ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠰᠠᠴᠤᠭ

2025-08-22 16:32:30

ᠵᠣᠬᠢᠶᠠᠭ᠍ᠴᠢ᠄ ᠮᠧᠢ ᠯᠢ ᠣᠩᠱᠢᠭ᠍ᠰᠠᠨ ᠣᠳᠠᠭ᠎ᠠ᠄ 3

ᠲᠤᠯᠬᠢᠶᠠᠯᠠᠨ ᠲᠠᠪᠠᠯᠭᠠᠯᠠᠭᠰᠠᠨ ᠤᠯᠠᠭᠠᠨᠰᠤᠬᠠᠢ ᠨᠠᠭᠤᠷ ᠎ᠤᠨ ᠤᠰᠤᠨ᠎ᠠ ᠨᠡᠬᠦᠳᠡᠯ᠎ᠦᠨ ᠰᠢᠪᠠᠭᠤᠳ ᠬᠤᠷᠠᠨ ᠴᠤᠭᠯᠠᠷᠠᠵᠠᠢ᠃ ᠤᠰᠤᠨ ᠳ᠋ᠥ ᠨᠠᠭᠠᠳᠤᠨ ᠲᠤᠭᠯᠠᠵᠤ᠂ ᠵᠠᠷᠢᠮ ᠨᠢ ᠢᠳᠡᠰᠢ ᠡᠷᠢᠨ᠂ ᠵᠠᠷᠢᠮ ᠨᠢ ᠲᠠᠬᠦᠯᠢᠨ ᠨᠢᠰᠴᠦ᠂ ᠬᠠᠷᠠᠬᠤ ᠳᠠᠢ ᠵᠡᠷᠬᠡ ᠠᠮᠢ ᠠᠮᠢᠵᠢᠷᠠᠯ᠎ᠤᠨ ᠬᠦᠴᠦᠨ᠎ᠢᠶᠡᠷ ᠪᠢᠯᠬᠠᠷᠠᠨ᠂ ᠡᠶ᠎ᠡ ᠵᠤᠬᠢᠴᠠᠯᠳᠥ ᠰᠠᠢᠬᠠᠨ ᠦᠵᠡᠮᠵᠢ᠎ᠶᠢ ᠪᠦᠷᠢᠳᠦᠬᠦᠯᠵᠦ ᠪᠢᠯᠡ᠃

ᠨᠡᠬᠦᠳᠡᠯ᠎ᠦᠨ ᠰᠢᠪᠠᠭᠤᠳ ᠤᠯᠠᠭᠠᠨᠰᠤᠬᠠᠢ ᠨᠠᠭᠤᠷ ᠲᠣ᠌ ᠪᠠᠭᠤᠵᠤ ᠠᠮᠤᠰᠬᠢᠬᠦ᠎ᠳᠤ᠂《ᠬᠤᠯᠠ᠎ᠶᠢᠨ ᠬᠡᠢᠴᠢᠳ》 ᠎ᠵᠢᠡᠨ ᠤᠭᠳᠤᠶᠤ ᠬᠡᠮᠡᠨ ᠪᠠᠶᠠᠨᠨᠠᠭᠤᠷ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠤᠪᠴᠢᠶᠠᠨ᠎ᠤ ᠤᠯᠠᠭᠠᠨᠰᠤᠬᠠᠢ ᠨᠠᠭᠤᠷ᠎ᠤᠨ ᠪᠠᠢᠭᠠᠯᠢ ᠵᠢᠨ ᠬᠠᠮᠠᠭᠠᠯᠠᠯᠲᠠ᠎ᠶᠢᠨ ᠣᠷᠣᠨ᠎ᠤ ᠬᠤᠪᠢᠶᠠᠷᠢ ᠲᠣᠪᠴᠢᠶ᠎ᠠ᠎ᠶᠢᠨ ᠬᠢᠨ《ᠠᠷᠠᠳ᠎ᠤᠨ ᠰᠡᠷᠭᠡᠢᠯᠡᠯᠲᠡ + ᠮᠡᠷᠭᠡᠵᠢᠯ᠎ᠦᠨ ᠰᠡᠷᠭᠡᠢᠯᠡᠯᠲᠡ》 ᠎ᠶ᠋ᠢ ᠬᠠᠷᠢᠯᠴᠠᠨ ᠤᠶᠠᠯᠳᠤᠭᠤᠯᠤᠭᠰᠠᠨ ᠰᠢᠨ᠎ᠡ᠎ᠶᠢ ᠡᠭᠦᠳᠬᠦ ᠵᠠᠭᠪᠤᠷ᠎ᠢᠶᠠᠷ᠂ ᠦᠨᠳᠦᠷ ᠲᠤᠳᠤᠴᠠᠳᠤ ᠳᠦᠷᠰᠦ ᠰᠢᠩᠭᠡᠭᠡᠯᠲᠡ᠎ᠶᠢᠨ ᠮᠠᠰᠢᠨ᠎ᠢᠶᠠᠷ ᠨᠠᠭᠤᠷ᠎ᠤᠨ ᠪᠦᠬᠦᠢᠯᠡ ᠤᠷᠴᠢᠨ᠎ᠢ ᠪᠥᠬᠥ ᠲᠠᠯ᠎ᠠ᠎ᠪᠠᠷ᠂ ᠥᠨᠴᠥᠭ ᠪᠤᠯᠤᠩ ᠦᠯᠡᠳᠡᠬᠡᠯ ᠦᠭᠡᠢ ᠪᠡᠷ ᠬᠢᠨᠠᠨ ᠡᠵᠡᠮᠳᠡᠵᠦ᠂ ᠣᠯᠠᠨ ᠲᠠᠯ᠎ᠠ᠎ᠶᠢᠨ ᠪᠣᠰᠣᠭ᠎ᠠ ᠴᠣᠭᠴᠠᠲᠤ ᠲᠣᠭᠣᠷᠢᠨ ᠬᠠᠮᠠᠭᠠᠯᠠᠯᠲᠠ᠎ᠶᠢ ᠪᠡᠶᠡᠯᠡᠭᠦᠯᠦᠨ᠂ ᠰᠢᠪᠠᠭᠤᠳ᠎ᠤᠨ ᠣᠷᠣᠰᠢᠨ ᠠᠮᠢᠳᠤᠷᠠᠬᠤ ᠭᠡᠷ ᠣᠷᠣᠨ᠎ᠢ ᠰᠠᠬᠢᠨ ᠬᠠᠮᠠᠭᠠᠯᠠᠵᠤ ᠪᠠᠢᠨ᠎ᠠ᠃

ᠤᠯᠠᠭᠠᠨᠰᠤᠬᠠᠢ ᠨᠠᠭᠤᠷ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠬᠤᠪᠢᠶᠠᠷᠢ ᠲᠤᠪᠴᠢᠶᠠᠨ᠎ᠤ ᠳᠡᠳ᠋ ᠳᠠᠷᠤᠭ᠎ᠠ ᠶᠤᠸᠠᠨ ᠶᠠᠩ ᠰᠣᠷᠪᠤᠯᠵᠢᠯᠠᠭ᠍ᠴᠢ ᠳ᠋ᠥ᠄ 《ᠤᠯᠠᠭᠠᠨᠰᠤᠬᠠᠢ ᠨᠠᠭᠤᠷ ᠲᠣ᠌ ᠨᠡᠭᠦᠳᠡᠯ᠎ᠦᠨ ᠰᠢᠪᠠᠭᠤᠤᠨ ᠶᠡᠬᠡᠬᠡᠨ ᠨᠡᠮᠡᠭᠳᠡᠵᠡᠢ᠃ ᠪᠢᠳᠡ ᠶᠠᠪᠠᠭᠠᠨ᠎ᠢᠶᠠᠷ ᠲᠣᠭᠣᠷᠢᠨ ᠪᠠᠢᠴᠠᠭᠠᠬᠤ᠂ ᠲᠡᠷᠭᠡ ᠎ᠪᠡᠷ ᠲᠣᠭᠣᠷᠢᠨ ᠪᠠᠢᠴᠠᠭᠠᠬᠤ ᠡᠴᠡ ᠭᠠᠳᠠᠨ᠎ᠠ ᠪᠠᠰᠠ ᠵᠢᠯᠣᠭᠣᠴᠢ ᠦᠭᠡᠢ ᠨᠢᠰᠬᠡᠯ᠂ ᠣᠶᠤᠨᠴᠢ ᠬᠢᠨᠠᠨ ᠡᠵᠡᠮᠳᠡᠬᠦᠷ᠎ᠢᠶᠡᠷ ᠲᠤᠭᠤᠷᠢᠨ ᠪᠠᠢᠴᠠᠭᠠᠬᠤ ᠵᠡᠷᠭᠡ ᠬᠢᠨᠠᠨ ᠬᠡᠮᠵᠢᠬᠦ ᠰᠢᠰᠲᠧᠮ ᠢ᠋ᠶ᠋ᠡᠷ ᠳᠠᠮᠵᠢᠭᠤᠯᠤᠨ ᠲᠣᠭᠣᠷᠢᠨ ᠬᠠᠮᠠᠭᠠᠯᠠᠬᠤ ᠬᠦᠴᠦᠯᠡᠴᠡ ᠪᠠᠨ ᠴᠢᠩᠭᠠᠳᠬᠠᠭᠰᠠᠨ᠎ᠢᠶᠠᠷ᠂ ᠠᠵᠢᠯ᠎ᠤᠨ ᠦᠷ᠎ᠡ ᠪᠦᠲᠦᠮᠵᠢ ᠶᠡᠬᠡ᠎ᠪᠡᠷ ᠳᠡᠭᠡᠭᠰᠢᠯᠡᠵᠡᠢ᠃ ᠡᠭᠦᠨ᠎ᠦ ᠵᠡᠷᠭᠡ᠎ᠳᠦ ᠤᠬᠠᠭᠤᠯᠭ᠎ᠠ ᠶ᠋ᠢᠨ ᠬᠠᠭᠤᠳᠠᠰᠤ ᠲᠠᠷᠬᠠᠭᠠᠨ᠂ ᠨᠡᠭᠦᠳᠡᠯ ᠎ᠦᠨ ᠰᠢᠪᠠᠭᠤ ᠶ᠋ᠢ ᠬᠠᠮᠠᠭᠠᠯᠠᠬᠤ ᠤᠬᠠᠮᠰᠠᠷ ᠢ᠋ ᠲᠡᠭᠡᠭᠰᠢᠯᠡᠬᠦᠯᠵᠦ ᠪᠠᠢᠨ᠎ᠠ》 ᠭᠡᠯ᠎ᠠ᠃

ᠤᠯᠠᠭᠠᠨᠰᠤᠬᠠᠢ ᠨᠠᠭᠤᠷ ᠶᠠᠭ ᠯᠠ ᠭᠢᠯᠠᠯᠵᠠᠭᠰᠠᠨ ᠬᠡᠷᠡᠯᠳᠦ ᠰᠤᠪᠤᠳ ᠰᠢᠭ᠋ ᠡᠬᠡ ᠤᠯᠤᠰ᠎ᠤᠨ ᠤᠮᠠᠷᠠᠲᠤ ᠬᠢᠯᠢ᠎ᠳᠦ ᠰᠢᠬᠢᠳᠬᠡᠭᠳᠡᠵᠥ᠂ ᠪᠦᠬᠦ ᠪᠥᠮᠪᠥᠷᠴᠡᠭ᠎ᠦᠨ ᠨᠠᠢ᠍ᠮᠠᠨ ᠶᠡᠬᠡ ᠰᠢᠪᠠᠭᠤᠨ᠎ᠤ ᠲᠦᠷᠦᠯ᠎ᠦᠨ ᠨᠡᠭᠦᠳᠡᠯ᠎ᠦᠨ ᠵᠠᠮ᠎ᠤᠨ ᠨᠢᠭᠡ ᠪᠣᠯᠣᠨ᠎ᠠ᠃ ᠵᠢᠯ ᠪᠦᠷᠢ ᠬᠡᠳᠦᠨ ᠵᠠᠭᠤᠨ ᠲᠦᠮᠡᠨ ᠨᠡᠭᠦᠳᠡᠯ᠎ᠦᠨ ᠰᠢᠪᠠᠭᠤ ᠲᠦᠮᠡᠨ ᠭᠠᠵᠠᠷ᠎ᠤᠨ ᠬᠣᠯᠠ᠎ᠠᠴᠠ ᠡᠨᠳᠡ ᠪᠠᠭᠤᠳᠠᠯᠯᠠᠨ ᠦᠷᠡᠵᠢᠨ ᠲᠦᠯᠵᠢᠵᠥ᠂ ᠢᠳᠡᠰᠢ ᠡᠷᠢᠨ ᠤᠷᠤᠰᠢᠨ ᠠᠮᠢᠳᠣᠷᠠᠳᠠᠭ᠃ ᠡᠯ᠎ᠡ ᠵᠦᠢᠯ᠎ᠦᠨ ᠬᠣᠪᠣᠷ ᠴᠤᠬᠠᠭ ᠰᠢᠪᠠᠭᠤᠳ ᠤᠯᠠᠭᠠᠨᠰᠤᠬᠠᠢ ᠨᠠᠭᠤᠷ᠎ᠢ ᠬᠡᠷ ᠤᠷᠤᠨ᠎ᠢᠶᠠᠨ ᠪᠣᠯᠭᠠᠵᠤ᠂ ᠬᠢᠵᠠᠭᠠᠯᠠᠰᠢ ᠦᠭᠡᠢ ᠠᠮᠢᠵᠢᠷᠠᠯ᠎ᠤᠨ ᠬᠦᠴᠦᠨ ᠨᠡᠮᠡᠷᠢᠯᠡᠳᠡᠭ ᠪᠢᠯᠡ᠃ ᠣᠢᠷ᠎ᠠ᠎ᠶᠢᠨ ᠵᠢᠯ ᠡᠴᠡ ᠨᠠᠭᠠᠰᠢ᠂ ᠠᠮᠢ ᠠᠬᠤᠢ᠎ᠶᠢᠨ ᠤᠰᠤ ᠨᠥᠬᠥᠪᠦᠷᠢᠯᠡᠬᠦ᠂ ᠰᠠᠪᠠ ᠭᠠᠵᠠᠷ᠎ᠢ ᠵᠠᠰᠠᠬᠤ ᠵᠡᠷᠭᠡ ᠠᠯᠢ ᠣᠯᠠᠨ ᠬᠠᠮᠠᠭᠠᠯᠠᠯᠲᠠ᠎ᠶᠢᠨ ᠠᠷᠭ᠎ᠠ ᠬᠡᠮᠵᠢᠶ᠎ᠡ᠎ᠶᠢ ᠬᠡᠷᠡᠭᠵᠢᠭᠦᠯᠬᠦ ᠪᠡᠷ ᠲᠠᠮᠵᠢᠨ᠂ ᠡᠨᠳᠡᠬᠢ ᠤᠰᠤᠨ᠎ᠤ ᠴᠢᠨᠠᠷ ᠪᠤᠯᠤᠨ ᠠᠮᠢ ᠠᠬᠤᠢ᠎ᠶᠢᠨ ᠣᠷᠴᠢᠨ ᠲᠣᠭᠣᠷᠢᠨ ᠢᠯᠡᠳᠲᠡ ᠰᠠᠢᠵᠢᠷᠠᠵᠤ᠂ ᠨᠡᠭᠦᠳᠡᠯ᠎ᠦᠨ ᠰᠢᠪᠠᠭᠤᠳ᠎ᠲᠤ ᠨᠠᠩ ᠲᠣᠬᠢᠷᠠᠮᠵᠢᠲᠠᠢ ᠠᠮᠢᠳᠤᠷᠠᠯ᠎ᠤᠨ ᠣᠷᠴᠢᠨ ᠲᠤᠭᠤᠷᠢᠨ᠎ᠢ ᠬᠠᠩᠭᠠᠭᠰᠠᠨ ᠪᠠᠢᠳᠠᠭ᠃

ᠤᠯᠠᠭᠠᠨᠰᠤᠬᠠᠢ ᠨᠠᠭᠤᠷ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠬᠤᠪᠢᠶᠠᠷᠢ ᠲᠣᠪᠴᠢᠶ᠎ᠠ᠎ᠶᠢᠨ ᠬᠢᠨ ᠡᠳᠦᠷ ᠲᠤᠲᠤᠮ᠎ᠤᠨ ᠲᠣᠭᠣᠷᠢᠨ ᠬᠠᠮᠠᠭᠠᠯᠠᠯᠳᠠ ᠳᠡᠭᠡᠷ᠎ᠡ ᠬᠦᠴᠦ ᠲᠠᠯᠪᠢᠳᠠᠭ᠎ᠠᠴᠠ ᠭᠠᠳᠠᠨ᠎ᠠ᠂ ᠪᠠᠰᠠ ᠠᠮᠢ ᠠᠬᠤᠢ᠎ᠶᠢᠨ ᠬᠠᠮᠠᠭᠠᠯᠠᠯᠲᠠ᠎ᠶᠢᠨ 《ᠣᠯᠠᠨ ᠲᠦᠮᠡᠨ᠎ᠦ ᠬᠦᠴᠦᠨ》 ᠎ᠢ᠋ ᠭᠦᠢᠴᠡᠳ ᠬᠥᠭᠵᠢᠭᠡᠵᠦ᠂ ᠰᠠᠨᠠᠭᠠᠴᠢᠯᠠᠭ᠎ᠠ᠎ᠠᠴᠠ᠎ᠪᠠᠨ ᠠᠢᠯ ᠡᠷᠦᠬᠡ᠎ᠳᠦ ᠬᠦᠷᠴᠦ ᠤᠬᠠᠭᠤᠯᠭ᠎ᠠ᠎ᠶᠢᠨ ᠬᠠᠭᠤᠳᠠᠰᠤ ᠲᠠᠷᠬᠠᠭᠠᠨ᠂ ᠲᠤᠬᠠᠢ᠎ᠶᠢᠨ ᠭᠠᠵᠠᠷ᠎ᠤᠨ ᠮᠠᠯᠴᠢᠨ ᠲᠠᠷᠢᠶᠠᠴᠢᠳ᠎ᠲᠤ ᠬᠡᠭᠡᠷ᠎ᠡ᠎ᠶᠢᠨ ᠠᠮᠢᠲᠠᠨ ᠎ᠢ ᠬᠠᠮᠠᠭᠠᠯᠠᠬᠤ᠎ᠶᠢᠨ ᠠᠴᠢ ᠬᠣᠯᠪᠣᠭᠳᠠᠯ ᠵᠢᠴᠢ ᠰᠢᠪᠠᠭᠤ᠎ᠶᠢ ᠬᠠᠢᠷᠠᠯᠠᠵᠤ ᠰᠢᠪᠠᠭᠤ᠎ᠶᠢ ᠬᠠᠮᠠᠭᠠᠯᠠᠬᠤ ᠬᠠᠮᠢᠶ᠎ᠠ ᠪᠦᠬᠦᠢ ᠮᠡᠳᠡᠯᠭᠡ᠎ᠶᠢ ᠨᠠᠷᠢᠨ ᠲᠠᠢᠯᠪᠤᠷᠢᠯᠠᠵᠤ᠂ ᠣᠯᠠᠨ ᠲᠦᠮᠡᠨ᠎ᠢ ᠠᠮᠢ ᠠᠬᠤᠢ ᠪᠠ ᠬᠡᠭᠡᠷ᠎ᠡ ᠎ᠶᠢᠨ ᠠᠮᠢᠲᠠᠨ᠎ᠤ ᠡᠬᠢ ᠪᠠᠶᠠᠯᠢᠭ᠋᠎ᠢ ᠡᠪᠳᠡᠭᠰᠡᠨ ᠬᠠᠤᠯᠢ ᠠ᠋ᠴᠠ ᠵᠥᠷᠢᠴᠡᠭᠰᠡᠨ ᠶᠠᠯᠠᠲᠤ ᠠᠵᠢᠯᠯᠠᠭ᠎ᠠ ᠎ᠶᠢ ᠢᠳᠡᠪᠬᠢᠲᠡᠢ᠎ᠪᠡᠷ ᠢᠯᠡᠴᠢᠯᠡᠨ ᠮᠡᠳᠡᠭᠦᠯᠬᠦ᠎ᠶᠢ ᠵᠣᠷᠢᠭ᠍ᠵᠢᠭᠤᠯᠵᠤ᠂ ᠨᠡᠭᠦᠳᠡᠯ ᠎ᠦᠨ ᠰᠢᠪᠠᠭᠤᠳ ᠲᠣ᠌ ᠠᠮᠤᠷ ᠲᠦᠪᠰᠢᠨ᠂ ᠡᠶ᠎ᠡ ᠵᠣᠬᠢᠴᠠᠯ ᠎ᠲᠠᠢ ᠣᠷᠣᠰᠢᠨ ᠠᠮᠢᠳᠤᠷᠠᠬᠤ ᠣᠷᠴᠢᠨ ᠨᠦᠬᠦᠴᠡᠯ ᠎ᠢ ᠪᠥᠬᠥ ᠬᠦᠴᠦᠨ᠎ᠢᠶᠡᠷ᠎ᠢᠶᠡᠨ ᠬᠠᠩᠭᠠᠵᠤ᠂ ᠤᠯᠠᠭᠠᠨᠰᠤᠬᠠᠢ ᠨᠠᠭᠤᠷ᠎ᠤᠨ ᠤᠰᠤᠨ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ ᠎ᠢ ᠪᠥᠬᠥ ᠲᠠᠯ᠎ᠠ᠎ᠪᠠᠷ ᠬᠠᠮᠠᠭᠠᠯᠠᠵᠤ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面