ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠴᠡᠩᠬᠡᠷ ᠨᠤᠲᠤᠭ

2026-11-06 11:54:15

ᠵᠣᠬᠢᠶᠠᠭ᠍ᠴᠢ᠄ ᠰᠢᠶᠠᠩ ᠲᠤᠤ ᠣᠩᠱᠢᠭ᠍ᠰᠠᠨ ᠣᠳᠠᠭ᠎ᠠ᠄ 3

ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠤᠷᠤᠨ ᠨᠤᠲᠤᠭ᠎ᠤᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠠᠮᠢ ᠠᠬᠤᠢ᠎ᠶᠢᠨ ᠰᠠᠭᠤᠷᠢ᠎ᠪᠠᠨ  ᠴᠣᠭᠴᠠᠯᠠᠨ᠂ ᠤᠷᠤᠨ ᠨᠤᠲᠤᠭ᠎ᠤᠨ ᠰᠤᠶᠤᠯ᠎ᠶ᠋ᠢᠡᠨ ᠬᠦᠨᠵᠡᠬᠡᠢ ᠠᠭᠤᠲᠠᠯᠵᠦ᠂ ᠰᠣᠶᠣᠯ ᠵᠢᠭᠤᠯᠴᠢᠯᠠᠯ᠎ᠢᠶᠠᠷ ᠠᠷᠠᠳ᠎ᠢᠶᠠᠨ ᠴᠢᠨᠡᠭᠡᠯᠢᠭᠵᠢᠬᠦᠯᠬᠦ ᠵᠠᠮ᠎ᠢᠶᠠᠷ ᠵᠠᠮᠨᠠᠵᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠠᠮᠢᠳᠤᠯᠢᠭ ᠦᠯᠢᠭᠡᠷ ᠬᠡᠪ ᠬᠠᠩᠭᠠᠪᠠ᠃

ᠬᠥᠬᠡᠮᠳᠦᠭ ᠨᠣᠭᠣᠭᠠᠨ ᠠᠭᠤᠯᠠ ᠤᠰᠤ ᠪᠣᠯ ᠰᠣᠶᠣᠯ ᠵᠢᠭᠤᠯᠴᠢᠯᠠᠯ ᠎ᠤᠨ ᠠᠵᠤ ᠦᠢᠯᠡᠰ᠎ᠦᠨ ᠬᠠᠮᠤᠭ᠎ᠤᠨ ᠪᠠᠲᠤ᠌ ᠪᠡᠬᠢ ᠰᠠᠭᠤᠷᠢ ᠮᠥᠨ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠠᠮᠢ ᠠᠬᠤᠶ᠎ᠶᠢᠨ ᠬᠠᠮᠠᠭᠠᠯᠠᠯᠲᠠ ᠎ᠶᠢ ᠡᠩ ᠲᠡᠷᠢᠭᠦᠨ᠎ᠳᠦ ᠰᠠᠶ᠋ᠢᠲᠤᠷ ᠬᠢᠬᠦ᠌᠎ᠶᠢ ᠪᠠᠷᠢᠮᠲᠠᠯᠠᠵᠤ᠂ ᠠᠮᠢ ᠠᠬᠤᠶ᠎ᠶᠢ ᠰᠡᠷᠭᠦᠭᠡᠬᠦ᠌ ᠪᠠ ᠣᠷᠴᠢᠨ ᠲᠣᠭᠣᠷᠢᠨ ᠎ᠢ  ᠰᠠᠶ᠋ᠢᠵᠢᠷᠠᠭᠤᠯᠬᠤ᠎ᠶᠢ ᠦᠷᠭᠦᠯᠵᠢᠯᠡᠨ ᠠᠬᠢᠭᠤᠯᠵᠤ᠂ ᠬᠠᠨᠭᠭᠠᠯ ᠤᠰᠤᠨ ᠴᠥᠭᠥᠷᠥᠮ᠂ ᠪᠠᠲᠤᠴᠠᠭᠠᠨ᠎ᠤ ᠠᠮᠢ ᠠᠬᠤᠶ ᠵᠢᠨ  ᠵᠢᠭᠤᠯᠴᠢᠯᠠᠯ᠎ᠤᠨ ᠣᠷᠣᠨ ᠵᠡᠷᠭᠡ ᠭᠤᠤᠯ ᠦᠵᠡᠮᠵᠢ᠎ᠶᠢᠨ ᠣᠷᠣᠨ᠎ᠢ ᠡᠮᠬᠢ ᠲᠠᠷᠠᠭ᠎ᠠ ᠲᠠᠢ ᠲᠦᠯᠦᠪᠵᠢᠬᠦᠯᠵᠦ ᠪᠠᠢᠭᠤᠯᠪᠠ᠃ ᠤᠰᠤᠨ ᠲᠤᠨᠭᠭᠠᠯᠠᠭ ᠨᠠᠭᠤᠷ᠂ ᠤᠯᠠᠭᠠᠨ ᠪᠠᠲᠤᠴᠠᠭᠠᠨ᠎ᠤ ᠤᠢ ᠁ ᠬᠤᠷᠴᠢᠨ ᠪᠠᠷᠠᠭᠤᠨ ᠭᠠᠷᠤᠨ ᠲᠤᠮᠲᠠᠲᠦ ᠬᠤᠰᠢᠭᠤ ᠨᠢ ᠡᠨᠡᠬᠦ ᠲᠠᠯ᠎ᠠ ᠨᠤᠲᠤᠭ᠎ᠤᠨ ᠠᠮᠢ ᠠᠬᠤᠢ᠎ᠶᠢᠨ ᠳᠠᠪᠠᠭᠤᠯᠢᠭ᠎ᠶ᠋ᠢᠡᠨ ᠵᠢᠭᠤᠯᠴᠢᠯᠠᠯ᠎ᠤᠨ ᠲᠠᠲᠠᠬᠤ ᠬᠦᠴᠦᠨ ᠪᠣᠯᠭᠠᠨ ᠬᠤᠪᠢᠷᠠᠭᠤᠯᠵᠤ᠂ ᠳᠦᠷᠪᠡᠨ ᠤᠯᠠᠷᠢᠯ᠎ᠤᠨ ᠵᠢᠭᠤᠯᠴᠢᠯᠠᠯ᠎ᠤᠨ ᠠᠮᠢ ᠠᠬᠤᠢ᠎ᠶᠢᠨ ᠰᠠᠭᠤᠷᠢ᠎ᠶᠢ ᠪᠠᠲᠤ ᠴᠤᠭᠴᠠᠯᠠᠬᠰᠠᠨ ᠪᠠᠢᠨ᠎ᠠ᠃ ᠭᠠᠭᠴᠠ ᠬᠦ᠌ ᠠᠮᠢ ᠠᠬᠤᠢ᠎ᠶᠢᠨ ᠰᠠᠭᠤᠷᠢ᠎ᠶᠢ ᠰᠠᠶ᠋ᠢᠲᠤᠷ ᠪᠠᠲᠤᠳᠬᠠᠪᠠᠯ᠂ ᠵᠢᠭᠤᠯᠴᠢᠯᠠᠯ᠎ᠤᠨ ᠬᠥᠭᠵᠢᠯᠲᠡ ᠰᠠᠶᠢ ᠠᠮᠢᠵᠢᠷᠠᠯ᠎ᠤᠨ ᠬᠦᠴᠦᠨ᠎ᠲᠡᠶ ᠪᠤᠯᠵᠤ ᠴᠢᠳᠠᠨ᠎ᠠ᠂ ᠠᠮᠢ ᠠᠬᠤᠢ᠎ᠶᠢᠨ ᠲᠤᠰ ᠪᠡᠶ᠎ᠡ ᠨᠢ ᠳᠠᠷᠤᠢ ᠴᠢᠨᠠᠷ ᠰᠠᠶ᠋ᠢᠲᠠᠢ ᠬᠥᠭᠵᠢᠯᠲᠡ᠎ᠶᠢᠨ ᠬᠦᠳᠡᠯᠭᠡᠬᠦ ᠬᠦᠴᠦᠨ ᠪᠣᠯᠬᠤ᠎ᠶᠢ ᠲᠤᠰ ᠬᠤᠰᠢᠭᠤ᠎ᠶᠢᠨ ᠦᠢᠯᠡᠲᠦᠯᠭᠡ ᠭᠡᠷᠡᠴᠢᠯᠡᠪᠡ᠃



ᠦᠦᠬᠡ ᠲᠡᠦᠭᠡ ᠤᠯᠠᠮᠵᠢᠯᠠᠯᠲᠦ ᠰᠤᠶᠤᠯ ᠪᠤᠯ ᠰᠤᠶᠤᠯ ᠵᠢᠭᠤᠯᠴᠢᠯᠠᠯ᠎ᠤᠨ ᠠᠵᠦ ᠦᠢᠯᠡᠰ᠎ᠤᠨ ᠬᠠᠮᠤᠭ᠎ᠤᠨ ᠶᠡᠬᠡ ᠲᠠᠲᠠᠬᠤ ᠬᠦᠴᠦᠨ ᠮᠦᠨ᠃ ᠬᠤᠷᠴᠢᠨ ᠪᠠᠷᠠᠭᠤᠨ ᠭᠠᠷᠤᠨ ᠲᠤᠮᠲᠠᠲᠦ ᠬᠤᠰᠢᠭᠤ ᠨᠢ ᠤᠷᠤᠨ ᠨᠤᠲᠤᠭ᠎ᠤᠨ ᠲᠡᠦᠬᠡ ᠰᠣᠶᠣᠯ᠎ᠶ᠋ᠢᠡᠨ ᠭᠦᠨ ᠠᠭᠤᠳᠠᠯᠵᠤ᠂ ᠲᠦᠰᠢᠶᠡᠲᠦ᠍ ᠴᠢᠨ ᠸᠠᠩ᠎ᠤᠨ ᠣᠷᠳᠣᠨ᠂ ᠵᠦᠩ ᠶᠢᠩ ᠺᠢᠨᠤ᠋ ᠵᠦᠴᠦᠬᠡ ᠦᠢᠯᠡᠳᠬᠦ᠌ ᠰᠠᠭᠤᠷᠢᠨ ᠭᠠᠵᠠᠷ ᠵᠡᠷᠭᠡ ᠤᠨᠴᠠᠯᠢᠬᠲᠦ᠍ ᠡᠬᠢ ᠪᠠᠶᠠᠯᠢᠭ᠎ᠢ ᠠᠮᠢᠯᠠᠭᠤᠯᠵᠤ᠂ ᠲᠡᠦᠬᠡ᠎ᠶᠢᠨ ᠬᠦᠨᠴᠡ ᠲᠠᠢ᠂ ᠴᠠᠭ ᠦᠶ᠎ᠡ᠎ᠶᠢᠨ ᠦᠯᠢᠬᠡᠷ ᠲᠠᠢ ᠰᠤᠶᠤᠯ ᠵᠢᠭᠤᠯᠴᠢᠯᠠᠯ ᠎ᠤᠨ ᠲᠦᠷᠦᠯ ᠵᠦᠢᠯ ᠪᠤᠯᠭᠠᠪᠠ᠃ ᠡᠳᠡᠭᠡᠷ ᠰᠤᠶᠤᠯ ᠎ᠤᠨ ᠦᠵᠡᠮᠵᠢ ᠨᠢ ᠪᠠᠶ᠋ᠢᠭᠠᠯᠢ᠎ᠶᠢᠨ ᠥᠩᠭᠡ ᠦᠵᠡᠮᠵᠢ᠎ᠯᠦᠭᠡ ᠬᠠᠷᠢᠯᠴᠠᠨ ᠠᠭᠤᠰᠤᠯᠴᠠᠵᠦ᠂ ᠵᠢᠭᠤᠯᠴᠢᠯᠠᠯ᠎ᠤᠨ ᠦᠢᠯᠡᠰ ᠎ᠤᠨ ᠬᠡᠯᠬᠢᠶᠡᠵᠢᠯ ᠎ᠢ ᠤᠷᠲᠤᠳᠬᠠᠵᠤ᠂ ᠵᠢᠭᠤᠯᠴᠢᠯᠠᠯ᠎ᠤᠨ ᠦᠢᠯᠡᠳᠬᠦᠨ ᠎ᠤ ᠬᠠᠩᠭᠠᠯᠭ᠎ᠠ᠎ᠶᠢ ᠪᠠᠶᠠᠯᠢᠭᠵᠢᠭᠤᠯᠵᠤ᠂ ᠦᠵᠡᠮᠵᠢ ᠰᠣᠨᠢᠷᠬᠠᠬᠤ》 ᠵᠢᠭᠤᠯᠴᠢᠯᠠᠯ᠎ ᠠᠴᠠ 《ᠰᠣᠶᠣᠯ᠎ᠢ ᠪᠡᠶᠡᠳᠡᠨ ᠤᠢᠯᠠᠭᠠᠬᠤ》 ᠵᠢᠭᠤᠯᠴᠢᠯᠠᠯ ᠲᠡᠢᠰᠢ ᠬᠤᠪᠢᠷᠠᠭᠤᠯᠵᠦ᠍᠂ ᠤᠷᠤᠨ ᠨᠤᠲᠤᠭ᠎ᠤᠨ ᠵᠢᠭᠤᠯᠴᠢᠯᠠᠯ᠎ᠢ ᠤᠯᠠᠮ ᠲᠠᠲᠠᠬᠤ ᠬᠦᠴᠦᠨ ᠲᠠᠢ ᠪᠤᠯᠭᠠᠵᠦ ᠴᠢᠲᠠᠵᠠᠢ᠃

ᠰᠣᠶᠣᠯ ᠵᠢᠭᠤᠯᠴᠢᠯᠠᠯ ᠎ᠢ ᠬᠥᠭᠵᠢᠭᠦᠯᠬᠦ᠌ ᠎ᠨᠢ ᠠᠷᠠᠳ ᠎ᠢ ᠪᠠᠶᠠᠵᠢᠭᠤᠯᠤᠨ ᠣᠷᠣᠯᠭ᠎ᠠ᠎ᠶᠢ ᠨᠢ ᠨᠡᠮᠡᠭᠳᠡᠭᠦᠯᠬᠦ᠌᠎ᠳᠦ ᠪᠤᠢ᠃ ᠦᠵᠡᠮᠵᠢ᠎ᠶᠢᠨ ᠣᠷᠣᠨ ᠎ᠤ ᠬᠥᠭᠵᠢᠯ ᠪᠠᠳᠠᠷᠠᠯ ᠨᠢ ᠵᠢᠭᠤᠯᠴᠢᠯᠠᠭᠰᠠᠳ᠎ᠢ ᠲᠠᠲᠠᠵᠦ᠂ ᠬᠤᠳᠠᠯᠳᠤᠭᠠᠨ᠎ᠤ ᠠᠵᠠ ᠲᠣᠬᠢᠶᠠᠯ ᠎ᠢ ᠠᠪᠴᠢᠷᠠᠵᠤ᠂ ᠨᠠᠩ ᠴᠤ᠌ ᠠᠵᠢᠯ᠎ᠤᠨ ᠪᠠᠶ᠋ᠢᠷᠢ ᠬᠠᠨᠭᠭᠠᠵᠦ ᠲᠡᠢᠯᠦᠨ᠎ᠡ᠃ ᠬᠤᠷᠴᠢᠨ ᠪᠠᠷᠠᠭᠤᠨ ᠭᠠᠷᠤᠨ ᠲᠤᠮᠲᠠᠲᠦ ᠬᠤᠰᠢᠭᠤ ᠨᠢ ᠡᠯ᠎ᠡ ᠶᠡᠬᠡ ᠵᠢᠭᠤᠯᠴᠢᠯᠠᠯ᠎ᠤᠨ ᠤᠷᠤᠨ᠎ᠳᠠᠭᠠᠨ ᠲᠦᠰᠢᠭᠯᠡᠨ᠂ ᠤᠯᠠᠮ᠎ᠠᠴᠠ ᠣᠯᠠᠨ ᠮᠠᠯᠴᠢᠨ ᠲᠠᠷᠢᠶᠠᠴᠢᠳ ᠲᠦ᠍ ᠠᠵᠢᠯ᠎ᠤᠨ ᠪᠠᠢᠷᠢ ᠤᠯᠭᠤᠵᠦ᠂ ᠲᠡᠲᠡᠨᠤᠰ ᠲᠦ᠍ ᠬᠤᠭᠤᠯᠠᠨ ᠭᠡᠷ ᠪᠠ ᠪᠠᠭᠤᠲᠠᠯ ᠡᠷᠬᠢᠯᠡᠵᠦ᠂ ᠮᠠᠯ᠎ᠤᠨ ᠠᠰᠢᠭ ᠰᠢᠮ᠎ᠡ ᠲᠠᠷᠢᠶᠠᠯᠠᠩ ᠎ᠤᠨ ᠪᠦᠲᠦᠭᠡᠭᠳᠡᠬᠦᠨ᠎ᠢᠶᠡᠨ ᠬᠤᠳᠠᠯᠳᠤᠬᠤ ᠵᠠᠪᠰᠢᠶᠠᠨ ᠤᠯᠭᠤᠵᠦ᠂ ᠤᠷᠤᠯᠭ᠎ᠠ ᠵᠢ ᠨᠢ ᠨᠡᠮᠡᠭᠳᠡᠬᠦᠯᠪᠡ᠃ ᠲᠤᠰ ᠬᠤᠰᠢᠭᠤ᠎ᠶᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠨᠢ ᠠᠮᠢ ᠠᠬᠤᠶ᠎ᠶᠢᠨ ᠥᠷᠲᠡᠭ᠂ ᠰᠣᠶᠣᠯ ᠎ᠤᠨ ᠥᠷᠲᠡᠭ ᠎ᠢ ᠠᠵᠤ ᠠᠬᠤᠶ᠎ᠶᠢᠨ ᠦᠨ᠎ᠡ ᠥᠷᠲᠡᠭ ᠪᠣᠯᠭᠠᠨ ᠬᠤᠪᠢᠷᠠᠭᠤᠯᠵᠦ᠍᠂ ᠣᠯᠠᠨ ᠲᠦᠮᠡᠨ ᠎ᠢ ᠳᠠᠶ᠋ᠢᠴᠢᠯᠠᠨ ᠣᠷᠣᠯᠭ᠎ᠠ᠎ᠶᠢ᠎ᠨᠢ ᠦᠷᠭᠦᠯᠵᠢᠯᠡᠨ ᠨᠡᠮᠡᠭᠳᠡᠭᠦᠯᠵᠦ᠍᠂ ᠵᠢᠭᠤᠯᠴᠢᠯᠠᠯ ᠎ᠤᠨ ᠬᠥᠭᠵᠢᠯᠲᠡ᠎ᠶᠢᠨ ᠦᠷ᠎ᠡ ᠪᠦᠲᠦᠭᠡᠯ᠎ᠢ ᠣᠯᠠᠨ ᠲᠦᠮᠡᠨ᠎ᠳᠦ ᠦᠨᠡᠨᠬᠦ᠌ ᠬᠦᠷᠳᠡᠭᠡᠭᠰᠡᠨ ᠪᠠᠢᠨ᠎ᠠ᠃

 ᠰᠣᠶᠣᠯ ᠵᠢᠭᠤᠯᠴᠢᠯᠠᠯ ᠎ᠤᠨ ᠬᠥᠭᠵᠢᠯᠲᠡ ᠨᠢ ᠨᠡᠭᠡᠭᠡᠨ ᠬᠥᠭᠵᠢᠭᠦᠯᠬᠦ᠌᠎ᠶᠢ ᠴᠢᠬᠤᠯᠠᠴᠢᠯᠠᠭᠠᠳ ᠠᠮᠢ ᠠᠬᠤᠢ᠎ᠶᠢ ᠬᠠᠮᠠᠭᠠᠯᠠᠬᠤ ᠎ᠶᠢ ᠬᠥᠩᠭᠡᠪᠴᠢᠯᠡᠵᠦ᠍᠂ ᠲᠣᠭᠣᠷᠢᠨ ᠦᠵᠡᠬᠦ᠌ ᠎ᠶᠢ ᠴᠢᠬᠤᠯᠠᠴᠢᠯᠠᠭᠠᠳ ᠰᠤᠶᠤᠯ᠎ᠤᠨ ᠠᠭᠤᠯᠤᠭᠳᠠᠬᠤᠨ᠎ᠢ ᠬᠥᠩᠭᠡᠪᠴᠢᠯᠡᠵᠦ᠍ ᠪᠣᠯᠬᠤ ᠦᠭᠡᠢ᠃ ᠬᠤᠷᠴᠢᠨ ᠪᠠᠷᠠᠭᠤᠨ ᠭᠠᠷᠤᠨ ᠲᠤᠮᠲᠠᠲᠦ ᠬᠤᠰᠢᠭᠤ ᠨᠢ ᠵᠢᠭᠤᠯᠴᠢᠯᠠᠯ᠎ᠤᠨ ᠦᠢᠯᠡᠰ᠎ᠢ ᠬᠦᠭᠵᠢᠬᠦᠯᠬᠦ᠎ᠳᠡᠭᠡᠨ ᠨᠤᠭᠤᠭᠠᠨ ᠦᠨᠭᠭᠡ  ᠪᠡᠷ ᠲᠡᠪᠢᠰᠭᠡᠷ ᠪᠤᠯᠭᠠᠵᠦ᠂ ᠰᠤᠶᠤᠯ᠎ᠶ᠋ᠢᠡᠷ ᠰᠦᠭ ᠰᠦᠨᠡᠰᠦ ᠪᠤᠯᠭᠠᠵᠦ᠂ ᠠᠷᠠᠳ ᠎ᠤᠨ ᠠᠮᠢᠲᠤᠷᠠᠯ ᠎ᠢ ᠰᠠᠢᠵᠢᠷᠠᠭᠤᠯᠬᠤ ᠪᠡᠷ ᠬᠠᠷᠠᠯᠲᠠ ᠪᠠᠨ ᠪᠤᠯᠭᠠᠪᠠ᠃

ᠪᠢᠳᠡ ᠲᠤᠰ ᠬᠤᠰᠢᠭᠤ᠎ᠶᠢᠨ ᠵᠢᠱ᠌ᠢᠶ᠎ᠡ ᠡᠴᠡ᠂ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠨ᠂ ᠰᠣᠶᠣᠯ ᠵᠢᠭᠤᠯᠴᠢᠯᠠᠯ ᠎ᠢ ᠠᠭᠤᠰᠤᠯᠴᠠᠭᠤᠯᠬᠤ ᠵᠠᠮ᠎ᠢᠶᠠᠷ ᠦᠷᠭᠦᠯᠵᠢᠯᠡᠨ ᠵᠠᠮᠨᠠᠵᠤ᠂ ᠵᠢᠭᠤᠯᠴᠢᠯᠠᠯ᠎ᠤᠨ ᠲᠦᠬᠦᠬᠡᠷᠦᠮᠵᠢ᠎ᠶᠢ ᠲᠠᠰᠤᠷᠠᠯᠲᠠ ᠦᠬᠡᠢ ᠢᠵᠢ ᠪᠥᠷᠢᠳᠦᠭᠦᠯᠦᠨ᠂ ᠡᠵᠡᠩᠨᠡᠯᠲᠡ᠎ᠶᠢᠨ ᠬᠡᠯᠪᠡᠷᠢ᠎ᠪᠡᠨ ᠰᠢᠨᠡᠴᠢᠯᠡᠪᠡᠯ ᠰᠠᠶ᠍ᠢ ᠲᠠᠯ᠎ᠠ ᠨᠤᠲᠤᠭ ᠎ᠤᠨ ᠥᠩᠭᠡ ᠦᠵᠡᠮᠵᠢ ᠪᠠᠨ ᠨᠡᠩ ᠤᠯᠠᠨ ᠬᠦᠮᠦᠰ ᠲᠦ᠍ ᠲᠠᠨᠢᠭᠤᠯᠵᠦ᠂ ᠰᠣᠶᠣᠯ᠎ᠤᠨ ᠠᠮᠢᠵᠢᠷᠠᠯ᠎ᠤᠨ ᠬᠦᠴᠦᠨ ᠎ᠢ ᠨᠠᠩ ᠪᠠᠲᠠᠷᠠᠭᠤᠯᠵᠦ᠂ ᠮᠠᠯᠴᠢᠨ ᠲᠠᠷᠢᠶᠠᠴᠢᠨ᠎ᠤ ᠠᠮᠢᠳᠤᠷᠠᠯ᠎ᠢ ᠨᠠᠩ ᠴᠢᠨᠡᠭᠡᠯᠢᠭ ᠪᠣᠯᠭᠠᠵᠤ ᠴᠢᠳᠠᠨ᠎ᠠ ᠭᠡᠳᠡᠭ᠎ᠢ ᠲᠠᠨᠢᠵᠦ ᠤᠯᠤᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面