2025-01-24 16:26:10
ᠥᠪᠥᠷ ᠮᠣᠩᠭᠣᠯ᠎ᠤᠨ ᠮᠧᠩ ᠵᠢᠶᠠᠨ ᠠᠳᠤᠭᠤᠨ᠎ᠤ ᠦᠢᠯᠡᠰ᠎ᠦᠨ ᠬᠥᠭᠵᠢᠯᠲᠡ᠎ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠡᠨᠡ ᠵᠢᠯ ᠪᠠᠷᠠᠭᠣᠨ ᠦᠵᠦᠮᠦᠴᠢᠨ ᠬᠣᠰᠢᠭᠣᠨ ᠳ᠋ᠥ ᠮᠠᠯᠴᠢᠨ ᠡᠷᠦᠭᠡ ᠨᠤᠬᠦᠳ ᠲᠠᠢ ᠬᠠᠮᠳᠣᠷᠠᠨ ᠬᠡᠷ᠎ᠡ ᠪᠠᠢᠭᠣᠯᠵᠣ᠌᠂ 7 ᠰᠠᠷ᠎ᠠ᠎ᠶᠢᠨ 11᠎ᠦ ᠡᠳᠦᠷ᠎ᠡᠴᠡ 9 ᠰᠠᠷ᠎ᠠ᠎ᠶᠢᠨ 5᠎ᠤ ᠡᠳᠦᠷ ᠪᠣᠯᠲᠠᠯ᠎ᠠ᠂ ᠭᠡᠷ᠎ᠡ ᠶ᠋ᠢᠨ ᠬᠣᠭᠣᠴᠠᠭᠠᠨ ᠳ᠋ᠥ 102 ᠲᠣᠨ ᠰᠢᠨ᠎ᠡ ᠰᠣᠷᠭᠣᠭ ᠴᠡᠭᠡ ᠬᠤᠳᠠᠯᠳᠤᠨ ᠠᠪᠴᠤ᠂ ᠨᠡᠶ᠋ᠢᠲᠡ 225 ᠲᠦᠮᠡᠨ ᠲᠥᠭᠥᠷᠢᠭ᠎ᠢ ᠮᠠᠯᠴᠢᠳ ᠤ᠋ᠨ ᠭᠠᠷ ᠲᠣ᠌ ᠬᠦᠷᠭᠡᠭᠰᠡᠨ ᠪᠠᠢᠨ᠎ᠠ᠃
ᠪᠠᠷᠠᠭᠤᠨ ᠦᠵᠦᠮᠦᠴᠢᠨ ᠬᠤᠰᠢᠭᠤ ᠨᠢ ᠥᠪᠡᠷᠲᠡᠭᠡᠨ ᠵᠠᠰᠠᠬᠤ ᠣᠷᠣᠨ᠎ᠤ ᠰᠦᠨ᠎ᠤ ᠦᠢᠯᠡᠰ᠎ᠢ ᠬᠥᠭᠵᠢᠭᠦᠯᠦᠨ ᠮᠠᠨᠳᠤᠭᠤᠯᠬᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ ᠪᠣᠯᠣᠨ ᠲᠥᠷᠥ᠎ᠶᠢᠨ ᠪᠣᠳᠣᠯᠭ᠎ᠠ᠎ᠶᠢᠨ ᠴᠢᠭᠯᠡᠯᠲᠡ᠎ᠶᠢ ᠭᠦᠨᠵᠡᠭᠡᠢ ᠦᠢᠯᠡᠳᠦᠯᠭᠡᠵᠢᠬᠦᠯᠵᠦ᠂ ᠪᠥᠬᠥ ᠬᠣᠰᠢᠭᠤᠨ᠎ᠤ ᠬᠡᠭᠦᠦ ᠵᠢᠨ ᠠᠵᠤ ᠦᠢᠯᠡᠰ᠎ᠦᠨ ᠬᠥᠭᠵᠢᠯᠲᠡ ᠶ᠋ᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ᠎ᠶᠢ ᠪᠠᠳᠣᠯᠠᠬᠣ᠌ ᠶ᠋ᠢᠨ ᠲᠣᠰᠠᠳᠠ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠪᠣᠳᠠᠲᠠᠢᠵᠢᠭᠤᠯᠤᠨ ᠨᠠᠢᠳᠠᠪᠤᠷᠢᠵᠢᠭᠤᠯᠵᠤ᠂ ᠪᠥᠬᠥ ᠬᠣᠰᠢᠭᠤᠨ᠎ᠤ ᠮᠠᠯ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠵᠠᠰᠠᠭ᠎ᠤᠨ ᠣᠷᠳᠣᠨ ᠠ᠋ᠴᠠ ᠠᠵᠣ᠌ ᠠᠬᠣᠢᠯᠠᠯ ᠲᠠᠢ ᠢᠳᠡᠪᠬᠢᠳᠡᠢ ᠬᠠᠷᠢᠯᠴᠠᠨ᠂ ᠵᠠᠰᠠᠭ᠎ᠤᠨ ᠣᠷᠳᠣᠨ ᠲᠡᠳᠬᠦᠬᠦ᠂ ᠠᠵᠤ ᠠᠬᠤᠢᠯᠠᠯ ᠬᠣᠯᠪᠤᠭᠠᠯᠠᠨ ᠬᠥᠳᠡᠯᠦᠯᠴᠡᠬᠦ᠂ ᠮᠠᠯᠴᠢᠳ ᠡᠵᠡᠩᠨᠡᠬᠦ ᠵᠡᠷᠭᠡ ᠣᠯᠠᠨ ᠡᠰᠢᠲᠦ ᠠᠵᠤ ᠦᠢᠯᠡᠰ᠎ᠦᠨ ᠬᠥᠭᠵᠢᠯᠲᠡ᠎ᠶᠢᠨ ᠠᠷᠭ᠎ᠠ ᠮᠠᠶᠢᠭ᠋ ᠢ᠋ ᠡᠬᠢᠯᠡᠬᠦᠯᠵᠦ ᠬᠢᠭᠰᠡᠨ ᠪᠠᠢᠨ᠎ᠠ᠃
ᠬᠡᠬᠦᠦ ᠰᠠᠭᠠᠬᠤ ᠡᠷᠦᠬᠡ᠎ᠶᠢᠨ ᠴᠡᠭᠡ ᠰᠠᠭᠠᠯᠢ᠎ᠶᠢᠨ ᠠᠵᠤ ᠦᠢᠯᠡᠰ᠎ᠦᠨ ᠪᠣᠳᠠᠲᠠᠢ ᠬᠡᠷᠡᠭᠴᠡᠭᠡ ᠱᠠᠭᠠᠷᠳᠠᠯᠭ᠎ᠠ᠎ᠳᠤ ᠰᠠᠭᠤᠷᠢᠯᠠᠨ᠂ 《ᠮᠠᠯᠴᠢᠨ ᠡᠷᠦᠬᠡ ᠰᠠᠢᠨ ᠳᠤᠷ᠎ᠠ ᠠ᠋ᠴᠠ᠎ᠪᠠᠨ ᠭᠤᠶᠤᠴᠢᠯᠠᠬᠤ + ᠰᠤᠮᠤ ᠪᠠᠯᠭᠠᠰᠣᠨ ᠠ᠋ᠴᠠ ᠲᠠᠨᠢᠯᠴᠠᠭᠤᠯᠬᠤ》 ᠵᠠᠭᠪᠤᠷ᠎ᠢ ᠠᠪᠴᠤ᠂ ᠴᠡᠭᠡ ᠰᠠᠭᠠᠬᠤ ᠡᠷᠦᠬᠡ᠎ᠶᠢᠨ ᠰᠦ ᠬᠦᠷᠦᠭᠡᠭᠴᠢ ᠬᠤᠳᠠᠯᠳᠤᠨ ᠠᠪᠬᠤ ᠨᠥᠬᠥᠪᠦᠷᠢ᠎ᠶᠢᠨ ᠪᠡᠯᠡ ᠮᠥᠩᠭᠥ᠎ᠶᠢ ᠲᠠᠷᠬᠠᠭᠠᠬᠤ᠎ᠪᠠᠷ ᠳᠠᠮᠵᠢᠭᠤᠯᠤᠨ᠂ ᠮᠠᠯᠴᠢᠳ᠎ᠤᠨ ᠰᠢᠨ᠎ᠡ ᠰᠣᠷᠭᠣᠭ ᠴᠡᠭᠡ ᠬᠠᠳᠠᠭᠠᠯᠠᠬᠤ ᠪᠠ ᠲᠡᠭᠡᠭᠡᠪᠦᠷᠢᠯᠡᠬᠦ᠎ᠳᠤ ᠬᠦᠴᠢᠷᠳᠠᠯ ᠲᠣᠯᠭᠠᠷᠠᠵᠣ᠌ ᠪᠠᠢᠭᠰᠠᠨ ᠠᠰᠠᠭᠤᠳᠠᠯ᠎ᠢ ᠰᠢᠢᠳᠪᠦᠷᠢᠯᠡᠵᠦ ᠦᠭᠴᠡᠢ᠃ ᠡᠨᠡ ᠬᠦ᠌ 《ᠰᠦᠨ᠎ᠤ ᠠᠵᠤ ᠠᠬᠤᠢᠯᠠᠯ᠎ᠤᠨ ᠬᠤᠳᠠᠯᠳᠤᠨ ᠠᠪᠬᠤ ᠦᠨ᠎ᠡ ᠬᠠᠩᠰᠢ + ᠨᠥᠬᠥᠪᠦᠷᠢ ᠥᠭᠬᠦ ᠬᠡᠯᠪᠡᠷᠢ》 ᠶ᠋ᠢᠨ ᠬᠠᠷᠠᠭᠠᠯᠵᠠᠯ ᠨᠢ ᠮᠠᠯᠴᠢᠳ ᠵᠠᠬ᠎ᠠ ᠲᠡᠯᠭᠡᠬᠦᠷ ᠤ᠋ᠨ ᠦᠨ᠎ᠡ ᠠ᠋ᠴᠠ ᠬᠣᠶᠠᠷ ᠲᠦᠭᠦᠷᠢᠭ ᠢᠯᠡᠬᠦᠦ ᠦᠨᠡᠳᠠᠢ ᠪᠣᠷᠣᠯᠠᠭᠣᠯᠵᠣ᠌᠂ ᠰᠠᠭᠠᠯᠢ ᠶ᠋ᠢᠨ ᠡᠷᠦᠬᠡ᠎ᠶᠢᠨ ᠮᠠᠯ ᠤ᠋ᠨ ᠠᠰᠢᠭ᠋ ᠰᠢᠮ᠎ᠡ ᠪᠡᠨ ᠬᠦᠢᠴᠡᠳ ᠠᠰᠢᠭ᠍ᠯᠠᠨ ᠣᠷᠣᠯᠭ᠎ᠠ ᠪᠡᠨ ᠨᠡᠮᠡᠭᠳᠡᠬᠦᠯᠬᠦ᠎ᠶᠢ ᠤᠷᠮᠠᠰᠢᠭᠤᠯᠤᠨ ᠵᠣᠷᠢᠭ᠍ᠵᠢᠭᠤᠯᠵᠤ᠂ ᠬᠡᠷ᠎ᠡ ᠶ᠋ᠢᠨ ᠬᠣᠭᠣᠴᠠᠭᠠᠨ᠎ᠤ ᠰᠢᠨ᠎ᠡ ᠰᠠᠭᠠᠮ᠎ᠠ ᠬᠣᠷᠢᠶᠠᠭᠰᠠᠨ ᠨᠦᠬᠦᠪᠦᠷᠢ ᠨᠡᠶ᠋ᠢᠲᠡ 40.9 ᠲᠦᠮᠡᠨ ᠲᠥᠭᠥᠷᠢᠭ ᠢ᠋ ᠮᠠᠯᠴᠢᠳ᠎ᠤᠨ ᠭᠠᠷ ᠲᠣ᠌ ᠬᠦᠷᠭᠡᠵᠦ᠂ ᠴᠡᠭᠡ ᠪᠣᠷᠣᠯᠠᠭᠤᠯᠬᠤ ᠡᠴᠦᠰ᠎ᠦᠨ ᠨᠢᠭᠡ ᠺᠢᠯᠣᠮᠧᠲᠷ᠎ᠢ ᠨᠡᠪᠲᠡᠷᠡᠭᠦᠯᠪᠡ᠃
ᠮᠥᠨ ᠴᠣ᠌ ᠮᠠᠯᠴᠢᠨ ᠡᠷᠦᠭᠡ ᠶ᠋ᠢᠨ ᠮᠠᠯ ᠠᠵᠣ᠌ ᠠᠬᠣᠢ ᠶ᠋ᠢᠨ ᠠᠰᠢᠭ᠋ ᠣᠷᠣᠯᠭ᠎ᠠ ᠪᠡᠨ ᠨᠡᠮᠡᠭᠳᠡᠬᠦᠯᠬᠦ ᠳ᠋ᠥ ᠦᠨᠳᠦᠰᠦᠨ ᠨᠦᠬᠦᠴᠡᠯ ᠢ᠋ ᠪᠦᠷᠢᠨᠰᠢᠬᠦᠯᠵᠦ᠂ ᠣᠷᠳᠣ᠌ ᠬᠣᠭᠣᠴᠠᠭᠠᠨ᠎ᠤ ᠬᠦᠭᠵᠢᠯᠲᠡ ᠶ᠋ᠢ ᠪᠠᠳᠣᠯᠠᠬᠣ᠌ ᠶ᠋ᠢᠨ ᠲᠣᠰᠠᠳᠠ 2024 ᠣᠨ᠎ᠳᠤ ᠪᠠᠷᠠᠭᠣᠨ ᠦᠵᠦᠮᠦᠴᠢᠨ ᠬᠣᠰᠢᠭᠣ᠌ ᠨᠢ ᠭᠡᠭᠦᠦ᠎ᠶᠢᠨ ᠰᠦ ᠡᠳ᠋ᠰᠢᠬᠦᠯᠬᠦ ᠰᠠᠭᠤᠷᠢᠨ 6 ᠶ᠋ᠢ ᠰᠢᠨ᠎ᠡ᠎ᠪᠡᠷ ᠪᠠᠢᠭᠣᠯᠣᠭᠰᠠᠨ ᠪᠦᠭᠡᠳ ᠬᠡᠭᠦᠦ ᠵᠢᠨ ᠰᠦᠨ ᠤ ᠠᠵᠤ ᠦᠢᠯᠡᠰ᠎ᠦᠨ ᠬᠡᠪᠴᠢᠶᠡᠵᠢᠯ᠂ ᠪᠠᠷᠢᠮᠵᠢᠶᠠᠵᠢᠭ᠍ᠰᠠᠨ ᠡᠵᠡᠩᠨᠡᠯᠲᠡ᠎ᠶᠢ ᠴᠢᠩᠭᠠᠳᠬᠠᠬᠤ᠎ᠶᠢᠨ ᠲᠤᠰᠠᠳᠠ ᠪᠠᠯᠭᠠᠷᠭᠣᠣᠯ ᠪᠠᠯᠭᠠᠰᠣᠨ ᠳ᠋ᠡᠬᠢ ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ᠎ᠶᠢᠨ ᠠᠵᠤ ᠦᠢᠯᠡᠰ᠎ᠦᠨ ᠬᠦᠷᠢᠶᠡᠯᠡᠩ᠎ᠳᠦ 1500 ᠰᠠᠭᠤᠷᠢ ᠪᠠᠷᠢᠮᠵᠢᠶᠠᠵᠢᠭ᠍ᠰᠠᠨ ᠬᠡᠭᠦᠦ ᠵᠢᠨ ᠰᠦ ᠪᠣᠯᠪᠠᠰᠤᠷᠠᠭᠤᠯᠬᠤ ᠦᠢᠯᠡᠳᠪᠦᠷᠢ 1 ᠶ᠋ᠢ ᠪᠠᠢᠭᠣᠯᠵᠣ᠌᠂ ᠡᠨᠡ ᠬᠦ᠌ ᠲᠥᠷᠥᠯ ᠵᠦᠢᠯ᠎ᠢ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠡᠳᠦᠷ᠎ᠦᠨ ᠦᠢᠯᠡᠳᠪᠦᠷᠢᠯᠡᠯ᠎ᠦᠨ ᠴᠢᠳᠠᠪᠤᠷᠢ ᠨᠢ 5 ᠲᠣᠨ᠎ᠳᠤ ᠬᠦᠷᠴᠦ᠂ ᠵᠢᠯ᠎ᠦᠨ ᠦᠢᠯᠡᠳᠪᠦᠷᠢᠯᠡᠯ᠎ᠦᠨ ᠴᠢᠳᠠᠪᠤᠷᠢ ᠨᠢ 1200 ᠲᠣᠨ᠎ᠳᠤ ᠬᠦᠷᠴᠦ᠂ ᠨᠠᠩ ᠣᠯᠠᠨ ᠴᠡᠭᠡ ᠰᠠᠭᠠᠳᠠᠭ ᠡᠷᠦᠬᠡ᠎ᠶᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠬᠦᠯᠬᠦ ᠪᠣᠯᠣᠨ᠎ᠠ᠃
ᠪᠠᠷᠠᠭᠣᠨ ᠦᠵᠦᠮᠦᠴᠢᠨ ᠬᠣᠰᠢᠭᠣ᠌ ᠨᠢ ᠡᠳᠡᠭᠡᠷ ᠪᠣᠳᠠᠳᠣ᠌ ᠠᠷᠭ᠎ᠠ ᠬᠡᠮᠵᠢᠶ᠎ᠡ ᠶ᠋ᠢ ᠬᠡᠷᠡᠭᠵᠢᠬᠦᠯᠬᠦ ᠪᠡᠷ ᠲᠠᠮᠵᠢᠨ᠂ ᠪᠥᠬᠥ ᠬᠣᠰᠢᠭᠤᠨ᠎ᠤ ᠠᠳᠣᠭᠣᠨ᠎ᠤ ᠠᠰᠢᠭ ᠰᠢᠮ᠎ᠠ ᠵᠢ ᠭᠦᠢᠴᠡᠳ ᠠᠰᠢᠭ᠍ᠯᠠᠨ᠂ ᠬᠡᠭᠦᠦ ᠵᠢᠨ ᠠᠵᠤ ᠦᠢᠯᠡᠰ᠎ᠦᠨ ᠬᠡᠪᠴᠢᠶᠡᠵᠢᠭᠰᠡᠨ ᠡᠵᠡᠩᠨᠡᠯᠲᠡ᠎ᠶᠢᠨ ᠬᠡᠮᠵᠢᠶ᠎ᠡ᠎ᠶᠢ ᠳᠡᠭᠡᠭᠰᠢᠯᠡᠭᠦᠯᠦᠨ᠂ ᠠᠳᠤᠭᠤᠨ᠎ᠤ ᠠᠵᠤ ᠦᠢᠯᠡᠰ᠎ᠦᠨ ᠬᠡᠯᠬᠢᠶ᠎ᠡ᠎ᠳᠦ ᠨᠠᠩ ᠰᠠᠢᠨ ᠰᠢᠩᠭᠡᠭᠡᠨ᠎ᠠ᠃
ᠲᠠᠷᠠᠭᠠᠴᠢ᠎ᠶᠢᠨ ᠠᠯᠬᠤᠮ᠎ᠳᠤ ᠦᠷᠬᠦᠯᠵᠢᠯᠡᠨ ᠬᠣᠰᠢᠭᠣᠨ᠎ᠤ ᠪᠡᠨ ᠠᠳᠣᠭᠣᠨ᠎ᠤ ᠠᠵᠤ ᠦᠢᠯᠡᠰ᠎ᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠴᠡᠭᠡᠨ᠎ᠤ ᠠᠵᠤ ᠦᠢᠯᠡᠰ᠎ᠦᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠯᠲᠡ᠎ᠶᠢ ᠠᠯᠬᠤᠮ ᠠᠯᠬᠤᠮ᠎ᠢᠶᠠᠷ ᠠᠬᠢᠭᠤᠯᠵᠤ᠂ ᠠᠳᠤᠭᠤ ᠮᠠᠯᠵᠢᠵᠣ᠌ ᠪᠠᠢᠭ᠎ᠠ ᠡᠷᠦᠬᠡ᠎ᠶᠢᠨ ᠣᠷᠣᠯᠭ᠎ᠠ᠎ᠶᠢ ᠨᠡᠮᠡᠭᠳᠡᠬᠦᠯᠬᠦ᠌ ᠪᠡᠷ ᠴᠢᠷᠮᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃