ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠬᠡ

2026-08-21 16:04:28

ᠵᠣᠬᠢᠶᠠᠭ᠍ᠴᠢ᠄ ᠤᠳᠪᠠᠯᠠ ᠣᠩᠱᠢᠭ᠍ᠰᠠᠨ ᠣᠳᠠᠭ᠎ᠠ᠄ 3

ᠤᠯᠠᠭᠠᠨᠮᠤᠳᠤ ᠵᠢᠨ ᠳᠠᠯ᠎ᠠ ᠨᠤᠳᠤᠭ ᠨᠢ 《ᠬᠢᠩᠭᠠᠨ ᠠᠢᠮᠠᠭ᠎ᠤᠨ ᠨᠠᠭᠠᠳᠤᠮ》᠎ᠢ᠋ ᠡᠭᠦᠷᠢᠳᠡ ᠡᠷᠬᠢᠯᠡᠬᠦ ᠭᠠᠵᠠᠷ ᠪᠣᠯᠤᠭᠰᠠᠨ᠎ᠤ ᠬᠤᠪᠢ᠎ᠳᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠲᠠᠯ᠎ᠠ ᠨᠤᠲᠤᠭ᠎ᠤᠨ ᠥᠪᠡᠷᠮᠢᠴᠡ ᠳᠠᠪᠠᠭᠤᠯᠢᠭ᠋᠎ᠲᠠᠭᠠᠨ ᠲᠦᠰᠢᠭᠯᠡᠵᠦ᠂ 《ᠨᠠᠭᠠᠳᠤᠮ + ᠰᠣᠶᠣᠯ ᠵᠢᠭᠤᠯᠴᠢᠯᠠᠯ》᠎ᠤ᠋ᠨ ᠠᠭᠤᠰᠤᠯᠴᠠᠯ᠎ᠤᠨ ᠵᠠᠮ᠎ᠢ ᠭᠦᠨᠵᠡᠭᠡᠢ ᠡᠷᠢᠯᠬᠢᠯᠡᠵᠦ᠂ 《ᠡᠷ᠎ᠠ ᠵᠢᠨ ᠭᠤᠷᠪᠡᠨ ᠨᠠᠭᠠᠳᠤᠮ》᠎ᠢ᠋ ᠪᠦᠬᠦ ᠣᠷᠣᠨ ᠪᠦᠰᠡ᠎ᠶᠢᠨ ᠪᠦᠬᠦ ᠤᠯᠠᠷᠢᠯ᠎ᠤᠨ ᠰᠣᠶᠣᠯ ᠵᠢᠭᠤᠯᠴᠢᠯᠠᠯ᠎ᠤᠨ IP ᠲᠡᠢᠰᠢ ᠳᠡᠰ ᠳᠡᠪᠰᠢᠭᠦᠯᠬᠦ᠎ᠶᠢ ᠠᠬᠢᠭᠤᠯᠵᠤ᠂ ᠬᠤᠰᠢᠭᠤᠨ᠎ᠤ ᠬᠡᠪᠴᠢᠶᠡᠨ᠎ᠦ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠬᠥᠳᠡᠯᠭᠡᠬᠦ ᠡᠨᠧᠷᠭᠢ ᠨᠡᠮᠡᠷᠢᠯᠡᠪᠡ᠃

ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠰᠡᠳᠬᠢᠴᠡ᠎ᠪᠡᠨ ᠰᠢᠨᠡᠴᠢᠯᠡᠵᠦ᠂ ᠰᠣᠶᠣᠯ ᠵᠢᠭᠤᠯᠴᠢᠯᠠᠯ᠎ᠤᠨ ᠠᠴᠢᠶᠠᠯᠠᠪᠤᠷᠢ ᠵᠢᠨ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ᠂ 《ᠵᠠᠰᠠᠭ᠎ᠤᠨ ᠣᠷᠳᠣᠨ ᠲᠠᠪᠴᠠᠩ ᠪᠠᠶ᠋ᠢᠭᠤᠯᠬᠤ᠂ ᠵᠠᠬ᠎ᠠ ᠳᠡᠯᠭᠡᠭᠦᠷ᠎ᠢᠶᠡᠷ ᠠᠵᠢᠯᠯᠠᠭᠤᠯᠬᠤ᠂ ᠪᠥᠬᠥ ᠠᠷᠠᠳ᠎ᠢᠶᠠᠷ᠎ᠢᠶᠠᠨ ᠣᠷᠣᠯᠴᠠᠬᠤ》 ᠰᠢᠨ᠎ᠡ ᠵᠠᠭᠪᠤᠷ᠎ᠢ ᠬᠠᠢᠨ ᠰᠦᠪᠡᠭᠴᠢᠯᠡᠪᠡ᠃ ᠨᠠᠭᠠᠳᠤᠮ᠎ᠤᠨ ᠲᠠᠯᠠᠪᠠᠶ᠎ᠳᠤ ᠲᠠᠯ᠎ᠠ ᠨᠤᠲᠤᠭ᠎ᠤᠨ ᠫᠢᠸᠤ᠋᠎ᠶᠢᠨ ᠨᠠᠢᠷ᠂ ᠤᠳᠤᠨ ᠤᠭᠳᠠᠷᠭᠤᠢ ᠳᠠᠭᠤᠤ ᠬᠥᠭᠵᠢᠮ᠎ᠦᠨ ᠴᠤᠭᠯᠠᠭᠠᠨ᠂ ᠪᠣᠳᠠᠰ᠎ᠤᠨ ᠪᠤᠰᠤ ᠰᠣᠶᠣᠯ᠎ᠤᠨ ᠡᠭᠦᠳᠦᠯᠲᠡ᠎ᠶᠢᠨ ᠴᠤᠭᠯᠠᠭᠠᠨ ᠵᠡᠷᠭᠡ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ᠎ᠶᠢᠨ ᠬᠡᠯᠪᠡᠷᠢ᠎ᠶᠢ ᠣᠷᠣᠭᠤᠯᠤᠨ ᠠᠪᠴᠢᠷᠠᠵᠤ᠂ ᠠᠷᠠᠳ᠎ᠲᠤ ᠠᠰᠢᠭ᠋ ᠬᠦᠷᠲᠡᠭᠡᠬᠦ ᠠᠷᠪᠠᠨ ᠶᠡᠬᠡ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢ ᠵᠡᠷᠭᠡ᠎ᠪᠡᠷ ᠨᠠᠢᠳᠠᠪᠤᠷᠢᠵᠢᠭᠤᠯᠵᠤ᠂ ᠤᠯᠠᠮᠵᠢᠯᠠᠯᠲᠤ ᠦᠪᠡᠳᠡᠭᠰᠢ ᠴᠤᠭᠯᠠᠭᠠᠨ᠎ᠢ ᠠᠷᠠᠳ᠎ᠤᠨ ᠵᠠᠩ ᠦᠶ᠋ᠯᠡ᠎ᠶᠢᠨ ᠠᠭᠤᠯᠭ᠎ᠠ᠎ᠲᠠᠢ ᠪᠣᠯᠭᠠᠭᠰᠠᠨ ᠪᠥᠭᠡᠳ ᠪᠠᠰᠠ ᠬᠡᠷᠡᠭᠯᠡᠭᠡᠨ᠎ᠦ ᠠᠮᠢᠵᠢᠷᠠᠯ᠎ᠤᠨ ᠬᠦᠴᠦᠨ ᠪᠠ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ᠎ᠲᠠᠢ ᠪᠣᠯᠭᠠᠪᠠ᠃ ᠨᠠᠭᠠᠳᠤᠮ᠎ᠳᠤ ᠲᠦᠰᠢᠭᠯᠡᠨ᠂ ᠲᠤᠬᠠᠢ᠎ᠶᠢᠨ ᠭᠠᠵᠠᠷ᠎ᠤᠨ ᠬᠢᠨ ᠤᠯᠠᠨ ᠡᠰᠢᠲᠦ ᠰᠣᠶᠣᠯ ᠵᠢᠭᠤᠯᠴᠢᠯᠠᠯ᠎ᠤᠨ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠪᠣᠢᠵᠢᠭᠤᠯᠵᠤ᠂ 《ᠤᠯᠠᠭᠠᠨᠮᠣᠳᠤ᠎ᠶᠢᠨ ᠲᠠᠯ᠎ᠠ ᠨᠤᠲᠤᠭ᠎ᠤᠨ ᠨᠢᠰᠦᠯᠲᠡ᠎ᠶᠢᠨ ᠬᠤᠸᠠᠷᠠᠨ》 ᠡᠭᠦᠳᠡ᠎ᠪᠡᠨ ᠨᠡᠭᠡᠭᠡᠨ ᠬᠡᠷᠡᠭᠯᠡᠭᠴᠢ ᠪᠡᠨ ᠤᠭᠲᠤᠵᠤ᠂ ᠲᠠᠯ᠎ᠠ ᠨᠤᠲᠤᠭ᠎ᠤᠨ ᠦᠬᠡᠷ᠎ᠠ ᠬᠠᠷᠠᠭᠠᠰᠦ ᠪᠠ ᠰᠢᠨ᠎ᠡ ᠣᠢᠯᠠᠭᠠᠯᠲᠠ᠎ᠪᠠᠨ ᠡᠬᠢᠯᠡᠭᠦᠯᠵᠡᠢ᠃ ᠲᠣᠮᠣ᠌ ᠬᠡᠯᠪᠡᠷᠢ᠎ᠶᠢᠨ ᠪᠣᠳᠠᠲᠤ ᠦᠵᠡᠭᠳᠡᠯᠲᠦ ᠵᠦᠴᠦᠭᠡ 《ᠬᠢᠯᠢ᠎ᠶᠢᠨ ᠮᠣᠷᠢᠳᠠᠳ》 ᠨᠢ ᠦᠵᠡᠮᠵᠢ᠎ᠶᠢᠨ ᠣᠷᠣᠨ᠎ᠤ ᠬᠠᠯᠠᠮᠰᠢᠯ ᠪᠤᠯᠵᠦ᠂ ᠮᠠᠨᠵᠦᠲ᠋ᠦ᠋ᠨ᠎ᠤ ᠲᠠᠯ᠎ᠠ ᠨᠤᠲᠤᠭ᠎ᠤᠨ ᠬᠣᠨᠣᠭ᠎ᠪᠠᠭᠤᠳᠠᠯ ᠨᠢ ᠲᠣᠭᠣᠷᠢᠨ ᠦᠵᠡᠬᠦ᠂ ᠪᠡᠶᠡᠴᠢᠯᠡᠨ ᠣᠢᠯᠠᠭᠠᠬᠤ᠂ ᠠᠮᠠᠷᠠᠯᠲᠠ ᠥᠩᠭᠡᠷᠡᠭᠡᠬᠦ ᠪᠦᠷᠢᠨ ᠪᠦᠲᠦᠨ ᠬᠡᠯᠬᠢᠶ᠎ᠡ᠎ᠶᠢ ᠪᠦᠷᠢᠯᠳᠦᠬᠦᠯᠵᠡᠢ᠃

ᠲᠤᠰ ᠬᠤᠰᠢᠭᠤ 《ᠮᠠᠯᠴᠢᠨ ᠡᠷᠦᠬᠡ + ᠬᠣᠷᠰᠢᠶ᠎ᠠ + ᠠᠵᠤ ᠠᠬᠤᠢᠯᠠᠯ》᠎ᠤ᠋ᠨ ᠵᠠᠭᠪᠤᠷ᠎ᠢᠶᠠᠷ ᠳᠠᠮᠵᠢᠭᠤᠯᠤᠨ᠂ ᠮᠠᠯᠴᠢᠳ᠎ᠢ ᠬᠥᠲᠥᠯᠥᠨ ᠵᠢᠯᠤᠭᠣᠳᠴᠤ ᠪᠠᠢᠭᠠᠳ ᠮᠠᠯᠴᠢᠨ ᠠᠢᠯ᠎ᠤᠨ ᠵᠢᠭᠤᠯᠴᠢᠯᠠᠯ᠂ ᠠᠷᠠᠳ᠎ᠤᠨ ᠣᠷᠣᠨ ᠰᠠᠭᠤᠴᠠ᠂ ᠣᠨᠴᠠᠯᠢᠭ᠍ᠲᠤ ᠢᠳᠡᠭᠡᠨ ᠤᠮᠳᠠᠭᠠᠨ᠎ᠢ ᠬᠡᠯᠪᠡᠷᠢ᠎ᠪᠡᠨ ᠬᠤᠪᠢᠷᠠᠭᠤᠯᠤᠨ ᠡᠵᠡᠩᠨᠡᠭᠦᠯᠵᠦ᠂ ᠤᠯᠠᠭᠠᠨᠮᠣᠳᠤ᠎ᠶᠢᠨ ᠵᠠᠮ ᠳᠠᠭᠠᠤ᠎ᠶᠢᠨ ᠮᠠᠯᠴᠢᠨ ᠠᠢᠯ᠎ᠤᠨ ᠵᠢᠭᠤᠯᠴᠢᠯᠠᠯ᠎ᠤᠨ ᠲᠣᠭ᠎ᠠ᠎ᠶᠢ ᠵᠢᠯ ᠳᠠᠷᠠᠭᠠᠯᠠᠨ ᠨᠡᠮᠡᠭᠳᠡᠭᠦᠯᠵᠦ᠂ ᠴᠥᠭᠡᠨ ᠪᠤᠰᠤ ᠮᠠᠯᠴᠢᠳ᠎ᠤᠨ ᠭᠡᠷ ᠪᠦᠯᠢ᠎ᠶᠢᠨ ᠬᠥᠭᠵᠢᠯᠲᠡᠢ ᠤᠯᠠᠷᠢᠯ᠎ᠤᠨ ᠣᠷᠣᠯᠭ᠎ᠠ ᠨᠢ ᠡᠩ᠎ᠦᠨ ᠡᠳᠦᠷ᠎ᠦᠨ ᠬᠢ᠎ᠡᠴᠡ ᠭᠤᠷᠪᠠᠨ ᠳᠠᠬᠢᠨ ᠢᠯᠡᠭᠦᠦ ᠨᠡᠮᠡᠭᠳᠡᠪᠡ᠃ ᠨᠠᠭᠠᠳᠤᠮ᠎ᠤᠨ ᠲᠠᠯᠠᠪᠠᠶ᠎ᠳᠤ ᠮᠠᠯᠴᠢᠳ᠎ᠤᠨ ᠦᠨ᠎ᠡ ᠲᠥᠯᠥᠪᠦᠷᠢ ᠦᠭᠡᠢ᠎ᠪᠡᠷ ᠳᠡᠯᠭᠡᠨ ᠦᠵᠡᠭᠦᠯᠬᠦ ᠳᠤᠰᠬᠠᠢ ᠳᠠᠯᠠᠪᠤᠷ ᠲᠣᠬᠢᠷᠠᠭᠤᠯᠵᠤ᠂ ᠲᠠᠯ᠎ᠠ ᠨᠤᠲᠤᠭ᠎ᠤᠨ ᠦᠬᠡᠷ ᠬᠣᠨᠢᠨ ᠮᠢᠬ᠎ᠠ᠂ ᠴᠠᠭᠠᠨ ᠢᠳᠡᠭᠡᠨ᠂ ᠬᠠᠳᠬᠤᠮᠠᠯ ᠰᠣᠶᠣᠯ᠎ᠤᠨ ᠡᠭᠦᠳᠦᠯᠲᠡ ᠵᠡᠷᠭᠡ ᠲᠣᠰ ᠭᠠᠵᠠᠷ᠎ᠤᠨ ᠪᠦᠲᠦᠭᠡᠭᠳᠡᠬᠦᠨ᠎ᠢ ᠰᠢᠭᠤᠳ ᠬᠤᠳᠠᠯᠳᠤᠨ ᠠᠪᠴᠤ ᠳᠡᠢᠯᠬᠦ ᠳᠦᠬᠦᠮ ᠨᠦᠬᠦᠴᠡᠯ᠎ᠢ ᠪᠦᠷᠢᠯᠳᠦᠬᠦᠯᠦᠨ᠂ 《ᠰᠣᠶᠣᠯ᠎ᠢᠶᠠᠷ ᠵᠢᠭᠤᠯᠴᠢᠯᠠᠯ᠎ᠢᠶᠠᠨ ᠬᠥᠭᠵᠢᠭᠦᠯᠵᠦ᠂ ᠵᠢᠭᠤᠯᠴᠢᠯᠠᠯ᠎ᠢᠶᠠᠷ ᠲᠠᠷᠢᠶᠠᠯᠠᠩ᠎ᠢ ᠪᠠᠶᠠᠵᠢᠭᠤᠯᠬᠤ》 ᠰᠠᠢᠨ ᠰᠠᠢᠬᠠᠨ ᠣᠷᠴᠢᠯ᠎ᠢ ᠪᠡᠶᠡᠯᠡᠭᠦᠯᠵᠦ᠂ ᠡᠷᠬᠢᠨ ᠲᠣᠭᠣᠷᠢᠨ᠎ᠤ ᠲᠦᠮᠡ ᠭᠠᠷᠤᠢ ᠬᠥᠮᠥᠨ᠎ᠦ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠎ᠶᠢ ᠳᠠᠶ᠋ᠢᠴᠢᠯᠠᠪᠠ᠃

ᠵᠢᠭᠤᠯᠴᠢᠯᠠᠭᠰᠠᠳ᠎ᠤᠨ ᠵᠢᠭᠤᠯᠴᠢᠯᠠᠬᠤ ᠤᠳᠠᠭ᠎ᠠ ᠪᠡ ᠴᠠᠭ᠎ᠢ ᠤᠷᠲᠤᠳᠬᠠᠬᠤ᠎ᠶᠢᠨ ᠲᠥᠯᠥᠭᠡ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠰᠣᠶᠣᠯ ᠵᠢᠭᠤᠯᠴᠢᠯᠠᠯ᠎ᠤᠨ ᠢᠵᠢ ᠪᠦᠷᠢᠳᠦᠯ᠎ᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠭᠠᠨᠮᠣᠳᠣ᠌᠎ᠶᠢᠨ ᠲᠠᠯ᠎ᠠ ᠨᠤᠲᠤᠭ᠎ᠤᠨ 4Aᠲᠡᠰ᠎ᠤᠨ ᠦᠵᠡᠮᠵᠢ᠎ᠶᠢᠨ ᠣᠷᠣᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠳᠡᠰ ᠳᠡᠪᠰᠢᠭᠦᠯᠬᠦ᠎ᠶᠢ ᠠᠬᠢᠭᠤᠯᠵᠤ᠂ ᠴᠠᠷᠡᠰᠤᠨ ᠤᠰᠤᠨ ᠴᠥᠭᠥᠷᠥᠮ᠂ ᠮᠠᠨᠵᠤᠲ᠋ᠦ᠋ᠨ᠎ᠤ ᠵᠠᠩ ᠦᠢᠯᠡ᠎ᠶᠢᠨ ᠵᠢᠵᠢᠭ ᠪᠠᠯᠭᠠᠰᠤ ᠵᠡᠷᠭᠡ ᠡᠬᠢ ᠪᠠᠶᠠᠯᠢᠭ᠋᠎ᠢ ᠵᠡᠷᠭᠡᠪᠡᠷ ᠬᠣᠯᠪᠤᠭᠠᠯᠠᠨ᠂ 《ᠨᠢᠭᠡ ᠲᠥᠪ ᠣᠯᠠᠨ ᠴᠡᠭ》᠎ᠤ᠋ᠨ ᠪᠦᠬᠦ ᠣᠷᠣᠨ ᠪᠦᠰᠡ᠎ᠶᠢᠨ ᠵᠢᠭᠤᠯᠴᠢᠯᠠᠯ᠎ᠤᠨ ᠪᠠᠢᠷᠢᠰᠢᠯ᠎ᠢ ᠪᠠᠢᠭᠤᠯᠤᠨ᠂ ᠲᠠᠷᠠᠭᠠᠴᠢ᠎ᠶᠢᠨ ᠠᠯᠬᠤᠮ᠎ᠳᠤ᠂ 《ᠬᠢᠨᠭᠭᠠᠨ ᠠᠢᠮᠠᠭ᠎ᠤᠨ ᠨᠠᠭᠠᠳᠤᠮ》 ᠭᠡᠬᠦ ᠠᠯᠲᠠᠨ ᠦᠰᠦᠭᠲᠦ ᠫᠠᠢᠰᠠ᠎ᠪᠠᠨ ᠦᠷᠭᠦᠯᠵᠢᠯᠡᠨ ᠭᠢᠯᠠᠷᠠᠭᠤᠯᠵᠤ᠂ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠢ ᠠᠭᠤᠳᠠᠯᠵᠤ᠂ ᠡᠪᠦᠯ᠎ᠦᠨ ᠤᠯᠠᠷᠢᠯ᠎ᠤᠨ ᠮᠥᠰᠥ ᠴᠠᠰᠤᠨ᠎ᠤ ᠨᠠᠭᠠᠳᠤᠮ ᠵᠡᠷᠭᠡ ᠪᠥᠬᠥ ᠤᠯᠠᠷᠢᠯ᠎ᠤᠨ ᠵᠢᠭᠤᠯᠴᠢᠯᠡᠯ ᠦᠷᠨᠢᠬᠦᠯᠵᠦ ᠪᠠᠢᠭ᠎ᠠ ᠪᠢᠯᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面