ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠬᠡ

2026-04-17 10:25:00

ᠵᠣᠬᠢᠶᠠᠭ᠍ᠴᠢ᠄ ᠬᠤᠨᠭᠭᠤᠷᠵᠤᠯᠡ ᠣᠩᠱᠢᠭ᠍ᠰᠠᠨ ᠣᠳᠠᠭ᠎ᠠ᠄ 3

ᠮᠣᠩᠭᠣᠯ ᠦᠨᠳᠦᠰᠦᠲᠡᠨ᠎ᠦ ᠤᠯᠠᠮᠵᠢᠯᠠᠯᠲᠤ ᠲᠠᠮᠢᠷ᠎ᠤᠨ ᠬᠥᠳᠡᠯᠭᠡᠭᠡᠨ᠎ᠦ ᠴᠢᠬᠤᠯᠠ ᠨᠢᠭᠡᠨ ᠠᠭᠤᠯᠭ᠎ᠠ ᠪᠣᠯᠬᠤ ᠪᠥᠬᠡ ᠪᠠᠷᠢᠯᠳᠤᠬᠤ ᠪᠣᠯ ᠤᠷᠲᠤ ᠤᠳᠠᠭᠠᠨ ᠲᠡᠦᠬᠡ᠎ᠲᠠᠢ᠂ ᠤᠮᠠᠷᠠᠲᠤ᠎ᠶᠢᠨ ᠮᠠᠯᠵᠢᠬᠤ ᠤᠭᠰᠠᠭᠠᠲᠠᠨ᠎ᠦ ᠰᠣᠶᠣᠯ ᠢᠷᠭᠡᠨᠰᠢᠯ᠎ᠦᠨ ᠤᠯᠠᠮᠵᠢᠯᠠᠯ ᠵᠠᠯᠭᠠᠮᠵᠢᠯᠠᠯ ᠪᠠᠢᠵᠤ᠂ ᠪᠠᠢᠭᠠᠯᠢ ᠣᠷᠴᠢᠨ᠂ ᠠᠭᠤᠷ ᠠᠮᠢᠰᠬᠤᠯ᠂ ᠠᠮᠢᠳᠤᠷᠠᠯ᠎ᠤᠨ ᠬᠡᠯᠪᠡᠷᠢ ᠪᠣᠯᠣᠨ ᠠᠵᠤ ᠠᠬᠤᠢ᠎ᠶᠢᠨ ᠨᠥᠬᠥᠴᠡᠯ᠎ᠳᠡᠭᠡᠨ ᠲᠣᠬᠢᠷᠠᠭᠰᠠᠨ ᠰᠢᠨᠵᠢ ᠴᠢᠨᠠᠷ᠎ᠢᠶᠠᠷ ᠲᠣᠪᠣᠢᠮ᠎ᠠ᠂ ᠰᠣᠶᠣᠯ᠎ᠤᠨ ᠦᠨ᠎ᠡ ᠥᠷᠲᠡᠭ ᠴᠤ᠌ ᠲᠤᠩ ᠥᠨᠳᠥᠷ ᠪᠠᠢᠳᠠᠭ ᠤᠷᠳᠣ᠌ ᠬᠤᠭᠤᠴᠠᠭᠠᠨ᠎ᠤ ᠨᠡᠢᠭᠡᠮ᠎ᠦᠨ ᠦᠢᠯᠡᠳᠦᠯᠭᠡ᠎ᠶᠢᠨ ᠳᠤᠮᠳᠠ ᠡᠭᠦᠳᠦᠨ ᠤᠯᠠᠮᠵᠢᠯᠠᠭᠳᠠᠵᠤ ᠢᠷᠡᠭᠰᠡᠨ ᠦᠨᠳᠦᠰᠦᠲᠡᠨ᠎ᠦ ᠣᠨᠴᠠᠯᠢᠭ᠋᠎ᠲᠠᠢ ᠲᠠᠮᠢᠷ᠎ᠤᠨ ᠬᠥᠳᠡᠯᠭᠡᠭᠡᠨ ᠶᠤᠮ᠃

ᠮᠣᠩᠭᠣᠯ ᠪᠥᠬᠡ ᠨᠢ ᠢᠯᠡ ᠲᠣᠳᠣ᠌ ᠨᠡᠭᠦᠳᠡᠯ ᠮᠠᠯᠵᠢᠯ᠎ᠤᠨ ᠰᠣᠶᠣᠯ᠎ᠤᠨ ᠥᠪᠡᠷᠮᠢᠴᠡ ᠣᠨᠴᠠᠯᠢᠭ᠋ ᠎ᠢ ᠬᠠᠳᠠᠭᠠᠯᠠᠵᠤ ᠪᠠᠢᠳᠠᠭ᠂ ᠮᠣᠩᠭᠣᠯ ᠪᠥᠬᠡ ᠪᠣᠯ ᠥᠷᠭᠡᠨ ᠳᠡᠯᠭᠡᠷᠡᠩᠭᠦᠢ ᠣᠯᠠᠨ ᠲᠦᠮᠡᠨᠴᠢ ᠴᠢᠨᠠᠷ ᠲᠠᠢ ᠪᠥᠭᠡᠳ ᠨᠠᠢᠷ ᠨᠠᠭᠠᠳᠤᠮ᠎ᠤᠨ ᠴᠢᠨᠠᠷᠲᠠᠢ ᠦᠨᠳᠦᠰᠦᠲᠡᠨ᠎ᠦ ᠲᠠᠮᠢᠷ᠎ᠤᠨ ᠬᠥᠳᠡᠯᠭᠡᠭᠡᠨ ᠪᠣᠯᠬᠤ ᠤᠴᠢᠷ ᠮᠤᠨᠭᠭᠤᠯ ᠪᠦᠬᠡ ᠵᠢᠨ ᠬᠦᠭᠵᠢᠯᠳᠡ ᠴᠡᠴᠡᠭᠯᠡᠯᠳᠡ ᠨᠢ ᠬᠡᠵᠢᠶᠡᠳᠡ ᠤᠯᠠᠨ ᠳᠦᠮᠡᠨᠴᠢ ᠤᠷᠤᠯᠴᠠᠭ᠎ᠠ ᠯᠤᠭ᠎ᠠ ᠢᠵᠢᠯᠰᠢᠵᠦ ᠶᠠᠪᠤᠬᠤ ᠤᠴᠢᠷᠳᠡᠢ᠃ ᠣᠳᠣᠬᠠᠨ᠎ᠳᠤ᠂《ᠪᠦᠭᠡ + ᠵᠢᠭᠤᠯᠴᠢᠯᠠᠯ》᠂ 《ᠪᠦᠭᠡ + ᠰᠣᠶᠣᠯ᠎ᠤᠨ ᠡᠭᠦᠳᠦᠯᠲᠡ》 ᠂ 《ᠪᠦᠭᠡ + ᠢᠳᠡᠭᠡᠨ ᠤᠮᠳᠠᠭᠠᠨ》 ᠵᠡᠷᠭᠡ ᠵᠠᠭᠪᠤᠷ᠎ᠢᠶᠠᠷ ᠳᠠᠮᠵᠢᠭᠤᠯᠤᠨ ᠠᠵᠤ ᠦᠢᠯᠡᠰᠵᠢᠭᠰᠡᠨ ᠰᠢᠨ᠎ᠡ ᠰᠢᠪᠲᠤᠯᠤᠯᠲᠠ᠎ᠶᠢ ᠪᠡᠶᠡᠯᠡᠭᠦᠯᠵᠦ ᠪᠤᠢ᠃

ᠮᠤᠨᠭᠭᠤᠯ ᠪᠦᠭᠡ ᠨᠢ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠤᠶᠤᠯ ᠵᠢᠭᠤᠯᠴᠢᠯᠠᠯ᠎ᠤᠨ ᠴᠢᠬᠤᠯᠠ ᠪᠡᠯᠭᠡ ᠲᠡᠮᠳᠡᠭ ᠪᠣᠯᠵᠤ᠂ ᠰᠣᠶᠣᠯ᠎ᠤᠨ ᠲᠦᠷᠦᠯ ᠲᠡᠮᠳᠡᠭ᠎ᠦᠨ ᠦᠨ᠎ᠡ ᠥᠷᠲᠡᠭ ᠨᠢ ᠡᠳᠦᠷ ᠢᠷᠡᠬᠦᠶ᠎ᠡ ᠲᠣᠪᠣᠢᠮ᠎ᠠ ᠪᠣᠯᠵᠤ᠂ ᠡᠯ᠎ᠡ ᠭᠠᠵᠠᠷ᠎ᠤᠨ ᠭᠢᠨᠢ 《ᠨᠠᠭᠠᠳᠤᠮ᠎ᠤᠨ ᠶᠡᠬᠡ ᠬᠤᠷᠠᠯ》᠂ 《ᠲᠠᠯ᠎ᠠ ᠨᠤᠲᠤᠭ᠎ᠤᠨ ᠵᠢᠭᠤᠯᠴᠢᠯᠠᠯ᠎ᠤᠨ ᠨᠠᠢᠷ》 ᠵᠡᠷᠭᠡ ᠲᠠᠪᠴᠠᠩ᠎ᠢᠶᠠᠷ ᠳᠠᠮᠵᠢᠭᠤᠯᠤᠨ᠂ ᠪᠦᠭᠡ᠎ᠶᠢᠨ ᠰᠤᠶᠤᠯ᠎ᠢ ᠪᠡᠶᠡᠴᠢᠯᠡᠨ ᠣᠢᠯᠠᠭᠠᠬᠤ ᠵᠡᠷᠭᠡ ᠠᠵᠢᠯᠯᠠᠭ᠎ᠠ᠎ᠲᠠᠢ ᠤᠶᠠᠯᠳᠤᠭᠤᠯᠵᠤ᠂ ᠤᠯᠠᠮᠵᠢᠯᠠᠯᠲᠤ ᠲᠠᠮᠢᠷ᠎ᠤᠨ ᠬᠥᠳᠡᠯᠭᠡᠭᠡᠨ᠎ᠤ ᠰᠢᠨ᠎ᠡ ᠦᠨ᠎ᠡ ᠦᠷᠳᠡᠭ᠎ᠢ ᠢᠯᠡᠷᠡᠬᠦᠯᠵᠦ᠂ 《ᠪᠦᠭᠡ᠎ᠶᠢᠨ ᠪᠠᠷᠢᠯᠳᠤᠭᠠᠨ᠎ᠢ ᠪᠡᠶᠡᠴᠢᠯᠡᠨ ᠣᠢᠯᠠᠭᠠᠬᠤ ᠵᠢᠭᠤᠯᠴᠢᠯᠠᠯ》 ᠵᠢᠴᠢ ᠪᠦᠭᠡ᠎ᠶᠢᠨ ᠰᠡᠳᠦᠪᠲᠦ ᠰᠣᠶᠣᠯ᠎ᠤᠨ ᠪᠦᠲᠦᠭᠡᠯᠴᠢ ᠦᠢᠯᠡᠳᠬᠦᠨ᠂ ᠳᠤᠷᠠᠰᠬᠠᠯ᠎ᠤᠨ ᠪᠣᠳᠠᠰ ᠵᠡᠷᠭᠡ ᠵᠢ ᠨᠡᠬᠡᠬᠡᠨ ᠬᠦᠭᠵᠢᠬᠦᠯᠦᠭᠰᠡᠨ ᠡᠴᠡ ᠡᠳᠡᠬᠡᠷ ᠨᠢ ᠵᠢᠭᠤᠯᠴᠢᠯᠠᠬ᠍ᠰᠠᠳ᠎ᠲᠤ ᠭᠠᠢᠬᠠᠭᠳᠠᠨ ᠪᠠᠬᠠᠷᠬᠠᠭᠳᠠᠵᠦ ᠪᠤᠢ᠃

ᠢᠨᠭᠬᠢᠵᠦ ᠰᠢᠨ᠎ᠡ ᠴᠠᠭ ᠦᠶ᠎ᠡ ᠳ᠋ᠦ᠍᠂ ᠮᠤᠨᠭᠭᠤᠯ ᠪᠦᠭᠡ᠎ᠶᠢᠨ ᠰᠤᠶᠤᠯ ᠠᠭᠤᠯᠬᠤᠨ ᠤᠷᠢᠳᠤ ᠡᠮᠦᠨ᠎ᠡ ᠪᠠᠢᠭ᠎ᠠ ᠦᠭᠡᠢ ᠬᠥᠭᠵᠢᠯᠲᠡ᠎ᠶᠢᠨ ᠠᠵᠠ ᠲᠣᠭᠢᠶᠠᠯ᠎ᠢ ᠤᠭᠲᠤᠨ ᠠᠪᠴᠢᠷᠠᠵᠦ᠂ ᠨᠡᠭᠦᠳᠡᠯᠴᠢᠨ᠎ᠤ ᠪᠣᠯᠪᠠᠰᠤᠨ᠎ᠤ ᠣᠶᠤᠨ ᠤᠬᠠᠭᠠᠨ᠎ᠢ ᠠᠴᠢᠶᠠᠯᠠᠭᠰᠠᠨ ᠤᠯᠠᠮᠵᠢᠯᠠᠯᠲᠤ ᠪᠡᠶ᠎ᠡ᠎ᠶᠢᠨ ᠲᠠᠮᠢᠷ ᠨᠢ ᠴᠣᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠵᠤ ᠪᠠᠢᠨ᠎ᠠ᠃ ᠡᠨᠡ ᠨᠢ ᠮᠦᠨ ᠴᠤ᠌ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠬᠤᠪᠢᠷᠠᠯᠲᠠ᠂ ᠰᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ᠎ᠶᠢᠨ ᠠᠮᠢᠳᠤᠯᠢᠭ᠋ ᠦᠢᠯᠡᠳᠦᠯᠭᠡ ᠪᠣᠯᠣᠨ᠎ᠠ᠃ ᠵᠡᠬᠦᠨ ᠦᠵᠦᠮᠦᠴᠢᠨ ᠬᠤᠰᠢᠭᠤ ᠡᠨᠡ ᠬᠦ᠌ ᠠᠵᠠ ᠳᠤᠬᠢᠶᠡᠯ᠎ᠢ ᠰᠠᠢᠳᠤᠷ ᠠᠳᠬᠤᠨ᠂ ᠪᠦᠬᠡ ᠵᠢᠨ ᠰᠤᠶᠤᠯ ᠵᠢᠡᠨ ᠨᠡᠩ ᠰᠠᠢᠳᠤᠷ ᠬᠦᠭᠵᠢᠬᠦᠯᠬᠦ ᠳᠡᠢᠰᠢ ᠮᠡᠷᠡᠢᠨ ᠵᠢᠳᠬᠦᠭᠰᠡᠬᠡᠷ ᠪᠠᠢᠭ᠎ᠠ ᠪᠢᠯᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面