ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠤᠭᠠᠯᠵᠠ

2025-02-07 10:35:46

ᠵᠣᠬᠢᠶᠠᠭ᠍ᠴᠢ᠄ ​ ᠸᠧᠢ ᠱᠧᠦ ᠭᠠᠩ ᠣᠩᠱᠢᠭ᠍ᠰᠠᠨ ᠣᠳᠠᠭ᠎ᠠ᠄ 3

ᠳᠥᠷᠪᠡᠳ ᠬᠣᠰᠢᠭᠤ ᠠᠮᠲᠠᠲᠤ ᠢᠳᠡᠭᠡᠨ᠎ᠦ ᠡᠬᠢ ᠪᠠᠶᠠᠯᠢᠭ᠋᠎ᠢ ᠭᠦᠢᠴᠡᠳ ᠠᠭᠤᠳᠠᠯᠵᠤ᠂ ᠤᠯᠠᠮᠵᠢᠯᠠᠯᠲᠤ ᠠᠮᠲᠠᠲᠤ ᠢᠳᠡᠭᠡᠨ᠎ᠦ ᠰᠣᠶᠣᠯ᠎ᠢ ᠪᠠᠳᠠᠷᠠᠭᠤᠯᠤᠨ᠂ 《ᠢᠳᠡᠭᠡᠨ᠎ᠢᠶᠡᠷ ᠵᠠᠭᠤᠴᠢ ᠪᠣᠯᠭᠠᠬᠤ》 ᠦᠢᠯᠡᠳᠦᠯ᠎ᠢ ᠢᠳᠡᠪᠬᠢᠵᠢᠬᠦᠯᠵᠤ᠂《ᠮᠠᠯ ᠲᠠᠷᠢᠶᠠᠯᠠᠩ ᠠᠵᠤ ᠠᠬᠤᠢ᠎ᠶᠢᠨ ᠰᠣᠶᠣᠯ ᠵᠢᠭᠤᠯᠴᠢᠯᠠᠯ》 ᠤ᠋ᠨ ᠭᠦᠨᠵᠡᠭᠡᠢ ᠠᠭᠤᠰᠤᠯᠴᠠᠨ ᠬᠥᠭᠵᠢᠬᠦ᠎ᠶᠢ ᠲᠦᠯᠬᠢᠨ ᠠᠬᠢᠭᠤᠯᠵᠤ᠂ ᠠᠮᠲᠠᠲᠤ ᠢᠳᠡᠭᠡᠨ᠎ᠦ ᠲᠥᠷᠥᠯ ᠲᠡᠮᠳᠡᠭ᠎ᠢᠶᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ᠎ᠢᠶᠠᠷ ᠵᠠᠮᠨᠠᠵᠤ᠂ ᠣᠷᠣᠨ ᠨᠤᠲᠤᠭ᠎ᠤᠨ ᠠᠵᠤ ᠠᠬᠤᠢ ᠨᠡᠶ᠋ᠢᠭᠡᠮ᠎ᠦᠨ ᠴᠢᠨᠠᠷ ᠰᠠᠶ᠋ᠢᠲᠠᠢ ᠬᠥᠭᠵᠢᠯᠲᠡ᠎ᠳᠤ ᠲᠤᠰᠠᠯᠠᠨ᠎ᠠ᠃

ᠳᠥᠷᠪᠡᠳ ᠬᠤᠰᠢᠭᠤᠨ᠎ᠤ ᠤᠯᠠᠭᠠᠨᠬᠤᠸᠠ ᠪᠠᠯᠭᠠᠰᠤᠨ᠎ᠤ ᠲᠠᠪᠤᠨ ᠴᠤᠯᠤ᠎ᠶᠢᠨ ᠱᠥᠯᠥ᠎ᠶᠢᠨ ᠵᠡᠭᠡᠯᠢ ᠪᠣᠯ ᠲᠤᠬᠠᠢ᠎ᠶᠢᠨ ᠭᠠᠵᠠᠷ᠎ᠤᠨ ᠣᠨᠴᠠᠯᠢᠭ᠍ᠲᠤ ᠠᠮᠲᠠᠲᠤ ᠢᠳᠡᠭᠡᠨ᠎ᠦ ᠴᠤᠭᠯᠠᠷᠡᠯ ᠭᠠᠵᠠᠷ᠃《ᠤᠯᠠᠭᠠᠨᠬᠤᠸᠠ ᠵᠢᠨ ᠲᠠᠪᠤᠨ ᠴᠤᠯᠤ᠎ᠶᠢᠨ ᠱᠥᠯᠥ》᠎ᠶᠢᠨ ᠴᠢᠨᠠᠷ ᠨᠢ ᠰᠠᠶ᠋ᠢᠨ᠂ ᠰᠢᠮᠡᠳᠡᠢ᠂ ᠠᠮᠲᠠᠲᠠᠢ ᠪᠡᠷ ᠵᠢᠡᠨ ᠥᠪᠥᠷ ᠮᠣᠩᠭᠣᠯ᠎ᠤᠨ ᠭᠠᠵᠠᠷ ᠵᠦᠢ᠎ᠶᠢᠨ ᠳᠡᠮᠳᠡᠭᠳᠦ ᠪᠦᠲᠦᠭᠡᠭᠳᠡᠬᠦᠨ ᠵᠢᠡᠷ ᠵᠢᠭ᠍ᠰᠠᠭᠠᠭᠳᠠᠭᠰᠠᠨ ᠪᠠᠢᠳᠠᠭ᠃ ᠤᠯᠠᠭᠠᠨᠬᠤᠸᠠ ᠪᠠᠯᠭᠠᠰᠤᠨ᠎ᠤ ᠲᠠᠪᠤᠨ ᠴᠤᠯᠤ᠎ᠶᠢᠨ ᠱᠥᠯᠥ᠎ᠶᠢᠨ ᠬᠤᠭᠤᠯᠠᠨ ᠭᠡᠷ ᠦ᠋ᠨ ᠡᠵᠡᠨᠲᠡᠨ ᠰᠢᠦᠢ ᠷᠦᠢ᠄ 《ᠪᠢ ᠲᠠᠪᠤᠨ ᠴᠤᠯᠤ᠎ᠶᠢᠨ ᠱᠥᠯᠥ᠎ᠶᠢᠨ ᠬᠤᠭᠤᠯᠠᠨ ᠭᠡᠷ ᠡᠷᠬᠢᠯᠡᠭᠡᠳ ᠨᠢᠭᠡᠨᠲᠡ 30 ᠭᠠᠷᠤᠢ ᠵᠢᠯ ᠪᠣᠯᠵᠤ ᠪᠠᠶ᠋ᠢᠨ᠎ᠠ᠂ ᠡᠳᠦᠷ ᠪᠦᠷᠢ ᠢᠷᠡᠵᠦ ᠪᠠᠶ᠋ᠢᠭ᠎ᠠ ᠬᠠᠭᠤᠴᠢᠨ ᠵᠣᠴᠢᠳ ᠮᠠᠰᠢ ᠤᠯᠠᠨ᠂ ᠭᠠᠳᠠᠨ᠎ᠠ ᠣᠷᠣᠨ᠎ᠡᠴᠡ ᠢᠷᠡᠭᠰᠡᠨ ᠵᠢᠭᠤᠯᠴᠢᠯᠠᠭᠰᠠᠳ ᠪᠠᠰᠠ ᠪᠤᠢ᠂ ᠣᠯᠠᠨ᠎ᠢᠶᠠᠷ᠎ᠢᠶᠠᠨ ᠵᠤᠭᠤᠭᠯᠠᠭᠰᠠᠨ᠎ᠦ ᠳᠠᠷᠠᠭ᠎ᠠ ᠪᠦᠷ ᠱᠠᠭᠰᠢᠵᠤ᠂ ᠳᠠᠷᠠᠭᠠᠴᠢ ᠪᠡᠷ ᠳᠠᠬᠢᠨ ᠢᠷᠡᠵᠦ ᠠᠮᠰᠠᠬᠤ ᠪᠡᠷ ᠬᠡᠯᠡᠵᠦ ᠲᠣᠭᠲᠠᠳᠠᠭ᠃ ᠵᠢᠭᠤᠯᠴᠢᠯᠠᠭᠰᠠᠳ᠎ᠤᠨ ᠳᠦᠬᠦᠮ᠎ᠢ ᠪᠤᠳᠤᠵᠦ᠂ ᠪᠢ ᠲᠤᠰᠬᠠᠶ᠋ᠢᠯᠠᠨ ᠭᠠᠳᠠᠨ᠎ᠠ ᠤᠷᠤᠨ᠎ᠳᠤ ᠤᠴᠢᠵᠤ ᠲᠠᠪᠤᠨ ᠴᠤᠯᠤ᠎ᠶᠢᠨ ᠱᠥᠯᠥ᠎ᠪᠦᠬᠦᠢ ᠳᠦᠬᠦᠮ ᠬᠠᠢᠷᠴᠠᠭᠳᠤ ᠢᠳᠡᠬᠡᠨ ᠪᠣᠯᠭᠠᠨ ᠪᠤᠯᠪᠠᠰᠤᠷᠠᠭᠤᠯᠬᠤ᠎ᠶᠢ ᠰᠤᠷᠤᠯᠴᠠᠭᠰᠠᠨ ᠶᠤᠮ》 ᠭᠡᠵᠦ ᠶᠠᠷᠢᠵᠤ ᠪᠠᠶ᠋ᠢᠯ᠎ᠠ᠃

《ᠣᠳᠣᠬᠠᠨ᠎ᠳᠤ᠂ ᠲᠠᠪᠤᠨ ᠴᠤᠯᠤ᠎ᠶᠢᠨ ᠱᠥᠯᠥ ᠨᠢ ᠵᠢᠭᠤᠯᠴᠢᠯᠠᠭᠰᠠᠳ᠎ᠤᠨ ᠪᠠᠬᠠᠷᠬᠠᠯ᠎ᠢ ᠶᠡᠬᠡ ᠪᠡᠷ ᠲᠠᠲᠠᠵᠤ ᠪᠣᠢ᠃ᠳᠡᠷᠡᠴᠢᠯᠡᠨ᠂ ᠲᠠᠪᠤᠨ ᠴᠤᠯᠤ᠎ᠶᠢᠨ ᠱᠥᠯᠥ᠎ᠶᠢ ᠪᠣᠯᠪᠠᠰᠤᠷᠠᠭᠤᠯᠵᠤ᠂ ᠰᠦᠯᠵᠢᠶᠡᠨ ᠳᠡᠭᠡᠷ᠎ᠡ ᠪᠣᠷᠣᠯᠠᠭᠤᠯᠵᠤ ᠡᠬᠢᠯᠡᠭᠰᠡᠨ ᠨᠢ ᠮᠠᠨ ᠮᠡᠳᠦ ᠵᠢᠨ ᠬᠦᠮᠦᠰ ᠲᠤ᠌ ᠶᠡᠬᠡ ᠠᠮᠠᠷ ᠪᠤᠯᠪᠠ᠃ ᠳᠡᠷᠡ ᠨᠢ ᠨᠡᠩ ᠬᠣᠯᠠ ᠭᠠᠵᠠᠷ᠎ᠤᠨ ᠬᠥᠮᠦᠰ᠎ᠲᠦ ᠵᠢᠪ ᠵᠢᠨᠭᠬᠢᠨᠢ ᠤᠷᠤᠨ ᠨᠤᠳᠤᠭ᠎ᠤᠨ ᠠᠮᠳᠠᠳᠤ ᠢᠳᠡᠬᠡᠨ ᠵᠤᠭᠤᠭᠯᠠᠬᠤ᠎ᠳᠤ ᠳᠦᠬᠦᠮ ᠨᠦᠬᠦᠴᠡᠯ᠎ᠢ ᠪᠦᠷᠢᠳᠦᠬᠦᠯᠵᠦ ᠦᠭᠴᠡᠢ》 ᠭᠡᠵᠦ ᠱᠠᠨᠳᠦᠢ᠍ᠩ᠎ᠤᠨ ᠵᠢᠭᠤᠯᠴᠢᠯᠠᠭᠴᠢ ᠶᠠᠩ ᠶᠠᠨ ᠹᠧᠩ ᠬᠡᠯᠡᠵᠦ ᠪᠠᠶ᠋ᠢᠯ᠎ᠠ᠃

ᠳᠥᠷᠪᠡᠳ ᠬᠣᠰᠢᠭᠤ ᠭᠠᠵᠠᠷ ᠣᠷᠣᠨ᠎ᠤ ᠣᠨᠴᠠᠯᠢᠭ᠍ᠲᠤ ᠠᠮᠲᠠᠲᠤ ᠢᠳᠡᠭᠡᠨ᠎ᠢᠶᠡᠷ ᠢᠳᠡᠭᠡᠨ ᠤᠮᠳᠠᠭᠠᠨ᠎ᠤ ᠰᠣᠶᠣᠯ᠎ᠤᠨ ᠪᠦᠬᠦ ᠠᠵᠤ ᠦᠢᠯᠡᠰ᠎ᠦᠨ ᠬᠡᠯᠬᠢᠶᠡᠵᠢᠯ᠎ᠦᠨ ᠬᠥᠭᠵᠢᠯᠲᠡ᠎ᠶᠢ ᠠᠬᠢᠭᠤᠯᠵᠤ᠂ ᠰᠣᠶᠣᠯ ᠲᠠᠮᠢᠷ᠎ᠤᠨ ᠴᠤᠭᠯᠠᠭᠠᠨ᠎ᠢᠶᠠᠷ ᠰᠣᠶᠣᠯ ᠢᠷᠭᠡᠨᠰᠢᠯ᠎ᠢ ᠠᠬᠢᠭᠤᠯᠬᠤ᠎ᠶᠢ ᠪᠠᠷᠢᠮᠲᠠᠯᠠᠨ᠂ ᠪᠠᠶᠠᠷ ᠳᠤᠷᠠᠰᠬᠠᠯ᠎ᠤᠨ ᠠᠵᠢᠯᠯᠠᠭ᠎ᠠ᠎ᠶᠢᠨ ᠬᠡᠯᠪᠡᠷᠢ᠎ᠶᠢ ᠪᠠᠶᠠᠯᠢᠭ᠍ᠵᠢᠭᠤᠯᠤᠨ ᠰᠢᠨ᠎ᠡ᠎ᠶᠢ ᠡᠭᠦᠳᠴᠦ᠂ ᠬᠥᠮᠦᠰ᠎ᠢ ᠬᠥᠲᠥᠯᠦᠨ ᠳᠠᠭᠠᠭᠤᠯᠵᠤ ᠲᠤᠬᠠᠢ᠎ᠶᠢᠨ ᠭᠠᠵᠠᠷ᠎ᠤᠨ ᠠᠮᠲᠠᠲᠤ ᠢᠳᠡᠭᠡᠨ᠎ᠦ ᠰᠣᠶᠣᠯ᠎ᠢ ᠣᠶ᠋ᠢᠯᠠᠭᠠᠨ᠂ ᠡᠬᠢ ᠪᠠᠶᠠᠯᠢᠭ᠋᠎ᠤᠨ ᠳᠠᠪᠠᠭᠤᠯᠢᠭ᠋᠎ᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠦᠨᠡᠨ ᠬᠦ᠌ ᠬᠤᠪᠢᠷᠠᠭᠤᠯᠵᠤ᠂ ᠳᠥᠷᠪᠡᠳ ᠬᠤᠰᠢᠭᠤᠨ᠎ᠤ ᠵᠢᠭᠤᠯᠴᠢᠯᠠᠯ᠎ᠤᠨ ᠦᠢᠯᠡᠰ᠎ᠦᠨ ᠳᠦᠷᠢ ᠲᠥᠷᠬᠦ᠎ᠶᠢᠨ ᠰᠢᠨᠡᠴᠢᠯᠡᠯᠲᠡ᠎ᠶᠢ ᠤᠯᠠᠮ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面