ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠤᠭᠠᠯᠵᠠ

2026-11-20 11:15:03

ᠵᠣᠬᠢᠶᠠᠭ᠍ᠴᠢ᠄ ᠰᠢᠶᠠᠩ ᠲᠤᠤ ᠣᠩᠱᠢᠭ᠍ᠰᠠᠨ ᠣᠳᠠᠭ᠎ᠠ᠄ 3

ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠲᠠ ᠪᠠ ᠴᠢᠨᠠᠷ ᠰᠠᠢᠲᠠᠢ ᠬᠦᠭᠵᠢᠯᠳᠡ ᠪᠤᠯ ᠰᠢᠨ᠎ᠡ ᠴᠠᠭ ᠦᠶ᠎ᠡ᠎ᠶᠢᠨ ᠨᠡᠢᠬᠡᠮ ᠠᠵᠦ ᠠᠬᠤᠢ᠎ᠶᠢᠨ ᠬᠦᠭᠵᠢᠯᠳᠡ᠎ᠶᠢᠨ ᠴᠢᠬᠤᠯᠠ ᠰᠡᠲᠦᠪ ᠪᠤᠯᠬᠤ ᠶᠤᠮ᠃ ᠤᠢᠷ᠎ᠠ᠎ᠶᠢᠨ ᠵᠢᠯ᠎ᠳᠤ ᠬᠦᠯᠦᠨ ᠪᠤᠢᠷ ᠬᠤᠲᠠ᠎ᠶᠢᠨ  ᠡᠸᠡᠩᠬᠢ ᠦᠨᠲᠦᠰᠦᠳᠡᠨ᠎ᠤ ᠦᠪᠡᠷᠳᠡᠭᠡᠨ ᠵᠠᠰᠠᠬᠤ ᠬᠤᠰᠢᠭᠤ ᠨᠢ ᠤᠮᠠᠷᠠᠲᠦ᠎ᠶᠢᠨ ᠠᠮᠢ ᠠᠬᠤᠢ᠎ᠶᠢᠨ ᠠᠮᠤᠷ ᠲᠦᠪᠰᠢᠨ᠎ᠤ ᠬᠠᠯᠬᠠᠪᠴᠢ᠎ᠶᠢ ᠪᠠᠢᠭᠤᠯᠬᠤ ᠪᠠᠢᠷᠢ ᠲᠤᠭᠲᠠᠭᠠᠯᠲᠠ᠎ᠳᠠᠭᠠᠨ ᠰᠠᠭᠤᠷᠢᠯᠠᠵᠦ᠂ ᠠᠮᠢ ᠠᠬᠤᠢ᠎ᠶᠢ ᠡᠬᠢ ᠰᠤᠷᠪᠤᠯᠵᠢ ᠡᠴᠡ ᠨᠢ ᠵᠠᠰᠠᠵᠦ᠂ ᠪᠦᠬᠦ ᠲᠠᠯ᠎ᠠ ᠪᠡᠷ ᠰᠠᠬᠢᠨ ᠬᠠᠮᠠᠭᠠᠯᠠᠵᠦ᠂ ᠠᠭᠤᠯᠠ ᠤᠰᠤ ᠤᠢ ᠮᠤᠲᠤ ᠭᠠᠵᠠᠷ ᠲᠠᠷᠢᠶ᠎ᠠ ᠨᠠᠭᠤᠷ ᠪᠦᠷᠢᠲᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠨᠢᠬᠡ ᠴᠤᠭᠴᠠᠵᠢᠭᠤᠯᠤᠨ ᠰᠡᠷᠬᠦᠭᠡᠨ ᠬᠠᠮᠠᠭᠠᠯᠠᠵᠦ᠂ ᠠᠮᠢ ᠠᠬᠤᠢ᠎ᠶᠢ ᠤᠷᠢᠳ᠎ᠶ᠋ᠢᠡᠷ ᠪᠤᠲᠤᠯᠬᠢᠯᠠᠵᠦ᠂ ᠪᠤᠬᠢᠷᠲᠤᠯ ᠦᠬᠡᠢ ᠬᠦᠭᠵᠢᠬᠦ ᠦᠪᠡᠷᠮᠢᠴᠡ ᠤᠨᠴᠠᠯᠢᠬᠲᠦ ᠠᠮᠢ ᠠᠬᠤᠢ᠎ᠶᠢᠨ ᠵᠠᠰᠠᠯᠲᠠ᠎ᠶᠢᠨ ᠵᠠᠮ᠎ᠶ᠋ᠢᠡᠷ ᠤᠷᠤᠬᠰᠢᠯᠠᠬᠰᠠᠨ ᠪᠢᠯᠡ᠃



ᠨᠤᠭᠤ ᠭᠠᠵᠠᠷ ᠨᠤᠲᠤᠭ ᠪᠡᠯᠴᠢᠭᠡᠷ᠎ᠢ ᠰᠡᠷᠬᠦᠭᠡᠨ᠂ ᠠᠮᠢ ᠠᠬᠤᠢ᠎ᠶᠢᠨ ᠦᠨᠲᠦᠰᠦ᠎ᠶᠢ ᠪᠡᠬᠢᠵᠢᠬᠦᠯᠪᠡ᠃ ᠲᠤᠰ ᠬᠤᠰᠢᠭᠤ ᠰᠠᠯᠠᠭ᠎ᠠ ᠮᠦᠴᠢᠷ ᠨᠤᠭᠦᠳ᠎ᠤᠨ ᠬᠠᠷᠢᠯᠴᠠᠨ ᠬᠠᠮᠵᠢᠯᠴᠠᠵᠦ ᠬᠠᠮᠲᠦ ᠪᠡᠷ ᠬᠦᠳᠡᠯᠦᠯᠴᠡᠬᠦ᠎ᠶᠢ ᠵᠤᠷᠢᠭᠵᠢᠭᠤᠯᠤᠨ᠂ ᠪᠠᠢᠨᠭᠭᠤ᠎ᠶᠢᠨ ᠴᠢᠨᠠᠷᠲᠠᠢ ᠬᠢᠨᠠᠨ ᠬᠠᠮᠢᠶᠠᠷᠤᠯᠲᠠ᠎ᠶᠢ ᠴᠢᠨᠭᠭᠠᠳᠬᠠᠨ᠂ ᠤᠯᠠᠨ ᠲᠦᠮᠡᠨ ᠬᠠᠮᠲᠦᠪᠡᠷ ᠵᠠᠰᠠᠬᠤ ᠠᠮᠢ ᠠᠬᠤᠢ᠎ᠶᠢᠨ ᠬᠠᠮᠠᠭᠠᠯᠠᠯᠲᠠ᠎ᠶᠢᠨ ᠰᠢᠰᠲᠸᠮ᠎ᠢ ᠪᠠᠢᠭᠤᠯᠵᠠᠢ᠃ ᠡᠬᠦᠨ᠎ᠤ ᠬᠠᠮᠲᠦ ᠨᠤᠲᠤᠭ ᠪᠡᠯᠴᠢᠬᠡᠷ᠎ᠢ ᠰᠡᠯᠬᠦᠨ ᠠᠮᠠᠷᠠᠭᠤᠯᠬᠤ᠂ ᠪᠡᠯᠴᠢᠬᠡᠷᠯᠡᠬᠦᠯᠬᠦ᠎ᠶᠢ ᠵᠤᠭᠰᠤᠭᠠᠵᠦ ᠤᠢ ᠰᠢᠭᠤᠢ ᠡᠪᠡᠰᠦ ᠪᠡᠯᠴᠢᠬᠡᠷ᠎ᠢ ᠰᠡᠷᠬᠦᠬᠡᠬᠦ᠂ ᠮᠠᠯ ᠪᠡᠯᠴᠢᠬᠡᠷ᠎ᠢ ᠲᠡᠨᠭᠴᠡᠬᠦᠷᠢ ᠲᠠᠢ ᠪᠤᠯᠭᠠᠬᠤ ᠵᠡᠷᠭᠡ ᠠᠷᠭ᠎ᠠ ᠪᠤᠲᠤᠯᠭ᠎ᠠ᠎ᠶᠢ ᠭᠡᠷᠡᠭᠵᠢᠬᠦᠯᠦᠨ᠂ ᠤᠢᠵᠢᠭᠤᠯᠵᠦ ᠨᠤᠭᠤᠭᠠᠷᠠᠭᠤᠯᠬᠤ ᠠᠵᠢᠯ᠎ᠢ ᠴᠢᠨᠭᠭᠠᠳᠬᠠᠬᠰᠠᠨ ᠡᠴᠡ ᠨᠤᠭᠤ ᠭᠠᠵᠠᠷ ᠰᠡᠷᠬᠦᠨ ᠲᠦᠯᠵᠢᠵᠦ᠂ ᠨᠠᠭᠤᠷ ᠪᠦᠷᠢᠲᠦ ᠲᠤᠨᠭᠭᠠᠯᠠᠬᠰᠢᠨ᠂ ᠨᠤᠲᠤᠭ ᠪᠡᠯᠴᠢᠬᠡᠷ ᠨᠤᠭᠤᠭᠠᠷᠠᠬᠰᠠᠨ ᠶᠤᠮ᠃

ᠬᠠᠶᠠᠬᠲᠠᠮᠠᠯ ᠠᠭᠤᠷᠬᠠᠢ᠎ᠶᠢ ᠵᠠᠰᠠᠵᠦ᠂ ᠠᠮᠢ ᠠᠬᠤᠢ᠎ᠶᠢᠨ ᠡᠪᠳᠡᠭᠳᠡᠯ᠎ᠢ ᠪᠦᠲᠦᠮᠵᠢᠳᠡᠢ ᠬᠤᠷᠢᠬᠯᠠᠵᠦ ᠰᠡᠷᠬᠦᠭᠡᠪᠡ᠃ ᠬᠠᠶᠠᠬᠲᠠᠮᠠᠯ ᠠᠭᠤᠷᠬᠠᠢ᠎ᠶᠢᠨ ᠠᠮᠢ ᠠᠬᠤᠢ᠎ᠶᠢᠨ ᠪᠠᠢᠲᠠᠯ᠎ᠳᠤ ᠴᠢᠭᠯᠡᠬᠦᠯᠦᠨ᠂ ᠡᠸᠠᠨᠭᠬᠢ ᠦᠨᠲᠦᠰᠦᠳᠡᠨ᠎ᠤ ᠦᠪᠡᠷᠳᠡᠭᠡᠨ ᠵᠠᠰᠠᠬᠤ ᠬᠤᠰᠢᠭᠤ ᠨᠢ ᠠᠮᠢ ᠠᠬᠤᠢ᠎ᠶᠢ ᠰᠡᠷᠬᠦᠭᠡᠬᠦ ᠢᠨᠵᠸᠨ᠋ᠸᠷᠢᠩ᠎ᠢ ᠨᠠᠷᠢᠯᠢᠭ ᠤᠨᠤᠴᠢᠲᠠᠢ ᠭᠡᠷᠡᠭᠵᠢᠬᠦᠯᠵᠦ᠂ 《ᠠᠷᠪᠠᠨ ᠲᠦᠷᠪᠡᠲᠦᠭᠡᠷ ᠲᠠᠪᠤᠨ ᠵᠢᠯ》 ᠎ᠤᠨ ᠲᠦᠯᠦᠪᠵᠢᠬᠦᠯᠬᠡ᠎ᠶᠢᠨ ᠬᠤᠭᠤᠴᠠᠭᠠᠨ᠎ᠳᠤ᠂ ᠪᠠᠷᠤᠭ 18 ᠲᠡᠭᠰᠢ ᠳᠥᠷᠪᠡᠯᠵᠢᠨ ᠺᠢᠯᠣᠮᠧᠲᠷ ᠠᠭᠤᠷᠬᠠᠢ᠎ᠶᠢ ᠵᠠᠰᠠᠵᠦ᠂ ᠠᠮᠢ ᠠᠬᠤᠢ ᠡᠪᠳᠡᠭᠳᠡᠭᠰᠡᠨ ᠤᠷᠤᠨ᠎ᠢ ᠠᠮᠢᠵᠢᠷᠠᠯ ᠪᠢᠯᠬᠠᠬᠰᠠᠨ ᠤᠷᠤᠨ ᠪᠤᠯᠭᠠᠪᠠ᠃

ᠠᠮᠢ ᠠᠬᠤᠢ᠎ᠶᠢᠨ ᠤᠯᠠᠭᠠᠨ ᠱᠤᠭᠤᠮ ᠎ᠢ ᠪᠠᠲᠦ ᠰᠠᠬᠢᠵᠦ᠂ ᠭᠠᠵᠠᠷ ᠰᠢᠷᠤᠢ᠎ᠶᠢ ᠰᠢᠨᠵᠢᠯᠡᠬᠦ ᠤᠬᠠᠭᠠᠨᠴᠢ ᠪᠡᠷ ᠲᠦᠯᠦᠪᠵᠢᠬᠦᠯᠪᠡ᠃ ᠤᠯᠤᠰ ᠎ᠤᠨ ᠭᠠᠵᠠᠷ ᠰᠢᠷᠤᠢ ᠎ᠶᠢ ᠰᠢᠨᠵᠢᠯᠡᠬᠦ ᠤᠬᠠᠭᠠᠨᠴᠢ ᠪᠡᠷ ᠲᠦᠯᠦᠪᠵᠢᠬᠦᠯᠵᠦ᠂ᠡᠬᠦᠷᠢᠳᠡ᠎ᠶᠢᠨ ᠦᠨᠲᠦᠰᠦᠨ ᠲᠠᠷᠢᠶᠠᠨ ᠭᠠᠵᠠᠷ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ ᠪᠠ ᠬᠤᠲᠠ ᠪᠠᠯᠭᠠᠰᠦ ᠎ᠶᠢᠨ ᠨᠡᠭᠡᠭᠡᠨ ᠠᠰᠢᠬᠯᠠᠯᠲᠠ᠎ᠶᠢᠨ ᠵᠠᠭᠠᠭ ᠬᠢᠵᠠᠭᠠᠷ᠎ᠢ ᠲᠤᠲᠤᠷᠬᠠᠢᠯᠠᠵᠦ᠂ ᠠᠮᠢ ᠠᠬᠤᠢ᠎ᠶᠢᠨ ᠬᠠᠮᠠᠭᠠᠯᠠᠯᠲᠠ᠎ᠶᠢ ᠪᠦᠲᠦᠭᠡᠨ ᠪᠠᠢᠭᠤᠯᠤᠯᠲᠠ᠎ᠶᠢᠨ ᠪᠦᠬᠦ ᠶᠠᠪᠤᠴᠠ᠎ᠳᠠᠭᠠᠨ ᠠᠭᠤᠰᠬᠠᠵᠠᠢ᠃ ᠰᠠᠯᠬᠢᠨ ᠬᠦᠴᠦᠨ᠎ᠤ ᠴᠠᠬᠢᠯᠭᠠᠨ᠂ ᠭᠡᠷᠡᠯᠲᠦ ᠴᠡᠨᠡᠭ ᠵᠡᠷᠭᠡ ᠰᠢᠨ᠎ᠡ ᠡᠨ᠋ᠸᠷᠬᠢ ᠎ᠶᠢᠨ ᠠᠵᠦ ᠦᠢᠯᠡᠰ᠎ᠢ ᠬᠦᠭᠵᠢᠬᠦᠯᠬᠦ ᠶᠠᠪᠤᠴᠠ᠎ᠳᠠᠭᠠᠨ ᠠᠮᠢ ᠠᠬᠤᠢ᠎ᠶᠢᠨ ᠤᠯᠠᠭᠠᠨ ᠱᠤᠭᠤᠮ ᠎ᠢ ᠪᠠᠲᠦ ᠰᠠᠬᠢᠵᠦ᠂ ᠠᠮᠢ ᠠᠬᠤᠢ᠎ᠶᠢᠨ ᠬᠠᠮᠠᠭᠠᠯᠠᠯᠲᠠ ᠪᠠ ᠠᠵᠦ ᠦᠢᠯᠡᠰ᠎ᠤᠨ ᠬᠦᠭᠵᠢᠯᠳᠡ᠎ᠶᠢᠨ ᠵᠤᠬᠢᠴᠠᠨᠭᠭᠤᠢ ᠪᠠᠢᠬᠤ᠎ᠶᠢ ᠪᠠᠲᠤᠯᠠᠪᠠ᠃

ᠠᠮᠢ ᠠᠬᠤᠢ᠎ᠶᠢᠨ ᠵᠠᠰᠠᠯᠲᠠ ᠪᠠ ᠬᠠᠮᠠᠭᠠᠯᠠᠯᠲᠠ᠎ᠶᠢ ᠤᠷᠲᠤ ᠬᠤᠭᠤᠴᠠᠭ᠎ᠠ ᠪᠡᠷ ᠪᠠᠷᠢᠮᠲᠠᠯᠠᠪᠠᠯ ᠰᠠᠶᠢ ᠠᠭᠤᠯᠠ ᠬᠡᠵᠢᠶᠡᠳᠡ ᠬᠦᠬᠡᠮᠲᠦᠭ ᠤᠰᠤ ᠢᠮᠠᠬᠲᠠ ᠲᠤᠨᠭᠭᠠᠯᠠᠭ ᠪᠠᠢᠵᠦ ᠴᠢᠲᠠᠨ᠎ᠠ᠃  ᠡᠸᠡᠩᠬᠢ ᠬᠤᠰᠢᠭᠤ ᠠᠮᠢ ᠠᠬᠤᠢ᠎ᠶᠢᠨ ᠤᠷᠴᠢᠨ ᠲᠤᠭᠤᠷᠢᠨ᠎ᠶ᠋ᠢᠡᠨ ᠪᠦᠬᠦ ᠲᠠᠯ᠎ᠠ ᠪᠡᠷ ᠰᠠᠢᠵᠢᠷᠠᠭᠤᠯᠵᠦ᠂ ᠠᠮᠢ ᠠᠬᠤᠢ᠎ᠶᠢᠨ ᠵᠠᠰᠠᠯᠲᠠ ᠪᠠ ᠪᠦᠲᠦᠭᠡᠨ ᠪᠠᠢᠭᠤᠯᠤᠯᠲᠠ ᠪᠠᠨ ᠰᠠᠢᠨ ᠬᠢᠭᠰᠡᠨ ᠨᠡᠢᠳᠡᠯᠢᠭ ᠵᠢᠱ᠌ᠢᠶ᠎ᠡ ᠪᠤᠯᠤᠬᠰᠠᠨ ᠪᠢᠯᠡ᠃ ᠲᠤᠰ ᠬᠤᠰᠢᠭᠤ ᠶ᠋ᠢᠨ ᠵᠢᠱ᠌ᠢᠶ᠎ᠡ ᠡᠴᠡ ᠪᠢᠳᠡ᠂ ᠰᠢᠰᠲᠸᠮᠵᠢᠭᠰᠡᠨ ᠵᠠᠰᠠᠯᠲᠠ᠎ᠶᠢ ᠦᠷᠬᠦᠯᠵᠢᠯᠡᠨ ᠪᠠᠷᠢᠮᠲᠠᠯᠠᠵᠦ᠂ ᠠᠮᠢ ᠠᠬᠤᠢ᠎ᠶᠢ ᠤᠷᠢᠳ᠎ᠶ᠋ᠢᠡᠷ ᠪᠤᠲᠤᠯᠬᠢᠯᠠᠵᠦ᠂ ᠨᠤᠭᠤᠭᠠᠷᠠᠭᠤᠯᠤᠯᠲᠠ ᠪᠠ ᠤᠢᠵᠢᠭᠤᠯᠤᠯᠲᠠ ᠪᠠᠨ ᠤᠷᠲᠤ ᠬᠤᠭᠤᠴᠠᠭ᠎ᠠ ᠪᠡᠷ ᠰᠠᠢᠲᠦᠷ ᠬᠢᠪᠡᠯ ᠰᠠᠶᠢ ᠤᠮᠠᠷᠠᠲᠦ᠎ᠶᠢᠨ ᠠᠮᠢ ᠠᠬᠤᠢ᠎ᠶᠢᠨ ᠬᠠᠯᠠᠬᠪᠴᠢ᠎ᠶᠢ ᠪᠠᠢᠭᠤᠯᠵᠦ᠂ ᠨᠤᠭᠤᠭᠠᠨ ᠦᠨᠭᠭᠡ᠎ᠶᠢ ᠴᠢᠨᠠᠷ ᠰᠠᠢᠲᠠᠢ ᠬᠦᠭᠵᠢᠯᠳᠡ᠎ᠶᠢᠨ ᠬᠠᠮᠤᠭ᠎ᠤᠨ ᠢᠯᠡ ᠲᠤᠲᠤᠷᠬᠠᠢ ᠲᠡᠪᠢᠰᠭᠡᠷ ᠦᠨᠭᠭᠡ ᠪᠤᠯᠭᠠᠵᠦ ᠴᠢᠲᠠᠨ᠎ᠠ ᠭᠡᠳᠡᠭ ᠎ᠢ ᠤᠯᠵᠦ ᠮᠡᠳᠡᠭᠰᠡᠨ ᠪᠢᠯᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面