ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2024-10-14 11:03:36

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

10 ᠰᠠᠷ᠎ᠠ᠎ᠶ᠋ᠢᠨ 12᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠤᠮᠠᠷᠠᠲᠤ᠎ᠶ᠋ᠢᠨ ᠣᠯᠠᠨ ᠬᠡᠯᠡᠨ᠎ᠦ ᠰᠤᠷᠪᠤᠯᠵᠢ ᠪᠢᠴᠢᠭ ᠰᠤᠳᠤᠯᠬᠤ ᠭᠠᠵᠠᠷ ᠎ᠠᠴᠠ ᠭᠤᠤᠯᠯᠠᠨ ᠡᠷᠭᠢᠯᠡᠭ᠌ᠰᠡᠨ ᠤᠯᠠᠨ ᠬᠡᠯᠡᠨ ᠎ᠦ ᠰᠤᠷᠪᠤᠯᠵᠢ ᠪᠢᠴᠢᠭ ᠪᠣᠯᠤᠨ ᠤᠮᠠᠷᠠᠲᠤ ᠬᠢᠵᠠᠭᠠᠷ ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠎ᠤᠨ ᠲᠡᠦᠬᠡ ᠵᠢᠨ ᠰᠤᠳᠤᠯᠭᠠᠨ ᠎ᠤ ᠵᠠᠯᠠᠭᠤ ᠡᠷᠳᠡᠮᠲᠡᠳ᠎ᠦᠨ ᠶᠠᠷᠢᠶᠠᠨ᠎ᠤ ᠲᠠᠪᠴᠠᠩ ᠬᠥᠬᠡᠬᠣᠲᠠ᠎ᠳᠤ ᠡᠬᠢᠯᠡᠪᠡ᠃

ᠬᠤᠷᠠᠯ᠎ᠨᠢ᠂ ᠪᠥᠬᠥ᠌ ᠤᠯᠤᠰ ᠎ᠤᠨ ᠡᠯ᠎ᠡ ᠭᠠᠵᠠᠷ ᠎ᠤᠨ ᠵᠠᠯᠠᠭᠤ ᠴᠢᠳᠠᠪᠤᠷᠢᠲᠠᠨ᠎ᠢ ᠴᠤᠭ᠍ᠯᠠᠷᠠᠭᠤᠯᠵᠤ᠂ ᠣᠯᠠᠨ ᠵᠦᠶ᠋ᠯ ᠎ᠦᠨ ᠬᠡᠯᠡᠨ ᠎ᠦ ᠰᠤᠷᠪᠤᠯᠵᠢ ᠪᠢᠴᠢᠭ ᠎ᠲᠡᠬᠢ ᠰᠣᠶᠣᠯ ᠢᠷᠭᠡᠨᠱᠢᠯ᠎ᠦᠨ ᠵᠣᠷᠢᠭ ᠰᠠᠨᠠᠭ᠎ᠠ᠂ ᠲᠠᠪᠰᠢᠩᠭᠤᠢ ᠦᠵᠡᠯ ᠰᠠᠨᠠᠭ᠎ᠠ ᠵᠢᠴᠢ ᠥᠷᠲᠡᠭ᠎ᠦᠨ ᠣᠢᠯᠠᠭᠠᠭ᠍ᠳᠠᠬᠤᠨ᠎ᠢ ᠭᠦᠨᠵᠡᠭᠡᠶ ᠠᠭᠤᠳᠠᠯᠬᠤ᠎ᠪᠠᠷ ᠳᠠᠮᠵᠢᠭᠤᠯᠤᠨ᠂ ᠤᠮᠠᠷᠠᠲᠤ ᠬᠢᠵᠠᠭᠠᠷ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠎ᠤᠨ ᠲᠡᠦᠬᠡᠨ ᠰᠤᠳᠠᠰᠤ᠎ᠶ᠋ᠢ ᠡᠮᠬᠢᠯᠡᠵᠦ᠍᠂ ᠶᠣᠰᠣ ᠰᠤᠷᠲᠠᠬᠤᠨ ᠎ᠤ ᠦᠨ᠎ᠡ ᠥᠷᠲᠡᠭ ᠪᠣᠯᠤᠨ ᠪᠣᠳᠠᠲᠤ ᠠᠴᠢ ᠬᠣᠯᠪᠣᠭ᠍ᠳᠠᠯ᠎ᠢ ᠨᠢ ᠲᠣᠳᠣᠷᠬᠠᠢᠯᠠᠨ ᠥᠭᠦᠯᠡᠵᠦ᠂ ᠡᠭᠦᠨ ᠎ᠦ ᠤᠯᠠᠮ ᠎ᠢᠶᠠᠷ ᠦᠨᠳᠦᠰᠦᠲᠡᠨ᠎ᠨᠦᠭᠦᠳ᠎ᠦᠨ ᠬᠣᠭᠣᠷᠣᠨᠳᠣᠬᠢ ᠬᠠᠷᠢᠯᠴᠠᠨ ᠰᠤᠷᠤᠯᠴᠠᠬᠤ ᠎ᠶ᠋ᠢ ᠠᠬᠢᠭᠤᠯᠵᠤ᠂《ᠤᠮᠠᠷᠠᠲᠤ ᠬᠢᠯᠢ᠎ᠶ᠋ᠢᠨ ᠰᠣᠶᠣᠯ》 ᠤ᠋ᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠍᠂ ᠳᠤᠮᠳᠠᠳᠤ᠎ᠶ᠋ᠢᠨ ᠦᠨᠳᠦᠰᠦᠲᠡᠨ ᠎ᠦ ᠱᠢᠯᠢᠳᠡᠭ ᠰᠣᠶᠣᠯ᠎ᠤᠨ ᠤᠯᠠᠮᠵᠢᠯᠠᠯ᠎ᠢ ᠬᠠᠮᠠᠭᠠᠯᠠᠨ ᠬᠥᠭ᠌ᠵᠢᠭᠦᠯᠬᠦ ᠪᠡᠷ ᠭᠤᠤᠯ ᠵᠤᠷᠢᠯᠲᠠ ᠪᠡᠨ ᠪᠤᠯᠭᠠᠪᠠ᠃

ᠲᠤᠰ ᠤᠳᠠᠭ᠎ᠠ᠎ᠶ᠋ᠢᠨ ᠶᠠᠷᠢᠶᠠᠨ᠎ᠤ ᠲᠠᠪᠴᠠᠩ᠎ᠳᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠮᠠᠰᠢ ᠤᠯᠠᠨ ᠶᠡᠬᠡ ᠳᠡᠭᠡᠳᠦ ᠰᠤᠷᠭᠠᠭᠤᠯᠢ ᠪᠣᠯᠤᠨ ᠤᠯᠤᠰ ᠎ᠤᠨ ᠳᠣᠲᠣᠭᠠᠳᠤ᠎ᠶ᠋ᠢᠨ ᠡᠯ᠎ᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠢᠴᠢ ᠪᠤᠰᠤᠳ ᠨᠢᠭᠡᠴᠢ᠎ᠶ᠋ᠢᠨ 100 ᠭᠠᠷᠤᠢ ᠵᠠᠯᠠᠭᠤ ᠡᠷᠳᠡᠮᠲᠠᠨ ᠤᠷᠤᠯᠴᠠᠪᠠ᠃ ᠶᠠᠷᠢᠶᠠᠨ᠎ᠤ ᠲᠠᠪᠴᠠᠩ᠎ᠤᠨ ᠬᠢᠨ ᠨᠡᠢᠲᠡ 120 ᠭᠠᠷᠤᠶ ᠥᠭᠦᠯᠡᠯ ᠬᠤᠷᠢᠶᠠᠨ ᠤᠯᠵᠤ᠂ ᠡᠴᠦᠰ ᠎ᠲᠸ᠋ 70 ᠭᠠᠷᠤᠶ ᠥᠭᠦᠯᠡᠯ ᠨᠢ ᠥᠭᠦᠯᠡᠯ᠎ᠦᠨ ᠲᠡᠭᠦᠪᠦᠷᠢ ᠎ᠳᠦ ᠰᠣᠩᠭᠣᠭ᠍ᠳᠠᠵᠠᠶ᠃ ᠴᠢᠩᠬᠤᠸᠠ ᠶᠡᠬᠡ ᠰᠤᠷᠭᠠᠭᠤᠯᠢ᠂ ᠳᠤᠮᠳᠠᠳᠤ ᠤᠯᠤᠰ ᠎ᠤᠨ ᠠᠷᠠᠳ᠎ᠤᠨ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠶᠡᠬᠡ ᠰᠤᠷᠭᠠᠭᠤᠯᠢ᠂ ᠭᠧᠷᠮᠠᠨ᠎ᠤ ᠪᠤᠨ ᠶᠡᠬᠡ ᠰᠤᠷᠭᠠᠭᠤᠯᠢ᠂ ᠶᠠᠫᠣᠨ᠎ᠤ ᠺᠠᠨᠠᠭᠠᠸᠠ ᠶᠡᠬᠡ ᠰᠤᠷᠭᠠᠭᠤᠯᠢ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠂ ᠯᠠᠨᠵᠧᠦ ᠶᠡᠬᠡ ᠰᠤᠷᠭᠠᠭᠤᠯᠢ ᠵᠡᠷᠭᠡ 30 ᠭᠠᠷᠤᠢ ᠶᠡᠬᠡ ᠳᠡᠭᠡᠳᠦ ᠰᠤᠷᠭᠠᠭᠤᠯᠢ ᠵᠢᠴᠢ ᠪᠤᠰᠤᠳ ᠡᠯ᠎ᠡ ᠲᠦᠷᠦᠯ᠎ᠦᠨ ᠨᠢᠭᠡᠴᠢ᠎ᠶ᠋ᠢᠨ 70 ᠭᠠᠷᠤᠢ ᠵᠠᠯᠠᠭᠤ ᠡᠷᠳᠡᠮᠲᠡᠨ ᠰᠠᠨᠠᠯ ᠵᠢᠡᠨ ᠰᠤᠯᠢᠯᠴᠠᠬᠤ ᠦᠭᠡ ᠬᠡᠯᠡᠪᠡ᠃

ᠭᠣᠣᠯ ᠵᠤᠷᠢᠯᠳᠠᠳᠤ ᠶᠠᠷᠢᠶ᠎ᠠ ᠲᠠᠯᠪᠢᠬᠤ ᠎ᠠᠴᠠ ᠭᠠᠳᠠᠨ᠎ᠠ᠂ ᠲᠤᠰ ᠤᠳᠠᠭ᠎ᠠ᠎ᠶ᠋ᠢᠨ ᠶᠠᠷᠢᠶᠠᠨ᠎ᠤ ᠲᠠᠪᠴᠠᠩ ᠎ᠳᠤ ᠪᠠᠰᠠ ᠤᠮᠠᠷᠠᠲᠤ ᠬᠢᠵᠠᠭᠠᠷ ᠎ᠤᠨ ᠦᠨᠳᠦᠰᠦᠲᠡᠨ ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶ᠋ᠢᠨ ᠰᠤᠳᠤᠯᠭᠠᠨ᠎ᠤ ᠲᠤᠰᠭᠠᠢ ᠰᠡᠳᠦᠪ᠂ ᠤᠯᠠᠨ ᠦᠨᠳᠦᠰᠦᠲᠡᠨ ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠬᠦᠷᠢᠶᠡᠨ᠎ᠤ ᠲᠤᠤᠷᠠᠬᠢ ᠪᠤᠷᠬᠠᠨ ᠱᠠᠱᠢᠨ᠎ᠤ ᠰᠣᠶᠣᠯ᠎ᠤᠨ ᠰᠤᠳᠤᠯᠭᠠᠨ ᠎ᠤ ᠲᠤᠰᠭᠠᠢ ᠰᠡᠳᠦᠪ ᠪᠠ ᠦᠭᠡ ᠬᠡᠯᠡ᠂ ᠤᠳᠭ᠎ᠠ ᠵᠣᠬᠢᠶᠠᠯ᠂ ᠤᠷᠠᠯᠢᠭ᠎ᠤᠨ ᠰᠤᠷᠪᠤᠯᠵᠢ ᠪᠢᠴᠢᠭ᠎ᠡᠴᠡ ᠣᠯᠵᠤ ᠦᠵᠡᠭ᠌ᠰᠡᠨ ᠤᠮᠠᠷᠠᠲᠤ ᠬᠢᠵᠠᠭᠠᠷ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠰᠤᠳᠤᠯᠭᠠᠨ᠎ᠤ ᠲᠤᠰᠭᠠᠢ ᠰᠡᠳᠦᠪ ᠵᠢᠡᠷ ᠭᠤᠷᠪᠠᠨ ᠬᠤᠪᠢᠶᠠᠷᠢ ᠬᠤᠷᠠᠯ᠎ᠤᠨ ᠲᠠᠯᠠᠪᠠᠢ ᠭᠠᠷᠭᠠᠵᠤ ᠲᠤᠰᠭᠠᠢ ᠰᠡᠳᠦᠪᠲᠦ ᠶᠠᠷᠢᠶ᠎ᠠ ᠲᠠᠯᠪᠢᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面