ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠴᠡᠩᠬᠡᠷ ᠨᠤᠲᠤᠭ

2026-11-20 10:23:36

ᠵᠣᠬᠢᠶᠠᠭ᠍ᠴᠢ᠄ ᠪᠢᠴᠢᠨ ᠲᠤᠯᠢ ᠣᠩᠱᠢᠭ᠍ᠰᠠᠨ ᠣᠳᠠᠭ᠎ᠠ᠄ 3

ᠤᠢᠷ᠎ᠠ᠎ᠳᠤ᠂ ᠭᠡᠷᠡᠯ ᠵᠢᠷᠤᠭᠴᠢᠳ ᠬᠣᠶ ᠭᠤᠤᠯ᠎ᠤᠨ ᠨᠤᠭᠤ ᠭᠠᠵᠠᠷ ᠡᠴᠡ ᠭᠤᠷᠪᠠᠨ ᠳᠣᠷᠣᠨᠠᠳᠠᠬᠢᠨ᠎ᠤ ᠴᠠᠭᠠᠨ ᠥᠷᠪᠢᠯᠳᠡᠢ ᠵᠢ ᠤᠯᠵᠤ ᠰᠡᠬᠦᠳᠡᠷᠯᠡᠵᠡᠢ᠃ ᠡᠨᠡ ᠨᠢ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠤᠰᠢᠭᠤ ᠡᠴᠡ ᠠᠩᠬ᠎ᠠ ᠤᠳᠠᠭ᠎ᠠ  ᠳᠤᠰ ᠬᠣᠪᠣᠷ ᠴᠤᠬᠠᠭ ᠰᠢᠪᠠᠭᠤᠨ᠎ᠤ ᠲᠥᠷᠥᠯ᠎ᠢ ᠰᠡᠭᠦᠳᠡᠷᠯᠡᠵᠦ ᠪᠠᠢᠭ᠎ᠠ ᠶᠠᠪᠤᠲᠠᠯ ᠪᠤᠯᠤᠨ᠎ᠠ᠃

ᠳᠣᠷᠣᠨᠠᠳᠠᠬᠢᠨ᠎ᠤ ᠴᠠᠭᠠᠨ ᠥᠷᠪᠢᠯᠳᠡᠢ ᠪᠣᠯ ᠤᠯᠤᠰ᠎ᠤᠨ ᠨᠢᠭᠡᠳᠦᠭᠡᠷ ᠳᠡᠰ᠎ᠤᠨ ᠭᠣᠣᠯᠳᠠᠯᠭ᠎ᠠ᠎ᠲᠠᠶ ᠬᠠᠮᠠᠭᠠᠯᠠᠯᠲᠠ᠎ᠶᠢᠨ ᠬᠡᠭᠡᠷ᠎ᠡ᠎ᠶᠢᠨ ᠠᠮᠢᠲᠠᠨ᠂ ᠪᠦᠬᠦ᠌ ᠪᠥᠮᠪᠥᠷᠴᠡᠭ᠎ᠦᠨ ᠰᠦᠨᠦᠬᠦ᠌ ᠠᠶᠤᠯ ᠲᠡᠢ ᠠᠮᠢᠳᠠᠨ᠎ᠤ ᠲᠦᠷᠦᠯ ᠪᠤᠯᠬᠤᠷ 《ᠰᠢᠪᠠᠭᠤᠳ᠎ᠤᠨ ᠳᠣᠲᠣᠷᠠᠬᠢ ᠮᠠᠯᠤᠷ ᠥᠲᠡᠭᠡ》 ᠬᠡᠮᠡᠭᠳᠡᠵᠡᠢ᠃ ᠲᠡᠷᠡ ᠨᠢ ᠮᠥᠨ ᠴᠦ᠍ ᠨᠡᠶ᠋ᠢᠲᠡ᠎ᠳᠦ ᠮᠡᠳᠡᠷᠡᠭᠳᠡᠭᠰᠡᠨ ᠨᠤᠭᠤ ᠭᠠᠵᠠᠷ᠎ᠤᠨ ᠠᠮᠢ ᠠᠬᠤᠢ᠎ᠶᠢᠨ 《ᠴᠠᠭ ᠠᠭᠤᠷ᠎ᠤᠨ ᠬᠡᠮᠵᠢᠭᠦᠷ》 ᠪᠠᠶ᠋ᠢᠵᠤ᠂ ᠣᠷᠣᠰᠢᠨ ᠠᠮᠢᠳᠤᠷᠠᠬᠤ ᠣᠷᠴᠢᠨ ᠲᠣᠭᠣᠷᠢᠨ᠎ᠤ ᠲᠠᠯ᠎ᠠ ᠪᠡᠷ ᠲᠤᠩ ᠦᠨᠲᠦᠷ ᠱᠠᠭᠠᠷᠳᠠᠯᠭ᠎ᠠ᠎ᠲᠠᠢ ᠪᠠᠶ᠋ᠢᠳᠠᠭ᠃

ᠣᠶ᠋ᠢᠷ᠎ᠠ᠎ᠶᠢᠨ ᠵᠢᠯ᠎ᠦᠨ ᠲᠤᠷᠰᠢ᠂ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤ ᠨᠤᠭᠤ ᠭᠠᠵᠠᠷ᠎ᠤᠨ ᠬᠠᠮᠠᠭᠠᠯᠠᠯᠲᠠ ᠪᠠ ᠵᠠᠰᠠᠯᠲᠠ ᠪᠠᠨ ᠴᠢᠨᠭᠭᠠᠳᠬᠠᠬᠰᠠᠨ ᠡᠴᠡ ᠤᠰᠤ ᠨᠢ ᠲᠤᠩᠭᠠᠯᠠᠭᠰᠢᠵᠦ ᠡᠪᠡᠰᠦ ᠨᠢ ᠰᠠᠬᠤᠯᠢᠬᠵᠢᠨ᠂ ᠨᠡᠭᠦᠳᠡᠯ᠎ᠦᠨ ᠰᠢᠪᠠᠭᠤᠳ᠎ᠤᠨ ᠡᠬᠡᠨᠡᠭᠰᠢᠨ ᠠᠮᠢᠲᠤᠷᠠᠬᠤ ᠰᠠᠢᠬᠠᠨ ᠤᠷᠤᠨ ᠪᠤᠯᠤᠬᠰᠠᠨ ᠪᠢᠯᠡ᠃ ᠲᠤᠰ ᠬᠣᠰᠢᠭᠤ ᠠᠮᠢ ᠠᠬᠤᠢ᠎ᠶᠢᠨ ᠵᠠᠰᠠᠯᠲᠠ ᠪᠠ ᠬᠠᠮᠢᠶᠠᠷᠤᠯᠲᠠ᠎ᠳᠠᠭᠠᠨ᠂ ᠠᠮᠢ ᠠᠬᠤᠢ᠎ᠶᠢ ᠤᠷᠢᠳ᠎ᠶ᠋ᠢᠡᠷ ᠪᠤᠲᠤᠯᠬᠢᠯᠠᠵᠦ᠂ ᠪᠣᠬᠢᠷᠲᠤᠯ ᠦᠭᠡᠢ ᠬᠦᠭᠵᠢᠯᠳᠡ᠎ᠶᠢ ᠪᠠᠷᠢᠮᠲᠠᠯᠠᠵᠤ᠂ ᠨᠤᠭᠤ ᠭᠠᠵᠠᠷ᠎ᠢ ᠬᠠᠮᠠᠭᠠᠯᠠᠬᠤ᠂ ᠨᠤᠲᠤᠭ ᠪᠡᠯᠴᠢᠭᠡᠷ᠎ᠢ ᠰᠡᠷᠬᠦᠭᠡᠬᠦ᠂ ᠠᠭᠤᠷᠬᠠᠢ᠎ᠶᠢ ᠵᠠᠰᠠᠬᠤ ᠪᠣᠯᠣᠨ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢ ᠬᠠᠮᠢᠶᠠᠷᠴᠦ ᠡᠵᠡᠮᠳᠡᠬᠦ᠎ᠶᠢ᠎ᠨᠢᠭᠡᠳᠦᠯᠲᠡᠢ ᠲᠥᠯᠥᠪᠵᠢᠭᠦᠯᠦᠨ᠂ ᠠᠮᠢ ᠠᠬᠤᠢ᠎ᠶᠢᠨ ᠬᠠᠮᠠᠭᠠᠯᠠᠯᠲᠠ᠎ᠶᠢ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠂ ᠠᠵᠤ ᠦᠢᠯᠡᠰ᠎ᠢ ᠪᠠᠶ᠋ᠢᠷᠢᠰᠢᠭᠤᠯᠬᠤ ᠪᠣᠯᠣᠨ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠤᠨ ᠪᠦᠬᠦ᠌ ᠶᠠᠪᠤᠴᠠ᠎ᠳᠤ ᠲᠤᠭᠤᠰᠢᠯᠠᠭᠤᠯᠵᠦ᠂ ᠠᠮᠢ ᠠᠬᠤᠢ᠎ᠶᠢ ᠬᠠᠮᠠᠭᠠᠯᠠᠬᠤ ᠳᠤᠮᠳᠠ ᠪᠣᠬᠢᠷᠲᠤᠯ ᠦᠭᠡᠢ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠵᠡᠢ᠃

ᠨᠤᠭᠤ ᠭᠠᠵᠠᠷ ᠰᠡᠷᠬᠦᠨ ᠲᠦᠯᠵᠢᠵᠦ ᠨᠤᠭᠤᠰᠤ ᠭᠠᠯᠠᠭᠤᠳ ᠭᠠᠨᠭᠭᠠᠨᠠᠨ᠎ᠠ

ᠡᠸᠡᠩᠬᠢ ᠬᠤᠰᠢᠭᠤᠨ᠎ᠳᠤ ᠪᠠᠢᠭ᠎ᠠ ᠬᠤᠢ ᠭᠤᠤᠯ᠎ᠤᠨ ᠤᠯᠤᠰ᠎ᠤᠨ ᠲᠠᠰ᠎ᠤᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠶᠡᠷᠦᠩᠬᠡᠢ ᠲᠠᠯᠠᠪᠠᠶ ᠨᠢ 6848 ᠲᠦᠮᠡᠨ ᠾᠧᠺᠲ᠋ᠠᠷ ᠪᠠᠶ᠋ᠢᠵᠤ᠂ ᠨᠤᠭᠤ  ᠭᠠᠵᠠᠷ᠂ ᠬᠡᠭᠡᠷ᠎ᠡ ᠲᠠᠯ᠎ᠠ᠂ ᠡᠯᠡᠰᠦᠷᠬᠡᠭ ᠭᠠᠵᠠᠷ᠎ᠤᠨ ᠵᠢᠭᠠᠷᠲᠤ᠌ ᠨᠠᠷᠠᠰᠤᠨ ᠣᠶ ᠵᠡᠷᠭᠡ ᠣᠯᠠᠨ ᠵᠦᠢᠯ᠎ᠦᠨ ᠠᠮᠢ ᠠᠬᠤᠢ᠎ᠶᠢᠨ ᠰᠢᠰᠲ᠋ᠧᠮ᠎ᠢ ᠪᠦᠷᠢᠯᠲᠦᠬᠦᠯᠦᠭᠰᠡᠨ ᠪᠠᠢᠲᠠᠭ᠃ ᠲᠤᠰ ᠬᠠᠮᠠᠭᠠᠯᠠᠯᠲᠠ᠎ᠶᠢᠨ ᠤᠷᠤᠨ ᠨᠢ ᠨᠡᠭᠦᠳᠡᠯ᠎ᠦᠨ ᠰᠢᠪᠠᠭᠤᠳ᠎ᠤᠨ ᠠᠮᠠᠷᠠᠵᠦ ᠰᠡᠯᠬᠦᠬᠦ ᠴᠢᠬᠤᠯᠠ ᠭᠠᠵᠠᠷ ᠪᠣᠯᠬᠤ ᠪᠥᠭᠡᠳ ᠪᠠᠰᠠ ᠴᠤ᠌ ᠤᠰᠤᠨ᠎ᠤ ᠡᠬᠢ ᠰᠤᠷᠪᠤᠯᠵᠢ᠎ᠶᠢ ᠬᠠᠳᠠᠭᠠᠯᠠᠬᠤ᠂ ᠣᠷᠣᠨ ᠪᠦᠰᠡ᠎ᠶᠢᠨ ᠠᠮᠢ ᠠᠬᠤᠢ᠎ᠶᠢᠨ ᠣᠷᠴᠢᠨ ᠲᠣᠭᠣᠷᠢᠨ᠎ᠢ ᠵᠣᠬᠢᠴᠠᠭᠤᠯᠬᠤ ᠴᠢᠬᠤᠯᠠ ᠣᠷᠣᠨ ᠪᠦᠰᠡ ᠪᠣᠯᠣᠨ᠎ᠠ᠃




ᠲᠤᠰ ᠬᠠᠮᠠᠭᠠᠯᠠᠯᠲᠠ᠎ᠶᠢᠨ ᠣᠷᠣᠨ᠎ᠳᠤ ᠤᠲᠤ 316 ᠲᠥᠷᠥᠯ᠎ᠦᠨ ᠰᠢᠪᠠᠭᠤᠳ ᠤᠷᠤᠰᠢᠨ ᠠᠮᠢᠲᠤᠷᠲᠠᠭ᠂ ᠡᠭᠦᠨ᠎ᠳᠦ ᠠᠯ ᠰᠡᠭᠦᠯ᠂ ᠲᠣᠭᠣᠳᠠᠭ ᠵᠡᠷᠭᠡ ᠤᠯᠤᠰ᠎ᠤᠨ ᠨᠢᠭᠡᠳᠦᠭᠡᠷ ᠳᠡᠰ᠎ᠤᠨ ᠭᠣᠣᠯᠳᠠᠯᠭ᠎ᠠ᠎ᠲᠠᠶ ᠬᠠᠮᠠᠭᠠᠯᠠᠯᠲᠠ᠎ᠶᠢᠨ ᠰᠢᠪᠠᠭᠤᠨ᠎ᠤ ᠲᠥᠷᠥᠯ ᠪᠠᠭᠲᠠᠨ᠎ᠠ᠃ 2023 ᠣᠨ᠎ᠳᠤ᠂ ᠬᠤᠢ ᠭᠣᠣᠯ᠎ᠤᠨ ᠬᠠᠮᠠᠭᠠᠯᠠᠯᠲᠠ᠎ᠶᠢᠨ ᠣᠷᠣᠨ ᠨᠢ ᠪᠥᠬᠥ᠌ ᠤᠯᠤᠰ᠎ᠤᠨ ᠠᠩᠬᠠᠳᠠᠭᠴᠢ ᠪᠦᠯᠦᠭ᠎ᠤᠨ ᠬᠡᠭᠡᠷ᠎ᠡ᠎ᠶᠢᠨ ᠠᠮᠢᠲᠠᠨ᠎ᠤ ᠴᠢᠬᠤᠯᠠ ᠣᠷᠣᠰᠢᠨ ᠠᠮᠢᠳᠤᠷᠠᠬᠤ ᠭᠠᠵᠠᠷ᠎ᠶ᠋ᠢᠡᠷ ᠰᠣᠩᠭᠣᠭᠳᠠᠨ᠂ ᠠᠮᠢ ᠠᠬᠤᠢ᠎ᠶᠢᠨ ᠦᠨ᠎ᠡ ᠥᠷᠲᠡᠭ᠎ᠶ᠋ᠢᠡᠷ᠎ᠶ᠋ᠢᠡᠨ ᠤᠯᠤᠰ᠎ᠤᠨ ᠲᠠᠰ᠎ᠤᠨ ᠦᠨᠡᠯᠡᠯᠲᠡ᠎ᠶᠢ ᠣᠯᠣᠭᠰᠠᠨ ᠪᠠᠶ᠋ᠢᠨ᠎ᠠ᠃

ᠨᠤᠭᠤ ᠭᠠᠵᠠᠷ᠎ᠤᠨ ᠦᠨ᠎ᠡ ᠥᠷᠲᠡᠭ ᠨᠢ ᠵᠦᠪᠭᠡᠨ ᠤᠰᠤ ᠪᠡᠯᠴᠢᠭᠡᠷ ᠰᠠᠢᠨ᠂ ᠭᠠᠯᠠᠭᠤ ᠰᠢᠪᠠᠭᠤ ᠤᠯᠠᠨ᠎ᠳᠤ ᠪᠠᠶ᠋ᠢᠬᠤ ᠪᠢᠰᠢ᠂ ᠨᠡᠩ ᠴᠢᠬᠤᠯᠠ ᠨᠢ ᠲᠡᠭᠦᠨ᠎ᠦ ᠪᠦᠷᠢᠨ ᠪᠦᠲᠦᠨ ᠠᠮᠢ ᠠᠬᠤᠢ᠎ᠶᠢᠨ ᠰᠢᠰᠲᠸᠮ᠎ᠳᠦᠨᠢ ᠪᠠᠢᠲᠠᠭ᠃ ᠬᠠᠮᠠᠭᠠᠯᠠᠯᠲᠠ ᠬᠠᠮᠢᠶᠠᠷᠤᠯᠲᠠ᠎ᠶᠢᠨ ᠲᠠᠯ᠎ᠠ ᠪᠡᠷ᠂ ᠬᠤᠢ ᠭᠤᠤᠯ᠎ᠤᠨ ᠤᠯᠤᠰ᠎ᠤᠨ ᠲᠠᠰ᠎ᠤᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠨᠢ᠎ᠲᠤᠤᠷᠴᠢᠯᠠᠭᠰᠠᠨ ᠲᠣᠭᠣᠷᠢᠨ ᠬᠠᠮᠠᠭᠠᠯᠠᠯᠲᠠ ᠪᠠ ᠬᠥᠳᠡᠯᠦᠩᠭᠦᠢ ᠬᠢᠨᠠᠨ ᠬᠡᠮᠵᠢᠬᠦ᠌ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠍᠂ ᠰᠢᠪᠠᠭᠤᠳ᠎ᠤᠨ᠎ᠦᠨᠳᠡᠭᠡᠯᠡᠵᠦ ᠦᠷᠡᠵᠢᠬᠦ ᠭᠠᠵᠠᠷ᠂ ᠤᠰᠤᠨ᠎ᠤ ᠣᠷᠣᠨ ᠪᠠ ᠰᠢᠭᠤᠢᠲᠦ ᠭᠠᠵᠠᠷ ᠵᠡᠷᠭᠡ ᠭᠣᠣᠯᠳᠠᠯᠭ᠎ᠠ᠎ᠲᠠᠶ ᠣᠷᠣᠨ ᠪᠦᠰᠡ᠎ᠶᠢ ᠲᠣᠭᠣᠷᠢᠨ ᠪᠠᠶ᠋ᠢᠴᠠᠭᠠᠬᠤ᠎ᠪᠠᠨ ᠴᠢᠩᠭᠠᠳᠬᠠᠵᠤ᠂ ᠨᠡᠭᠦᠳᠡᠯ᠎ᠦᠨ ᠰᠢᠪᠠᠭᠤᠳ᠎ᠤᠨ ᠲᠤᠭ᠎ᠠ ᠬᠡᠮᠵᠢᠶ᠎ᠡ᠂ ᠤᠷᠭᠤᠮᠠᠯ᠎ᠤᠨ ᠬᠤᠴᠢᠯᠭ᠎ᠠ᠎ᠶᠢᠨ ᠬᠤᠪᠢᠷᠠᠯᠲᠠ ᠪᠠ ᠤᠰᠤᠨ ᠵᠦᠢ᠎ᠶᠢᠨ ᠬᠥᠳᠡᠯᠦᠩᠭᠦᠢ ᠪᠠᠶ᠋ᠢᠳᠠᠯ᠎ᠢ ᠪᠠᠢᠨᠭᠭᠤ ᠮᠥᠷᠳᠡᠨ ᠲᠡᠮᠳᠡᠭᠯᠡᠭᠰᠡᠨ ᠪᠠᠢᠨ᠎ᠠ᠃

ᠡᠭᠦᠨ᠎ᠦ ᠬᠠᠮᠲᠤ᠌᠂  ᠲᠤᠰ ᠬᠤᠰᠢᠭᠤ ᠨᠢ ᠣᠶ ᠰᠢᠭᠤᠢ ᠡᠪᠡᠰᠦ ᠪᠡᠯᠴᠢᠭᠡᠷ ᠪᠠ ᠳᠣᠲᠣᠭᠠᠳᠤ᠎ᠶᠢ ᠬᠠᠮᠠᠭᠠᠯᠠᠬᠤ ᠰᠠᠯᠠᠭ᠎ᠠ ᠮᠥᠴᠢᠷ ᠵᠡᠷᠭᠡ ᠲᠡᠶ ᠬᠣᠯᠪᠤᠭᠠᠯᠠᠨ᠂ ᠬᠠᠤᠯᠢ ᠪᠤᠰᠤ᠎ᠪᠠᠷ ᠬᠡᠭᠡᠷ᠎ᠡ᠎ᠶᠢᠨ ᠠᠮᠢᠲᠠᠨ᠎ᠢ ᠠᠩᠨᠠᠬᠤ᠂ ᠨᠤᠭᠤ ᠭᠠᠵᠠᠷ᠎ᠤᠨ ᠤᠷᠭᠤᠮᠠᠯ᠎ᠤᠨ ᠬᠤᠴᠢᠯᠭ᠎ᠠ᠎ᠶᠢ ᠡᠪᠳᠡᠬᠦ᠌ ᠵᠡᠷᠭᠡ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ᠌᠎ᠶᠢᠨ ᠬᠠᠮᠲᠤ᠌᠂ ᠰᠢᠨᠵᠢᠯᠡᠬᠦ᠌ ᠤᠬᠠᠭᠠᠨ᠎ᠤ ᠲᠦᠭᠡᠮᠡᠯᠵᠢᠬᠦᠯᠦᠯᠳᠡ ᠪᠠ ᠤᠬᠠᠭᠤᠯᠭ᠎ᠠ ᠪᠠᠨ ᠴᠢᠨᠭᠭᠠᠳᠬᠠᠪᠠ᠃ ᠭᠣᠣᠯᠳᠠᠯᠭ᠎ᠠ᠎ᠲᠠᠶ ᠣᠷᠣᠨ ᠪᠦᠰᠡ᠎ᠶᠢ ᠲᠤᠰᠬᠠᠢᠯᠠᠨ ᠬᠠᠮᠢᠶᠠᠷᠴᠦ ᠬᠠᠮᠠᠭᠠᠯᠠᠬᠤ᠎ᠠᠴᠠ ᠤᠯᠠᠨ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠦ᠂ ᠤᠯᠠᠨ ᠲᠦᠮᠡᠨ ᠰᠠᠨᠠᠭᠠᠴᠢᠯᠠᠭ᠎ᠠ᠎ᠠᠴᠠ᠎ᠪᠠᠨ ᠣᠷᠣᠯᠴᠠᠬᠤ ᠪᠤᠯᠲᠠᠯ᠎ᠠ᠂ ᠨᠤᠭᠤ ᠭᠠᠵᠠᠷ᠎ᠤᠨ ᠬᠠᠮᠠᠭᠠᠯᠠᠯᠲᠠ ᠶᠠᠭ ᠠᠯᠬᠤᠮ ᠠᠯᠬᠤᠮ᠎ᠢᠶᠠᠷ ᠤᠯᠠᠨ ᠲᠠᠯ᠎ᠠ᠎ᠪᠠᠷ᠎ᠶ᠋ᠢᠡᠨ ᠬᠠᠮᠵᠢᠯᠴᠠᠵᠤ᠂ ᠬᠠᠮᠲᠤᠪᠠᠷ ᠰᠠᠬᠢᠨ ᠬᠠᠮᠠᠭᠠᠯᠠᠬᠤ ᠪᠠᠶ᠋ᠢᠷᠢᠰᠢᠯ᠎ᠢ ᠪᠦᠷᠢᠯᠳᠦᠭᠦᠯᠵᠦ ᠪᠠᠶ᠋ᠢᠨ᠎ᠠ᠃

ᠠᠮᠢ ᠠᠬᠤᠢ᠎ᠶᠢ ᠬᠠᠮᠠᠭᠠᠯᠠᠬᠤ᠎ᠳᠤ ᠵᠥᠪᠬᠡᠨ ᠨᠢᠭᠡ ᠴᠠᠭ᠎ᠤᠨ ᠴᠡᠭᠴᠡᠯᠡᠨ ᠵᠠᠰᠠᠯᠲᠠ᠎ᠳᠤ ᠲᠦᠰᠢᠭᠯᠡᠭᠡᠳ ᠪᠣᠯᠬᠤ ᠦᠭᠡᠢ᠂ ᠨᠡᠩ ᠴᠢᠬᠤᠯᠠ ᠨᠢ ᠦᠷᠭᠦᠯᠵᠢᠯᠡᠨ ᠬᠢᠨᠠᠨ ᠬᠡᠮᠵᠢᠬᠦ᠂ ᠴᠢᠩᠭ᠎ᠠ ᠬᠠᠮᠢᠶᠠᠷᠤᠨ ᠬᠠᠮᠠᠭᠠᠯᠠᠬᠤ ᠪᠠ ᠤᠯᠠᠨ ᠨᠡᠶ᠋ᠢᠲᠡ᠎ᠶᠢᠨ ᠣᠷᠤᠯᠴᠠᠯᠭ᠎ᠠ᠎ᠳᠤ ᠲᠦᠰᠢᠭᠯᠡᠬᠦ ᠭᠡᠷᠡᠭᠳᠡᠢ᠂ ᠬᠠᠮᠠᠭᠠᠯᠠᠯᠲᠠ᠎ᠶᠢᠨ ᠬᠠᠷᠢᠭᠤᠴᠠᠯᠭ᠎ᠠ᠎ᠶᠢ ᠤᠰᠤᠨ ᠣᠷᠣᠨ ᠨᠢᠭᠡᠪᠦᠷᠢ᠂ ᠣᠷᠣᠰᠢᠨ ᠠᠮᠢᠳᠤᠷᠠᠬᠤ ᠭᠠᠵᠠᠷ ᠨᠢᠭᠡᠪᠦᠷᠢ᠎ᠳᠦ ᠨᠠᠶ᠋ᠢᠳᠠᠪᠤᠷᠢᠵᠢᠭᠤᠯᠪᠠᠯ ᠰᠠᠶᠢ ᠠᠮᠢ ᠠᠬᠤᠢ᠎ᠶᠢᠨ ᠰᠢᠰᠲᠸᠮ᠎ᠤᠨ ᠪᠦᠬᠦ ᠲᠠᠯ᠎ᠠ᠎ᠶᠢᠨ ᠰᠡᠷᠬᠦᠯᠳᠡ᠎ᠶᠢ ᠪᠡᠶᠡᠯᠡᠬᠦᠯᠵᠦ ᠴᠢᠲᠠᠨ᠎ᠠ᠃

ᠲᠠᠴᠢᠷᠲᠠᠭᠰᠠᠨ ᠪᠡᠯᠴᠢᠭᠡᠷ ᠨᠤᠭᠤᠭᠠᠷᠠᠵᠦ ᠲᠠᠪᠤᠨ ᠬᠤᠰᠢᠭᠤ ᠮᠠᠯ ᠲᠠᠪᠠᠲᠠᠢ ᠪᠡᠯᠴᠢᠨ᠎ᠡ

ᠲᠠᠯ᠎ᠠ ᠨᠤᠲᠤᠭ ᠪᠤᠯ ᠡᠸᠡᠩᠬᠢ ᠬᠤᠰᠢᠭᠤ᠎ᠶᠢᠨ ᠬᠠᠮᠤᠭ᠎ᠤᠨ ᠢᠯᠡ ᠲᠣᠳᠣ ᠭᠠᠵᠠᠷ ᠣᠷᠣᠨ᠎ᠤ ᠲᠡᠮᠳᠡᠭ ᠪᠣᠯᠬᠤ ᠪᠥᠭᠡᠳ ᠲᠤᠬᠠᠢ᠎ᠶᠢᠨ ᠭᠠᠵᠠᠷ᠎ᠤᠨ ᠣᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠤᠨ ᠴᠢᠬᠤᠯᠠ ᠲᠦᠰᠢᠭ ᠪᠣᠯᠣᠨ᠎ᠠ᠃

ᠡᠸᠡᠩᠬᠢ ᠬᠣᠰᠢᠭᠤ ᠨᠢ ᠨᠤᠲᠤᠭ ᠪᠡᠯᠴᠢᠭᠡᠷ᠎ᠢ ᠬᠠᠮᠠᠭᠠᠯᠠᠬᠤ᠂ ᠮᠠᠯ ᠪᠡᠯᠴᠢᠭᠡᠷ᠎ᠢ ᠲᠡᠩᠴᠡᠭᠦᠷᠢ᠎ᠲᠡᠶ ᠪᠠᠶ᠋ᠢᠯᠭᠠᠬᠤ ᠪᠠ ᠪᠡᠯᠴᠢᠭᠡᠷᠯᠡᠭᠦᠯᠬᠦ᠌᠎ᠶᠢ ᠵᠣᠭᠰᠤᠭᠠᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠪᠡᠯᠴᠢᠭᠡᠷᠯᠡᠭᠦᠯᠬᠦ᠌ ᠬᠦᠴᠦᠯᠡᠴᠡ᠎ᠶᠢ ᠰᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠤᠨ ᠡᠵᠡᠮᠳᠡᠵᠦ᠍᠂ ᠮᠠᠯ ᠰᠦᠷᠦᠭ᠎ᠢ ᠬᠠᠮᠢᠶᠠᠷᠤᠨ ᠡᠵᠡᠮᠳᠡᠬᠦ᠌ ᠪᠠᠨ ᠴᠢᠩᠭᠠᠳᠬᠠᠵᠤ᠂ ᠨᠤᠲᠤᠭ ᠪᠡᠯᠴᠢᠭᠡᠷ᠎ᠢ ᠰᠡᠯᠬᠦᠨ ᠠᠮᠠᠷᠠᠭᠤᠯᠪᠠ᠃ 



2025 ᠣᠨ᠎ᠳᠤ᠂ ᠪᠥᠬᠥ᠌ ᠬᠣᠰᠢᠭᠤᠨ᠎ᠤ ᠨᠤᠲᠤᠭ ᠪᠡᠯᠴᠢᠭᠡᠷ᠎ᠦᠨ ᠶᠡᠷᠦᠩᠬᠡᠶ᠋ᠢᠯᠡᠭᠰᠡᠨ ᠤᠷᠭᠤᠮᠠᠯ᠎ᠤᠨ ᠬᠤᠴᠢᠯᠭ᠎ᠠ᠎ᠶᠢᠨ ᠳᠤᠮᠳᠠᠴᠢ ᠬᠡᠮᠵᠢᠭᠳᠡᠯ 79% ᠪᠠᠶ᠋ᠢᠭᠰᠠᠨ ᠎ᠠᠴᠠ᠎ᠪᠠᠨ ᠳᠡᠭᠡᠭᠰᠢᠯᠡᠭᠡᠳ 86% ᠪᠣᠯᠵᠤ᠂ ᠮᠠᠯ ᠪᠡᠯᠴᠢᠭᠡᠷ᠎ᠦᠨ ᠲᠡᠩᠴᠡᠭᠦᠷᠢ᠎ᠶᠢᠨ ᠵᠢᠭᠠᠯᠲᠠ ᠲᠣᠭ᠎ᠠ᠎ᠶᠢ 10% ᠡᠴᠠ ᠳᠣᠷᠣᠭᠰᠢ ᠬᠡᠮᠵᠢᠶᠡᠨ᠎ᠳᠦ ᠲᠣᠭᠲᠠᠪᠤᠷᠢᠵᠢᠭᠤᠯᠪᠠ᠃ ᠪᠡᠯᠴᠢᠭᠡᠷᠯᠡᠭᠦᠯᠬᠦ᠌᠎ᠶᠢ ᠵᠣᠭᠰᠤᠭᠠᠬᠤ ᠬᠤᠭᠤᠴᠠᠭᠠᠨ᠎ᠳᠤ ᠲᠣᠭᠲᠠᠭᠠᠯ᠎ᠠᠴᠠ ᠵᠥᠷᠢᠴᠡᠨ ᠪᠡᠯᠴᠢᠭᠡᠷᠯᠡᠭᠦᠯᠦᠭᠰᠡᠨ ᠨᠣᠷᠮ᠎ᠠ 38.6%᠎ᠶᠢ ᠳᠣᠷᠣᠭᠰᠢᠯᠠᠭᠤᠯᠤᠭᠠᠳ 4.3% ᠪᠤᠯᠭᠠᠵᠦ᠂ ᠪᠡᠯᠴᠢᠭᠡᠷᠯᠡᠭᠦᠯᠬᠦ᠌ ᠎ᠶᠢ ᠴᠠᠭᠠᠵᠠᠯᠠᠬᠤ ᠣᠷᠣᠨ᠎ᠤ ᠲᠣᠭᠲᠠᠭᠠᠯ ᠡᠴᠠ ᠵᠥᠷᠢᠴᠡᠨ ᠮᠠᠯᠵᠢᠬᠤ ᠨᠣᠷᠮ᠎ᠠ 25% ᠪᠠᠶ᠋ᠢᠭᠰᠠᠨ ᠡᠴᠠ ᠨᠢ ᠪᠠᠭᠤᠷᠠᠭᠤᠯᠤᠭᠠᠳ 1.7% ᠪᠣᠯᠭᠠᠪᠠ᠃ ᠡᠬᠦᠨ᠎ᠤ ᠬᠠᠮᠲᠦ 《ᠤᠮᠠᠷᠠᠲᠦ᠎ᠶᠢᠨ ᠭᠤᠷᠪᠠᠨ ᠤᠷᠤᠨ》 ᠎ᠤ᠋ ᠢᠨᠵᠧᠨᠧᠷᠢᠩ᠎ᠦᠨ ᠡᠯᠡᠰᠦ᠎ᠶᠢ ᠰᠡᠷᠭᠡᠶ᠋ᠢᠯᠡᠨ ᠵᠠᠰᠠᠬᠤ ᠠᠵᠢᠯ᠎ᠤᠨ ᠡᠬᠦᠷᠭᠡ 1. 92 ᠲᠦᠮᠡᠨ ᠮᠦ᠍᠎ᠪᠠᠨ ᠲᠣᠭᠲᠠᠭᠰᠠᠨ ᠬᠤᠭᠤᠴᠠᠭᠠᠨ᠎ᠳᠤ ᠪᠡᠶᠡᠯᠡᠬᠦᠯᠪᠡ᠃

ᠨᠤᠲᠤᠭ ᠪᠡᠯᠴᠢᠭᠡᠷ ᠎ᠦᠨ ᠠᠮᠢ ᠠᠬᠤᠢ ᠎ᠶᠢ ᠰᠡᠷᠭᠦᠭᠡᠬᠦ᠌ ᠎ᠳᠤ ᠲᠦᠷᠢᠮ᠎ᠤᠨ ᠬᠢᠵᠠᠭᠠᠷᠯᠠᠯ ᠱᠠᠭᠠᠷᠳᠠᠭᠳᠠᠬᠤ ᠎ᠪᠠᠷ ᠪᠠᠷᠠᠬᠤ ᠦᠭᠡᠢ ᠪᠠᠰᠠ ᠡᠳᠦᠷ ᠲᠤᠲᠤᠮ᠎ᠤᠨ ᠠᠷᠠᠴᠢᠯᠠᠨ ᠬᠠᠮᠠᠭᠠᠯᠠᠯᠲᠠ ᠪᠠ ᠪᠥᠬᠥ᠌ ᠠᠷᠠᠳ᠎ᠤᠨ ᠬᠠᠮᠵᠢᠯᠴᠠᠭ᠎ᠠ ᠤᠷᠤᠯᠴᠠᠯᠭ᠎ᠠ ᠱᠠᠭᠠᠷᠳᠠᠭᠳᠠᠨ᠎ᠠ᠃ 2025 ᠣᠨ᠎ᠳᠤ᠂ ᠪᠥᠬᠥ᠌ ᠬᠣᠰᠢᠭᠤ ᠪᠡᠷ᠎ᠶ᠋ᠢᠡᠨ 17 ᠲᠦᠮᠡᠨ ᠰᠠᠭᠤᠷᠢ ᠠᠯᠪᠠᠨ ᠵᠢᠷᠤᠮ᠎ᠤᠨ ᠮᠣᠳᠣ ᠳᠠᠷᠢᠵᠦ᠂ ᠣᠶ ᠰᠢᠭᠤᠢ ᠡᠪᠡᠰᠦ ᠪᠡᠯᠴᠢᠭᠡᠷ᠎ᠦᠨ ᠲᠣᠭᠣᠷᠢᠨ ᠪᠠᠶ᠋ᠢᠴᠠᠭᠠᠯᠲᠠ᠎ᠶᠢ ᠨᠡᠶ᠋ᠢᠲᠡ 1527 ᠤᠳᠠᠭ᠎ᠠ ᠥᠷᠨᠢᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠦ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠲᠤᠰ ᠬᠤᠰᠢᠭᠤ ᠬᠥᠮᠥᠨ᠎ᠦ ᠬᠦᠴᠦ᠎ᠪᠡᠷ ᠨᠡᠶ᠋ᠢᠲᠡ 12 ᠲᠦᠮᠡᠨ ᠮᠦ᠍ ᠡᠪᠡᠰᠦ ᠳᠠᠷᠢᠵᠤ᠂ ᠡᠯᠡᠰᠦ ᠎ᠶᠢ ᠵᠠᠰᠠᠬᠤ ᠵᠡᠷᠭᠡ ᠪᠦᠲᠦᠭᠡᠨ ᠪᠠᠶ᠋ᠢᠭᠤᠯᠤᠯᠲᠠ᠎ᠶᠢᠨ ᠡᠭᠦᠷᠭᠡ ᠪᠠᠨ 5.01ᠲᠦᠮᠡᠨ ᠮᠦ᠍ ᠪᠡᠶᠡᠯᠡᠭᠦᠯᠪᠡ᠃

ᠵᠤᠯᠵᠠᠭ᠎ᠠ ᠮᠣᠳᠣ᠎ᠶᠢᠨ ᠡᠳᠡᠭᠡᠷᠡᠵᠦ᠍ ᠳᠡᠶ᠋ᠢᠯᠬᠦ᠌ ᠡᠰᠡᠬᠦ ᠂ ᠲᠠᠴᠢᠷᠲᠠᠬᠰᠠᠨ ᠪᠡᠯᠴᠢᠭᠡᠷ᠎ᠤᠨ ᠰᠡᠷᠭᠦᠵᠦ᠍ ᠳᠡᠶ᠋ᠢᠯᠬᠦ᠌ ᠡᠰᠡᠬᠦ᠌᠎ᠶᠢᠨ ᠵᠠᠩᠭᠢᠯᠠᠭ᠎ᠠ ᠨᠢ ᠲᠠᠷᠢᠵᠦ ᠤᠢᠵᠢᠭᠤᠯᠤᠬᠰᠠᠨ᠎ᠤ ᠲᠠᠷᠠᠭᠠᠬᠢ ᠬᠠᠮᠢᠶᠠᠷᠤᠯᠲᠠ ᠪᠠ ᠬᠠᠮᠠᠭᠠᠯᠠᠯᠲᠠ᠎ᠳᠤ ᠪᠠᠶ᠋ᠢᠨ᠎ᠠ᠃ ᠮᠠᠯ ᠪᠡᠯᠴᠢᠭᠡᠷ ᠎ᠢ ᠲᠡᠩᠴᠡᠭᠦᠷᠢ᠎ᠲᠡᠶ ᠪᠠᠶ᠋ᠢᠯᠭᠠᠬᠤ ᠨᠢ ᠨᠤᠲᠤᠭ ᠪᠡᠯᠴᠢᠭᠡᠷ᠎ᠦᠨ ᠳᠠᠭᠠᠭᠠᠴᠠ᠎ᠶᠢᠨ ᠴᠢᠳᠠᠪᠤᠷᠢ᠎ᠳᠤ ᠰᠠᠭᠤᠷᠢᠯᠠᠨ ᠦᠢᠯᠡᠳᠪᠦᠷᠢᠯᠡᠯ᠎ᠦᠨ ᠠᠷᠭ᠎ᠠ᠎ᠪᠠᠨ ᠲᠣᠬᠢᠷᠠᠭᠤᠯᠵᠤ᠂ ᠨᠤᠲᠤᠭ ᠪᠡᠯᠴᠢᠭᠡᠷ᠎ᠢ ᠰᠡᠯᠬᠦᠨ ᠠᠮᠤᠷᠵᠢᠭᠤᠯᠬᠤ ᠣᠷᠣᠨ ᠵᠠᠢ᠎ᠲᠠᠶ ᠪᠣᠯᠭᠠᠵᠤ᠂ ᠮᠠᠯ ᠠᠵᠤ ᠠᠬᠤᠢ᠎ᠶᠢ ᠨᠡᠩ ᠲᠣᠭᠲᠠᠭᠤᠨ᠂ ᠠᠯᠤᠰ ᠬᠡᠳᠤ᠎ᠶᠢᠨ ᠬᠥᠭᠵᠢᠯᠲᠡ᠎ᠲᠠᠶ ᠪᠣᠯᠭᠠᠵᠦ ᠪᠠᠢᠭ᠎ᠠ ᠶᠠᠪᠤᠳᠠᠯ ᠪᠣᠯᠣᠨ᠎ᠠ᠃ ᠭᠠᠭᠴᠠ ᠬᠦ᠌ ᠠᠮᠢ ᠠᠬᠤᠢ᠎ᠶᠢᠨ ᠬᠠᠮᠠᠭᠠᠯᠠᠯᠲᠠ᠎ᠶᠢ ᠮᠠᠯᠴᠢᠳ᠎ᠤᠨ ᠦᠢᠯᠡᠳᠪᠦᠷᠢᠯᠡᠯ ᠠᠮᠢᠳᠤᠷᠠᠯ᠎ᠲᠠᠶ ᠨᠢᠭᠡᠳᠦᠯᠲᠡᠢ ᠲᠥᠯᠥᠪᠵᠢᠭᠦᠯᠪᠡᠯ ᠰᠠᠶᠢ ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶᠢ ᠦᠨᠡᠨᠬᠦ ᠴᠢᠨᠭᠭᠠᠳᠬᠠᠵᠦ᠂ ᠠᠮᠢ ᠠᠬᠤᠢ ᠤᠷᠴᠢᠨ ᠲᠤᠭᠤᠷᠢᠨ᠎ᠶ᠋ᠢᠡᠨ ᠬᠠᠮᠠᠭᠠᠯᠠᠬᠤ ᠬᠠᠮᠲᠦ᠎ᠶᠢᠨ ᠬᠦᠴᠦᠨ᠎ᠢ ᠪᠤᠢ ᠪᠤᠯᠭᠠᠵᠦ ᠴᠢᠲᠠᠨ᠎ᠠ᠃

ᠡᠪᠳᠡᠭᠳᠡᠭᠰᠡᠨ ᠨᠤᠲᠤᠭ ᠡᠰᠡᠨᠢᠨ ᠰᠡᠷᠬᠦᠵᠦ ᠡᠪᠡᠰᠤ ᠪᠡᠯᠴᠢᠭᠡᠷ ᠬᠠᠯᠢᠭᠤᠷᠠᠨ᠎ᠠ

ᠠᠭᠤᠷᠬᠠᠢ᠎ᠶᠢᠨ ᠭᠠᠷᠤᠯᠲᠠ᠎ᠶᠢ ᠨᠡᠭᠡᠭᠡᠨ ᠠᠰᠢᠭᠯᠠᠬᠤ ᠨᠢ ᠣᠷᠣᠨ ᠨᠤᠲᠤᠭ᠎ᠤᠨ ᠠᠵᠤ ᠠᠬᠤᠢ᠎ᠶᠢᠨ ᠬᠥᠭᠵᠢᠯᠲᠡ᠎ᠳᠦ ᠴᠢᠬᠤᠯᠠ ᠲᠤᠯᠭᠠᠭᠤᠷᠢᠯᠠᠯ ᠬᠠᠩᠭᠠᠬᠤ ᠪᠣᠯᠪᠠᠴᠤ ᠨᠡᠭᠡᠭᠡᠨ ᠠᠰᠢᠬᠯᠠᠬᠰᠠᠨ᠎ᠤ ᠲᠠᠷᠠᠭᠠᠬᠢ ᠦᠯᠡᠳᠡᠭᠡᠭᠰᠡᠨ ᠨᠦᠬᠡ᠂ ᠬᠠᠶᠠᠭᠲᠠᠮᠠᠯ ᠬᠤᠭ ᠵᠡᠷᠭᠡ ᠨᠢ ᠠᠮᠢ ᠠᠬᠤᠢ᠎ᠶᠢᠨ ᠬᠠᠮᠠᠭᠠᠯᠠᠯᠲᠠ᠎ᠳᠤ ᠪᠠᠭ᠎ᠠ ᠪᠤᠰᠤ ᠬᠦᠴᠢᠷᠳᠡᠯ ᠠᠪᠴᠢᠷᠠᠲᠠᠭ᠃



ᠠᠭᠤᠷᠬᠠᠢ᠎ᠶᠢ ᠬᠡᠷᠬᠢᠨ ᠵᠦᠢ ᠵᠣᠬᠢᠰᠲᠠᠢ ᠨᠡᠭᠡᠭᠡᠨ ᠬᠥᠭᠵᠢᠭᠦᠯᠬᠦ᠌᠎ᠶᠢᠨ ᠬᠠᠮᠲᠤ᠌ ᠲᠡᠬᠦᠨ᠎ᠤ ᠠᠪᠴᠢᠷᠠᠭᠰᠠᠨ ᠣᠷᠴᠢᠨ ᠲᠣᠭᠣᠷᠢᠨ᠎ᠤ ᠨᠥᠯᠥᠭᠡᠯᠡᠯ᠎ᠢ ᠪᠠᠭᠠᠰᠬᠠᠬᠤ ᠪᠤᠢ ᠭᠡᠳᠡᠭ ᠪᠤᠯ ᠤᠲᠤᠬᠠᠨ᠎ᠤ ᠪᠢᠳᠡᠨ᠎ᠤ ᠡᠮᠦᠨ᠎ᠡ ᠲᠠᠯᠪᠢᠬᠲᠠᠵᠦ ᠪᠠᠢᠭ᠎ᠠ ᠵᠠᠪᠠᠯ ᠬᠠᠷᠢᠭᠤᠯᠬᠤ ᠴᠢᠬᠤᠯᠠ ᠰᠡᠲᠦᠪ ᠪᠤᠯᠬᠤ ᠶᠤᠮ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠬᠦᠯᠬᠡ᠎ᠶᠢᠨ ᠬᠤᠭᠤᠴᠠᠭᠠᠨ᠎ᠳᠤ᠂ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤ ᠲᠡᠦᠬᠡᠨ᠎ᠡᠴᠡ ᠦᠯᠡᠳᠡᠭᠳᠡᠵᠦ᠍ ᠢᠷᠡᠭᠰᠡᠨ 2 ᠬᠠᠶᠠᠭᠳᠠᠮᠠᠯ ᠠᠭᠤᠷᠬᠠᠢ᠎ᠳᠤ ᠠᠮᠢ ᠠᠬᠤᠢ᠎ᠶᠢ ᠵᠠᠰᠠᠨ ᠰᠡᠷᠭᠦᠭᠡᠬᠦ᠌ ᠢᠨᠵᠧᠨᠧᠷᠢᠩ᠎ᠢ ᠬᠡᠷᠡᠭᠵᠢᠭᠦᠯᠵᠦ᠍᠂ ᠨᠡᠶ᠋ᠢᠲᠡ 13 ᠨᠦᠬᠡ ᠮᠠᠯᠲᠠᠵᠤ᠂ ᠵᠠᠰᠠᠭᠰᠠᠨ ᠲᠠᠯᠠᠪᠠᠶ ᠨᠢ ᠪᠠᠷᠤᠭ 58 ᠾᠧᠺᠲ᠋ᠠᠷ᠎ᠲᠤ᠌ ᠬᠦᠷᠴᠡᠢ᠃ 《ᠠᠷᠪᠠᠨ ᠲᠦᠷᠪᠡᠲᠦᠭᠡᠷ ᠲᠠᠪᠤᠨ ᠵᠢᠯ》 ᠤ᠋ᠨ ᠲᠦᠯᠦᠪᠵᠢᠬᠦᠯᠬᠡ᠎ᠶᠢᠨ ᠬᠤᠭᠤᠴᠠᠭᠠᠨ᠎ᠳᠤ᠂ ᠨᠡᠢᠳᠡ 6 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ ᠬᠠᠶᠠᠬᠲᠠᠮᠠᠯ ᠠᠭᠤᠷᠬᠠᠢ᠎ᠶᠢ ᠵᠠᠰᠠᠭᠰᠠᠨ ᠲᠠᠯᠠᠪᠠᠶ ᠨᠢ ᠪᠠᠷᠤᠭ 18 ᠲᠡᠭᠰᠢ ᠳᠥᠷᠪᠡᠯᠵᠢᠨ ᠺᠢᠯᠣᠮᠧᠲᠷ᠎ᠲᠦ᠍ ᠬᠦᠷᠴᠡᠢ᠃

ᠢᠮᠢᠨ ᠵᠠᠳᠠᠭᠠᠢ ᠠᠭᠤᠷᠬᠠᠢ ᠨᠢ ᠲᠤᠬᠠᠢ᠎ᠶᠢᠨ ᠭᠠᠵᠠᠷ᠎ᠤᠨ ᠠᠭᠤᠷᠬᠠᠢ᠎ᠶᠢᠨ ᠠᠮᠢ ᠠᠬᠤᠢ᠎ᠶᠢ ᠰᠡᠷᠭᠦᠭᠡᠬᠦ᠌ ᠪᠠ ᠪᠣᠬᠢᠷᠲᠤᠯ ᠦᠭᠡᠢ ᠪᠦᠲᠦᠭᠡᠨ ᠪᠠᠶ᠋ᠢᠭᠤᠯᠤᠯᠲᠠ᠎ᠶᠢᠨ ᠲᠠᠯ᠎ᠠ᠎ᠪᠠᠷ ᠵᠢᠱ᠌ᠢᠶᠡᠴᠢ ᠦᠢᠯᠡᠲᠦᠯ ᠦᠵᠡᠬᠦᠯᠦᠭᠰᠡᠨ ᠪᠤᠯᠬᠤᠷ ᠤᠯᠤᠰ᠎ᠤᠨ ᠪᠠᠶ᠋ᠢᠭᠠᠯᠢ᠎ᠶᠢᠨ ᠡᠬᠢ ᠪᠠᠶᠠᠯᠢᠭ᠎ᠤᠨ ᠶᠠᠮᠤᠨ᠎ᠠᠴᠠ ᠲᠤᠰ ᠠᠭᠤᠷᠬᠠᠢ᠎ᠶᠢ ᠤᠯᠤᠰ᠎ᠤᠨ ᠲᠠᠰ᠎ᠤᠨ ᠪᠣᠬᠢᠷᠲᠤᠯ ᠦᠭᠡᠢ ᠠᠭᠤᠷᠬᠠᠢ᠎ᠶᠢᠨ ᠨᠡᠶ᠋ᠢᠲᠡᠯᠢᠭ ᠵᠢᠱ᠌ᠢᠶ᠎ᠡ᠎ᠪᠡᠷ ᠲᠤᠭᠲᠠᠭᠠᠪᠠ᠃ 2024 ᠣᠨ ᠎ᠠᠴᠠ 2025 ᠣᠨ ᠪᠣᠯᠲᠠᠯ᠎ᠠ᠂ ᠬᠤᠸᠠ ᠨᠧᠩ᠎ᠤᠨ ᠢᠮᠢᠨ ᠵᠠᠳᠠᠭᠠᠢ ᠠᠭᠤᠷᠬᠠᠢ᠎ᠳᠤ ᠬᠡᠷᠡᠭᠯᠡᠬᠦ᠌ ᠭᠠᠵᠠᠷ ᠎ᠢ ᠳᠠᠬᠢᠨ ᠬᠠᠭᠠᠯᠪᠤᠷᠢᠯᠠᠵᠤ ᠠᠰᠢᠭᠯᠠᠬᠤ ᠲᠥᠷᠥᠯ ᠵᠦᠢᠯ᠎ᠦᠨ ᠳᠠᠬᠢᠨ ᠬᠠᠭᠠᠯᠪᠤᠷᠢᠯᠠᠬᠤ ᠲᠠᠯᠠᠪᠠᠶ ᠨᠢ ᠪᠠᠷᠤᠭ 380.77 ᠾᠧᠺᠲ᠋ᠠᠷ᠎ᠢ ᠪᠡᠶᠡᠯᠡᠭᠦᠯᠵᠡᠢ᠃

ᠠᠮᠢ ᠠᠬᠤᠢ᠎ᠶᠢᠨ ᠬᠠᠮᠠᠭᠠᠯᠠᠯᠲᠠ᠎ᠳᠤ ᠨᠢᠭᠡᠨᠲᠡ ᠢᠯᠡᠷᠡᠭᠰᠡᠨ ᠠᠰᠠᠭᠤᠳᠠᠯ᠎ᠢ ᠰᠢ᠌ᠳᠪᠦᠷᠢᠯᠡᠬᠦ᠌᠎ᠪᠡᠷ ᠪᠠᠷᠠᠬᠤ ᠦᠭᠡᠢ ᠪᠠᠰᠠ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ᠎ᠶᠢᠨ ᠵᠠᠭᠠᠭ ᠬᠢᠵᠠᠭᠠᠷ᠎ᠢ ᠲᠤᠲᠤᠷᠬᠠᠢ ᠰᠠᠬᠢᠬᠤ ᠭᠡᠷᠡᠭᠳᠡᠢ᠃ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤ ᠲᠥᠯᠦᠪᠵᠢᠭᠦᠯᠭᠡ᠎ᠪᠡᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠬᠣᠰᠢᠭᠤᠨ᠎ᠤ ᠲᠠᠰ᠎ᠤᠨ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢᠨ ᠶᠡᠷᠦᠩᠬᠡᠢ ᠲᠥᠯᠦᠪᠵᠢᠭᠦᠯᠭᠡ ᠵᠢᠴᠢ 10 ᠰᠤᠮᠤ ᠰᠢᠶᠠᠩ ᠪᠠᠯᠭᠠᠰᠤ᠎ᠶᠢᠨ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢᠨ ᠲᠥᠯᠦᠪᠵᠢᠭᠦᠯᠭᠡ᠎ᠶᠢ ᠨᠠᠶ᠋ᠢᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠵᠦ᠍᠂ ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ ᠪᠠ ᠬᠣᠲᠠ ᠪᠠᠯᠭᠠᠰᠤ᠎ᠶᠢᠨ ᠨᠡᠭᠡᠭᠡᠨ ᠬᠥᠭᠵᠢᠭᠦᠯᠬᠦ᠌ ᠵᠠᠭᠠᠭ ᠬᠢᠵᠠᠭᠠᠷ᠎ᠢ ᠵᠠᠭᠠᠭᠯᠠᠨ ᠲᠣᠭᠲᠠᠭᠠᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠱᠠᠭᠠᠷᠳᠠᠯᠭ᠎ᠠ᠎ᠶᠢ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢ ᠨᠡᠭᠡᠭᠡᠨ ᠠᠰᠢᠭᠯᠠᠬᠤ ᠪᠥᠬᠥ᠌ ᠶᠠᠪᠤᠴᠠ᠎ᠳᠤ  ᠨᠠᠶ᠋ᠢᠳᠠᠪᠤᠷᠢᠵᠢᠭᠤᠯᠪᠠ᠃

ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠳᠤ ᠬᠣᠯᠪᠣᠭᠳᠠᠭᠰᠠᠨ ᠨᠡᠭᠡᠭᠡᠨ ᠬᠥᠭᠵᠢᠭᠦᠯᠵᠦ᠍ ᠪᠦᠲᠦᠭᠡᠨ ᠪᠠᠶ᠋ᠢᠭᠤᠯᠬᠤ ᠠᠵᠢᠯᠯᠠᠭ᠎ᠠ᠎ᠶᠢ ᠬᠢᠨᠠᠨ ᠬᠠᠷᠭᠤᠭᠤᠯᠬᠤ ᠪᠠ ᠬᠥᠳᠡᠯᠦᠩᠭᠦᠢ᠎ᠪᠡᠷ ᠬᠢᠨᠠᠨ ᠬᠠᠮᠢᠶᠠᠷᠬᠤ᠎ᠶᠢ ᠴᠢᠩᠭᠠᠳᠬᠠᠵᠤ᠂ ᠪᠠᠶ᠋ᠢᠭᠠᠯᠢ᠎ᠶᠢᠨ ᠡᠬᠢ ᠪᠠᠶᠠᠯᠢᠭ᠎ᠤᠨ ᠬᠠᠮᠢᠶᠠᠷᠤᠯᠲᠠ᠎ᠶᠢ ᠬᠡᠷᠡᠭ᠎ᠦᠨ ᠳᠠᠷᠠᠭ᠎ᠠ ᠰᠢ᠌ᠳᠪᠦᠷᠢᠯᠡᠬᠦ᠌᠎ᠡᠴᠡ ᠡᠬᠢ ᠡᠭᠦᠰᠦᠯ᠎ᠡᠴᠡ ᠨᠢ ᠬᠠᠮᠢᠶᠠᠷᠤᠨ ᠡᠵᠡᠮᠳᠡᠬᠦ᠌ ᠳᠠᠰᠢ ᠤᠷᠲᠤᠳᠬᠠᠬᠤ᠎ᠶᠢ ᠠᠬᠢᠭᠤᠯᠵᠠᠢ᠃ ᠡᠬᠦᠨ᠎ᠤ ᠬᠠᠮᠲᠦ ᠲᠤᠰ ᠬᠤᠰᠢᠭᠤ ᠨᠢ ᠰᠠᠯᠬᠢᠨ ᠬᠦᠴᠦᠨ᠎ᠦ ᠴᠠᠬᠢᠯᠭᠠᠨ᠂ ᠬᠡᠷᠡᠯᠲᠦ ᠴᠡᠨᠡᠭ ᠵᠡᠷᠭᠡ ᠪᠣᠬᠢᠷᠲᠤᠯ ᠦᠭᠡᠢ ᠡᠨᠧᠷᠭᠢ᠎ᠶᠢᠨ ᠲᠥᠷᠥᠯ ᠵᠦᠢᠯ᠎ᠳᠦ ᠦᠢᠯᠡᠴᠢᠯᠡᠬᠦ᠌᠎ᠳᠡᠭᠡᠨ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠂ ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ ᠵᠡᠷᠭᠡ᠎ᠶᠢᠨ ᠬᠠᠮᠢᠶᠠᠷᠤᠯᠲᠠ᠎ᠶᠢᠨ ᠲᠥᠷᠥᠯ ᠵᠦᠢᠯ᠎ᠦᠨ ᠭᠠᠵᠠᠷ ᠰᠣᠩᠭᠣᠬᠤ ᠪᠠ ᠭᠠᠵᠠᠷ ᠬᠡᠷᠡᠭᠯᠡᠬᠦ᠌᠎ᠶᠢ ᠬᠢᠨᠠᠨ ᠵᠥᠪᠰᠢᠶᠡᠷᠡᠬᠦ᠌᠎ᠳᠦ ᠣᠷᠣᠭᠤᠯᠵᠤ᠂ ᠲᠥᠷᠥᠯ ᠵᠦᠢᠯ᠎ᠦᠨ ᠪᠦᠲᠦᠭᠡᠨ ᠪᠠᠶ᠋ᠢᠭᠤᠯᠤᠯᠲᠠ᠎ᠶᠢ ᠨᠠᠩ ᠵᠢᠷᠤᠮᠵᠢᠯ᠎ᠲᠠᠶ ᠪᠣᠯᠭᠠᠪᠠ᠃



2025 ᠣᠨ᠎ᠳᠤ᠂ ᠪᠥᠬᠥ᠌ ᠬᠣᠰᠢᠭᠤᠨ᠎ᠤ ᠣᠶ ᠰᠢᠭᠤᠢ ᠡᠪᠡᠰᠦ ᠪᠡᠯᠴᠢᠭᠡᠷ᠎ᠦᠨ ᠦᠢᠯᠡᠳᠬᠦᠨ᠎ᠦ ᠶᠡᠷᠦᠩᠬᠡᠢ ᠥᠷᠲᠡᠭ 10.7 ᠳ᠋ᠦᠩᠰᠢᠭᠤᠷ ᠲᠥᠭᠥᠷᠢᠭ᠎ᠲᠦ᠍ ᠬᠦᠷᠦᠭᠰᠡᠨ ᠪᠦᠬᠡᠳ ᠪᠥᠬᠥ᠌ ᠬᠣᠰᠢᠭᠤᠨ᠎ᠤ ᠠᠭᠠᠷ᠎ᠤᠨ ᠴᠢᠨᠠᠷ ᠴᠢᠨᠰᠠᠭ᠎ᠠ᠎ᠶᠢᠨ ᠰᠢᠯᠢᠳᠡᠭ ᠡᠳᠦᠷ᠎ᠦᠨ ᠲᠣᠭ᠎ᠠ᠎ᠶᠢᠨ ᠬᠠᠷᠢᠴᠠᠯ 100%᠎ᠳᠤ ᠬᠦᠷᠴᠦ᠍᠂ ᠭᠠᠵᠠᠷ᠎ᠤᠨ ᠭᠠᠲᠠᠷᠭᠤ᠎ᠶᠢᠨ ᠤᠰᠤᠨ᠎ᠤ ᠣᠭᠲᠣᠯᠣᠭᠠᠰᠤ᠎ᠶᠢᠨ ᠰᠢᠯᠢᠳᠡᠭ ᠤᠰᠤᠨ ᠴᠣᠭᠴᠠ᠎ᠶᠢᠨ ᠬᠠᠷᠢᠴᠠᠯ᠂ ᠬᠥᠷᠥᠰᠥ᠍ ᠰᠢᠷᠣᠢ᠎ᠶᠢᠨ ᠣᠷᠴᠢᠨ ᠲᠣᠭᠣᠷᠢᠨ᠎ᠤ ᠴᠢᠨᠠᠷ ᠴᠢᠨᠰᠠᠭ᠎ᠠ᠎ᠪᠦᠬᠦᠨ᠎ᠢ ᠲᠣᠭᠲᠠᠭᠤᠨ᠎ᠢᠶᠠᠷ ᠪᠠᠷᠢᠮᠵᠢᠶ᠎ᠠ᠎ᠳᠤ ᠬᠦᠷᠭᠡᠪᠡ᠃ ᠠᠮᠢ ᠠᠬᠤᠢ ᠎ᠶᠢᠨ ᠡᠬᠢ ᠪᠠᠶᠠᠯᠢᠭ᠎ᠤᠨ ᠥᠷᠲᠡᠭ ᠨᠢ ᠣᠷᠴᠢᠨ ᠠᠬᠤᠢ ᠎ᠶᠢᠨ ᠰᠠᠶ᠋ᠢᠵᠢᠷᠠᠯᠲᠠ ᠳᠡᠭᠡᠷ᠎ᠡ ᠢᠯᠡᠷᠡᠵᠦ᠍ ᠪᠠᠶ᠋ᠢᠬᠤ᠎ᠪᠠᠷ ᠪᠠᠷᠠᠬᠤ ᠦᠭᠡᠢ ᠪᠠᠰᠠ ᠠᠵᠤ ᠦᠢᠯᠡᠰ᠎ᠦᠨ ᠪᠣᠶ᠋ᠢᠵᠢᠭᠤᠯᠤᠯᠲᠠ ᠪᠠ ᠬᠥᠭᠵᠢᠯᠲᠡ ᠶ᠋ᠢᠨ ᠬᠡᠯᠪᠡᠷᠢ᠎ᠶᠢ ᠬᠤᠪᠢᠷᠠᠭᠤᠯᠬᠤ ᠣᠷᠣᠨ ᠵᠠᠢ ᠠᠭᠤᠯᠤᠭᠳᠠᠵᠤ ᠪᠠᠶ᠋ᠢᠨ᠎ᠠ ᠭᠡᠳᠡᠭ ᠎ᠢ ᠡᠳᠡᠭᠡᠷ ᠲᠤᠭ᠎ᠠ ᠪᠠᠷᠢᠮᠲᠠ ᠮᠠᠰᠢ ᠲᠤᠲᠤᠷᠬᠠᠢ ᠬᠠᠷᠠᠭᠤᠯᠵᠤ ᠪᠠᠶ᠋ᠢᠨ᠎ᠠ᠃

ᠲᠠᠪᠤᠨ ᠵᠢᠯ᠎ᠦᠨ ᠲᠤᠷᠰᠢ᠂ ᠡᠸᠡᠩᠬᠢ ᠬᠤᠰᠢᠭᠤ ᠨᠢ ᠨᠤᠮᠢᠨ ᠨᠤᠭᠤᠭᠠᠨ ᠨᠤᠭᠤ ᠭᠠᠵᠠᠷ᠂ ᠪᠤᠯᠤᠷ ᠲᠤᠨᠭᠭᠠᠯᠠᠭ ᠨᠠᠭᠤᠷ ᠭᠤᠤᠯ᠂ ᠠᠮᠢᠵᠢᠷᠠᠯ ᠪᠢᠯᠠᠬᠰᠠᠨ ᠲᠠᠯ᠎ᠠ ᠨᠤᠲᠤᠭ᠂ ᠰᠡᠷᠬᠦᠨ ᠲᠦᠯᠵᠢᠭᠰᠡᠨ ᠬᠠᠶᠠᠬᠲᠠᠮᠠᠯ ᠠᠭᠤᠷᠬᠠᠢ ᠲᠡᠭᠡᠷ᠎ᠡ ᠪᠠᠨ ᠪᠣᠬᠢᠷᠲᠤᠯ ᠦᠭᠡᠢ ᠬᠦᠭᠵᠢᠯᠳᠡ᠎ᠶᠢᠨ ᠰᠢᠨ᠎ᠡ ᠬᠠᠭᠤᠲᠠᠰᠦ᠎ᠶᠢ ᠪᠢᠴᠢᠭᠯᠡᠵᠦ᠂ ᠠᠷᠠᠳ ᠤᠯᠠᠨ᠎ᠤ ᠰᠡᠳᠬᠢᠯ᠎ᠳᠤ ᠠᠮᠢ ᠠᠬᠤᠢ᠎ᠶᠢ ᠤᠷᠢᠳ᠎ᠶ᠋ᠢᠡᠷ ᠪᠤᠲᠤᠯᠬᠢᠯᠠᠵᠦ᠂ ᠬᠠᠮᠲᠦ᠎ᠶᠢᠨ ᠬᠦᠴᠦᠨ᠎ᠶ᠋ᠢᠡᠷ ᠠᠮᠢ ᠠᠬᠤᠢ ᠤᠷᠴᠢᠨ ᠲᠤᠭᠤᠷᠢᠨ᠎ᠶ᠋ᠢᠡᠨ ᠬᠠᠮᠠᠭᠠᠯᠠᠬᠤ ᠣᠶ᠋ᠢᠯᠠᠭᠠᠭᠳᠠᠬᠤᠨ᠎ᠢ ᠦᠨᠲᠦᠰᠦᠯᠡᠬᠦᠯᠦᠭᠰᠡᠨ ᠪᠠᠢᠨ᠎ᠠ᠃

ᠰᠢᠨ᠎ᠠ ᠬᠦᠭᠵᠢᠯᠳᠡ᠎ᠶᠢᠨ ᠭᠠᠷᠤᠭᠠᠨ ᠲᠡᠭᠡᠷ᠎ᠡ᠂ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤ ᠨᠢ ᠨᠤᠭᠤ ᠭᠠᠵᠠᠷ ᠪᠠ ᠠᠮᠢᠳᠤ ᠪᠣᠳᠠᠰ᠎ᠤᠨ ᠣᠯᠠᠨ ᠶᠠᠩᠵᠤᠲᠤ᠌ ᠴᠢᠨᠠᠷ᠎ᠤᠨ ᠬᠠᠮᠠᠭᠠᠯᠠᠯᠲᠠ᠎ᠶᠢ ᠦᠷᠭᠦᠯᠵᠢᠯᠡᠨ ᠴᠢᠩᠭᠠᠳᠬᠠᠵᠤ᠂ ᠨᠤᠲᠤᠭ ᠪᠡᠯᠴᠢᠭᠡᠷ ᠪᠠ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠭᠰᠡᠨ ᠦᠷ᠎ᠡ ᠪᠦᠲᠦᠭᠡᠯ᠎ᠶ᠋ᠢᠡᠨ ᠪᠡᠬᠢᠵᠢᠭᠦᠯᠵᠦ᠍᠂ ᠠᠮᠢ ᠠᠬᠤᠢ᠎ᠶᠢᠨ ᠬᠢᠨᠠᠨ ᠬᠡᠮᠵᠢᠯᠲᠡ᠂ ᠡᠳᠦᠷ ᠲᠤᠲᠤᠮ᠎ᠤᠨ ᠬᠠᠮᠢᠶᠠᠷᠤᠯᠲᠠ ᠬᠠᠮᠠᠭᠠᠯᠠᠯᠲᠠ ᠪᠠ ᠲᠦᠭᠰᠢᠭᠦᠷᠢ᠎ᠶᠢ ᠰᠡᠷᠭᠡᠶ᠋ᠢᠯᠡᠨ ᠡᠵᠡᠮᠳᠡᠬᠦ᠌ ᠲᠣᠭᠲᠠᠴᠠ ᠪᠠᠨ ᠲᠡᠭᠦᠯᠳᠡᠷᠵᠢᠭᠦᠯᠦᠨ᠂ ᠪᠣᠬᠢᠷᠲᠤᠯ ᠦᠭᠡᠢ ᠠᠵᠤ ᠦᠢᠯᠡᠰ᠎ᠦᠨ ᠬᠥᠭᠵᠢᠯᠲᠡ᠎ᠶᠢ ᠡᠬᠢ ᠪᠠᠶᠠᠯᠢᠭ ᠣᠷᠴᠢᠨ ᠠᠬᠤᠢ᠎ᠶᠢᠨ ᠳᠠᠭᠠᠭᠠᠴᠠ᠎ᠶᠢᠨ ᠴᠢᠳᠠᠪᠤᠷᠢ ᠯᠤᠭ᠎ᠠ ᠵᠣᠬᠢᠴᠠᠯᠳᠤᠭᠤᠯᠵᠦ᠂ ᠬᠥᠮᠥᠨ ᠪᠠᠶ᠋ᠢᠭᠠᠯᠢ ᠡᠶ᠎ᠡ ᠵᠣᠬᠢᠴᠠᠩᠭᠤᠢ᠎ᠪᠠᠷ ᠬᠠᠮᠲᠤ᠌ ᠣᠷᠣᠰᠢᠬᠤ ᠡᠸᠡᠩᠬᠢ᠎ᠶᠢᠨ ᠴᠢᠨᠠᠷ ᠰᠠᠶ᠋ᠢᠲᠠᠢ ᠬᠥᠭᠵᠢᠯᠲᠡ᠎ᠶᠢᠨ ᠨᠣᠭᠣᠭᠠᠨ ᠬᠠᠭᠤᠳᠠᠰᠤ᠎ᠶᠢ ᠦᠷᠭᠦᠯᠵᠢᠯᠡᠨ ᠪᠢᠴᠢᠭᠯᠡᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面