2025-02-07 10:37:45
ᠤᠯᠠᠭᠠᠨᠴᠠᠪ ᠬᠤᠲᠠ᠎ᠶᠢᠨ ᠡᠯᠡᠰᠦᠷᠬᠡᠭᠵᠢᠯ᠎ᠢ ᠰᠡᠷᠭᠡᠢᠯᠡᠨ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ᠂ ᠨᠠᠷᠠᠨ ᠡᠨᠧᠷᠭᠢ᠎ᠪᠠᠷ ᠴᠠᠬᠢᠯᠭᠠᠨ ᠭᠠᠷᠭᠠᠬᠤ᠎ᠶᠢ ᠨᠢᠭᠡ ᠴᠣᠭᠴᠠᠵᠢᠭᠤᠯᠬᠤ ᠢᠨᠵᠧᠨᠧᠷᠢᠩ ᠡᠨᠡ ᠵᠢᠯ ᠳᠦᠷᠪᠡᠳ ᠬᠤᠰᠢᠭᠤᠨ᠎ᠳᠤ ᠡᠬᠢᠯᠡᠪᠡ᠃
ᠣᠢᠷ᠎ᠠ᠎ᠶᠢᠨ ᠵᠢᠯ᠎ᠳᠤ᠂ ᠨᠢᠭᠡᠨᠲᠡ 860.5 ᠲᠦᠮᠡᠨ ᠮᠦ᠍ ᠡᠯᠡᠰᠦᠷᠬᠡᠭ ᠭᠠᠵᠠᠷ᠎ᠢ ᠵᠠᠰᠠᠵᠤ᠂ 1᠎ᠡᠴᠠ 5 ᠬᠤᠭᠤᠴᠠᠭᠠᠨ᠎ᠤ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠳᠤ᠂ 56.7 ᠲᠦᠮᠡᠨ ᠮᠦ᠍ ᠵᠢ ᠲᠠᠷᠢᠶᠠᠯᠠᠬᠤ᠎ᠶᠢ ᠵᠣᠭᠰᠣᠭᠠᠨ ᠮᠣᠳᠣ᠌ ᠲᠠᠷᠢᠵᠤ᠂ 55.2 ᠲᠦᠮᠡᠨ ᠮᠦ᠍ ᠬᠤᠪᠠᠬᠠᠢ ᠠᠭᠤᠯᠠ ᠠᠲᠠᠷ ᠭᠠᠵᠠᠷ᠎ᠢ ᠣᠢᠵᠢᠭᠤᠯᠵᠤ᠂ 64.55 ᠲᠦᠮᠡᠨ ᠮᠦ᠍ ᠵᠢ ᠬᠥᠮᠥᠨ᠎ᠤ ᠬᠦᠴᠦ᠎ᠪᠠᠷ ᠣᠢᠵᠢᠭᠤᠯᠵᠤ᠂ 125.8 ᠲᠦᠮᠡᠨ ᠮᠦ᠍ ᠠᠭᠤᠯᠠ᠎ᠶᠢ ᠪᠢᠲᠡᠭᠦᠮᠵᠢᠯᠡᠵᠦ ᠣᠢᠵᠢᠭᠤᠯᠤᠨ᠂ ᠨᠢᠰᠬᠡᠯᠵᠢᠡᠷ 17.5 ᠲᠦᠮᠡᠨ ᠮᠦ᠍ ᠮᠣᠳᠣ᠌ ᠲᠠᠷᠢᠪᠠ᠃
《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠢ ᠬᠡᠷᠡᠭᠵᠢᠭᠦᠯᠬᠦ᠎ᠪᠠᠷ ᠳᠠᠮᠵᠢᠨ᠂ ᠪᠦᠬᠦ ᠬᠣᠰᠢᠭᠤᠨ᠎ᠤ ᠣᠢ ᠰᠢᠭᠤᠢ᠎ᠶᠢᠨ ᠪᠦᠷᠬᠦᠴᠡ᠎ᠶᠢᠨ ᠨᠣᠷᠮ᠎ᠠ 21.47%᠎ᠳᠤ ᠬᠦᠷᠴᠦ᠂ ᠨᠤᠲᠤᠭ ᠪᠡᠯᠴᠢᠭᠡᠷ᠎ᠤᠨ ᠪᠦᠷᠬᠦᠴᠡ᠎ᠶᠢ 29.7% ᠪᠣᠯᠭᠠᠨ ᠨᠡᠮᠡᠭᠳᠡᠭᠦᠯᠵᠦ᠂ ᠪᠡᠯᠴᠢᠭᠡᠷ ᠡᠪᠡᠰᠦᠨ᠎ᠤ ᠤᠷᠭᠤᠴᠠ ᠵᠢᠨ ᠬᠡᠮᠵᠢᠶ᠎ᠠ 10.1 ᠰᠡᠨᠲ᠋ᠢᠮᠧᠲᠷ ᠬᠦᠷᠴᠦ᠂ ᠠᠮᠢ ᠠᠬᠤᠢ᠎ᠶᠢᠨ ᠣᠷᠴᠢᠨ ᠲᠣᠭᠣᠷᠢᠨ ᠮᠡᠳᠡᠭᠳᠡᠮ᠎ᠡ ᠰᠠᠢᠵᠢᠷᠠᠪᠠ᠃
ᠰᠢᠨ᠎ᠡ ᠠᠶᠠᠨ᠎ᠳᠤ᠂ ᠳᠦᠷᠪᠡᠳ ᠬᠣᠰᠢᠭᠤᠨ᠎ᠳᠤ ᠡᠯᠡᠰᠦᠷᠬᠡᠭᠵᠢᠯ᠎ᠢ ᠰᠡᠷᠭᠡᠢᠯᠡᠨ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠂ ᠨᠠᠷᠠᠨ ᠡᠨᠧᠷᠭᠢ᠎ᠪᠠᠷ ᠴᠠᠬᠢᠯᠭᠠᠨ ᠭᠠᠷᠭᠠᠬᠤ᠎ᠶᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠪᠠᠢᠷᠢᠯᠠᠭᠤᠯᠤᠨ ᠪᠠᠢᠭᠤᠯᠵᠤ᠂ ᠰᠠᠯᠬᠢ ᠡᠯᠡᠰᠦ᠎ᠶᠢ ᠲᠣᠭᠲᠠᠪᠤᠷᠢᠵᠢᠭᠤᠯᠬᠤ ᠴᠢᠳᠠᠪᠤᠷᠢ᠎ᠪᠠᠨ ᠪᠦᠲᠦᠮᠵᠢᠲᠡᠢ ᠳᠡᠭᠡᠭᠰᠢᠯᠡᠭᠦᠯᠵᠦ᠂ ᠡᠯᠡᠰᠦᠨ ᠰᠢᠭᠤᠷᠭ᠎ᠠ ᠡᠭᠦᠰᠬᠦ ᠪᠤᠯᠤᠮᠵᠢ᠎ᠶᠢ ᠪᠠᠭᠤᠷᠠᠭᠤᠯᠵᠤ᠂ ᠠᠮᠢ ᠠᠬᠤᠢ᠎ᠶᠢᠨ ᠳᠠᠭᠠᠭᠠᠴᠠ ᠪᠠ ᠠᠮᠢ ᠠᠬᠤᠢ᠎ᠶᠢᠨ ᠰᠢᠰᠲᠧᠮ᠎ᠤᠨ ᠦᠢᠯᠡᠴᠢᠯᠡᠭᠡᠨ᠎ᠤ ᠴᠢᠳᠠᠮᠵᠢ᠎ᠶᠢ ᠢᠯᠡᠳᠲᠡ ᠨᠡᠮᠡᠭᠳᠡᠭᠦᠯᠵᠦ᠂ ᠲᠤᠬᠠᠢ᠎ᠶᠢᠨ ᠭᠠᠵᠠᠷ᠎ᠤᠨ ᠦᠢᠯᠡᠳᠪᠦᠷᠢᠯᠡᠯ ᠠᠮᠢᠳᠤᠷᠠᠯ᠎ᠤᠨ ᠣᠷᠴᠢᠨ ᠲᠣᠭᠣᠷᠢᠨ᠎ᠢ ᠰᠠᠢᠵᠢᠷᠠᠭᠤᠯᠬᠤ ᠪᠠ ᠮᠠᠯᠴᠢᠨ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ᠎ᠳᠤ ᠢᠳᠡᠪᠬᠢ ᠦᠢᠯᠡᠳᠦᠯ ᠦᠵᠡᠭᠦᠯᠬᠦ ᠪᠣᠯᠣᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃