ᠲᠡᠷᠢᠭᠦᠨ ᠨᠢᠭᠤᠷ>ᠡᠭᠦᠯᠡᠨ ᠬᠦᠯᠦᠭ>ᠡᠭᠦᠯᠡᠨ ᠰᠠᠴᠤᠭ

2025-12-19 12:17:46

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠡᠪᠦᠯ ᠎ᠦᠨ ᠡᠬᠢ ᠎ᠪᠡᠷ᠂ ᠰᠢᠯᠤᠭᠤᠨ ᠬᠥᠪᠡᠭᠡᠲᠦ ᠴᠠᠭᠠᠨ ᠬᠣᠰᠢᠭᠤᠨ᠎ᠤ ᠨᠡᠷᠡᠰᠦ (ᠵᠢᠮᠢᠰ᠎ᠤᠨ ᠨᠢᠬᠡ ᠲᠦᠷᠦᠯ)᠎ᠶᠢᠨ ᠠᠵᠤ ᠦᠢᠯᠡᠰ᠎ᠦᠨ ᠬᠦᠷᠢᠶᠡᠯᠡᠩ ᠎ᠦᠨ ᠣᠶᠤᠨᠴᠢ ᠬᠦᠯᠡᠮᠵᠢ᠎ᠳᠦ ᠣᠷᠣᠪᠠᠯ᠂ ᠮᠡᠷᠭᠡᠵᠢᠯᠲᠡᠨ ᠶᠠᠭ ᠬᠦᠷᠦᠰᠦ ᠦᠭᠡᠢ ᠳᠠᠷᠢᠵᠤ ᠪᠣᠢᠵᠢᠭᠤᠯᠬᠤ ᠵᠢᠶᠠᠰᠠᠨ ᠳᠡᠭᠡᠷ᠎ᠡ ᠤᠶᠤᠨᠴᠢ ᠤᠰᠤ ᠪᠣᠷᠳᠣᠭᠤᠷ ᠎ᠢ ᠨᠢᠭᠡ ᠴᠣᠭᠴᠠᠵᠢᠭᠤᠯᠬᠤ ᠰᠢᠰᠲᠧᠮ ᠎ᠢ ᠲᠣᠬᠢᠷᠠᠭᠤᠯᠤᠨ ᠶᠠᠭᠠᠷᠠᠯᠳᠤᠵᠦ᠂ ᠨᠡᠷᠡᠰᠦ᠎ᠶᠢᠨ ᠵᠢᠮᠢᠰᠯᠡᠬᠦ ᠬᠤᠭᠤᠴᠠᠭᠠᠨ᠎ᠳᠤ ᠨᠢᠮᠪᠠᠢ ᠪᠡᠯᠡᠳᠬᠡᠯ ᠬᠢᠵᠦ ᠪᠠᠢᠯ᠎ᠠ᠃ ᠡᠨᠡᠬᠦ ᠲᠦᠷᠦᠯ ᠵᠦᠢᠯ᠎ᠳᠦ 1.1 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠬᠤ ᠪᠡᠷ ᠲᠦᠯᠦᠪᠯᠡᠵᠦ᠂ ᠲᠥᠬᠥᠭᠡᠷᠦᠮᠵᠢᠲᠦ ᠲᠠᠷᠢᠶᠠᠯᠠᠩ᠎ᠤᠨ ᠰᠢᠨ᠎ᠡ ᠎ᠶᠢ ᠡᠭᠦᠳᠬᠦ ᠵᠠᠭᠪᠤᠷ᠎ᠢᠶᠠᠷ ᠳᠠᠮᠵᠢᠭᠤᠯᠤᠨ᠂ ᠲᠤᠬᠠᠢ᠎ᠶᠢᠨ ᠭᠠᠵᠠᠷ᠎ᠤᠨ ᠬᠥᠳᠡᠭᠡ ᠲᠣᠰᠬᠣᠨ ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠵᠦ ᠪᠠᠢᠨ᠎ᠠ᠃

ᠲᠤᠰ ᠲᠥᠷᠥᠯ ᠵᠦᠢᠯ 《ᠵᠠᠰᠠᠭ᠎ᠤᠨ ᠣᠷᠳᠣᠨ᠎ᠠᠴᠠ ᠪᠡᠯᠡ ᠣᠷᠣᠭᠤᠯᠬᠤ + ᠠᠵᠤ ᠠᠬᠤᠢᠯᠠᠯ᠎ᠡᠴᠡ ᠡᠵᠨᠨᠭᠨᠡᠬᠦ》 ᠵᠠᠭᠪᠤᠷ᠎ᠢ ᠬᠡᠷᠡᠭᠯᠡᠵᠦ᠂ 10 ᠲᠦᠮᠡᠨ ᠲᠡᠭᠰᠢ ᠳᠥᠷᠪᠡᠯᠵᠢᠨ ᠮᠧᠲᠷ ᠬᠦᠯᠡᠮᠵᠢ᠂ 240 ᠲᠡᠭᠰᠢ ᠳᠥᠷᠪᠡᠯᠵᠢᠨ ᠮᠧᠲᠷ ᠣᠶᠤᠨᠴᠢ ᠰᠢᠯ ᠬᠦᠯᠡᠮᠵᠢ᠎ᠶᠢ ᠰᠢᠨ᠎ᠡ᠎ᠪᠡᠷ ᠪᠠᠢᠭᠤᠯᠪᠠ᠃ ᠠᠵᠤ ᠦᠢᠯᠡᠰ᠎ᠦᠨ ᠬᠦᠷᠢᠶᠡᠯᠡᠩ᠎ᠦᠨ ᠭᠢᠨ 《1+1+4》 ᠠᠰᠢᠭ᠋ ᠲᠤᠰᠠ᠎ᠶᠢᠨ ᠬᠣᠯᠪᠣᠭᠠᠨ᠎ᠤ ᠲᠣᠭᠲᠠᠴᠠ᠎ᠶᠢ ᠰᠢᠨᠡᠴᠢᠯᠡᠨ ᠪᠠᠢᠭᠤᠯᠵᠤ᠂ ᠨᠢᠬᠡ ᠪᠠᠲᠤ ᠴᠢᠩᠭ᠎ᠠ ᠨᠠᠮ᠎ᠤᠨ ᠵᠣᠬᠢᠶᠠᠨ ᠪᠠᠢᠭᠤᠯᠤᠯᠲᠠ ᠬᠥᠲᠥᠯᠥᠨ ᠳᠠᠭᠠᠭᠤᠯᠵᠤ᠂ ᠨᠢᠬᠡ ᠳᠠᠭᠠᠭᠤᠯᠤᠭ᠍ᠴᠢ ᠠᠵᠤ ᠠᠬᠤᠢᠯᠠᠯ ᠎ᠢᠶᠠᠷ ᠲᠠᠢ᠍ᠢᠴᠢᠯᠠᠨ᠂ ᠠᠵᠢᠯᠴᠢᠨ ᠬᠡᠷᠡᠭᠯᠡᠬᠦ᠂ ᠭᠠᠵᠠᠷ ᠰᠢᠷᠣᠢ᠎ᠶᠢᠨ ᠡᠷᠭᠢᠯᠲᠡ᠂ ᠡᠳ᠋ ᠬᠥᠷᠥᠩᠭᠡ᠎ᠶᠢᠨ ᠠᠰᠢᠭ᠋ ᠣᠷᠣᠯᠭ᠎ᠠ᠂ ᠣᠨᠴᠠᠯᠢᠭ᠍ᠲᠤ ᠲᠠᠷᠢᠮᠠᠯ ᠵᠡᠷᠬᠡ ᠣᠷᠣᠯᠭ᠎ᠠ᠎ᠪᠠᠨ ᠨᠡᠮᠡᠭᠳᠡᠭᠦᠯᠬᠦ ᠲᠦᠷᠪᠡᠨ ᠠᠷᠭ᠎ᠠ ᠵᠠᠮ ᠎ᠢ ᠨᠡᠭᠡᠭᠡᠪᠡ᠃ ᠣᠳᠣᠬᠠᠨ᠎ᠳᠤ᠂ ᠬᠦᠷᠢᠶᠡᠯᠡᠩ ᠲᠣᠭᠣᠷᠢᠭ᠋ ᠎ᠢ ᠨᠢᠭᠡᠨᠲᠡ ᠰᠢᠯᠤᠭᠤᠨ ᠬᠥᠪᠡᠭᠡᠲᠦ ᠴᠠᠭᠠᠨ ᠬᠣᠰᠢᠭᠤᠨ᠎ᠤ ᠮᠠᠯᠴᠢᠨ ᠲᠠᠷᠢᠶᠠᠴᠢᠨ᠎ᠤ ᠠᠵᠢᠯ ᠣᠯᠭᠤᠯᠳᠡ᠎ᠶᠢᠨ ᠵᠢᠱ᠌ᠢᠶ᠎ᠡ ᠦᠵᠡᠭᠦᠯᠭᠦ ᠰᠠᠭᠤᠷᠢᠨ ᠪᠣᠯᠭᠠᠨ ᠪᠠᠢᠭᠤᠯᠵᠤ᠂ ᠵᠢᠯ ᠪᠦᠷᠢ ᠡᠷᠭᠢᠨ ᠲᠣᠭᠣᠷᠢᠨ᠎ᠤ 180 ᠮᠠᠯᠴᠢᠨ ᠲᠠᠷᠢᠶᠠᠴᠢᠨ᠎ᠳᠦ ᠠᠵᠢᠯ ᠣᠯᠭᠣᠵᠤ᠂ ᠬᠥᠮᠥᠨ ᠳᠤᠮᠳᠠᠴᠢ᠎ᠶᠢᠨ ᠵᠢᠯ᠎ᠦᠨ ᠣᠷᠣᠯᠭ᠎ᠠ 2 ᠲᠦᠮᠡᠨ ᠲᠥᠭᠥᠷᠢᠭ ᠎ᠡᠴᠡ ᠳᠡᠭᠡᠭᠰᠢ ᠎ᠳᠦ ᠬᠦᠷᠪᠡ᠃ ᠪᠦᠲᠦᠭᠡᠨ ᠪᠠᠢᠭᠤᠯᠤᠯᠲᠠ᠎ᠶᠢᠨ ᠬᠤᠭᠤᠴᠠᠭᠠᠨ᠎ᠳᠤ᠂ ᠲᠥᠷᠥᠯ ᠵᠦᠢᠯ ᠨᠢ ᠠᠵᠢᠯ ᠣᠯᠭᠣᠯᠳᠡ ᠪᠠᠷ ᠲᠡᠳᠬᠦᠮᠵᠢ᠎ᠶᠢ ᠣᠷᠣᠯᠠᠭᠤᠯᠬᠤ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠡᠷᠭᠢᠨ ᠲᠣᠭᠣᠷᠢᠨ᠎ᠤ 81 ᠬᠥᠮᠥᠨ ᠎ᠳᠦ ᠠᠵᠢᠯ ᠣᠯᠭᠣᠵᠤ᠂ 102 ᠲᠦᠮᠡᠨ ᠲᠥᠭᠥᠷᠢᠭ ᠎ᠦᠨ ᠭᠦᠳᠡᠯᠮᠦᠷᠢ ᠎ᠶᠢᠨ ᠬᠠᠷᠠᠮᠵᠢ ᠣᠯᠭᠣᠪᠠ᠃

ᠰᠢᠨ ᠷᠦᠨ ᠹᠧᠩ ᠲᠠᠷᠢᠶᠠᠯᠠᠩ ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠤᠮᠫᠠᠨᠢ 2015 ᠣᠨ᠎ᠳᠤ ᠪᠠᠢᠭᠤᠯᠤᠭᠳᠠᠭᠰᠠᠨ᠎ᠠᠴᠠ ᠨᠠᠭᠠᠰᠢ᠂ ᠭᠦᠨᠵᠡᠭᠡᠢ ᠰᠤᠳᠤᠯᠭᠠᠨ ᠪᠠ ᠨᠡᠷᠡᠰᠦ᠎ᠶᠢᠨ ᠰᠢᠨ᠎ᠡ ᠡᠭᠦᠯᠳᠡᠷ ᠎ᠢ ᠪᠣᠢᠵᠢᠭᠤᠯᠬᠤ ᠎ᠪᠠᠷ ᠳᠡᠮᠵᠢᠨ᠂ ᠠᠵᠤ ᠠᠬᠤᠢᠯᠠᠯ ᠨᠢ ᠲᠠᠰᠤᠷᠠᠯᠲᠠ ᠦᠭᠡᠢ ᠪᠤᠵᠠᠭᠠᠢᠷᠡᠨ ᠬᠦᠭᠵᠢᠵᠡᠢ᠃ 《ᠵᠢᠱ᠌ᠢᠯᠲᠡ᠎ᠪᠡᠷ᠂ ᠠᠷᠪᠠᠨ ᠲᠦᠮᠡᠨ ᠰᠠᠭᠤᠷᠢ ᠨᠡᠷᠡᠰᠦ ᠳᠠᠷᠢᠨ᠎ᠠ᠂ ᠣᠳᠣᠬᠠᠨ᠎ᠳᠤ ᠬᠣᠶᠠᠷ ᠲᠦᠮᠡᠨ ᠰᠠᠭᠤᠷᠢ ᠨᠡᠷᠡᠰᠦ᠎ᠵᠢ ᠳᠠᠷᠢᠵᠤ ᠲᠠᠭᠤᠰᠬᠠᠨ᠂ ᠨᠢᠭᠡᠨᠲᠡ ᠴᠡᠴᠡᠭᠯᠡᠵᠦ ᠵᠢᠮᠢᠰᠯᠡᠭᠡᠳ᠂ ᠡᠨᠡ ᠵᠢᠯ᠎ᠦᠨ ᠴᠠᠭᠠᠨ ᠰᠠᠷ᠎ᠠ᠎ᠶᠢᠨ ᠤᠷᠢᠳ ᠬᠣᠵᠢᠳ᠎ᠢᠶᠠᠷ ᠵᠠᠬ᠎ᠠ ᠳᠡᠯᠭᠡᠭᠦᠷ᠎ᠲᠦ ᠭᠠᠷᠬᠤ ᠪᠣᠯᠣᠨ᠎ᠠ᠃ ᠲᠥᠷᠥᠯ ᠵᠦᠢᠯ ᠪᠠᠢᠭᠤᠯᠤᠭᠳᠠᠭᠰᠠᠨ᠎ᠤ ᠳᠠᠷᠠᠭ᠎ᠠ ᠵᠢᠱ᠌ᠢᠯᠲᠡ᠎ᠪᠡᠷ ᠡᠷᠭᠢᠨ ᠲᠣᠭᠣᠷᠢᠨ᠎ᠤ ᠮᠠᠯᠴᠢᠳ᠎ᠢ ᠲᠠᠷᠢᠶᠠᠴᠢᠨ᠎ᠢ ᠳᠠᠶ᠋ᠢᠴᠢᠯᠠᠨ ᠠᠵᠢᠯ ᠣᠯᠭᠣᠵᠤ᠂ ᠬᠥᠮᠥᠨ ᠳᠤᠮᠳᠠᠴᠢ᠎ᠶᠢᠨ ᠵᠢᠯ᠎ᠦᠨ ᠣᠷᠣᠯᠭ᠎ᠠ ᠬᠣᠶᠠᠷ ᠲᠦᠮᠡᠨ ᠲᠥᠭᠥᠷᠢᠭ᠎ᠡᠴᠡ ᠳᠡᠭᠡᠭᠰᠢ᠎ᠨᠡᠮᠡᠭᠳᠡᠨ᠎ᠠ》 ᠬᠡᠵᠦ ᠰᠢᠨ ᠷᠦᠨ ᠹᠧᠩ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠤᠮᠫᠠᠨᠢ᠎ᠶᠢᠨ ᠶᠡᠷᠤᠩᠬᠡᠢ ᠲᠠᠭᠠᠭᠠᠮᠠᠯ ᠭᠤᠤ ᠹᠸᠨᠭ ᠶᠠᠷᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面