2023-03-24 09:56:17
ᠲᠦᠷᠦᠭᠦᠭᠡᠨ ᠳᠣᠯᠣᠳᠤᠭᠠᠷ ᠬᠤᠭᠤᠴᠠᠭᠠᠨ᠎ᠤ ᠨᠠᠶ᠋ᠮᠠᠨ ᠮᠤᠵᠢ ᠣᠷᠣᠨ᠎ᠤ ᠮᠣᠩᠭᠣᠯ ᠬᠡᠯᠡᠨ᠎ᠦ ᠨᠣᠮ ᠪᠢᠴᠢᠭ᠎ᠦᠨ ᠦᠵᠡᠭᠦᠯᠭᠡ ᠵᠢᠴᠢ ᠵᠢᠷᠤᠭ ᠦᠰᠦᠭ ᠮᠡᠳᠡᠭᠡ ᠵᠠᠩᠭᠢᠵᠢᠯᠲᠠ᠎ᠶ᠋ᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ ᠣᠷᠳᠣᠰ ᠬᠣᠲᠠ᠎ᠶ᠋ᠢᠨ ᠡᠵᠡᠨ ᠬᠣᠷᠣᠭ᠎ᠠ ᠬᠣᠱᠢᠭᠤᠨ᠎ᠳᠤ ᠶᠠᠪᠤᠭ᠍ᠳᠠᠪᠠ᠃ ᠲᠣᠰ ᠤᠳᠠᠭᠠᠨ᠎ᠤ ᠠᠵᠢᠯᠯᠠᠭ᠎ᠠ᠎ᠶ᠋ᠢ ᠨᠠᠶ᠋ᠮᠠᠨ ᠮᠤᠵᠢ ᠣᠷᠣᠨ᠎ᠤ ᠮᠣᠩᠭᠣᠯ ᠬᠡᠯᠡ ᠪᠢᠴᠢᠭ᠎ᠦᠨ ᠠᠵᠢᠯ᠎ᠤᠨ ᠬᠠᠮᠵᠢᠯᠴᠠᠬᠤ ᠳᠤᠭᠤᠢᠯᠠᠩ᠎ᠤᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠭᠤᠤᠯᠯᠠᠨ ᠡᠷᠭᠢᠯᠡᠪᠡ᠃

ᠦᠨᠳᠦᠰᠦᠲᠡᠨ ᠦ ᠦᠭᠡᠬᠡᠯᠡᠦᠰᠦᠭᠪᠢᠴᠢᠭᠦᠨ ᠮᠡᠳᠡᠭᠡᠵᠠᠩᠭᠢᠵᠢᠯᠲᠠ ᠵᠢᠨ ᠦᠷ᠎ᠡ ᠪᠦᠳᠦᠭᠡᠯ ᠢ ᠪᠡᠶᠠᠴᠢᠯᠠᠨ ᠣᠢᠯᠠᠭᠠᠨ᠎ᠠ
ᠠᠵᠢᠯᠯᠠᠭ᠎ᠠ ᠲᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠦᠨ ᠰᠤᠳᠤᠯᠭᠠᠨ ᠪᠠ ᠬᠡᠷᠡᠭ᠌ᠯᠡᠭᠡᠨ᠎ᠦ ᠲᠥᠪ᠎ᠤᠨ ᠬᠢᠨ 《ᠵᠢᠷᠤᠭ ᠦᠰᠦᠭ ᠪᠢᠴᠢᠭ᠎ᠦᠨ ᠮᠡᠳᠡᠭᠡ ᠵᠠᠩᠭᠢᠵᠢᠯᠲᠠ᠎ᠶ᠋ᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠦᠵᠡᠭᠦᠯᠭᠡ》 ᠵᠢ ᠨᠠᠷᠢᠨ ᠨᠢᠮᠪᠠᠢ ᠪᠠᠢᠷᠢᠯᠠᠭᠤᠯᠵᠤ᠂ ᠤᠯᠠᠨ ᠲᠦᠮᠡᠨ᠎ᠳᠦ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠵᠢᠯᠲᠠ᠎ᠶ᠋ᠢᠨ ᠦᠷ᠎ᠡ ᠪᠦᠲᠦᠭᠡᠯ᠎ᠢ ᠲᠦᠭᠡᠮᠡᠯᠵᠢᠭᠦᠯᠬᠦ᠌᠂ ᠱᠢᠨᠵᠢᠯᠡᠬᠦ᠌ ᠤᠬᠠᠭᠠᠨ ᠮᠡᠷᠭᠡᠵᠢᠯ᠎ᠦᠨ ᠳᠤᠷ᠎ᠠ ᠰᠣᠨᠢᠷᠬᠠᠯ᠎ᠢ ᠨᠡᠮᠡᠭ᠌ᠳᠡᠭᠦᠯᠬᠦ᠌᠂ ᠱᠢᠨᠵᠢᠯᠡᠬᠦ᠌ ᠤᠬᠠᠭᠠᠨ ᠰᠣᠶᠣᠯ᠎ᠤᠨ ᠬᠡᠪ ᠪᠣᠯᠪᠠᠰᠤᠷᠠᠯ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌᠎ᠵᠢ ᠵᠤᠷᠢᠪᠠ᠃

ᠵᠢᠷᠤᠭ ᠦᠰᠦᠭᠪᠢᠴᠢᠭ ᠦᠨ ᠮᠡᠳᠡᠭᠡ ᠵᠠᠩᠭᠢᠵᠢᠯᠲᠠ ᠶ᠋ᠢᠨ ᠱᠢᠨᠵᠢᠯᠡᠬᠦ᠌ ᠤᠬᠠᠭᠠᠨ ᠢ ᠲᠦᠭᠡᠮᠡᠯᠵᠢᠭᠦᠯᠬᠦ᠌ ᠦᠵᠡᠭᠦᠯᠭᠡ
ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠦᠨ ᠰᠤᠳᠤᠯᠭᠠᠨ ᠪᠠ ᠬᠡᠷᠡᠭ᠌ᠯᠡᠭᠡᠨ᠎ᠦ ᠲᠥᠪ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠦ ᠠᠵᠢᠯ᠎ᠤᠨ ᠲᠠᠪᠤᠨ ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠮᠡᠳᠡᠭᠡ ᠵᠠᠩᠭᠢᠵᠢᠯᠲᠠ᠎ᠶ᠋ᠢᠨ ᠮᠡᠷᠭᠡᠵᠢᠯ᠎ᠦᠨ ᠳᠠᠪᠠᠭᠤᠯᠢᠭ᠎ᠢ ᠦᠷᠭᠦᠯᠵᠢᠯᠡᠨ ᠪᠠᠳᠠᠷᠠᠭᠤᠯᠵᠤ᠂ ᠪᠦᠬᠦ᠌ ᠣᠷᠣᠨ᠎ᠤ ᠦᠨᠳᠦᠰᠦᠲᠡᠨ᠎ᠦ ᠠᠵᠢᠯ᠎ᠤᠨ ᠮᠡᠳᠡᠭᠡ ᠵᠠᠩᠭᠢᠵᠢᠯᠲᠠ᠎ᠶ᠋ᠢᠨ ᠡᠭᠦᠷᠭᠡ᠎ᠶ᠋ᠢ ᠰᠠᠢᠲᠤᠷ ᠦᠢᠯᠡᠳᠦᠯᠭᠡᠵᠢᠭᠦᠯᠵᠤ᠂ ᠲᠣᠭᠠᠴᠢᠯᠠᠭ᠍ᠰᠠᠨ ᠡᠬᠢ ᠪᠠᠶᠠᠯᠢᠭ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠱᠢᠨ᠎ᠡ ᠵᠠᠭ᠍ᠪᠤᠷ᠎ᠢ ᠢᠳᠡᠪᠬᠢᠲᠡᠶ ᠡᠭᠦᠳᠴᠤ᠂ 《ᠠᠨᠠᠷ᠎ᠤᠨ ᠦᠷ᠎ᠡ e ᠵᠠᠬᠪᠤᠷ》 ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠦᠨ ᠲᠣᠭᠠᠴᠢᠯᠠᠭ᠍ᠰᠠᠨ ᠡᠬᠢ ᠪᠠᠶᠠᠯᠢᠭ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠲᠦᠷᠦᠯ ᠲᠡᠮᠳᠡᠭ᠎ᠢ ᠱᠤᠭᠤᠵᠤ᠂ ᠦᠨᠳᠦᠰᠦᠳᠡᠨ ᠨᠤᠬᠦᠳ᠎ᠤᠨ ᠤᠯᠠᠨ ᠲᠦᠮᠡᠨ᠎ᠤ 《ᠲᠠᠪᠤᠨ ᠬᠠᠮᠳᠤ ᠵᠢᠨ ᠲᠠᠨᠢᠯᠳᠠ》 ᠶ᠋ᠢ ᠲᠠᠰᠤᠷᠠᠯᠲᠠ ᠦᠭᠡᠢ ᠴᠢᠩᠭᠠᠳᠭᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠨᠢᠳᠦᠨ᠎ᠳᠦ ᠦᠵᠡᠭᠳᠡᠮ᠎ᠠ᠂ ᠰᠡᠳᠭᠢᠯ᠎ᠳᠦ ᠰᠠᠭᠤᠭᠳᠠᠮ᠎ᠠ᠂ ᠭᠠᠷ᠎ᠲᠦ ᠪᠠᠷᠢᠭᠳᠠᠮ᠎ᠠ ᠦᠨᠡᠨ ᠬᠦ᠌ ᠪᠠᠳᠤ ᠴᠤᠬᠴᠠᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃