠭ᠎ᠠ᠎ᠶᠢ ᠬᠡᠷᠡᠭᠵᠢᠬᠦᠯᠵᠦ᠂ ᠰᠦᠯᠵᠢᠶᠡᠨ ᠳᠡᠭᠡᠷᠡᠬᠢ ᠪᠣᠷᠤᠯᠠᠭᠤᠯᠤᠯᠲᠠ᠎ᠶᠢᠨ ᠦᠪᠡᠷ᠎ᠤᠨ ᠥᠷᠲᠡᠭ᠎ᠢ ᠪᠦᠲᠦᠮᠵᠢᠲᠡᠢ ᠪᠠᠭᠤᠷᠠᠭᠤᠯᠤᠨ᠂ ᠡᠵᠡᠩᠨᠡᠯᠲᠡ᠎ᠶᠢᠨ ᠭᠤᠤᠯ ᠴᠣᠭᠴᠠ᠎ᠶᠢᠨ ᠡᠯᠸᠺᠲᠷᠤᠨ ᠬᠤᠳᠠᠯᠳᠤᠭᠠᠨ᠎ᠤ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ  ᠵᠣᠷᠢᠭᠵᠢᠭᠤᠯᠵᠠᠢ᠃

ᠰᠢᠨ᠎ᠡ ᠮᠡᠷᠭᠡᠵᠢᠯ᠄ ᠬᠤᠷᠢᠶᠠᠯᠲᠠ᠎ᠶᠢ ᠲᠤᠭᠲᠠᠪᠦᠷᠢᠵᠢᠭᠤᠯᠵᠦ ᠤᠷᠤᠯᠭ᠎ᠠ᠎ᠶᠢ ᠪᠠᠲᠤᠯᠠᠬᠤ ᠦᠨᠲᠦᠰᠦ

ᠤᠯᠠᠮᠵᠢᠯᠠᠯᠲᠤ᠌ ᠲᠠᠷᠢᠮᠠᠯ᠎ᠤᠨ ᠲᠥᠷᠦᠯ ᠵᠦᠢᠯ᠎ᠦᠨ ᠭᠠᠷᠤᠯᠲᠠ ᠲᠣᠭᠲᠠᠭᠤᠨ ᠦᠭᠡᠢ᠂ ᠶᠠᠰᠤ ᠴᠢᠨᠠᠷ ᠲᠡᠭᠰᠢ ᠪᠤᠰᠤ᠂ ᠭᠠᠮᠰᠢᠭ᠎ᠲᠠᠢ ᠲᠡᠮᠡᠴᠡᠬᠦ᠌ ᠴᠢᠳᠠᠪᠤᠷᠢ ᠪᠠᠭᠤᠷᠠᠢ ᠵᠡᠷᠭᠡ ᠠᠰᠠᠭᠤᠳᠠᠯ᠎ᠳᠤ ᠴᠢᠭᠯᠡᠭᠦᠯᠦᠨ᠂ ᠵᠠᠰᠠᠭ᠎ᠤᠨ ᠤᠷᠲᠤᠨ᠂ ᠠᠵᠤ ᠠᠬᠤᠢ᠌ᠯᠠᠯ᠂ ᠰᠤᠷᠭᠠᠭᠤᠯᠢ᠎ᠶᠢᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠠᠮᠲᠤᠷᠠᠯᠴᠠᠭᠠᠨ᠎ᠤ ᠲᠠᠪᠴᠠᠩ᠎ᠢ ᠪᠠᠢ᠌ᠭᠤᠯᠵᠤ᠂ ᠤᠯᠠᠭᠠᠨᠬᠠᠳᠠ ᠬᠤᠲᠠ᠎ᠶᠢᠨ ᠲᠠᠷᠢᠶᠠᠯᠠᠩ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠲᠠᠢ ᠬᠠᠮᠲᠤᠷᠠᠨ ᠰᠠᠢ᠌ᠨ ᠡᠭᠦᠯᠳᠡᠷ᠎ᠢ ᠪᠣᠢ᠌ᠵᠢᠭᠤᠯᠬᠤ᠂ ᠡᠭᠦᠯᠳᠡᠷ᠎ᠢ ᠰᠢᠯᠢᠳᠡᠭᠵᠢᠭᠦᠯᠬᠦ᠌ ᠪᠠ ᠲᠠᠷᠢᠮᠠᠯ᠎ᠤᠨ ᠮᠡᠷᠭᠡᠵᠢᠯ᠎ᠤᠨ ᠪᠣᠭᠤᠮᠲᠠ ᠰᠢᠪᠲᠤᠯᠬᠤ᠎ᠶᠢ ᠥᠷᠨᠢᠭᠦᠯᠵᠦ᠍᠂ ᠰᠠᠢ᠌ᠨ ᠡᠭᠦᠯᠳᠡᠷ᠎ᠢ ᠰᠢᠭᠰᠢᠨ ᠰᠣᠩᠭᠤᠬᠤ᠂ ᠲᠤᠷᠰᠢᠯᠲᠠ ᠬᠢᠵᠦ᠍ ᠵᠢᠱ᠌ᠢᠶ᠎ᠠ ᠦᠵᠡᠭᠦᠯᠬᠦ᠂ ᠮᠡᠷᠭᠡᠵᠢᠯ᠎ᠢ ᠳᠡᠯᠭᠡᠷᠡᠭᠦᠯᠬᠦ᠌᠎ᠶᠢ ᠨᠢᠭᠡᠳᠦᠯᠲᠡᠢ ᠶᠠᠪᠤᠭᠳᠠᠭᠤᠯᠤᠨ᠂ ᠪᠠᠷᠢᠮᠵᠢᠶᠠᠵᠢᠭᠰᠠᠨ ᠰᠠᠢ᠌ᠨ ᠡᠭᠦᠯᠳᠡᠷ᠎ᠢ ᠲᠠᠷᠢᠵᠦ ᠪᠣᠢ᠌ᠵᠢᠭᠤᠯᠬᠤ ᠰᠠᠭᠤᠷᠢᠨ ᠭᠠᠵᠠᠷ᠎ᠢ ᠪᠥᠲᠦᠭᠡᠨ ᠪᠠᠢ᠌ᠭᠤᠯᠵᠤ᠂ ᠡᠰᠢ᠎ᠨᠢ ᠨᠡᠯᠢᠶᠡᠳ ᠰᠢᠯᠤᠭᠤᠨ᠂ ᠤᠶᠠᠨ ᠬᠠᠲᠠᠨ ᠴᠢᠨᠠᠷ᠎ᠢᠶᠠᠷ ᠴᠢᠩᠭ᠎ᠠ᠂ ᠥᠩᠭᠡ᠎ᠨᠢ ᠵᠢᠭᠳᠡ᠂ ᠰᠢᠯᠢᠳᠡᠭ ᠰᠠᠢ᠌ᠨ ᠴᠢᠨᠠᠷ᠎ᠤᠨ ᠱᠦᠭᠦᠷ ᠡᠪᠡᠰᠦᠨ᠎ᠦ ᠴᠢᠬᠢ᠎ᠶᠢ ᠪᠣᠶ᠋ᠢᠵᠢᠭᠤᠯᠵᠤ᠂ ᠭᠠᠵᠠᠷ ᠵᠦᠢ᠎ᠶᠢᠨ ᠢᠯᠡᠷᠭᠡᠢᠯᠡᠯᠳᠦ ᠦᠢᠯᠡᠳᠬᠦᠨ᠎ᠤ ᠶᠠᠰᠤ ᠴᠢᠨᠠᠷ᠎ᠤᠨ ᠳᠠᠪᠠᠭᠤᠯᠢᠭ᠎ᠢ ᠤᠯᠠᠮ ᠨᠢᠭᠡ ᠠᠯᠬᠤᠮ  ᠲᠤᠪᠤᠢᠯᠭᠠᠵᠠᠢ᠃




ᠡᠭᠦᠨ᠎ᠤ ᠬᠠᠮᠲᠤ᠌᠂ ᠰᠦᠢᠳᠬᠡᠯ ᠬᠤᠷᠢᠶᠠᠬᠤ  ᠦᠭᠡᠢ᠎ᠪᠡᠷ ᠲᠠᠷᠢᠶᠠᠯᠠᠩ ᠎ᠤᠨ ᠮᠡᠷᠭᠡᠵᠢᠯ᠎ᠢ ᠬᠥᠳᠡᠭᠡ ᠪᠠᠭᠤᠯᠭᠠᠬᠤ ᠪᠣᠯᠪᠠᠰᠤᠷᠠᠯ᠎ᠢ ᠪᠠᠶ᠋ᠢᠩᠭᠤ᠎ᠶᠢᠨ  ᠴᠢᠨᠠᠷᠲᠠᠢ ᠥᠷᠨᠢᠭᠦᠯᠵᠦ᠍᠂ ᠲᠠᠷᠢᠶᠠᠯᠠᠩ ᠎ᠤᠨ ᠮᠡᠷᠭᠡᠵᠢᠯ᠎ᠤᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠤᠨ ᠲᠠᠷᠢᠶᠠᠨ ᠭᠠᠵᠠᠷ᠎ᠲᠤ᠌ ᠭᠦᠨᠵᠡᠭᠡᠢ᠌ᠷᠡᠭᠦᠯᠦᠨ᠂ ᠲᠠᠷᠢᠶᠠᠴᠢᠨ ᠡᠷᠦᠬᠡ᠎ᠳᠤ ᠳᠠᠷᠢᠬᠤ᠂ ᠲᠠᠷᠢᠶᠠᠨ ᠭᠠᠵᠠᠷ᠎ᠤᠨ ᠬᠠᠮᠢᠶᠠᠷᠤᠯᠲᠠ᠂ ᠡᠪᠡᠳᠴᠢᠨ ᠬᠤᠷᠤᠬᠠᠢ᠎ᠶᠢᠨ ᠬᠥᠨᠦᠭᠡᠯ᠎ᠢ ᠰᠡᠷᠭᠡᠢ᠌ᠯᠡᠨ ᠵᠠᠰᠠᠬᠤ᠂ ᠴᠠᠭ᠎ᠲᠤᠨᠢ ᠳᠣᠭᠢᠷᠠᠭᠤᠯᠤᠨ ᠬᠠᠳᠤᠵᠤ ᠬᠤᠷᠢᠶᠠᠬᠤ ᠵᠡᠷᠭᠡ ᠪᠦᠬᠦ᠌ ᠶᠠᠪᠤᠴᠠ᠎ᠳᠤ ᠮᠡᠷᠭᠡᠵᠢᠯ᠎ᠤᠨ ᠵᠢᠯᠤᠭᠤᠳᠤᠯᠭ᠎ᠠ ᠬᠠᠩᠭᠠᠵᠤ᠂ ᠤᠰᠤ ᠠᠷᠪᠢᠯᠠᠬᠤ᠂ ᠭᠠᠩ ᠬᠠᠭᠰᠠᠷᠠᠭᠠᠨ᠎ᠲᠠᠢ ᠲᠡᠮᠡᠴᠡᠬᠦ᠂ ᠪᠠᠷᠢᠮᠵᠢᠶᠠᠵᠢᠭᠰᠠᠨ ᠲᠠᠷᠢᠮᠠᠯ᠎ᠤᠨ ᠵᠠᠭᠪᠤᠷ᠎ᠢ ᠳᠡᠯᠭᠡᠷᠡᠭᠦᠯᠪᠡ᠃ ᠲᠣᠰᠬᠤᠨ᠎ᠤ ᠬᠠᠮᠲᠤ᠎ᠶᠢᠨ  ᠬᠣᠷᠰᠢᠶᠠᠵᠢᠯ᠎ᠳᠦ ᠲᠦᠰᠢᠭᠯᠡᠨ 《ᠨᠢᠭᠡᠳᠦᠯᠲᠡᠢ ᠦᠷ᠎ᠡ᠂ ᠨᠢᠭᠡᠳᠦᠯᠲᠡᠢ ᠮᠡᠷᠭᠡᠵᠢᠯ᠂ ᠨᠢᠭᠡᠳᠦᠯᠲᠡᠢ  ᠬᠠᠮᠢᠶᠠᠷᠤᠯᠲᠠ᠂ ᠨᠢᠭᠡᠳᠦᠯᠲᠡᠢ  ᠬᠤᠷᠢᠶᠠᠯᠲᠠ》 《ᠳᠥᠷᠪᠡ᠎ᠶᠢ ᠨᠢᠭᠡᠳᠦᠯᠳᠡᠢ ᠪᠤᠯᠭᠠᠬᠤ》 ᠵᠠᠭᠪᠤᠷ᠎ᠢ ᠬᠡᠷᠡᠭᠵᠢᠭᠦᠯᠵᠦ᠍᠂ ᠲᠠᠷᠢᠶᠠᠴᠢᠳ᠎ᠤᠨ 《ᠳᠠᠷᠢᠵᠤ ᠴᠢᠳᠠᠬᠤ ᠥᠬᠡᠢ᠂ ᠳᠠᠷᠢᠵᠤ ᠪᠣᠯᠬᠤ ᠥᠬᠡᠢ᠂ ᠬᠤᠳᠠᠯᠳᠤᠵᠤ ᠭᠠᠷᠬᠤ ᠥᠬᠡᠢ》 ᠡᠷᠡᠭᠡᠯᠵᠡᠯ᠎ᠢ ᠦᠨᠳᠦᠰᠦᠨ᠎ᠡᠴᠡ ᠨᠢ ᠰᠢ᠌ᠳᠪᠦᠷᠢᠯᠡᠵᠦ᠍᠂ ᠮᠥ᠍ ᠪᠦᠷᠢ᠎ᠶᠢᠨ ᠳᠤᠮᠳᠠᠴᠢ ᠭᠠᠷᠤᠯᠲᠠ ᠪᠠ ᠲᠠᠷᠢᠮᠠᠯ᠎ᠤᠨ ᠠᠰᠢᠭ ᠣᠷᠤᠯᠭ᠎ᠠ ᠎ᠶᠢ ᠵᠡᠷᠭᠡ ᠳ᠋ᠤᠨᠢ ᠳᠡᠭᠡᠭᠰᠢᠯᠡᠭᠦᠯᠦᠨ᠂ ᠬᠠᠭᠤᠷᠠᠢ ᠭᠠᠵᠠᠷ᠂ ᠬᠥᠲᠦᠯ ᠭᠠᠵᠠᠷ ᠵᠡᠷᠭᠡ ᠦᠷ᠎ᠡ ᠠᠰᠢᠭ᠎ᠢᠶᠠᠷ ᠪᠠᠷᠤᠬᠳᠠᠢ  ᠭᠠᠵᠠᠷ᠎ᠤᠷᠤᠨ᠎ᠤ  ᠣᠷᠤᠯᠭ᠎ᠠ᠎ᠶᠢ ᠨᠡᠮᠡᠭᠳᠡᠭᠦᠯᠦᠭᠰᠡᠨ ᠪᠠᠶ᠋ᠢᠨ᠎ᠠ᠃

ᠦᠢᠯᠡᠳᠬᠦᠨ᠎ᠤ ᠪᠣᠷᠤᠯᠠᠭᠤᠯᠭ᠎ᠠ᠎ᠶᠢᠨ ᠵᠠᠮ᠎ᠨᠢ ᠢᠪᠴᠤᠤ᠂ ᠦᠨ᠎ᠡ ᠬᠠᠩᠰᠢ ᠳᠣᠣᠷ᠎ᠠ ᠵᠡᠷᠭᠡ ᠬᠦᠴᠢᠷ ᠠᠰᠠᠭᠤᠳᠠᠯ᠎ᠢ ᠰᠶ᠋ᠢᠳᠪᠦᠷᠢᠯᠡᠬᠦ᠌᠎ᠶᠢᠨ ᠲᠥᠯᠦᠭᠡ᠂ ᠬᠣᠰᠢᠭᠤ ᠵᠠᠰᠠᠭ᠎ᠤᠨ ᠣᠷᠳᠣᠨ ᠣᠷᠤᠨ ᠪᠦᠰᠡ᠎ᠶᠢᠨ ᠣᠯᠠᠨ ᠨᠡᠢ᠌ᠲᠡ᠎ᠶᠢᠨ ᠨᠠᠷᠠᠲᠤ᠌ ᠲᠡᠮᠳᠡᠭ᠎ᠢ ᠪᠥᠬᠦ᠌ ᠬᠦᠴᠦᠨ᠎ᠢᠶᠠᠷ᠎ᠢᠶᠠᠨ ᠴᠤᠭᠴᠠᠯᠠᠵᠦ᠂ 《ᠪᠠᠭᠠᠷᠢᠨ ᠵᠡᠭᠦᠨ ᠬᠤᠰᠢᠭᠤᠨ᠎ᠤ ᠱᠦᠭᠦᠷ ᠡᠪᠡᠰᠦ》 ᠎ᠶ᠋ᠢᠨ ᠤᠯᠤᠰ᠎ᠤᠨ ᠭᠠᠵᠠᠷ ᠵᠦᠢ᠎ᠶᠢᠨ ᠢᠯᠡᠷᠭᠡᠢᠯᠡᠯᠲᠦ ᠲᠦᠷᠦᠯ ᠲᠡᠮᠳᠡᠭ᠎ᠢ ᠬᠡᠷᠡᠭᠯᠡᠬᠦ᠌ ᠪᠠᠷᠢᠮᠵᠢᠶ᠎ᠠ᠎ᠶᠢ ᠴᠢᠩᠭ᠎ᠠ ᠵᠢᠷᠤᠮᠵᠢᠭᠤᠯᠤᠨ᠂ ᠣᠷᠤᠨ ᠨᠤᠲᠤᠭ᠎ᠤᠨ ᠣᠨᠴᠠᠯᠢᠭ᠎ᠲᠠᠢ ᠬᠤᠪᠢᠶᠠᠷᠢ ᠨᠠᠷᠠᠲᠤ᠌ ᠲᠡᠮᠳᠡᠭ᠎ᠢ  ᠡᠭᠦᠳᠴᠦ᠍᠂ 《ᠣᠷᠤᠨ ᠪᠦᠰᠡ᠎ᠶᠢᠨ ᠣᠯᠠᠨ ᠨᠡᠢ᠌ᠲᠡ᠎ᠶᠢᠨ ᠨᠠᠷᠠᠲᠤ᠌ ᠲᠡᠮᠳᠡᠭ + ᠠᠵᠤ ᠠᠬᠤᠢ᠌ᠯᠠᠯ᠎ᠤᠨ ᠣᠨᠴᠠᠯᠢᠭᠲᠤ᠌ ᠨᠠᠷᠠᠲᠤ᠌ ᠲᠡᠮᠳᠡᠭ》 ᠎ᠤ᠋ᠨ ᠬᠤᠤᠰ ᠨᠠᠷᠠᠲᠤ᠌ ᠲᠡᠮᠳᠡᠭ᠎ᠤᠨ ᠰᠢᠰᠲ᠋ᠧᠮ᠎ᠢ ᠪᠣᠢ ᠪᠣᠯᠭᠠᠵᠠᠢ᠃ ᠵᠠᠰᠠᠭ᠎ᠤᠨ ᠣᠷᠳᠤᠨ᠎ᠠᠴᠠ ᠰᠠᠨᠠᠭᠠᠴᠢᠯᠠᠭ᠎ᠠ᠎ᠠᠴᠠ᠎ᠪᠠᠨ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠯᠴᠠᠭᠤᠯᠬᠤ ᠲᠠᠪᠴᠠᠩ᠎ᠢ ᠪᠠᠢ᠌ᠭᠤᠯᠵᠤ᠂ ᠡᠵᠡᠩᠨᠡᠯᠲᠡ᠎ᠶᠢᠨ ᠭᠤᠤᠯ ᠴᠣᠭᠴᠠ᠎ᠶᠢ ᠪᠠᠶ᠋ᠢᠭᠤᠯᠤᠨ᠂ ᠪᠦᠬᠦ᠌ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠦᠵᠡᠰᠬᠦᠯᠡᠩ᠂ ᠰᠣᠶᠤᠯ ᠵᠢᠭᠤᠯᠴᠢᠯᠠᠯ᠎ᠤᠨ ᠦᠵᠡᠭᠦᠯᠭᠡ ᠪᠣᠷᠤᠯᠠᠭᠤᠯᠭ᠎ᠠ᠎ᠶᠢᠨ ᠴᠤᠭᠯᠠᠭᠠᠨ᠂ ᠤᠨᠴᠠᠯᠢᠭᠳᠤ ᠲᠠᠷᠢᠶᠠᠯᠠᠩ᠎ᠤᠨ ᠪᠦᠲᠦᠭᠡᠭᠳᠡᠬᠦᠨ᠎ᠤ ᠲᠠᠨᠢᠯᠴᠠᠭᠤᠯᠭ᠎ᠠ᠎ᠶᠢᠨ ᠬᠤᠷᠠᠯ᠎ᠳᠤ ᠣᠷᠤᠯᠴᠠᠭᠤᠯᠵᠤ᠂ ᠪᠣᠳᠠᠰ᠎ᠤᠨ ᠪᠤᠰᠤ ᠰᠣᠶᠤᠯ᠎ᠤᠨ ᠥᠪ᠎ᠤᠨ ᠱᠦᠭᠦᠷ ᠡᠪᠡᠰᠦ᠎ᠶᠢᠨ ᠰᠣᠶᠤᠯ᠎ᠤᠨ ᠪᠦᠲᠦᠬᠡᠯᠴᠢ ᠪᠦᠲᠦᠭᠡᠭᠳᠡᠬᠦᠨ᠎ᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠵᠡᠢ᠃ ᠡᠭᠦᠨ᠎ᠤ ᠬᠠᠮᠲᠤ ᠡᠯᠸᠺᠲᠷᠤᠨ ᠬᠤᠳᠠᠯᠳᠤᠭᠠᠨ᠎ᠤ ᠠᠵᠤ ᠠᠬᠤᠢ᠂ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠬᠤᠳᠠᠯᠳᠤᠬᠤ᠎ᠶᠢ ᠶᠡᠭᠡ᠎ᠪᠠᠷ ᠬᠥᠭᠵᠢᠭᠦᠯᠵᠦ᠍᠂ ᠲᠣᠰ ᠭᠠᠵᠠᠷ᠎ᠤᠨ  ᠡᠯᠸᠺᠲᠷᠣᠨ  ᠬᠤᠳᠠᠯᠳᠤᠭᠠᠨ᠎ᠤ ᠪᠦᠯᠬᠦᠮ᠎ᠤᠨ ᠬᠥᠭᠵᠢᠯᠲᠡ᠎ᠶᠢ ᠲᠡᠳᠬᠦᠨ ᠳᠡᠮᠵᠢᠵᠦ᠍᠂ ᠰᠦᠯᠵᠢᠶᠡᠨ ᠳᠡᠭᠡᠷ᠎ᠡ ᠪᠣᠷᠤᠯᠠᠭᠤᠯᠬᠤ᠂ ᠪᠠᠷᠠᠭᠠᠨ᠎ᠤ ᠭᠦᠢᠯᠭᠡᠭᠡᠨ᠎ᠤ ᠳᠣᠭᠢᠷᠠᠭᠤᠯᠤᠨ ᠬᠦᠷᠭᠡᠬᠦ᠌  ᠲᠤᠭᠲᠠᠯᠴᠠᠭ᠎ᠠ ᠎ᠶᠢ ᠲᠡᠭᠦᠯᠳᠡᠷᠵᠢᠭᠦᠯᠵᠤ᠂ ᠦᠢᠯᠡᠳᠬᠦᠨ᠎ᠢ ᠪᠥᠬᠦ᠌ ᠤᠯᠤᠰ᠎ᠤᠨ 30ᠭᠠᠷᠤᠢ ᠮᠣᠵᠢ ᠬᠤᠲᠠ᠎ᠳᠤ ᠪᠣᠷᠤᠯᠠᠭᠤᠯᠬᠤ᠎ᠶᠢᠨ ᠬᠠᠮᠲᠤ᠌ ᠭᠠᠳᠠᠭᠠᠳᠤ᠎ᠳᠤ ᠭᠠᠷᠭᠠᠬᠤ᠎ᠶᠢ ᠪᠡᠶᠡᠯᠡᠭᠦᠯᠵᠡᠢ᠃

ᠡᠭᠦᠨ᠎ᠠᠴᠠ ᠭᠠᠳᠠᠨ᠎ᠠ᠂ ᠠᠵᠤ ᠦᠢᠯᠡᠰ + ᠰᠣᠶᠤᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠱᠦᠭᠦᠷ ᠡᠪᠡᠰᠦᠨ᠎ᠤ ᠲᠠᠷᠢᠮᠠᠯ᠎ᠤᠨ  ᠰᠠᠭᠤᠷᠢᠨ ᠎ᠢᠶᠠᠷ  ᠲᠣᠭᠤᠷᠢᠨ ᠦᠵᠡᠬᠦ᠂ ᠪᠣᠳᠠᠰ᠎ᠤᠨ ᠪᠤᠰᠤ ᠰᠣᠶᠤᠯ᠎ᠤᠨ ᠥᠪ᠎ᠤᠨ ᠭᠠᠷ ᠤᠷᠠᠯᠠᠯ᠎ᠤᠨ ᠰᠤᠳᠤᠯᠤᠨ ᠰᠤᠷᠤᠯᠴᠠᠬᠤ᠂ ᠦᠢᠯᠡᠳᠬᠡᠯ᠎ᠤᠨ ᠭᠠᠵᠠᠷ᠎ᠢ ᠪᠡᠶᠡᠴᠢᠯᠡᠨ ᠣᠢ᠌ᠯᠠᠭᠠᠬᠤ ᠵᠡᠷᠭᠡ ᠤᠨᠴᠠᠯᠢᠭᠳᠤ ᠲᠥᠷᠦᠯ ᠵᠦᠢᠯ ᠪᠠ ᠱᠦᠭᠦᠷ ᠡᠪᠡᠰᠦᠨ᠎ᠤ ᠮᠦᠽᠧᠢ᠎ᠶᠢ ᠪᠠᠢ᠌ᠭᠤᠯᠵᠤ᠂ ᠰᠣᠶᠤᠯ ᠵᠢᠭᠤᠯᠴᠢᠯᠠᠯ᠎ᠤᠨ ᠣᠷᠤᠯᠭ᠎ᠠ᠎ᠶᠢ ᠨᠡᠮᠡᠭᠳᠡᠭᠦᠯᠬᠦ᠌᠎ᠶᠢᠨ ᠵᠡᠷᠭᠡ ᠪᠡᠷ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠠᠢ᠃

ᠤᠷᠤᠯᠭ᠎ᠠ᠎ᠶᠢᠨ ᠨᠡᠮᠡᠭᠳᠡᠯ᠄ ᠠᠵᠦ ᠦᠢᠯᠡᠰ᠎ᠤᠨ ᠬᠦᠭᠵᠢᠯᠳᠡ᠎ᠶᠢᠨ ᠭᠤᠤᠯ ᠬᠠᠷᠠᠯᠲᠠ

ᠪᠠᠭᠠᠷᠢᠨ ᠵᠡᠭᠦᠨ ᠬᠤᠰᠢᠭᠤᠨ᠎ᠤ ᠵᠠᠰᠠᠭ᠎ᠤᠨ ᠣᠷᠳᠤᠨ ᠠᠵᠤ ᠦᠢᠯᠡᠰ᠎ᠢᠶᠠᠷ ᠠᠷᠠᠳ᠎ᠲᠤ᠌ ᠠᠰᠢᠭ ᠬᠦᠷᠲᠡᠭᠡᠬᠦ᠂ ᠬᠥᠭᠵᠢᠯᠲᠡ᠎ᠶᠢᠨ ᠦᠷ᠎ᠡ ᠪᠦᠲᠦᠭᠡᠯ ᠎ᠢᠶᠠᠷ ᠠᠷᠠᠳ᠎ᠲᠤ᠌ ᠠᠰᠢᠭ ᠬᠦᠷᠲᠡᠭᠡᠬᠦ᠌᠎ᠶᠢ ᠢᠮᠠᠭᠲᠠ ᠪᠠᠷᠢᠮᠲᠠᠯᠠᠵᠤ᠂ 《ᠲᠣᠯᠤᠭᠠᠢ᠌ᠯᠠᠭᠴᠢ ᠠᠵᠤ ᠠᠬᠤᠢ᠌ᠯᠠᠯ + ᠬᠣᠷᠰᠢᠶᠠᠵᠢᠯ +ᠰᠠᠭᠤᠷᠢᠨ ᠭᠠᠵᠠᠷ+ ᠲᠠᠷᠢᠶᠠᠴᠢᠨ ᠡᠷᠦᠬᠡ》ᠶ᠋ᠢᠨ ᠠᠰᠢᠭ ᠲᠤᠰᠠ᠎ᠶᠢᠨ ᠬᠤᠯᠪᠤᠭᠠᠨ᠎ᠤ ᠲᠣᠭᠲᠠᠴᠠ᠎ᠶᠢ ᠪᠠᠢ᠌ᠭᠤᠯᠵᠤ᠂ ᠠᠵᠤ ᠠᠬᠤᠢ᠌ᠯᠠᠯ᠂ ᠬᠣᠷᠰᠢᠶᠠᠵᠢᠯ ᠪᠣᠯᠤᠨ ᠲᠠᠷᠢᠶᠠᠴᠢᠨ ᠡᠷᠦᠬᠡ ᠬᠤᠭᠤᠷᠤᠨᠲᠦ ᠪᠠᠨ ᠤᠷᠲᠤ᠌ ᠬᠤᠭᠤᠴᠠᠭ᠎ᠠ᠎ᠪᠠᠷ ᠬᠤᠳᠠᠯᠳᠤᠨ ᠠᠪᠬᠤ ᠵᠠᠬᠢᠶᠠᠯᠠᠭ᠎ᠠ ᠲᠣᠭᠲᠠᠨ᠂ ᠬᠤᠳᠠᠯᠳᠤᠨ ᠠᠪᠬᠤ ᠦᠨ᠎ᠡ᠎ᠶᠢ ᠪᠠᠲᠤᠯᠠᠵᠤ᠂ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠶᠢᠨ ᠬᠡᠯᠪᠡᠯᠵᠡᠯᠳᠡ ᠵᠢᠨ ᠲᠦᠭᠰᠢᠭᠦᠷᠢ᠎ᠠᠴᠠ ᠪᠦᠲᠦᠮᠵᠢᠲᠡᠢ ᠵᠠᠢ᠌ᠯᠠᠵᠤ᠂ ᠲᠠᠷᠢᠶᠠᠴᠢᠳ᠎ᠤᠨ ᠠᠰᠢᠭ ᠣᠷᠤᠯᠭ᠎ᠠ᠎ᠶᠢᠨ ᠲᠣᠭᠲᠠᠭᠤᠨ ᠪᠠᠢ᠌ᠬᠤ᠎ᠶᠢ ᠪᠠᠲᠤᠯᠠᠵᠤ ᠪᠠᠢ᠌ᠨ᠎ᠠ᠃ ᠵᠠᠰᠠᠭ᠎ᠤᠨ ᠣᠷᠳᠤᠨ᠎ᠠᠴᠠ ᠣᠯᠠᠨ ᠵᠢᠯ ᠳᠠᠷᠠᠭᠠᠯᠠᠨ ᠨᠠᠷᠢᠯᠢᠭ ᠣᠨᠣᠪᠴᠢᠲᠠᠢ ᠲᠡᠳᠬᠦᠬᠦ᠌᠎ᠪᠠᠷ ᠳᠡᠮᠵᠢᠨ᠂ ᠱᠦᠭᠦᠷ ᠡᠪᠡᠰᠦᠨ᠎ᠤ ᠠᠵᠤ ᠦᠢᠯᠡᠰ᠎ᠨᠢ ᠨᠢᠭᠡᠨᠲᠡ ᠪᠥᠬᠦ᠌ ᠬᠤᠰᠢᠭᠤᠨ᠎ᠤ ᠬᠡᠪᠴᠢᠶ᠎ᠡ᠎ᠪᠠᠷ ᠬᠠᠮᠤᠭ᠎ᠤᠨ ᠥᠷᠭᠡᠨ᠂ ᠳᠠᠢ᠌ᠴᠢᠯᠠᠬᠤ ᠬᠦᠴᠦᠨ᠎ᠢᠶᠠᠷ ᠬᠠᠮᠤᠭ᠎ᠤᠨ ᠴᠢᠩᠭ᠎ᠠ᠂ ᠲᠣᠭᠲᠠᠭᠤᠨ ᠴᠢᠨᠠᠷ᠎ᠢᠶᠠᠷ ᠬᠠᠮᠤᠭ᠎ᠤᠨ ᠰᠠᠶ᠋ᠢᠨ ᠠᠷᠠᠳ᠎ᠢ ᠪᠠᠶᠠᠵᠢᠭᠤᠯᠬᠤ ᠣᠨᠴᠠᠯᠢᠭᠲᠤ᠌ ᠠᠵᠤ ᠦᠢᠯᠡᠰ ᠪᠣᠯᠵᠤ᠂ 3 ᠲᠦᠮᠡ ᠭᠠᠷᠤᠢ ᠲᠠᠷᠢᠶᠠᠴᠢᠨ ᠡᠷᠦᠬᠡ᠂ 5 ᠲᠦᠮᠡ ᠭᠠᠷᠤᠢ ᠬᠦᠮᠦᠨ᠎ᠦ ᠣᠷᠣᠯᠭ᠎ᠠ᠎ᠶᠢᠨ ᠨᠡᠮᠡᠭᠳᠡᠯ᠎ᠢ ᠳᠠᠶ᠋ᠢᠴᠢᠯᠠᠵᠤ᠂ ᠪᠥᠬᠦ᠌ ᠠᠵᠤ ᠦᠢᠯᠡᠰ᠎ᠤᠨ ᠬᠡᠯᠬᠢᠶ᠎ᠡ᠎ᠶᠢᠨ ᠶᠡᠷᠦᠩᠬᠡᠢ ᠦᠢᠯᠡᠳᠭᠦᠨ᠎ᠤ ᠥᠷᠲᠡᠭ᠎ᠨᠢ 15 ᠳ᠋ᠦᠩᠰᠢᠭᠤᠷ ᠲᠥᠭᠦᠷᠢᠭ᠎ᠢ ᠳᠠᠪᠠᠭᠰᠠᠨ ᠪᠠᠢ᠌ᠨ᠎ᠠ᠃




ᠱᠦᠭᠦᠷ ᠡᠪᠡᠰᠦ ᠨᠢ ᠰᠠᠯᠬᠢ᠎ᠶᠢ ᠬᠠᠯᠬᠠᠯᠠᠵᠤ᠂ ᠡᠯᠡᠰᠦ᠎ᠶᠢ ᠲᠣᠭᠲᠠᠪᠤᠷᠢᠵᠢᠭᠤᠯᠬᠤ᠂ ᠤᠰᠤ ᠠᠷᠪᠢᠯᠠᠵᠤ ᠬᠥᠷᠦᠰᠦ ᠰᠢᠷᠤᠢ᠎ᠶᠢ ᠬᠠᠮᠠᠭᠠᠯᠠᠬᠤ ᠦᠢᠯᠡᠳᠦᠯ ᠲᠠᠢ ᠪᠠᠶ᠋ᠢᠳᠠᠭ᠎ᠠᠴᠠ ᠠᠮᠢ ᠠᠬᠤᠢ᠎ᠶᠢ ᠬᠠᠮᠠᠭᠠᠯᠠᠬᠤ ᠬᠠᠷᠠᠯᠲᠠ᠎ᠶᠢ ᠪᠡᠶᠡᠯᠡᠭᠦᠯᠵᠦ᠍᠂ ᠱᠦᠭᠦᠷ ᠡᠪᠡᠰᠦᠨ᠎ᠦ ᠭᠦᠷᠦᠮᠡᠯ ᠨᠢ ᠪᠠᠰᠠ ᠪᠣᠳᠠᠰ᠎ᠤᠨ ᠪᠤᠰᠤ ᠰᠣᠶᠤᠯ᠎ᠤᠨ ᠥᠪ᠎ᠢ ᠤᠯᠠᠮᠵᠢᠯᠠᠨ ᠵᠠᠯᠭᠠᠮᠵᠢᠯᠠᠵᠤ᠂ ᠠᠵᠤ ᠠᠬᠤᠢ᠎ᠶᠢᠨ ᠲᠠᠯ᠎ᠠ᠎ᠶᠢᠨ ᠣᠷᠣᠯᠭ᠎ᠠ ᠨᠢ ᠪᠠᠭᠠᠷᠢᠨ ᠵᠡᠭᠦᠨ ᠬᠣᠰᠢᠭᠤᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠂ ᠠᠷᠠᠳ ᠣᠯᠠᠨ᠎ᠤ ᠣᠷᠤᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠌ ᠭᠤᠤᠯ ᠲᠤᠯᠭᠠᠭᠤᠷᠢ ᠠᠵᠤ ᠦᠢᠯᠡᠰ ᠪᠣᠯᠤᠭᠰᠠᠨ ᠪᠠᠢ᠌ᠨ᠎ᠠ᠃

ᠣᠳᠤᠬᠠᠨ᠎ᠳᠤ᠂ ᠪᠠᠭᠠᠷᠢᠨ ᠵᠡᠭᠦᠨ ᠬᠤᠰᠢᠭᠤᠨ᠎ᠤ ᠱᠦᠭᠦᠷ ᠡᠪᠡᠰᠦ ᠳᠠᠷᠢᠬᠤ ᠲᠠᠯᠠᠪᠠᠢ 35 ᠲᠦᠮᠡᠨ ᠮᠥ᠍᠎ᠳᠤ ᠲᠣᠭᠲᠠᠪᠤᠷᠢᠵᠢᠵᠤ᠂ ᠡᠷᠬᠢᠨ ᠲᠣᠭᠤᠷᠢᠨ᠎ᠤ ᠭᠠᠵᠠᠷ ᠣᠷᠤᠨ᠎ᠢ ᠳᠠᠢ᠌ᠴᠢᠯᠠᠨ 100 ᠲᠦᠮᠡᠨ ᠮᠥ᠍᠎ᠠᠴᠠ ᠳᠡᠭᠡᠭᠰᠢ ᠲᠠᠷᠢᠵᠤ ᠪᠣᠢ᠃  ᠱᠦᠭᠦᠷ ᠡᠪᠡᠰᠦᠨ᠎ᠦ ᠵᠢᠯ᠎ᠦᠨ   ᠤᠨᠠᠯᠲᠠ ᠨᠢ 6500 ᠲᠦᠮᠡᠨ ᠵᠢᠩ᠂ ᠵᠢᠯ᠎ᠳᠤ 8000 ᠲᠦᠮᠡᠨ ᠱᠦᠭᠦᠷ ᠡᠪᠡᠰᠦᠨ᠎ᠦ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠵᠤ᠂ ᠶᠡᠷᠦᠩᠬᠡᠢ ᠥᠷᠲᠡᠭ᠎ᠨᠢ 10 ᠳ᠋ᠦᠩᠰᠢᠭᠤᠷ ᠲᠥᠭᠦᠷᠢᠭ᠎ᠲᠤ᠌ ᠬᠦᠷᠴᠦ᠍ ᠪᠣᠢ᠃ ᠪᠠᠭᠠᠷᠢᠨ ᠵᠡᠭᠦᠨ ᠬᠣᠰᠢᠭᠤ᠎ᠨᠢ ᠪᠥᠬᠦ᠌ ᠤᠯᠤᠰ᠎ᠤᠨ ᠬᠠᠮᠤᠭ᠎ᠤᠨ ᠨᠡᠷᠡᠲᠡᠢ ᠱᠦᠭᠦᠷ ᠡᠪᠡᠰᠦ ᠦᠢᠯᠡᠳᠪᠦᠷᠢᠯᠡᠬᠦ᠌ ᠰᠠᠭᠤᠷᠢᠨ ᠭᠠᠵᠠᠷ ᠪᠣᠯᠵᠤ᠂ ᠪᠥᠬᠦ᠌ ᠤᠯᠤᠰ᠎ᠤᠨ ᠲᠥᠷᠦᠯ ᠵᠦᠢᠯ᠎ᠢᠶᠠᠷ ᠬᠠᠮᠤᠭ᠎ᠤᠨ ᠪᠦᠷᠢᠨ ᠭᠦᠢᠴᠡᠳ ᠱᠦᠭᠦᠷ ᠡᠪᠡᠰᠦ ᠪᠣᠯᠪᠠᠰᠤᠷᠠᠭᠤᠯᠬᠤ ᠰᠠᠭᠤᠷᠢᠨ ᠭᠠᠵᠠᠷ ᠪᠠ ᠪᠥᠬᠦ᠌ ᠤᠯᠤᠰ᠎ᠤᠨ ᠬᠠᠮᠤᠭ᠎ᠤᠨ ᠲᠣᠮᠤ ᠱᠦᠭᠦᠷ ᠡᠪᠡᠰᠦᠨ᠎ᠤ ᠠᠷᠠᠯᠵᠢᠶᠠᠨ᠎ᠤ ᠵᠠᠬ᠎ᠠ ᠳᠡᠯᠭᠡᠭᠦᠷ ᠪᠣᠯᠵᠠᠢ᠃ 2018 ᠣᠨ᠎ᠤ 5 ᠰᠠᠷ᠎ᠠ᠎ᠶᠢᠨ 10᠎ᠤ ᠡᠳᠦᠷ᠂ ᠪᠠᠭᠠᠷᠢᠨ ᠵᠡᠭᠦᠨ ᠬᠣᠰᠢᠭᠤ᠎ᠶᠢ ᠳᠤᠮᠳᠠᠳᠤ ᠤᠯᠤᠰ᠎ᠤᠨ ᠦᠨᠳᠦᠰᠦᠲᠡᠨ᠎ᠤ ᠠᠷᠠᠳ᠎ᠤᠨ ᠭᠠᠷ ᠤᠷᠠᠯᠠᠯ ᠤᠷᠠᠨ ᠵᠢᠷᠤᠭᠴᠢᠳ᠎ᠤᠨ ᠨᠡᠶ᠋ᠢᠭᠡᠮᠯᠢᠭ᠎ᠠᠴᠠ 《ᠳᠤᠮᠳᠠᠳᠤ ᠤᠯᠤᠰ᠎ᠤᠨ ᠱᠦᠭᠦᠷ ᠡᠪᠡᠰᠦᠨ᠎ᠤ ᠨᠤᠲᠤᠭ》ᠭᠡᠵᠦ᠍ ᠵᠢᠩᠬᠢᠨᠢ᠎ᠪᠠᠷ ᠨᠡᠷᠡᠶ᠋ᠢᠳᠦᠭᠰᠡᠨ ᠪᠠᠶ᠋ᠢᠨ᠎ᠠ᠃ ᠤᠤᠯ᠎ᠤᠨ ᠳᠠᠩ ᠭᠠᠭᠴᠠ ᠭᠠᠷ ᠭᠦᠷᠦᠮᠡᠯ᠎ᠡᠴᠡ ᠣᠳᠤ᠎ᠶᠢᠨ ᠲᠥᠷᠦᠯ ᠵᠦᠢᠯ ᠡᠯᠪᠡᠭ᠂ ᠨᠠᠷᠢᠯᠢᠭ ᠰᠠᠶ᠋ᠢᠬᠠᠨ  ᠬᠢᠴᠡ  ᠪᠦᠬᠦᠢ ᠱᠦᠭᠦᠷ  ᠡᠪᠡᠰᠦᠨ᠎ᠦ ᠭᠠᠷ ᠤᠷᠠᠯᠠᠯ᠎ᠤᠨ ᠪᠦᠲᠦᠭᠡᠯ ᠲᠡᠢᠰᠢ ᠬᠣᠪᠢᠷᠠᠭᠰᠠᠨ ᠨᠢ᠂ ᠬᠥᠮᠦᠰ᠎ᠤᠨ ᠤᠷᠠᠯᠢᠭ᠎ᠤᠨ ᠭᠤᠸ᠎ᠠ ᠰᠠᠶ᠋ᠢᠬᠠᠨ᠎ᠤ ᠲᠤᠬᠠᠢ ᠬᠥᠭᠡᠭᠡᠴᠡᠯᠳᠦᠯ ᠲᠠᠰᠤᠷᠠᠯᠲᠠ ᠥᠬᠡᠢ ᠳᠡᠭᠡᠭᠰᠢᠯᠡᠵᠦ᠍᠂ ᠱᠦᠭᠦᠷ ᠡᠪᠡᠰᠦ᠎ᠶᠢ ᠡᠳ᠋ᠰᠢᠭᠦᠯᠬᠦ᠌ ᠭᠠᠷ ᠤᠷᠠᠯᠠᠯ᠎ᠤᠨ ᠤᠷ᠎ᠠ ᠮᠡᠷᠭᠡᠵᠢᠯ᠎ᠨᠢ ᠴᠦ᠍ ᠲᠠᠰᠤᠷᠠᠯᠲᠠ ᠥᠬᠡᠢ  ᠲᠠᠪᠰᠢᠨ ᠲᠡᠭᠦᠯᠳᠡᠷᠵᠢᠵᠦ᠍ ᠪᠠᠶ᠋ᠢᠬᠤ᠎ᠶᠢ  ᠬᠠᠷᠠᠭᠤᠯᠵᠤ ᠪᠣᠢ᠃

ᠠᠵᠤ ᠦᠢᠯᠡᠰ᠎ᠤᠨ ᠳᠤᠲᠠᠭᠳᠠᠯ᠎ᠳᠤ ᠴᠢᠭᠯᠡᠭᠦᠯᠦᠨ᠂ ᠱᠦᠭᠦᠷ ᠡᠪᠡᠰᠦᠨ᠎ᠤ ᠠᠵᠤ ᠦᠢᠯᠡᠰ᠎ᠢ ᠲᠠᠩ ᠴᠤᠯᠭᠤᠢ ᠲᠦᠭᠦᠬᠡᠢ ᠮᠠᠲ᠋ᠧᠷᠢᠶᠠᠯ ᠪᠣᠷᠤᠯᠠᠭᠤᠯᠬᠤ᠂ ᠠᠩᠬ᠎ᠠ ᠵᠡᠷᠭᠡ᠎ᠶᠢᠨ ᠡᠳ᠋ᠰᠢᠭᠦᠯᠦᠯᠲᠡ᠎ᠶᠢ ᠪᠥᠬᠦ᠌ ᠬᠦᠴᠦᠨ᠎ᠢᠶᠠᠷ᠎ᠢᠶᠠᠨ ᠠᠬᠢᠭᠤᠯᠵᠤ ᠪᠠᠢ᠌ᠭᠰᠠᠨ᠎ᠠᠴᠠ ᠨᠢ 《ᠳᠠᠷᠢᠬᠤ + ᠪᠦᠲᠦᠭᠡᠭᠳᠡᠬᠦᠨ ᠦᠢᠯᠡᠳᠪᠦᠷᠢᠯᠡᠬᠦ + ᠰᠤᠳᠤᠯᠭᠠᠨ+ ᠪᠣᠷᠤᠯᠠᠭᠤᠯᠭ᠎ᠠ》 ᠶ᠋ᠢᠨ ᠪᠥᠬᠦ᠌ ᠬᠡᠯᠬᠢᠶ᠎ᠡ ᠳᠠᠢᠰᠢ ᠲᠠᠰ ᠳᠡᠪᠰᠢᠬᠦ᠌᠎ᠶᠢ ᠪᠥᠬᠦ᠌ ᠬᠦᠴᠦᠨ᠎ᠢᠶᠠᠷ᠎ᠢᠶᠠᠨ ᠠᠬᠢᠭᠤᠯᠵᠤ᠂ ᠠᠵᠤ ᠦᠢᠯᠡᠰ᠎ᠤᠨ ᠥᠷᠲᠡᠭ ᠎ᠤᠨ ᠨᠡᠮᠡᠭᠳᠡᠯ᠎ᠤᠨ ᠣᠷᠤᠨ ᠵᠠᠢ᠎ᠶᠢ ᠶᠡᠬᠡ ᠬᠡᠪᠴᠢᠶ᠎ᠡ᠎ᠪᠡᠷ ᠥᠷᠭᠡᠳᠭᠡᠵᠡᠢ᠃ ᠨᠢᠭᠡ ᠲᠠᠯ᠎ᠠ᠎ᠪᠠᠷ ᠲᠤᠰ ᠭᠠᠵᠠᠷ᠎ᠤᠨ ᠡᠳ᠋ᠰᠢᠭᠦᠯᠬᠦ᠌ ᠭᠣᠤᠯ ᠴᠣᠭᠴᠠ᠎ᠶᠢ ᠶᠡᠬᠡ᠎ᠪᠠᠷ ᠪᠣᠶ᠋ᠢᠵᠢᠭᠤᠯᠵᠤ᠂ ᠬᠣᠷᠰᠢᠶᠠᠵᠢᠯ᠂ ᠬᠡᠷ ᠪᠦᠯᠢ᠎ᠶᠢᠨ ᠦᠢᠯᠡᠳᠭᠡᠯ᠎ᠤᠨ ᠭᠠᠵᠠᠷ᠎ᠤᠨ ᠬᠠᠭᠠᠰ ᠠᠦ᠋ᠲ᠋ᠤᠴᠢᠯᠠᠬᠤ᠂ ᠨᠠᠷᠢᠯᠢᠭ ᠡᠳ᠋ᠰᠢᠭᠦᠯᠬᠦ᠌᠎ᠶᠢ ᠲᠡᠳᠭᠦᠨ ᠳᠡᠮᠵᠢᠵᠦ᠍᠂ ᠤᠯᠠᠮᠵᠢᠯᠠᠯᠲᠤ᠌ ᠭᠦᠷᠦᠮᠡᠯ᠎ᠦᠨ ᠮᠡᠷᠭᠡᠵᠢᠯ᠎ᠢ ᠰᠠᠶ᠋ᠢᠵᠢᠷᠠᠭᠤᠯᠤᠨ᠂ ᠱᠦᠭᠦᠷ᠎ᠦᠨ ᠴᠢᠨᠠᠷ᠎ᠢ ᠳᠡᠭᠡᠭᠰᠢᠯᠡᠭᠦᠯᠪᠡ᠃ ᠨᠥᠭᠦᠭᠡ ᠲᠠᠯ᠎ᠠ᠎ᠪᠠᠷ ᠪᠣᠳᠠᠰ᠎ᠤᠨ ᠪᠤᠰᠤ ᠰᠣᠶᠤᠯ᠎ᠤᠨ ᠥᠪ᠎ᠤᠨ ᠡᠬᠢ ᠪᠠᠶᠠᠯᠢᠭ᠎ᠲᠤ᠌ ᠲᠦᠰᠢᠭᠯᠡᠨ᠂ ᠰᠣᠶᠤᠯ᠎ᠤᠨ  ᠪᠦᠲᠦᠭᠡᠭᠳᠡᠬᠦᠨ᠎ᠢ ᠪᠦᠲᠦᠭᠡᠯᠴᠢ ᠪᠡᠷ ᠰᠤᠳᠤᠯᠤᠨ ᠨᠡᠭᠡᠭᠡᠬᠦ᠌᠎ᠶᠢ ᠳᠡᠮᠵᠢᠵᠦ᠍᠂ ᠠᠵᠤ ᠠᠬᠤᠢ᠌ᠯᠠᠯ᠎ᠢ ᠬᠥᠲᠦᠯᠦᠨ ᠵᠢᠯᠤᠭᠤᠳᠴᠤ᠌ ᠪᠠᠢ᠌ᠭᠠᠳ ᠭᠠᠷ ᠭᠦᠷᠦᠮᠡᠯ᠂ ᠤᠷᠠᠯᠠᠯ᠎ᠤᠨ ᠪᠦᠲᠦᠭᠡᠯ᠂ ᠬᠡᠷ ᠪᠦᠯᠢ᠎ᠶᠢᠨ ᠵᠠᠰᠠᠯ ᠵᠢᠮᠰᠡᠭ᠎ᠤᠨ ᠵᠦᠢᠯ᠂ ᠢᠯᠢᠯᠭᠡ ᠶ᠋ᠢᠨ ᠪᠠᠭᠠᠵᠢ ᠬᠡᠷᠡᠭᠰᠡᠯ ᠵᠡᠷᠭᠡ 200 ᠭᠠᠷᠤᠢ ᠵᠦᠢᠯ᠎ᠤᠨ ᠳᠡᠭᠡᠳᠦ ᠲᠠᠰ᠎ᠤᠨ ᠦᠢᠯᠡᠳᠬᠦᠨ᠎ᠢ ᠨᠡᠭᠡᠭᠡᠨ ᠬᠥᠭᠵᠢᠭᠦᠯᠵᠦ᠍᠂ ᠦᠢᠯᠡᠳᠬᠦᠨ᠎ᠤ ᠨᠡᠮᠡᠯᠲᠡ ᠥᠷᠲᠡᠭ᠎ᠢ ᠶᠡᠭᠡ᠎ᠪᠠᠷ ᠳᠡᠭᠡᠭᠰᠢᠯᠡᠭᠦᠯᠪᠡ᠃

ᠡᠭᠦᠨ᠎ᠤ ᠬᠠᠮᠲᠤ᠌᠂ ᠵᠠᠰᠠᠭ᠎ᠤᠨ ᠣᠷᠳᠤᠨ ᠬᠥᠳᠡᠯᠮᠦᠷᠢ ᠦᠢᠯᠡᠴᠢᠯᠡᠭᠡ᠎ᠪᠠᠷ ᠠᠷᠠᠳ᠎ᠢ ᠪᠠᠶᠠᠵᠢᠭᠤᠯᠬᠤ ᠠᠷᠭ᠎ᠠ ᠵᠠᠮ᠎ᠢ ᠪᠦᠲᠦᠮᠵᠢᠳᠡᠢ ᠠᠰᠢᠭᠯᠠᠵᠤ᠂ 《ᠱᠦᠭᠦᠷ ᠡᠪᠡᠰᠦᠨ᠎ᠦ ᠠᠵᠢᠯᠴᠢᠨ》 ᠭᠡᠬᠦ᠌ ᠥᠪᠡᠷᠲᠡᠭᠡᠨ ᠵᠠᠰᠠᠬᠤ ᠣᠷᠤᠨ᠎ᠤ ᠲᠠᠰ᠎ᠤᠨ ᠬᠥᠳᠡᠯᠮᠦᠷᠢ ᠦᠢᠯᠡᠴᠢᠯᠡᠭᠡᠨ᠎ᠤ ᠨᠠᠷᠠᠲᠤ᠌ ᠲᠥᠷᠦᠯ ᠲᠡᠮᠳᠡᠭ᠎ᠢ ᠪᠣᠢ ᠪᠣᠯᠭᠠᠵᠤ᠂ ᠭᠠᠷ᠎ᠢᠶᠠᠷ ᠭᠦᠷᠦᠬᠦ᠂ ᠨᠠᠷᠢᠯᠢᠭ ᠡᠳ᠋ᠰᠢᠭᠦᠯᠬᠦ᠌ ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠰᠦᠢᠳᠭᠡᠯ ᠬᠤᠷᠢᠶᠠᠬᠤ ᠥᠬᠡᠢ ᠪᠡᠷ ᠡᠷᠬᠢᠯᠡᠵᠦ᠍᠂ ᠬᠥᠳᠡᠭᠡ ᠲᠣᠰᠬᠤᠨ᠎ᠤ ᠬᠡᠷ᠎ᠲᠡᠭᠡᠨ ᠬᠤᠴᠤᠷᠤᠭᠰᠠᠨ ᠡᠮᠡᠭᠲᠡᠢ᠌ᠴᠦᠳ᠂ ᠬᠦᠳᠡᠯᠮᠦᠷᠢᠯᠡᠬᠦ᠌ ᠴᠢᠳᠠᠪᠤᠷᠢ ᠲᠠᠢ ᠨᠠᠰᠤ ᠠᠬᠢᠭᠰᠠᠨ ᠬᠥᠳᠡᠯᠮᠦᠷᠢ ᠬᠦᠴᠦᠨ᠂ ᠶᠠᠳᠠᠭᠤ᠎ᠠᠴᠠ ᠠᠩᠭᠢᠵᠢᠷᠠᠭᠰᠠᠨ ᠣᠯᠠᠨ ᠲᠦᠮᠡᠨ᠎ᠢ ᠭᠤᠤᠯᠳᠠᠯᠭ᠎ᠠ᠎ᠲᠠᠢ ᠭᠥᠯᠢᠶᠡᠨ ᠠᠪᠴᠤ᠌ ᠲᠤᠬᠠᠢ᠎ᠶᠢᠨ ᠭᠠᠵᠠᠷ ᠪᠠ ᠣᠢ᠌ᠷ᠎ᠠ ᠬᠠᠪᠢ᠎ᠳᠤᠨᠢ ᠠᠵᠢᠯ ᠣᠯᠭᠣᠵᠣ᠂ ᠬᠥᠳᠡᠭᠡ ᠲᠣᠰᠬᠤᠨ᠎ᠤ ᠰᠤᠯᠠ ᠬᠥ᠋ᠳᠡᠯᠮᠦᠷᠢ᠎ᠬᠦᠴᠦᠨ᠎ᠤ ᠡᠬᠢ ᠪᠠᠶᠠᠯᠢᠭ᠎ᠢ ᠪᠦᠲᠦᠮᠵᠢᠲᠡᠢ ᠳᠠᠶ᠋ᠢᠴᠢᠯᠠᠵᠤ᠂ ᠬᠦᠷᠢᠶ᠎ᠡ ᠬᠠᠰᠢᠶᠠᠨ᠎ᠤ ᠠᠵᠤ ᠠᠬᠤᠢ᠎ᠶᠢᠨ  ᠠᠮᠢᠵᠢᠷᠠᠯ᠎ᠤᠨ ᠬᠦᠴᠦᠨ᠎ᠢ  ᠬᠥᠭᠵᠢᠭᠡᠭᠰᠡᠨ ᠪᠠᠶ᠋ᠢᠨ᠎ᠠ᠃

2013 ᠤᠨ᠎ᠳᠤ 《ᠪᠠᠭᠠᠷᠢᠨ ᠵᠡᠭᠦᠨ ᠬᠤᠰᠢᠭᠤᠨ᠎ᠤ ᠱᠦᠭᠦᠷ ᠡᠪᠡᠰᠦ》 ᠨᠢ ᠤᠯᠤᠰ᠎ᠤᠨ ᠭᠠᠵᠠᠷ ᠵᠦᠢ᠎ᠶᠢᠨ ᠢᠯᠡᠷᠭᠡᠢᠯᠡᠯᠲᠦ ᠦᠢᠯᠡᠳᠬᠦᠨ᠎ᠢᠶᠠᠷ ᠦᠨᠡᠯᠡᠭᠳᠡᠵᠦ᠍᠂ ᠱᠦᠭᠦᠷ ᠡᠪᠡᠰᠦ ᠭᠦᠷᠦᠬᠦ᠌ ᠤᠷ᠎ᠠ ᠮᠡᠷᠭᠡᠵᠢᠯ ᠨᠢ ᠥᠪᠡᠷᠲᠡᠭᠡᠨ ᠵᠠᠰᠠᠬᠤ ᠣᠷᠤᠨ᠎ᠤ ᠲᠠᠰ᠎ᠤᠨ ᠪᠣᠳᠠᠰ᠎ᠤᠨ ᠪᠤᠰᠤ ᠰᠣᠶᠤᠯ᠎ᠤᠨ ᠥᠪ᠎ᠲᠤ᠌  ᠪᠦᠷᠢᠳᠭᠡᠭᠳᠡᠪᠡ᠃

ᠪᠠᠭᠠᠷᠢᠨ ᠵᠡᠭᠦᠨ ᠬᠣᠰᠢᠭᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠱᠦᠭᠦᠷ ᠡᠪᠡᠰᠦᠨ᠎ᠤ ᠣᠨᠴᠠᠯᠢᠭᠲᠤ᠌ ᠠᠵᠤ ᠦᠢᠯᠡᠰ᠎ᠢ ᠲᠡᠳᠬᠦᠨ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠤᠨ᠂ ᠣᠷᠣᠯᠭ᠎ᠠ᠎ᠶᠢ ᠨᠢ ᠨᠡᠮᠡᠭᠳᠡᠭᠦᠯᠬᠦ᠌᠎ᠳᠦ ᠲᠦᠯᠬᠢᠴᠡ ᠬᠦᠴᠦᠨ ᠬᠠᠩᠭᠠᠵᠤ᠂ ᠨᠡᠷᠡᠲᠤ᠌ ᠲᠡᠮᠳᠡᠭᠳᠦ ᠪᠠ ᠮᠡᠷᠭᠡᠵᠢᠯ᠎ᠦᠨ ᠳᠠᠪᠠᠭᠤᠯᠢᠭ᠎ᠲᠠᠭᠠᠨ ᠰᠠᠭᠤᠷᠢᠯᠠᠨ᠂ ᠱᠦᠭᠦᠷ ᠡᠪᠡᠰᠦᠨ᠎ᠤ ᠠᠵᠤ ᠦᠢᠯᠡᠰ᠎ᠢ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠬᠦ᠂ ᠬᠥᠳᠡᠭᠡ ᠲᠣᠰᠬᠤᠨ᠎ᠤ ᠠᠵᠤ ᠦᠢᠯᠡᠰ᠎ᠢ ᠪᠤᠵᠠᠭᠠᠢ᠌ᠷᠠᠭᠤᠯᠬᠤ᠂ ᠤᠯᠠᠨ ᠲᠦᠮᠡᠨ᠎ᠢ ᠲᠠᠢ᠌ᠴᠢᠯᠠᠨ ᠣᠷᠤᠯᠭ᠎ᠠ᠎ᠶᠢ᠎ᠨᠢ ᠨᠡᠮᠡᠭᠳᠡᠭᠦᠯᠬᠦ᠌ ᠭᠤᠤᠯ ᠲᠤᠯᠭᠠᠭᠤᠷᠢ ᠠᠵᠤ ᠦᠢᠯᠡᠰ ᠪᠣᠯᠭᠠᠨ᠂ ᠨᠠᠷᠢᠯᠢᠭ ᠣᠨᠣᠪᠴᠢᠳᠠᠢ ᠠᠷᠭ᠎ᠠ ᠪᠣᠳᠤᠯᠭ᠎ᠠ ᠬᠡᠷᠡᠭᠵᠢᠭᠦᠯᠵᠦ᠍᠂ ᠳᠡᠭᠡᠳᠦ ᠳᠡᠰ᠎ᠦᠨ ᠲᠥᠯᠦᠪᠵᠢᠭᠦᠯᠭᠡ᠂ ᠲᠥᠷᠦ᠎ᠶᠢᠨ ᠪᠣᠳᠤᠯᠭ᠎ᠠ᠎ᠶᠢᠨ ᠳᠡᠮᠵᠢᠯᠭᠡ᠂ ᠰᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠤᠨ ᠲᠤᠯᠭᠠᠭᠤᠷᠢᠯᠠᠯ ᠬᠠᠩᠭᠠᠬᠤ ᠵᠡᠷᠭᠡ ᠠᠷᠭ᠎ᠠ ᠪᠠᠷᠢᠯ᠎ᠢᠶᠠᠷ ᠠᠵᠤ ᠦᠢᠯᠡᠰ᠎ᠤᠨ ᠬᠥᠭᠵᠢᠯᠲᠡ᠎ᠶᠢᠨ ᠬᠦᠴᠢᠷ ᠠᠰᠠᠭᠤᠳᠠᠯ᠎ᠢ  ᠬᠦᠴᠦ᠍ ᠲᠠᠯᠪᠢᠨ ᠰᠶ᠋ᠢᠳᠪᠦᠷᠢᠯᠡᠵᠦ᠍᠂  ᠡᠪ  ᠡᠩ᠎ᠤᠨ ᠱᠦᠭᠦᠷ  ᠡᠪᠡᠰᠦ᠎ᠶᠢ  ᠣᠯᠠᠨ ᠲᠦᠮᠡᠨ᠎ᠤ ᠪᠠᠶᠠᠵᠢᠨ ᠴᠢᠨᠡᠭᠡᠯᠢᠭᠵᠢᠬᠦ᠌ 《ᠰᠢᠵᠢᠷ ᠠᠯᠲᠠᠨ ᠠᠵᠤ ᠦᠢᠯᠡᠰ》 ᠪᠣᠯᠭᠠᠭᠰᠠᠨ ᠪᠢᠯᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面