ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠤᠭᠠᠯᠵᠠ

2025-01-17 11:02:40

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


ᠵᠢᠪᠬᠤᠭᠠᠳᠤ ᠦᠢᠯᠡᠰ ᠵᠢᠡᠨ ᠴᠤᠭᠴᠠᠯᠠᠭ᠎ᠠ ᠵᠤᠯᠪᠤᠭᠠᠳᠤ ᠵᠡᠬᠦᠨ ᠪᠠᠭᠠᠷᠢᠨ

ᠭᠤᠷᠪᠠᠨ ᠱᠠᠳᠤᠨ᠎ᠤ ᠬᠤᠯᠪᠤᠭᠠᠯᠠᠯ


ᠠᠭᠳᠠ ᠵᠢᠨ ᠳᠠᠯ᠎ᠠ᠂ ᠦᠯᠵᠡᠢᠮᠦ᠋ᠷᠡᠨ ᠨᠢ ᠤᠯᠠᠷᠢᠯ᠎ᠤᠨ ᠦᠨᠭᠭᠡ ᠠᠢᠵᠠᠮ ᠳᠡᠢ

ᠤᠷᠢᠳᠦ ᠵᠢᠨ ᠨᠡᠢᠰᠯᠡᠯ᠂ᠬᠢᠯᠦᠪᠡᠷ ᠵᠤᠤ ᠨᠢ ᠳᠡᠦᠬᠡ ᠵᠢᠨ ᠤᠯᠪᠠᠭ᠎ᠠ ᠢᠷᠦᠬᠡᠯ ᠳᠡᠢ

ᠨᠠᠷᠡ ᠪᠡᠨ ᠳᠠᠭᠠᠭᠠᠳ ᠠᠷᠡᠳ ᠳᠦᠮᠡᠨ ᠨᠢ ᠵᠢᠷᠭᠠᠯ᠎ᠤᠨ ᠵᠠᠮ ᠰᠠᠷᠠᠭᠤᠯᠬᠠᠨ

ᠦᠢᠯᠡᠰ ᠵᠢᠡᠨ ᠪᠦᠳᠦᠬᠡᠬᠡᠳ ᠳᠦᠷᠦ ᠨᠡᠢᠬᠡᠮ ᠨᠢ ᠪᠡᠶᠡᠵᠢᠯ᠎ᠤᠨ ᠬᠠᠷᠭᠤᠢ ᠳᠠᠷᠳᠠᠨᠭᠬᠠᠨ

ᠤᠷᠴᠢᠮ᠎ᠤᠨ ᠵᠢᠯ᠂ ᠪᠠᠭᠠᠷᠢᠨ ᠵᠡᠬᠦᠨ ᠬᠤᠰᠢᠭᠤ ᠵᠢᠭᠤᠯᠴᠢᠯᠠᠯ ᠤ᠋ᠨ ᠦᠢᠯᠡᠰ ᠢ᠋ᠶ᠋ᠠᠷ ᠬᠤᠰᠢᠭᠤ ᠪᠡᠨ ᠬᠦᠭᠵᠢᠬᠦᠯᠬᠦ ᠲᠦᠷᠦ ᠶ᠋ᠢᠨ ᠪᠤᠳᠤᠯᠭ᠎ᠠ ᠵᠢ ᠰᠡᠢᠳᠤᠷ ᠲᠤᠭᠤᠰᠢᠯᠠᠭᠤᠯᠵᠤ᠂ ᠬᠡᠪᠴᠢᠶ᠎ᠠ ᠪᠡᠷ ᠶᠡᠬᠡ ᠬᠦᠳᠡᠯᠬᠡᠬᠡᠨ ᠠᠵᠢᠯᠯᠠᠭ᠎ᠠ ᠨᠤᠭᠤᠳ᠎ᠢ ᠠᠮᠵᠢᠯᠳ᠋ᠨ ᠳᠠᠢ ᠡᠷᠬᠢᠯᠡᠨ ᠶᠠᠪᠤᠬ᠍ᠳᠠᠭᠤᠯᠵᠤ᠂ ᠦᠨᠳᠦᠷ ᠦᠷ᠎ᠡ ᠪᠦᠲᠦᠮᠵᠢ ᠪᠠ ᠮᠠᠰᠢ ᠰᠠᠢᠨ ᠨᠦᠯᠦᠬᠡ ᠳᠤᠰᠬᠠᠯ ᠭᠠᠷᠭᠠᠬ᠍ᠰᠠᠨ ᠪᠠᠢᠳᠠᠭ᠃

ᠪᠠᠭᠠᠷᠢᠨ ᠵᠡᠬᠦᠨ ᠬᠤᠰᠢᠭᠤᠨ ᠤ᠋ ᠦᠨᠦᠳᠦᠷ ᠤ᠋ᠨ ᠦᠨᠳᠦᠷ ᠠᠮᠵᠢᠯᠳᠠ ᠳ᠋ᠥ ᠬᠦᠷᠴᠦ ᠴᠢᠳᠠᠬ᠍ᠰᠠᠨ ᠨᠢ ᠲᠤᠬᠠᠢ ᠶ᠋ᠢᠨ ᠭᠠᠵᠠᠷ ᠤ᠋ᠨ ᠨᠠᠮ ᠤ᠋ᠨ ᠬᠤᠷᠢᠶ᠎ᠠ ᠵᠠᠰᠠᠭ ᠤ᠋ᠨ ᠤᠷᠳᠤᠨ ᠤ᠋ ᠤᠷᠤᠨ ᠭᠠᠵᠠᠷ ᠤ᠋ᠨ ᠵᠢᠭᠤᠯᠴᠢᠯᠠᠯ ᠤ᠋ᠨ ᠡᠬᠢ ᠪᠠᠶᠠᠯᠢᠭ᠋ ᠲᠠᠭᠠᠨ ᠲᠦᠰᠢᠭᠯᠡᠨ ᠠᠪᠤᠬ᠍ᠰᠠᠨ ᠲᠦᠷᠦ ᠶ᠋ᠢᠨ ᠪᠤᠳᠤᠯᠭ᠎ᠠ ᠡᠴᠡ ᠰᠠᠯᠵᠤ ᠴᠢᠳᠠᠬᠤ ᠦᠭᠡᠢ᠃

ᠠᠷᠠᠳ᠎ᠤᠨ ᠰᠤᠶᠤᠯ᠎ᠤᠨ ᠠᠮᠢᠳᠤᠷᠠᠯ᠎ᠤᠨ ᠦᠢᠯᠡᠴᠢᠯᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠷᠠᠯᠢᠭ᠎ᠢᠶᠠᠷ ᠠᠷᠠᠳ᠎ᠲᠤ ᠠᠰᠢᠭ᠋ ᠬᠦᠷᠲᠡᠭᠡᠬᠦ ᠠᠵᠢᠯ᠎ᠢ ᠰᠢᠨ᠎ᠡ ᠦᠨᠳᠦᠷᠴᠡ᠎ᠳᠤ ᠬᠦᠷᠭᠡᠬᠦ᠎ᠶᠢ ᠠᠬᠢᠭᠤᠯᠵᠠᠢ᠃

ᠤᠯᠠᠨ ᠰᠠᠢᠬᠠᠨ ᠤᠷᠠᠨ ᠰᠠᠶ᠋ᠢᠬᠠᠨ᠎ᠤ ᠪᠦᠳᠦᠬᠡᠯ ᠵᠣᠬᠢᠶᠠᠨ ᠪᠦᠲᠦᠭᠡᠵᠦ᠂ ᠵᠢᠱ᠌ᠢᠶᠡᠯᠡᠪᠡᠯ《ᠬᠠᠶ᠋ᠢᠷ᠎ᠠ ᠬᠠᠯᠠᠮᠵᠢ》᠂ 《ᠨᠠᠮ ᠪᠣᠯ ᠪᠢᠳᠡᠨ᠎ᠤ ᠦᠮᠦᠭ ᠲᠦᠰᠢᠭ》᠂ 《ᠠᠷᠠᠳ ᠤ᠋ᠨ ᠲᠥᠯᠥᠭᠡ ᠲᠦᠷᠦ ᠪᠠᠷᠢᠬᠤ》 ᠵᠡᠷᠭᠡ 10 ᠭᠠᠷᠤᠢ ᠳᠠᠭᠤᠤ ᠪᠥᠵᠢᠭ᠎ᠤᠨ ᠪᠦᠲᠦᠭᠡᠯ᠎ᠢ ᠨᠠᠶ᠋ᠢᠷᠠᠭᠤᠯᠤᠨ ᠲᠤᠬ᠍ᠯᠠᠵᠦ᠂ ᠠᠷᠠᠳ ᠤᠯᠠᠨ ᠤ᠋ ᠰᠤᠶᠤᠯ ᠤ᠋ᠨ ᠠᠮᠢᠳᠤᠷᠠᠯ ᠢ᠋ ᠪᠠᠶᠠᠯᠢᠬ᠍ᠵᠢᠭᠤᠯᠵᠦ᠂ ᠬᠤᠰᠢᠭᠤᠨ᠎ᠤ ᠤᠯᠠᠭᠠᠨᠮᠦ᠋ᠴᠢᠷ ᠨᠢ ᠵᠢᠭᠤᠯᠴᠢᠯᠠᠯ ᠤ᠋ᠨ ᠦᠢᠯᠡᠰ ᠤ᠋ᠨ ᠲᠤᠭ ᠳᠡᠮᠳᠡᠭ ᠪᠤᠯᠤᠬ᠍ᠰᠠᠨ ᠪᠠᠢᠨ᠎ᠠ ᠃

ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠬᠠᠮᠠᠭᠠᠯᠠᠯᠲᠠ᠎ᠳᠤ ᠬᠦᠴᠦ᠎ᠪᠠᠨ ᠲᠥᠪᠯᠡᠷᠡᠭᠦᠯᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠵᠢᠡᠷ ᠵᠢᠭᠤᠯᠴᠢᠯᠡᠯ᠎ᠤᠨ ᠦᠢᠯᠡᠰ᠎ᠢ ᠳᠠᠢᠴᠢᠯᠡᠪᠡ᠃

ᠬᠢᠯᠦᠪᠡᠷ ᠵᠤᠤ ᠶ᠋ᠢᠨ ᠦᠨᠡᠨᠴᠢ ᠳᠠᠭᠠᠯᠠᠬ᠍ᠴᠢ ᠰᠦᠮ᠎ᠡ ᠶ᠋ᠢᠨ ᠴᠢᠯᠠᠭᠤᠨ ᠠᠭᠤᠢ᠎ᠶᠢ ᠬᠠᠮᠠᠭᠠᠯᠠᠵᠤ ᠰᠡᠯᠪᠢᠨ ᠵᠠᠰᠠᠬᠤ ᠢᠨᠵᠧᠨᠧᠷᠢᠩ ᠪᠣᠯᠤᠨ ᠯᠢᠶᠣᠤ ᠤᠯᠤᠰ᠎ᠤᠨ ᠳᠡᠭᠡᠳᠦ ᠨᠡᠶ᠋ᠢᠰᠯᠡᠯ᠎ᠤᠨ ᠬᠤᠳᠠ᠎ᠶᠢᠨ ᠡᠮᠦᠨ᠎ᠡ ᠡᠭᠦᠳᠡᠨ᠎ᠤ ᠪᠠᠭᠤᠷᠢ᠎ᠶᠢ ᠬᠠᠮᠠᠭᠠᠯᠠᠵᠤ ᠳᠡᠯᠭᠡᠨ ᠦᠵᠡᠭᠦᠯᠬᠦ ᠢᠨᠵᠧᠨᠧᠷᠢᠩ᠎ᠢ ᠬᠡᠷᠡᠭᠵᠢᠭᠦᠯᠤᠨ᠂ ᠮᠦᠽᠧᠶ᠎ᠶᠢᠨ ᠰᠤᠷᠭᠠᠨ ᠬᠥᠮᠦᠵᠢᠯ ᠪᠠ ᠰᠤᠳᠤᠯᠭᠠᠨ᠎ᠤ ᠴᠢᠳᠠᠮᠵᠢ᠎ᠶᠢ ᠪᠠᠳᠠᠷᠠᠭᠤᠯᠵᠤ᠂ ᠯᠢᠶᠣᠤ ᠶ᠋ᠢᠨ ᠳᠡᠭᠡᠳᠦ ᠨᠡᠶ᠋ᠢᠰᠯᠡᠯ᠎ᠤᠨ ᠮᠦᠽᠧᠶ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭᠠᠷ ᠪᠦᠯᠦᠭ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠠᠭᠤᠷᠢᠨ ᠭᠠᠵᠠᠷ ᠢ᠋ᠶ᠋ᠠᠷ ᠰᠣᠩᠭᠤᠭᠳᠠᠪᠠ ᠃

ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠢ ᠬᠤᠷᠠᠮᠳᠤᠭᠤᠯᠵᠤ᠂ ᠰᠣᠶᠣᠯ ᠵᠢᠭᠤᠯᠴᠢᠯᠠᠯ᠎ᠤᠨ ᠭᠦᠨ ᠳᠠᠪᠬᠤᠷᠭ᠎ᠠ᠎ᠶᠢᠨ ᠬᠠᠷᠢᠯᠴᠠᠨ ᠠᠭᠤᠰᠤᠯᠴᠠᠨ ᠬᠠᠮᠲᠤ ᠪᠠᠷ ᠬᠥᠭᠵᠢᠬᠦ᠎ᠶᠢ ᠲᠦᠯᠬᠢᠨ ᠠᠬᠢᠭᠤᠯᠪᠠ᠃

《ᠪᠠᠭᠠᠷᠢᠨ ᠵᠡᠭᠦᠨ ᠬᠤᠰᠢᠭᠤᠨ᠎ᠤ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠡᠯᠬᠢᠶ᠎ᠡ᠎ᠶᠢᠨ ᠵᠢᠷᠤᠬ᠍ᠳᠤ ᠵᠢᠬ᠍ᠰᠠᠯ》᠂ 《ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠲᠥᠯᠥᠪᠵᠢᠭᠦᠯᠭᠡ᠎ᠶᠢᠨ ᠲᠥᠷᠥᠯ ᠵᠦᠢᠯ᠎ᠤᠨ ᠨᠠᠷᠢᠨ ᠬᠠᠭᠤᠳᠠᠰᠤ》 ᠵᠡᠷᠭᠡ ᠬᠤᠳᠠᠯᠳᠤᠭᠠᠴᠢᠨ ᠤᠷᠢᠬᠤ ᠠᠵᠢᠯᠯᠠᠭ᠎ᠠ ᠵᠤᠬᠢᠶᠡᠨ ᠪᠠᠢᠭᠤᠯᠵᠤ᠂ ᠤᠯᠤᠰ᠎ᠤᠨ ᠳᠣᠲᠣᠭᠠᠳᠤ᠎ᠶᠢᠨ 20 ᠭᠠᠷᠤᠶ ᠰᠢᠯᠢᠳᠡᠭ ᠠᠵᠤ ᠠᠬᠤᠶ᠋ᠢᠯᠠᠯ᠎ᠲᠠᠢ ᠠᠮᠵᠢᠯᠲᠠ᠎ᠲᠠᠢ ᠵᠣᠯᠭᠠᠭᠤᠯᠵᠤ᠂ ᠰᠣᠶᠣᠯ ᠵᠢᠭᠤᠯᠴᠢᠯᠠᠯ᠎ᠤᠨ ᠠᠷᠠᠯᠵᠢᠶᠠᠴᠢᠨ ᠤᠷᠢᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠵᠦ᠂ ᠯᠢᠶᠣᠤ ᠤᠯᠤᠰ᠎ᠤᠨ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ᠎ᠶᠢᠨ ᠵᠠᠬ᠎ᠠ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠲᠥᠪᠯᠡᠷᠡᠭᠰᠡᠨ ᠣᠷᠣᠨ ᠪᠤᠯᠭᠠᠨ ᠡᠷᠡᠮᠡᠯᠵᠡᠨ ᠮᠡᠳᠡᠭᠦᠯᠬᠦ ᠠᠵᠢᠯ᠎ᠢ ᠢᠳᠡᠪᠬᠢᠲᠡᠶ ᠵᠢᠯᠣᠭᠤᠳᠴᠤ᠂ ᠬᠢᠯᠦᠪᠡᠷ ᠵᠤᠤ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠳᠤ ᠭᠠᠳᠠᠭᠠᠳᠤ᠎ᠶᠢᠨ ᠵᠣᠭᠤᠰ᠎ᠤᠨ POS ᠮᠠᠰᠢᠨ ᠤᠭᠰᠠᠷᠠᠬᠤ᠎ᠶᠢᠨ ᠬᠠᠮᠲᠤ ᠳᠣᠭᠢᠷᠠᠭᠤᠯᠤᠨ ᠥᠭᠡᠷᠡᠴᠢᠯᠡᠬᠦ᠎ᠶᠢ ᠪᠡᠶᠡᠯᠡᠭᠦᠯᠵᠦ᠂ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠤ ᠲᠣᠭᠠᠴᠠᠭ᠎ᠠ ᠬᠢᠬᠦ᠎ᠳᠤ ᠲᠥᠬᠦᠮ ᠦᠵᠡᠭᠦᠯᠬᠦ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠪᠡ᠃

ᠪᠠᠭᠠᠷᠢᠨ ᠵᠡᠬᠦᠨ ᠬᠤᠰᠢᠭᠤ ᠨᠢ ᠬᠤᠰᠢᠭᠤᠨ ᠤ᠋ ᠪᠡᠨ ᠵᠢᠭᠤᠯᠴᠢᠯᠠᠯ ᠤ᠋ᠨ ᠡᠬᠢ ᠪᠠᠶᠠᠯᠢᠭ᠋ ᠢ᠋ ᠬᠦᠢᠴᠡᠳ ᠠᠰᠢᠬ᠍ᠯᠠᠵᠤ᠂ ᠤᠳᠤᠬᠠᠨ ᠪᠤᠯᠬᠤ ᠳ᠋ᠥ ᠳᠣᠯᠤᠭᠠᠨ ᠲᠤᠭᠤᠭ᠎ᠠ ᠠᠭᠤᠯᠡ ᠵᠢᠨ ᠤᠯᠤᠰ᠎ᠤᠨ ᠭᠠᠵᠠᠷ ᠰᠢᠨᠵᠢᠯᠡᠭᠡᠨ᠎ᠤ ᠴᠡᠴᠡᠷᠯᠢᠭ ᠵᠢᠩᠬᠢᠨᠢ᠎ᠪᠠᠷ ᠫᠠᠢᠰᠠ ᠡᠯᠬᠦᠵᠦ ᠡᠭᠦᠳᠡ᠎ᠪᠠᠨ ᠨᠡᠭᠡᠭᠡᠵᠦ᠂ ᠤᠯᠠᠭᠠᠨᠳᠠᠪᠠᠭ᠎ᠠ ᠬᠠᠮᠠᠭᠠᠯᠠᠯᠳᠠ ᠶ᠋ᠢᠨ ᠤᠷᠤᠨ ᠨᠢ ᠤᠯᠤᠰ ᠤ᠋ᠨ ᠳᠡᠰ ᠤ᠋ᠨ ᠪᠠᠢᠭᠠᠯᠢ ᠶ᠋ᠢᠨ ᠬᠠᠮᠠᠭᠠᠯᠠᠯᠲᠠ᠎ᠶᠢᠨ ᠣᠷᠣᠨ᠎ᠢᠶᠠᠷ ᠵᠥᠪᠰᠢᠶᠡᠷᠡᠭᠳᠡᠵᠦ᠂ ᠦᠯᠵᠡᠶ᠋ᠢᠮᠦ᠋ᠷᠡᠨ ᠭᠤᠤᠯ᠎ᠤᠨ ᠨᠤᠭᠤ ᠭᠠᠵᠠᠷ᠎ᠤᠨ ᠴᠡᠴᠡᠷᠯᠢᠭ ᠪᠥᠬᠦ ᠬᠤᠲᠠ᠎ᠶᠢᠨ ᠠᠩᠬᠠᠳᠠᠭ᠍ᠴᠢ ᠤᠯᠤᠰ᠎ᠤᠨ ᠨᠤᠭᠤ ᠭᠠᠵᠠᠷ᠎ᠤᠨ ᠴᠡᠴᠡᠷᠯᠢᠭ ᠪᠤᠯᠵᠤ᠂ ᠯᠢᠶᠤᠤ ᠶ᠋ᠢᠨ ᠳᠡᠭᠡᠳᠦ ᠨᠡᠶ᠋ᠢᠰᠯᠡᠯ᠎ᠤᠨ ᠪᠠᠭᠤᠷᠢ᠎ᠨᠢ ᠪᠥᠬᠦ ᠣᠷᠣᠨ᠎ᠤ ᠠᠩᠬᠠᠳᠠᠭ᠍ᠴᠢ ᠫᠠᠶ᠋ᠢᠰᠠ ᠡᠯᠭᠦᠭᠰᠡᠨ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ᠎ᠶᠢᠨ ᠴᠡᠴᠡᠷᠯᠢᠭ ᠪᠣᠯᠵᠣ᠌᠂ ᠲᠦᠷᠪᠡᠨ ᠶᠡᠬᠡ 《ᠤᠯᠤᠰ᠎ᠤᠨ ᠨᠠᠷᠠᠲᠤ ᠲᠡᠮᠳᠡᠭᠲᠦ》᠎ᠶᠢᠨ ᠨᠡᠷ᠎ᠡ ᠵᠢ ᠤᠯᠵᠤ᠂ ᠪᠠᠭᠠᠷᠢᠨ ᠵᠡᠬᠦᠨ ᠬᠤᠰᠢᠭᠤᠨ ᠤ᠋ ᠨᠡᠷ᠎ᠡ ᠠᠯᠳᠠᠷ ᠢ᠋ ᠨᠡᠩ ᠦᠨᠳᠦᠷ ᠲᠦᠪᠰᠢᠨ ᠳ᠋ᠥ ᠬᠦᠷᠬᠡᠭᠰᠡᠨ ᠪᠠᠢᠨ᠎ᠠ᠃

ᠪᠠᠭᠠᠷᠢᠨ ᠵᠡᠬᠦᠨ ᠬᠤᠰᠢᠭᠤᠨ ᠤ᠋ ᠨᠠᠮ ᠤ᠋ᠨ ᠬᠤᠷᠢᠶ᠎ᠠ ᠵᠠᠰᠠᠭ ᠤ᠋ᠨ ᠤᠷᠳᠤᠨ ᠡᠴᠡ ᠪᠦᠬᠦ ᠬᠤᠰᠢᠭᠤᠨ ᠤ᠋ ᠡᠯ᠎ᠡ ᠦᠨᠳᠦᠰᠦᠳᠡᠨ ᠤ᠋ ᠠᠷᠠᠳ ᠲᠦᠮᠡᠨ ᠢ᠋ ᠪᠦᠯᠬᠦᠮᠳᠡᠬᠦᠯᠦᠨ ᠳᠠᠭᠠᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠵᠤ᠂ ᠦᠬᠡᠷᠡᠴᠢᠯᠡᠯᠳᠡ ᠨᠡᠬᠡᠬᠡᠯᠳᠡ ᠶ᠋ᠢᠨ ᠰᠢᠨ᠎ᠡ᠎ᠶᠢ ᠡᠭᠦᠳᠴᠦ᠂ ᠪᠠᠭᠠᠷᠢᠨ ᠵᠡᠬᠦᠨ ᠬᠤᠰᠢᠭᠤᠨ ᠤ᠋ ᠬᠦᠭᠵᠢᠯᠳᠡ ᠵᠢ ᠤᠯᠠᠮ ᠦᠨᠳᠦᠷ ᠲᠦᠪᠰᠢᠨ ᠳ᠋ᠥ ᠬᠦᠷᠬᠡᠨ᠂ ᠣᠳᠣᠬᠢᠴᠢᠯᠠᠭᠰᠠᠨ ᠪᠠᠭᠠᠷᠢᠨ ᠵᠡᠭᠦᠨ ᠬᠤᠰᠢᠭᠤᠨ᠎ᠤ ᠪᠥᠲᠥᠭᠡᠨ ᠪᠠᠶ᠋ᠢᠭᠤᠯᠤᠯᠲᠠ᠎ᠶᠢᠨ ᠰᠢᠨ᠎ᠡ ᠬᠠᠭᠤᠳᠠᠰᠤ᠎ᠶᠢ ᠪᠢᠴᠢᠭᠯᠡᠬᠦ ᠪᠡᠷ ᠮᠠᠷᠠᠢᠨ ᠴᠢᠷᠮᠠᠢᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面