ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-07-28 10:33:07

ᠵᠣᠬᠢᠶᠠᠭ᠍ᠴᠢ᠄ ᠯᠢ ᠼᠦᠨ ᠰᠢᠶᠠ ᠣᠩᠱᠢᠭ᠍ᠰᠠᠨ ᠣᠳᠠᠭ᠎ᠠ᠄ 3

— ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠬᠢᠯ᠎ᠳᠦ ᠭᠦᠨ ᠬᠠᠳᠠᠩᠰᠢᠪᠠ


ᠰᠤᠷᠭᠠᠭᠤᠯᠢ᠎ᠶᠢᠨ ᠬᠢᠴᠢᠶᠡᠯ ᠤ᠋ᠨ ᠲᠠᠩᠭᠢᠮ ᠳ᠋ᠤ᠂ ᠦᠨᠳᠦᠰᠦᠲᠡᠨ᠎ᠨᠦᠭᠦᠳ᠎ᠦᠨ ᠰᠤᠷᠤᠭᠴᠢᠳ ᠬᠠᠮᠲᠤ᠎ᠪᠠᠷ ᠰᠤᠷᠤᠯᠴᠠᠵᠤ᠂ ᠬᠠᠮᠲᠤ᠎ᠪᠠᠷ ᠦᠰᠦᠨ ᠪᠣᠶ᠋ᠢᠵᠢᠨ᠎ᠠ; ᠬᠥᠳᠡᠭᠡ ᠲᠤᠰᠬᠤᠨ ᠮᠠᠯᠵᠢᠬᠤ ᠣᠷᠣᠨ᠎ᠳᠤ᠂ ᠦᠨᠳᠦᠰᠦᠲᠡᠨ ᠨᠤᠭᠦᠳ ᠤ᠋ᠨ ᠮᠠᠯᠴᠢᠨ ᠲᠠᠷᠢᠶᠠᠴᠢᠨ ᠮᠥᠷᠥ᠍ ᠵᠡᠷᠭᠡᠴᠡᠨ ᠠᠵᠢᠯᠯᠠᠵᠤ᠂ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠨ᠎ᠡ; ᠬᠣᠲᠠ᠎ᠶᠢᠨ ᠨᠡᠶ᠋ᠢᠭᠡᠮ ᠲᠣᠭᠣᠷᠢᠭ᠎ᠲᠤ᠌᠂ ᠦᠨᠳᠦᠰᠦᠲᠡᠨ ᠨᠤᠭᠦᠳ ᠠᠢᠯ ᠰᠠᠭᠠᠬᠠᠯᠳᠠ ᠪᠡᠷ ᠵᠢᠠᠨ ᠬᠠᠷᠢᠯᠴᠠᠨ ᠬᠠᠪᠰᠤᠷᠤᠯᠴᠠᠵᠤ᠂ ᠨᠢᠭᠡ ᠬᠡᠷ᠎ᠦᠨ ᠬᠥᠮᠦᠨ ᠰᠢᠭ ᠳᠣᠲᠣᠨᠣ ᠶᠠᠪᠤᠯᠴᠠᠨ᠎ᠠ ᠁ ᠥᠪᠥᠷ ᠮᠣᠩᠭᠣᠯ᠎ᠤᠨ ᠡᠬᠡ ᠭᠠᠵᠠᠷ ᠳᠡᠭᠡᠷ᠎ᠡ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠠᠬ᠎ᠠ ᠳᠡᠭᠦᠦ ᠮᠡᠲᠦ᠍ ᠳᠣᠲᠣᠨᠣ ᠪᠠᠶ᠋ᠢᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠭᠠᠵᠠᠷ ᠪᠣᠯᠭᠠᠨ᠎ᠳᠤ ᠦᠨᠳᠦᠰᠦᠲᠡᠨ᠎ᠦ ᠪᠦᠯᠬᠦᠮᠳᠡᠯ ᠤ᠋ᠨ ᠰᠡᠳᠬᠢᠯ ᠬᠥᠳᠡᠯᠭᠡᠮ᠎ᠡ ᠪᠠᠶ᠋ᠢᠳᠠᠯ ᠢᠯᠡᠷᠡᠨ᠎ᠠ᠃

ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠪᠣᠳᠠᠲᠠᠶ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠪᠡᠷ ᠡᠯ᠎ᠡ ᠵᠦᠢᠯ᠎ᠦᠨ ᠠᠵᠢᠯ᠎ᠢ ᠪᠣᠳᠠᠲᠠᠶ ᠠᠳᠬᠤᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ ᠦᠢᠯᠡᠳᠦᠯᠭᠡ ᠳᠤᠮᠳᠠ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠬᠠᠮᠳᠤ ᠵᠢᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ᠌᠂ ᠡᠷᠡᠮᠡᠬᠡᠶ᠋ᠢᠯᠡᠨ ᠤᠷᠤᠭᠰᠢᠯᠠᠬᠤ ᠪᠦᠯᠬᠦᠮᠳᠡᠯ᠎ᠦᠨ ᠨᠠᠶ᠋ᠢᠷᠠᠯ ᠬᠥᠭᠵᠢᠮ᠎ᠢ ᠴᠢᠪᠬᠠᠳᠠᠨ᠎ᠠ᠃

ᠦᠨᠳᠦᠰᠦ ᠰᠠᠭᠤᠷᠢ ᠵᠢ ᠪᠠᠳᠤᠳᠬᠠᠵᠤ ᠰᠦᠭ ᠰᠦᠨᠡᠰᠦ ᠵᠢ ᠱᠤᠭᠤᠵᠤ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠶᠢ ᠨᠢᠭᠲᠠᠷᠠᠭᠤᠯᠪᠠ

ᠲᠧᠯᠸᠢᠰ ᠨᠡᠭᠡᠭᠡᠪᠡᠯ᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶᠢᠨ ᠪᠣᠳᠣᠯᠭ᠎ᠠ᠎ᠶᠢ ᠰᠤᠷᠤᠯᠴᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶᠡᠴᠢ ᠦᠢᠯᠡ ᠠᠵᠢᠯᠯᠠᠭ᠎ᠠ᠎ᠶᠢ ᠣᠶ᠋ᠢᠯᠠᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠪᠦᠯᠬᠦᠮᠳᠡᠯ᠎ᠦᠨ ᠬᠦᠴᠦᠨ᠎ᠢ ᠮᠡᠳᠡᠷᠡᠵᠦ᠍ ᠪᠣᠯᠤᠨ᠎ᠠ ᠁ ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠦᠨ ᠥᠪᠥᠷ ᠮᠣᠩᠭᠣᠯ᠎ᠤᠨ ᠰᠦᠯᠵᠢᠶᠡᠨ᠎ᠦ ᠬᠢᠵᠠᠭᠠᠷᠲᠤ᠌ ᠺᠣᠮᠫᠠᠨᠢ ᠡᠴᠡ ᠬᠠᠮᠲᠤᠷᠠᠨ ᠦᠢᠯᠡᠳᠦᠭᠰᠡᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠲᠧᠯᠸᠢᠰ᠎ᠦᠨ ᠲᠤᠰᠬᠠᠶ ᠫᠷᠤᠭ᠌ᠷᠠᠮ᠎ᠢ ᠨᠡᠪᠳᠡᠷᠡᠭᠦᠯᠪᠡ᠃

ᠲᠤᠰᠬᠠᠶ ᠫᠷᠤᠭ᠌ᠷᠠᠮ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠬᠡᠷ ᠣᠷᠣᠨ᠎ᠢ ᠪᠠᠶ᠋ᠢᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠵᠡᠷᠭᠡ ᠠᠷᠪᠠᠨ ᠶᠡᠬᠡ ᠴᠢᠳᠠᠮᠵᠢᠳᠤ ᠬᠡᠰᠡᠭ᠎ᠢ ᠲᠣᠬᠢᠷᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠨᠡᠶ᠋ᠢᠲᠡᠯᠢᠭ ᠵᠢᠱ᠌ᠢᠶ᠎ᠡ᠂ ᠬᠤᠪᠢᠰᠬᠠᠯ᠎ᠤᠨ ᠲᠡᠦᠬᠡ᠎ᠶᠢᠨ ᠮᠠᠲ᠋ᠧᠷᠢᠶᠠᠯ ᠵᠡᠷᠭᠡ ᠡᠯ᠎ᠡ ᠲᠥᠷᠥᠯ᠎ᠦᠨ ᠲᠣᠭᠠᠴᠢᠯᠠᠭᠰᠠᠨ ᠰᠣᠳᠣᠨ ᠪᠦᠲᠦᠭᠡᠯ ᠢ᠋ ᠰᠢᠰᠲ᠋ᠧᠮ᠎ᠲᠡᠶ ᠨᠡᠢᠳᠭᠡᠵᠤ᠂ ᠪᠥᠬᠥ᠌ ᠣᠷᠣᠨ᠎ᠤ ᠷᠠᠳᠢᠣ᠋ ᠲᠧᠯᠸᠢᠰ᠎ᠦᠨ ᠲᠤᠤᠷ ᠰᠦᠯᠵᠢᠶ᠎ᠡ ᠪᠡᠷ ᠪᠦᠬᠦᠨ ᠢ᠋ ᠪᠦᠷᠬᠦᠬᠦᠯᠬᠦ᠂ ᠬᠣᠲᠠ ᠬᠥᠳᠡᠭᠡ᠎ᠶᠢᠨ ᠦᠨᠳᠦᠰᠦᠨ ᠱᠠᠲᠤᠨ᠎ᠳᠤ ᠰᠢᠭᠤᠳ ᠬᠦᠷᠭᠡᠬᠦ᠌ ᠳᠠᠮᠵᠢᠭᠤᠯᠭ᠎ᠠ᠎ᠶᠢᠨ ᠳᠠᠪᠠᠭᠤᠯᠢᠭ᠎ᠲᠤ᠌ ᠲᠦᠰᠢᠭᠯᠡᠨ᠂ ᠪᠥᠬᠥ᠌ ᠣᠷᠣᠨ᠎ᠤ 200 ᠲᠦᠮᠡ ᠰᠢᠬᠠᠮ ᠤᠲᠠᠰᠤᠲᠤ᠌ ᠲᠧᠯᠸᠢᠰ᠎ᠦᠨ ᠬᠡᠷᠡᠭᠯᠡᠭᠴᠢ ᠎ᠶᠢ ᠬᠠᠮᠤᠷᠴᠤ᠌᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠤᠬᠠᠭᠤᠯᠭ᠎ᠠ ᠬᠥᠮᠦᠵᠢᠯ᠎ᠢ ᠲᠦᠭ ᠲᠦᠮᠡᠨ ᠡᠷᠦᠬᠡ᠎ᠳᠦ ᠰᠢᠭᠤᠳ ᠬᠦᠷᠭᠡᠪᠡ᠃

ᠥᠪᠥᠷ ᠮᠣᠩᠭᠣᠯ ᠭᠦᠨ ᠵᠤᠵᠠᠭᠠᠨ ᠲᠡᠦᠬᠡ ᠰᠣᠶᠣᠯ᠎ᠤᠨ ᠠᠭᠤᠯᠤᠭᠳᠠᠬᠤᠨ᠎ᠢᠶᠠᠷ ᠲᠤᠯᠭᠠᠭᠤᠷᠢᠯᠠᠯ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠣᠨᠣᠯ᠎ᠤᠨ ᠰᠤᠳᠤᠯᠭᠠᠨ᠎ᠢ ᠦᠷᠭᠦᠯᠵᠢᠯᠡᠨ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠵᠦ᠍᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠬᠡᠷ ᠣᠷᠣᠨ᠎ᠤ ᠪᠥᠲᠥᠭᠡᠨ ᠪᠠᠶ᠋ᠢᠭᠤᠯᠤᠯᠲᠠ᠎ᠶᠢ ᠯᠠᠪᠳᠠᠭᠤᠨ ᠪᠠᠲᠤᠲᠠᠶ ᠠᠬᠢᠭᠤᠯᠵᠤ ᠪᠣᠶ᠃

ᠣᠨᠣᠯ᠎ᠤᠨ ᠰᠤᠳᠤᠯᠭᠠᠨ ᠨᠢ ᠭᠦᠨᠴᠡ᠎ᠲᠡᠶ ᠂ ᠦᠨᠳᠦᠰᠦ᠎ᠶᠢ ᠪᠠᠳᠤᠳᠬᠠᠨ ᠰᠠᠭᠤᠷᠢ ᠵᠢ ᠪᠡᠬᠢᠵᠢᠬᠦᠯᠤᠨ᠎ᠠ —

ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠣᠨᠣᠯ᠎ᠤᠨ ᠰᠤᠳᠤᠯᠭᠠᠨ᠎ᠤ ᠲᠦᠷᠢᠮ ᠲᠣᠭᠲᠠᠴᠠ᠎ᠶᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠍᠂ ᠰᠤᠳᠤᠯᠭᠠᠨ᠎ᠤ ᠰᠠᠭᠤᠷᠢᠨ᠎ᠤ ᠬᠠᠮᠢᠶᠠᠷᠤᠯᠲᠠ ᠪᠠ ᠪᠥᠲᠥᠭᠡᠨ ᠪᠠᠶ᠋ᠢᠭᠤᠯᠤᠯᠲᠠ᠎ᠶᠢ ᠴᠢᠩᠭᠠᠳᠬᠠᠵᠤ᠂ ᠰᠤᠳᠤᠯᠭᠠᠨ᠎ᠤ ᠲᠥᠷᠥᠯ ᠵᠦᠢᠯ᠎ᠢ ᠰᠢᠨᠵᠢᠯᠡᠬᠦ᠌ ᠤᠬᠠᠭᠠᠨᠴᠢ᠎ᠪᠠᠷ ᠬᠡᠷᠡᠭᠵᠢᠭᠦᠯᠵᠦ᠍᠂ ᠰᠤᠳᠤᠯᠭᠠᠨ᠎ᠤ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭᠯᠡᠬᠦ᠌᠎ᠶᠢ ᠶᠡᠬᠡ᠎ᠪᠡᠷ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠳᠤ ᠪᠠᠲᠤ᠌ ᠪᠠᠬᠢ ᠶᠣᠰᠣ ᠰᠤᠷᠲᠠᠬᠤᠨ᠎ᠤ ᠲᠤᠯᠭᠠᠭᠤᠷᠢᠯᠠᠯ ᠪᠠ ᠣᠶᠤᠨ᠎ᠤ ᠳᠡᠮᠵᠢᠯᠭᠡ ᠬᠠᠩᠭᠠᠪᠠ᠃ ᠣᠳᠣᠬᠠᠨ ᠪᠣᠯᠲᠠᠯ᠎ᠠ᠂ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠰᠤᠳᠤᠯᠭᠠᠨ᠎ᠤ ᠰᠠᠭᠤᠷᠢᠨ ᠢ᠋ ᠨᠡᠶ᠋ᠢᠲᠡ 21 ᠪᠠᠶ᠋ᠢᠭᠤᠯᠵᠤ᠂ ᠨᠢᠭᠡ ᠪᠦᠯᠦᠭ ᠴᠢᠨᠠᠷ ᠰᠠᠶ᠋ᠢᠲᠠᠶ ᠰᠤᠳᠤᠯᠭᠠᠨ᠎ᠤ ᠦᠷ᠎ᠡ ᠪᠦᠲᠦᠭᠡᠯ᠎ᠢ ᠭᠠᠷᠭᠠᠪᠠ᠃

ᠬᠥᠮᠦᠵᠢᠭᠦᠯᠵᠦ᠍ ᠬᠥᠲᠥᠯᠥᠨ ᠵᠢᠯᠣᠭᠣᠳᠬᠤ ᠨᠢ ᠥᠷᠭᠡᠴᠡ᠎ᠲᠡᠶ᠂ ᠪᠦᠬᠦ᠌ ᠣᠷᠣᠨ ᠪᠦᠰᠡ᠎ᠶᠢ ᠬᠠᠮᠤᠷᠤᠨ᠎ᠠ —

ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠶᠢ ᠺᠠᠳ᠋ᠷ᠎ᠤᠨ ᠬᠥᠮᠦᠵᠢᠯ᠂ ᠨᠠᠮ᠎ᠤᠨ ᠭᠡᠰᠢᠭᠦᠨ᠎ᠦ ᠬᠥᠮᠦᠵᠢᠯ᠂ ᠤᠯᠤᠰ ᠠᠷᠠᠳ᠎ᠤᠨ ᠬᠥᠮᠦᠵᠢᠯ᠂ ᠨᠡᠶ᠋ᠢᠭᠡᠮ᠎ᠦᠨ ᠬᠥᠮᠦᠵᠢᠯ᠎ᠳᠦ ᠣᠷᠣᠭᠤᠯᠪᠠ; 《ᠭᠤᠷᠪᠠᠨ ᠰᠠᠯᠵᠤ ᠴᠢᠳᠠᠬᠤ ᠥᠬᠡᠶ》᠂ 《ᠳᠥᠷᠪᠡᠨ ᠬᠠᠮᠳᠤᠳᠬᠠᠬᠤ》᠂ 《ᠲᠠᠪᠤᠨ ᠬᠠᠮᠳᠤ ᠵᠢᠨ ᠲᠠᠨᠢᠯᠳᠠ》 ᠵᠡᠷᠭᠡ ᠣᠶ᠋ᠢᠯᠠᠭᠠᠭᠳᠠᠬᠤᠨ᠎ᠤ ᠬᠥᠮᠦᠵᠢᠯ ᠪᠠ 《ᠨᠠᠮ᠎ᠤ᠋ᠨ ᠠᠴᠢ ᠳ᠋ᠤ ᠲᠠᠯᠠᠷᠬᠠᠬᠤ᠂ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠳᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠦᠢᠯᠡᠳᠤᠯᠭᠡ᠎ᠶᠢᠨ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠪᠠ; 《ᠶᠡᠬᠡ ᠲᠡᠭᠡᠳᠤ ᠰᠤᠷᠭᠠᠭᠤᠯᠢ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠭᠡᠤᠭᠡᠳ ᠤ᠋ᠨ ᠴᠡᠴᠡᠷᠯᠢᠭ》 ᠢ᠋ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ᠎ᠦᠨ ᠰᠢᠰᠲ᠋ᠧᠮ ᠢ᠋ ᠪᠠᠶ᠋ᠢᠭᠤᠯᠵᠤ᠂ ᠶᠡᠬᠡ ᠳᠡᠭᠡᠳᠦ ᠰᠤᠷᠭᠠᠭᠤᠯᠢ᠎ᠳᠤ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠬᠤᠷᠢᠶᠠᠨᠭᠭᠤᠢ》 ᠵᠢᠨ ᠵᠠᠪᠠᠯ ᠰᠤᠷᠬᠤ ᠬᠢᠴᠢᠶᠡᠯ᠎ᠢ ᠪᠥᠬᠥ᠌ ᠲᠠᠯ᠎ᠠ᠎ᠪᠠᠷ ᠨᠡᠭᠡᠭᠡᠵᠦ᠍᠂ 《ᠠᠨᠠᠷ᠎ᠤᠨ ᠤᠯᠠᠭᠠᠨ》 ᠵᠡᠷᠭᠡ ᠣᠨᠴᠠᠯᠢᠭᠲᠤ᠌ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠢ ᠴᠤᠬᠴᠠᠯᠠᠪᠠ᠃

ᠤᠬᠠᠭᠤᠯᠬᠤ ᠬᠡᠯᠪᠡᠷᠢ ᠨᠢ ᠳᠤᠯᠠᠭᠠᠴᠠ ᠲᠠᠢ᠂ ᠬᠥᠮᠦᠰ ᠤ᠋ᠨ ᠰᠡᠳᠬᠢᠯ᠎ᠢ ᠤᠮᠳᠠᠯᠠᠨ᠎ᠠ —

ᠦᠪᠤᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠦᠯ ᠪᠦᠮᠪᠦᠭᠡ ᠵᠢᠨ ᠭᠡᠳᠤ ᠲᠡᠰ ᠤ᠋ᠨ ᠬᠣᠯᠪᠣᠭᠠᠲᠤ᠌ ᠤᠷᠤᠯᠳᠤᠭᠠᠨ᠎ᠨᠢ ᠬᠥᠯ ᠪᠥᠮᠪᠥᠭᠡ᠎ᠪᠡᠷ ᠵᠠᠭᠤᠴᠢ ᠪᠣᠯᠭᠠᠨ᠂ ᠪᠥᠬᠥ᠌ ᠣᠷᠣᠨ᠎ᠤ ᠡᠯ᠎ᠡ ᠠᠶ᠋ᠢᠮᠠᠭ ᠬᠣᠲᠠ᠎ᠶᠢᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠨᠢᠭᠲᠠ ᠬᠣᠯᠪᠣᠵᠤ᠂ ᠴᠡᠯ ᠨᠣᠭᠣᠭᠠᠨ ᠤᠷᠤᠯᠳᠤᠭᠠᠨ᠎ᠤ ᠲᠠᠯᠠᠪᠠᠶ᠎ᠨᠤᠭᠤᠳ᠎ᠨᠢ ᠦᠨᠳᠦᠰᠦᠲᠡᠨ᠎ᠨᠦᠭᠦᠳ᠎ᠦᠨ ᠠᠬ᠎ᠠ ᠳᠡᠭᠦᠦ ᠮᠡᠲᠦ᠍ ᠳᠣᠲᠣᠨᠣ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠪᠣᠳᠠᠲᠤ᠌ ᠦᠵᠡᠮᠵᠢ᠎ᠶᠢᠨ ᠬᠢᠴᠢᠶᠡᠯ᠎ᠦᠨ ᠲᠠᠩᠬᠢᠮ ᠪᠣᠯᠪᠠ; ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 36 ᠳ᠋ᠤᠭᠠᠷ ᠬᠤᠭᠤᠴᠠᠭᠠᠨ᠎ᠤ ᠵᠢᠭᠤᠯᠴᠢᠯᠠᠯ᠎ᠤᠨ ᠨᠠᠭᠠᠳᠤᠮ ᠳᠡᠭᠡᠷ᠎ᠡ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠮᠲᠤ᠎ᠪᠠᠷ ᠦᠷᠢᠰᠤᠯᠳᠤᠨ ᠤᠷᠤᠯᠳᠤᠵᠤ᠂ ᠬᠠᠮᠲᠤ᠎ᠪᠠᠷ ᠬᠥᠳᠡᠯᠦᠯᠴᠡᠵᠦ᠍᠂ ᠰᠡᠳᠬᠢᠯ ᠨᠢᠭᠡᠳᠦᠨ ᠨᠥᠬᠥᠷᠯᠡᠵᠦ᠍᠂ ᠰᠣᠶᠣᠯ᠎ᠤᠨ ᠦᠪᠡᠳᠡᠭᠰᠢ ᠴᠤᠬᠯᠠᠭᠠᠨ ᠢ᠋ ᠬᠠᠮᠲᠤ᠎ᠪᠠᠷ ᠡᠳ᠋ᠯᠡᠵᠦ᠍᠂ ᠪᠦᠯᠬᠦᠮᠳᠡᠯ ᠨᠥᠬᠥᠷᠯᠡᠯ᠎ᠢᠶᠡᠨ ᠬᠠᠮᠲᠤ᠎ᠪᠠᠷ ᠤᠶᠠᠨᠭᠭᠠᠯᠠᠪᠠ; ᠥᠪᠥᠷ ᠮᠣᠩᠭᠣᠯ᠎ᠤᠨ ᠤᠷᠠᠯᠢᠭ ᠵᠦᠴᠦᠭᠡ᠎ᠶᠢᠨ ᠬᠦᠷᠢᠶᠡᠯᠡᠩ ᠥᠪᠥᠷ ᠮᠣᠩᠭᠣᠯ᠎ᠤᠨ ᠮᠦᠽᠧᠢ᠎ᠶᠢᠨ ᠬᠦᠷᠢᠶᠡᠯᠡᠩ᠎ᠯᠤᠭᠡ ᠬᠠᠮᠲᠤᠷᠠᠨ 《ᠤᠴᠠᠷᠠᠯ ᠤ᠋ᠨ ᠪᠤᠯᠵᠤᠭ᠎ᠠ ·ᠤᠶᠠᠨᠭᠭᠠᠳᠤ ᠲᠠᠯ᠎ᠠ ᠨᠤᠲᠤᠭ》 ᠭᠡᠬᠦ ᠲᠡᠤᠭᠡ ᠵᠢᠨ ᠲᠤᠷᠠᠰᠬᠠᠯᠳᠤ ᠵᠦᠢᠯᠡᠰ ᠮᠦᠽᠸᠢ ᠵᠢᠨ ᠦᠵᠡᠰᠬᠦᠯᠡᠩ ᠢ᠋ ᠵᠣᠬᠢᠶᠠᠨ ᠪᠦᠲᠦᠭᠡᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢᠶᠡᠷ ᠲᠠᠬᠢᠨ ᠢᠯᠡᠷᠡᠭᠦᠯᠵᠦ᠍᠂ ᠡᠷᠲᠡᠨ ᠡᠳᠦᠭᠡ᠎ᠶᠢᠨ ᠶᠠᠷᠢᠯᠴᠠᠭᠠᠨ᠎ᠤ ᠤᠷᠠᠯᠢᠭ᠎ᠤᠨ ᠬᠡᠯᠪᠡᠷᠢ᠎ᠪᠡᠷ ᠥᠪᠥᠷ ᠮᠣᠩᠭᠣᠯ᠎ᠤᠨ ᠲᠡᠦᠬᠡ ᠰᠣᠶᠣᠯ᠎ᠤᠨ ᠤᠯᠠ ᠮᠥᠷ᠎ᠢ ᠢᠯᠡᠷᠡᠭᠦᠯᠵᠦ᠍᠂ ᠤᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠢ ᠬᠡᠯᠪᠡᠷᠢ᠎ᠪᠡᠷ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠢ ᠤᠯᠠᠮᠵᠢᠯᠠᠪᠠ᠃

ᠠᠯᠢ ᠤᠯᠠᠨ ᠠᠷᠭ᠎ᠠ ᠬᠡᠮᠵᠢᠶ᠎ᠡ ᠨᠢ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ᠎ᠪᠡᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠶᠢ ᠦᠨᠳᠦᠰᠦᠲᠡᠨ ᠨᠤᠭᠦᠳ᠎ᠦᠨ ᠤᠯᠠᠨ ᠲᠦᠮᠡᠨ᠎ᠦ ᠰᠡᠳᠬᠢᠯ᠎ᠳᠦ ᠭᠦᠨ ᠬᠠᠳᠠᠩᠰᠢᠭᠤᠯᠵᠠᠢ᠃

ᠬᠠᠷᠢᠯᠴᠠᠨ ᠲᠦᠰᠢᠯᠴᠡᠨ ᠠᠭᠤᠰᠤᠯᠴᠠᠵᠤ ᠪᠦᠯᠬᠦᠮᠳᠡᠯ᠎ᠦᠨ ᠦᠨᠳᠦᠰᠦ ᠵᠢ ᠪᠡᠬᠢᠵᠢᠬᠦᠯᠪᠠ

7 ᠰᠠᠷ᠎ᠠ᠎ᠶᠢᠨ 23 ᠎ᠡᠴᠡ 26᠎ᠤ᠋ ᠡᠳᠦᠷ ᠪᠣᠯᠲᠠᠯ᠎ᠠ᠂ ᠥᠪᠥᠷ ᠮᠣᠩᠭᠣᠯ᠎ᠡᠴᠡ ᠢᠷᠡᠭᠰᠡᠨ ᠦᠨᠳᠦᠰᠦᠲᠡᠨ᠎ᠨᠦᠭᠦᠳ᠎ᠦᠨ 71 ᠵᠠᠯᠠᠭᠤᠴᠤᠳ ᠪᠠᠭᠠᠴᠤᠳ ᠪᠡᠭᠡᠵᠢᠩ᠎ᠳᠦ ᠬᠦᠷᠴᠦ᠍᠂ 《ᠬᠢᠯᠢ ᠬᠢᠵᠠᠭᠠᠷ᠎ᠤᠨ ᠠᠨᠠᠷ᠎ᠤᠨ ᠴᠡᠴᠡᠭ ᠪᠠᠳᠠᠷᠠᠨ ᠳᠡᠯᠭᠡᠷᠡᠵᠦ᠍ ᠮᠦᠬᠦᠯᠢᠭ ᠪᠦᠷᠢ ᠨᠢ ᠨᠢᠬᠳᠠᠷᠠᠨ ᠪᠦᠯᠬᠦᠮᠳᠡᠵᠤ ᠢᠷᠡᠭᠡᠳᠦᠶ ᠵᠦᠭ ᠤᠷᠤᠬᠰᠢᠯᠠᠨᠠᠮ》 ᠭᠡᠬᠦ᠌ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠪᠡᠭᠡᠵᠢᠩ᠎ᠦᠨ ᠰᠤᠳᠤᠯᠤᠨ ᠰᠤᠷᠤᠯᠴᠠᠬᠤ ᠠᠵᠢᠯᠯᠠᠭ᠎ᠠ᠎ᠳᠤ ᠣᠷᠣᠯᠴᠠᠵᠠᠢ᠃

ᠲᠡᠳᠡ ᠲᠢᠶᠠᠨ ᠠᠨ ᠮᠸᠨ ᠲᠠᠯᠠᠪᠠᠢ᠎ᠳᠤ ᠲᠤᠭ ᠮᠠᠨᠳᠤᠭᠤᠯᠬᠤ ᠶᠣᠰᠣᠯᠠᠯ᠎ᠳᠤ ᠣᠷᠣᠯᠴᠠᠵᠤ᠂ ᠠᠷᠠᠳ᠎ᠤᠨ ᠪᠠᠭᠠᠲᠤᠷᠴᠤᠳ᠎ᠤᠨ ᠳᠤᠷᠠᠰᠬᠠᠯ᠎ᠤᠨ ᠬᠥᠰᠢᠶ᠎ᠡ᠎ᠶᠢ ᠪᠠᠷᠠᠳᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ᠎ᠦ ᠳᠤᠷᠠᠰᠬᠠᠯ᠎ᠤᠨ ᠣᠷᠳᠣᠨ᠂ ᠦᠨᠳᠦᠰᠦᠲᠡᠨ᠎ᠦ ᠰᠣᠶᠣᠯ᠎ᠤᠨ ᠣᠷᠳᠣᠨ ᠪᠣᠯᠤᠨ ᠬᠠᠭᠠᠨ᠎ᠤ ᠣᠷᠳᠣᠨ᠎ᠤ ᠮᠦᠽᠧᠢ ᠵᠡᠷᠭᠡ ᠭᠠᠵᠠᠷ᠎ᠲᠤ᠌ ᠬᠦᠷᠴᠦ᠍ ᠰᠤᠷᠤᠯᠴᠠᠵᠥ᠍ ᠲᠣᠭᠣᠷᠢᠨ ᠦᠵᠡᠪᠡ᠃ 4 ᠡᠳᠦᠷ᠎ᠦᠨ ᠬᠤᠭᠤᠴᠠᠭ᠎ᠠ᠎ᠲᠠᠶ ᠭᠦᠨᠵᠡᠭᠡᠢ ᠪᠡᠶᠡᠴᠢᠯᠡᠨ ᠤᠢᠯᠠᠭᠠᠬᠤ ᠮᠠᠶᠢᠭ᠎ᠤᠨ ᠰᠤᠳᠤᠯᠤᠨ ᠰᠤᠷᠤᠯᠴᠠᠬᠤ ᠠᠶᠠᠯᠠᠯ ᠨᠢ ᠮᠠᠨ᠎ᠤ ᠳᠤᠮᠳᠠᠳᠤ᠎ᠪᠠᠨ ᠬᠠᠶ᠋ᠢᠷᠠᠯᠠᠬᠤ ᠪᠠ ᠦᠨᠳᠦᠰᠦᠲᠡᠨ᠎ᠦ ᠪᠦᠯᠬᠦᠮᠳᠡᠯ᠎ᠦᠨ ᠦᠷ᠎ᠡ᠎ᠶᠢ ᠵᠠᠯᠠᠭᠤᠴᠤᠳ ᠪᠠᠭᠠᠴᠤᠳ᠎ᠤᠨ ᠰᠡᠳᠬᠢᠯ᠎ᠳᠦ ᠭᠦᠨ ᠦᠨᠳᠦᠰᠦᠯᠡᠭᠦᠯᠪᠡ᠃

ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠤᠯᠠᠮ ᠨᠢᠭᠡ ᠠᠯᠬᠤᠮ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ᠎ᠶᠢᠨ ᠲᠥᠯᠥᠭᠡ᠂ ᠥᠪᠥᠷ ᠮᠣᠩᠭᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠷᠢᠯᠴᠠᠨ ᠠᠭᠤᠰᠤᠯᠴᠠᠬᠤ ᠮᠠᠶᠢᠭ᠎ᠤᠨ ᠬᠥᠭᠵᠢᠯᠲᠡ᠎ᠶᠢᠨ ᠲᠥᠯᠥᠪᠯᠡᠭᠡ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠂ ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ᠎ᠶᠢ ᠭᠦᠨᠵᠡᠭᠡᠶ ᠬᠡᠷᠡᠭᠵᠢᠭᠦᠯᠵᠦ᠍᠂ 《ᠭᠤᠷᠪᠠᠨ ᠵᠦᠢᠯ᠎ᠦᠨ ᠲᠥᠯᠥᠪᠯᠡᠭᠡ》᠎ᠢ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠦᠨ ᠬᠥᠲᠥᠯᠥᠨ ᠳᠠᠭᠠᠭᠤᠯᠬᠤ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠍᠂ ᠨᠡᠶ᠋ᠢᠲᠡᠯᠢᠭ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠢ 471 ᠪᠣᠶ᠋ᠢᠵᠢᠭᠤᠯᠵᠤ᠂ ᠦᠨᠳᠦᠰᠦᠲᠡᠨ᠎ᠨᠦᠭᠦᠳ᠎ᠦᠨ ᠣᠷᠣᠨ ᠵᠠᠶ᠂ ᠰᠣᠶᠣᠯ᠂ ᠠᠵᠤ ᠠᠬᠤᠶ᠂ ᠨᠡᠶ᠋ᠢᠭᠡᠮ᠂ ᠰᠡᠳᠬᠢᠴᠡ ᠵᠡᠷᠭᠡ ᠲᠠᠯ᠎ᠠ᠎ᠪᠠᠷ ᠪᠥᠬᠥ᠌ ᠲᠠᠯ᠎ᠠ᠎ᠪᠠᠷ ᠠᠭᠤᠰᠤᠯᠴᠠᠬᠤ᠎ᠵᠢ ᠠᠬᠢᠭᠤᠯᠪᠠ᠃

ᠬᠥᠬᠡᠬᠣᠲᠠ᠎ᠶᠢᠨ ᠪᠦᠯᠬᠦᠮᠳᠡᠯ ᠰᠠᠭᠤᠭᠠᠯᠢ ᠠᠷᠠᠳ᠎ᠤᠨ ᠲᠣᠭᠣᠷᠢᠭ᠎ᠤᠨ ᠨᠡᠶ᠋ᠢᠭᠡᠮ ᠲᠣᠭᠣᠷᠢᠭ᠂ ᠠᠯᠠᠱᠠ ᠠᠶ᠋ᠢᠮᠠᠭ᠎ᠤᠨ ᠪᠠ ᠭᠤᠸᠠ ᠴᠢᠤᠸᠠᠨ ᠨᠡᠶ᠋ᠢᠭᠡᠮ ᠲᠣᠭᠣᠷᠢᠭ᠂ ᠦᠬᠠᠶ ᠬᠣᠲᠠ᠎ᠶᠢᠨ ᠶᠦᠩ ᠴᠠᠩ ᠵᠢᠶᠠ ᠶᠤᠸᠠᠨ ᠨᠡᠶ᠋ᠢᠭᠡᠮ ᠲᠣᠭᠣᠷᠢᠭ ᠵᠡᠷᠭᠡ ᠨᠢᠭᠡ ᠪᠦᠯᠦᠭ ᠬᠠᠷᠢᠯᠴᠠᠨ ᠠᠭᠤᠰᠤᠯᠴᠠᠬᠤ ᠮᠠᠶᠢᠭ᠎ᠤᠨ ᠨᠡᠶ᠋ᠢᠭᠡᠮ ᠲᠣᠭᠣᠷᠢᠭ᠎ᠤᠨ ᠬᠡᠪ ᠳᠠᠭᠤᠷᠢᠶᠠᠯ᠎ᠢ ᠪᠣᠶ᠋ᠢᠵᠢᠭᠤᠯᠵᠤ᠂ 《ᠤᠯᠠᠭᠠᠨ ᠠᠨᠠᠷ +》 ᠰᠢᠷᠢᠰ ᠦᠨᠳᠦᠰᠦᠲᠡᠨ᠎ᠨᠦᠭᠦᠳ᠎ᠦᠨ ᠬᠠᠷᠢᠯᠴᠠᠨ ᠠᠭᠤᠰᠤᠯᠴᠠᠨ ᠬᠥᠭᠵᠢᠬᠦ᠌᠎ᠶᠢ ᠠᠬᠢᠭᠤᠯᠬᠤ ᠠᠴᠢᠶᠠᠯᠠᠭᠴᠢ᠎ᠶᠢ 2057 ᠪᠣᠶ ᠪᠣᠯᠭᠠᠪᠠ; 《ᠠᠭᠤᠰᠤᠯᠴᠠᠯ᠎ᠤᠨ ᠵᠠᠮ》 ᠵᠡᠷᠭᠡ ᠵᠢᠭᠤᠯᠴᠢᠯᠠᠯ᠎ᠤᠨ 《ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ》᠎ᠤ᠋ᠨ ᠲᠦᠷᠦᠯ ᠲᠡᠮᠳᠡᠭ᠎ᠢ 126 ᠭᠠᠷᠭᠠᠪᠠ; ᠵᠢᠯ ᠪᠦᠷᠢ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠠᠵᠢᠯᠯᠠᠭ᠎ᠠ᠎ᠶᠢ 5000 ᠭᠠᠷᠤᠢ ᠲᠠᠯᠠᠪᠤᠷ ᠤᠳᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠠᠭᠤᠰᠤᠯᠴᠠᠯ᠎ᠤᠨ ᠦᠢᠯᠡᠳᠦᠯᠭᠡ᠎ᠶᠢᠨ ᠠᠷᠭ᠎ᠠ ᠵᠠᠮ᠎ᠢ ᠲᠠᠰᠤᠷᠠᠯᠳᠠ ᠦᠭᠡᠢ ᠥᠷᠭᠡᠳᠬᠡᠪᠡ᠃

ᠬᠥᠬᠡᠬᠣᠲᠠ᠎ᠶᠢᠨ ᠢᠦᠢᠴᠢᠤᠸᠠᠨ ᠲᠣᠭᠣᠷᠢᠭ᠎ᠤᠨ ᠴᠢᠩ ᠴᠢᠤᠸᠠᠨ ᠵᠡᠭᠡᠯᠢ ᠨᠡᠶ᠋ᠢᠭᠡᠮ ᠲᠣᠭᠣᠷᠢᠭ᠎ᠲᠤ᠌ ᠬᠦᠷᠬᠦ᠎ᠳᠤ᠂ ᠡᠮᠴᠢ ᠰᠤᠪᠢᠯᠠᠭᠴᠢ ᠰᠠᠢ᠌ᠨ ᠳᠤᠷᠠᠴᠤᠳ᠎ᠡᠴᠡ ᠰᠠᠭᠤᠭᠠᠯᠢ ᠠᠷᠠᠳ᠎ᠤᠨ ᠴᠢᠰᠤᠨ ᠳᠠᠷᠤᠯᠲᠠ᠎ᠶᠢ ᠬᠡᠮᠵᠢᠨ ᠥᠭᠴᠦ᠂ ᠠᠷᠪᠠᠨ ᠬᠡᠳᠦᠨ ᠤᠳᠬ᠎ᠠ ᠤᠷᠠᠯᠢᠭ᠎ᠤᠨ ᠳᠤᠷ᠎ᠠ ᠪᠠᠬᠠᠲᠠᠨ ᠠᠭᠤᠳᠠᠮ ᠲᠠᠯᠠᠪᠠᠢ ᠳᠡᠭᠡᠷ᠎ᠡ ᠪᠥᠵᠢᠭ ᠪᠣᠯᠪᠠᠰᠤᠷᠠᠵᠤ᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ ᠰᠣᠶᠣᠯ᠎ᠤᠨ ᠲᠠᠰᠤᠭ᠎ᠲᠤ᠌ ᠴᠠᠭᠠᠰᠤᠨ ᠬᠠᠶ᠋ᠢᠴᠢᠯᠠᠮᠠᠯ᠎ᠤᠨ ᠤᠷ᠎ᠠ ᠮᠡᠷᠭᠡᠵᠢᠯ᠎ᠢ ᠪᠡᠶᠡᠴᠢᠯᠡᠨ ᠣᠶ᠋ᠢᠯᠠᠭᠠᠵᠤ ᠪᠠᠶ᠋ᠢᠭ᠎ᠠ᠎ᠵᠢ ᠣᠯᠵᠤ ᠬᠠᠷᠠᠪᠠ ᠁ ᠪᠠᠶᠠᠷ ᠪᠠᠶᠠᠰᠤᠯ᠎ᠢᠶᠠᠷ ᠪᠢᠯᠬᠠᠮ᠎ᠠ ᠪᠠᠶ᠋ᠢᠳᠠᠯ᠎ᠪᠤᠯ ᠶᠠᠭ ᠦᠨᠳᠦᠰᠦᠲᠡᠨ ᠨᠤᠬᠦᠳ᠎ᠤᠨ ᠤᠯᠠᠨ ᠲᠦᠮᠡᠨ᠎ᠤ ᠠᠬ᠎ᠠ ᠲᠡᠭᠦᠦ᠎ᠶᠢᠨ ᠡᠶᠡᠯᠰᠡᠭ ᠳᠤᠲᠤᠨᠤ ᠬᠠᠷᠢᠯᠴᠠᠭ᠎ᠠ᠂ ᠬᠠᠷᠢᠯᠴᠠᠨ ᠠᠭᠤᠰᠤᠯᠴᠠᠭᠰᠠᠨ ᠠᠮᠢᠳᠤᠯᠢᠭ ᠵᠢᠷᠤᠭᠯᠠᠯ ᠪᠤᠯᠤᠨ᠎ᠠ᠃

ᠴᠢᠩ ᠴᠢᠤᠸᠠᠨ ᠵᠡᠭᠡᠯᠢ ᠨᠡᠶ᠋ᠢᠭᠡᠮ ᠲᠣᠭᠣᠷᠢᠭ ᠪᠣᠯ 11 ᠦᠨᠳᠦᠰᠦᠲᠡᠨ᠎ᠦ 7000 ᠭᠠᠷᠤᠶ ᠰᠠᠭᠤᠭᠠᠯᠢ ᠠᠷᠠᠳ᠎ᠤᠨ ᠬᠠᠮᠲᠤ᠎ᠶᠢᠨ ᠭᠡᠷ ᠤᠷᠤᠨ ᠪᠣᠯᠤᠨ᠎ᠠ᠃ ᠨᠡᠶ᠋ᠢᠭᠡᠮ ᠲᠣᠭᠣᠷᠢᠭ᠎ᠨᠢ ᠨᠠᠮ᠎ᠤᠨ ᠪᠠᠶ᠋ᠢᠭᠤᠯᠤᠯᠲᠠ᠎ᠶᠢᠨ ᠲᠤᠤᠷᠵᠢᠭᠤᠯᠤᠯᠲᠠ᠂ ᠶᠡᠷᠦᠩᠬᠡᠶ᠋ᠢᠯᠡᠨ ᠵᠠᠰᠠᠬᠤ ᠲᠤᠤᠷᠵᠢᠭᠤᠯᠤᠯᠲᠠ᠂ ᠦᠢᠯᠡᠴᠢᠯᠡᠭᠡᠨ᠎ᠦ ᠲᠤᠤᠷᠵᠢᠭᠤᠯᠤᠯᠲᠠ᠂ ᠥᠪᠡᠷ ᠲᠡᠭᠡᠨ ᠵᠠᠰᠠᠬᠤ ᠲᠤᠤᠷᠵᠢᠭᠤᠯᠤᠯᠲᠠ ᠭᠡᠬᠦ 《ᠳᠥᠷᠪᠡᠨ ᠲᠤᠤᠷᠵᠢᠭᠤᠯᠤᠯᠲᠠ》᠎ᠪᠡᠷ ᠭᠠᠷᠳᠠᠴᠠ ᠪᠣᠯᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶ᠋ᠢᠭᠤᠯᠵᠤ ᠬᠠᠮᠲᠤ ᠪᠠᠷ ᠡᠳ᠋ᠯᠡᠬᠦ᠌᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠬᠠᠷᠢᠯᠴᠠᠨ ᠠᠭᠤᠰᠤᠯᠴᠠᠬᠤ ᠮᠠᠶᠢᠭ᠎ᠤᠨ ᠨᠡᠶ᠋ᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠬᠦᠴᠦᠯᠡᠨ ᠪᠠᠶ᠋ᠢᠭᠤᠯᠵᠤ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ᠌ ᠨᠡᠶ᠋ᠢᠭᠡᠮ ᠲᠣᠭᠣᠷᠢᠭ᠎ᠢᠶᠠᠷ ᠨᠡᠷᠡᠶ᠋ᠢᠳᠦᠭᠳᠡᠪᠡ᠃ 《ᠡᠨᠳᠡ ᠰᠠᠭᠤᠵᠤ ᠪᠠᠢᠪᠠᠯ ᠪᠢᠳᠡ ᠪᠤᠯ ᠨᠢᠭᠡ ᠭᠡᠷ᠎ᠦᠨ ᠬᠥᠮᠦᠨ ᠮᠦᠨ》 ᠭᠡᠵᠦ ᠨᠡᠶ᠋ᠢᠭᠡᠮ ᠲᠣᠭᠣᠷᠢᠭ᠎ᠤᠨ ᠰᠠᠭᠤᠭᠠᠯᠢ ᠠᠷᠠᠳ ᠯᠢ ᠰᠢᠨ ᠬᠤᠸᠠ ᠰᠡᠳᠬᠢᠯ ᠳᠣᠭᠳᠣᠯᠤᠨ ᠬᠡᠯᠡᠪᠡ᠃

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠡᠨᠡ ᠬᠦ᠌ ᠭᠤᠤᠯ ᠰᠢᠵᠢᠮ᠎ᠲᠡᠶ ᠨᠢᠭᠲᠠ ᠤᠶᠠᠯᠳᠤᠭᠤᠯᠤᠨ᠂ ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠢ ᠴᠢᠨᠠᠷ ᠰᠠᠶ᠋ᠢᠲᠠᠶ ᠥᠷᠨᠢᠭᠦᠯᠪᠡ᠃ ᠣᠳᠣᠬᠠᠨ ᠪᠣᠯᠲᠠᠯ᠎ᠠ᠂ 115 ᠭᠠᠵᠠᠷ ᠣᠷᠣᠨ ᠪᠠ ᠨᠢᠭᠡᠴᠢ ᠨᠢᠭᠡᠨᠲᠡ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ᠌ ᠣᠷᠣᠨ᠎ᠤ ᠵᠢᠱ᠌ᠢᠶ᠎ᠡ ᠦᠵᠡᠭᠦᠯᠬᠦ᠌ ᠨᠢᠭᠡᠴᠢ᠎ᠪᠡᠷ ᠨᠡᠷᠡᠶ᠋ᠢᠳᠦᠭᠳᠡᠪᠡ᠃

ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠤᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌᠎ᠶᠢᠨ ᠲᠥᠯᠥᠭᠡ᠂ ᠡᠨᠡ ᠵᠢᠯ᠂ ᠥᠪᠥᠷ ᠮᠣᠩᠭᠣᠯ᠎ᠤᠨ ᠣᠯᠠᠨ ᠰᠠᠯᠠᠭ᠎ᠠ ᠮᠥᠴᠢᠷ ᠬᠠᠮᠲᠤᠷᠠᠨ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠶ᠋ᠢᠷᠡᠭᠦᠯᠬᠦ᠌ ᠲᠤᠬᠠᠶ 〈8 + N ᠳ᠋ᠤ ᠤᠷᠤᠭᠤᠯᠬᠤ〉 ᠠᠵᠢᠯ᠎ᠤᠨ ᠵᠢᠯᠣᠭᠣᠳᠤᠮᠵᠢ》᠂ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠲᠠᠶ ᠨᠢᠭᠲᠠ ᠤᠶᠠᠯᠳᠤᠭᠤᠯᠤᠨ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠥᠯᠢᠭᠡᠷ᠎ᠢ ᠰᠠᠶ᠋ᠢᠲᠤᠷ ᠶᠠᠷᠢᠬᠤ ᠲᠤᠬᠠᠶ ᠠᠵᠢᠯ᠎ᠤᠨ ᠰᠠᠨᠠᠯ》 ᠵᠡᠷᠭᠡ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭᠠᠵᠤ᠂ ᠡᠭᠦᠳᠦᠨ ᠪᠠᠶ᠋ᠢᠭᠤᠯᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠦᠷᠭᠦᠯᠵᠢᠯᠡᠨ ᠠᠬᠢᠭᠤᠯᠵᠤ᠂ ᠨᠡᠶ᠋ᠢᠭᠡᠮ ᠳᠠᠶᠠᠭᠠᠷ᠎ᠲᠤ᠌ ᠬᠥᠮᠦᠨ ᠪᠦᠬᠦᠨ ᠦᠨᠳᠦᠰᠦᠲᠡᠨ᠎ᠦ ᠠᠵᠢᠯ᠎ᠢ ᠬᠠᠯᠠᠮᠵᠢᠯᠠᠬᠤ᠂ ᠬᠥᠮᠦᠨ ᠪᠦᠬᠦᠨ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ᠎ᠢ ᠪᠣᠶ ᠪᠣᠯᠭᠠᠪᠠ᠃

ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠵᠣᠯ ᠵᠢᠷᠭᠠᠯᠲᠤ ᠭᠡᠷ ᠣᠷᠣᠨ᠎ᠢᠶᠠᠨ ᠬᠠᠮᠲᠤ᠎ᠪᠠᠷ ᠴᠣᠭᠴᠠᠯᠠᠪᠠ

ᠬᠢᠩᠭᠠᠨ ᠠᠢᠮᠠᠭ᠎ᠤᠨ ᠲᠦᠴᠢᠦᠸᠠᠨ ᠰᠢᠶᠠᠨ᠎ᠤ ᠶᠦᠩ ᠠᠨ ᠪᠠᠯᠭᠠᠰᠤᠨ᠎ᠤ ᠳᠦ ᠰᠢᠩ ᠲᠣᠰᠬᠣᠨ ᠳ᠋ᠡᠬᠢ ᠪᠣᠷᠳᠣᠭᠠᠨ ᠤ᠋ ᠦᠬᠡᠷ ᠲᠡᠵᠢᠭᠡᠨ ᠦᠷᠡᠵᠢᠭᠦᠯᠬᠦ ᠲᠠᠯᠠᠪᠠᠢ᠎ᠠᠰᠢᠭ᠍ᠯᠠᠯᠲᠠ᠎ᠳᠤ ᠣᠷᠣᠵᠤ᠂ ᠴᠥᠭᠡᠨ ᠪᠤᠰᠤ ᠲᠡᠵᠢᠭᠡᠨ ᠦᠷᠡᠵᠢᠭᠦᠯᠬᠦ ᠡᠷᠦᠬᠡ᠎ᠶᠢ ᠳᠠᠶ᠋ᠢᠴᠢᠯᠠᠨ ᠣᠷᠣᠯᠭ᠎ᠠ᠎ᠶᠢ ᠨᠢ ᠲᠣᠭᠲᠠᠭᠤᠨ᠎ᠢᠶᠠᠷ ᠨᠡᠮᠡᠭᠳᠡᠭᠦᠯᠪᠡ; ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠠᠮᠢ ᠠᠬᠤᠢ᠎ᠶᠢᠨ ᠠᠵᠤ ᠦᠢᠯᠡᠰ᠂ ᠣᠲᠣ᠌ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ᠂ ᠴᠡᠪᠡᠷ ᠡᠨᠧᠷᠭᠢ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢᠶᠠᠷ ᠲᠤᠯᠭᠠᠭᠤᠷᠢᠯᠠᠯ ᠪᠣᠯᠭᠠᠭᠰᠠᠨ ᠣᠲᠣ᠌ ᠦᠶ᠎ᠡ᠎ᠶᠢᠨ ᠠᠵᠤ ᠦᠢᠯᠡᠰ᠎ᠦᠨ ᠰᠢᠰᠲᠧᠮ᠎ᠢ ᠪᠠᠢᠭᠤᠯᠵᠤ᠂ ᠠᠵᠤ ᠦᠢᠯᠡᠰ᠎ᠦᠨ ᠬᠥᠭᠵᠢᠯᠲᠡ᠎ᠪᠡᠷ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠷᠣᠯᠭ᠎ᠠ᠎ᠪᠠᠨ ᠨᠡᠮᠡᠭᠳᠡᠭᠦᠯᠵᠦ ᠪᠡᠶᠡᠵᠢᠬᠤ᠎ᠶᠢ ᠳᠠᠶ᠋ᠢᠴᠢᠯᠠᠪᠠ; ᠲᠦᠴᠢᠦᠸᠠᠨ ᠰᠢᠶᠠᠨ᠎ᠤ ᠵᠡᠭᠦᠨ ᠳᠦᠷᠦᠯᠵᠢ ᠪᠠᠯᠭᠠᠰᠤᠨ᠎ᠤ ᠮᠢᠩ ᠰᠢᠩ ᠲᠣᠰᠬᠣᠨ 《ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ + ᠤᠯᠠᠭᠠᠨ ᠠᠨᠠᠷ ᠬᠠᠮᠲᠤ᠎ᠪᠠᠷ ᠪᠠᠶᠠᠵᠢᠬᠤ ᠵᠠᠬ᠎ᠠ ᠳᠡᠯᠭᠡᠭᠦᠷ᠎ᠦᠨ ᠴᠤᠭᠯᠠᠷᠠᠯ》 ᠤ᠋ᠨ ᠤᠯᠠᠨ ᠡᠰᠢᠲᠦ ᠠᠵᠤ ᠦᠢᠯᠡᠰ᠎ᠦᠨ ᠵᠢᠭ᠍ᠰᠠᠭᠠᠯ᠎ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠳᠠᠭᠠᠭᠤᠯᠤᠨ 《ᠵᠢᠭᠤᠯᠴᠢᠯᠠᠯ᠎ᠢᠶᠠᠷ ᠵᠠᠭᠤᠴᠢ ᠪᠣᠯᠭᠠᠨ ᠪᠦᠯᠬᠦᠮᠳᠡᠯ᠎ᠢ ᠠᠬᠢᠭᠤᠯᠵᠤ᠂ ᠪᠦᠯᠬᠦᠮᠳᠡᠨ ᠨᠢᠭᠡᠳᠴᠦ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ》 ᠬᠥᠭᠵᠢᠯᠲᠡ᠎ᠶᠢᠨ ᠵᠠᠮ᠎ᠢᠶᠠᠷ ᠵᠠᠮᠨᠠᠪᠠ ᠁

ᠬᠢᠩᠭᠠᠨ ᠠᠢᠮᠠᠭ ᠠᠵᠤ ᠦᠢᠯᠡᠰ᠎ᠦᠨ ᠬᠥᠭᠵᠢᠯᠲᠡ᠎ᠪᠡᠷ ᠦᠨᠳᠦᠰᠦᠲᠡᠨ᠎ᠦ ᠪᠦᠯᠬᠦᠮᠳᠡᠯ᠎ᠳᠦ ᠬᠦᠴᠦᠨ ᠤᠯᠭᠤᠬᠤ᠎ᠶᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠦᠨ ᠬᠠᠮᠲᠤ ᠪᠡᠷ ᠬᠦᠭᠵᠢᠬᠦ ᠳᠤᠮᠳᠠ ᠠᠵᠠ ᠵᠢᠷᠭᠠᠯ᠎ᠢᠶᠠᠨ ᠨᠡᠮᠡᠭᠳᠡᠭᠦᠯᠬᠦ᠂ ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠬᠤ ᠵᠢ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ᠎ᠦ ᠬᠥᠭᠵᠢᠯᠲᠡ᠎ᠶᠢᠨ ᠡᠭᠦᠷᠭᠡ᠎ᠶᠢᠨ ᠪᠡᠯᠡ ᠮᠥᠩᠭᠥ᠎ᠶᠢ ᠦᠷᠭᠦᠯᠵᠢᠯᠡᠨ ᠰᠠᠢᠲᠤᠷ ᠬᠡᠷᠡᠭᠯᠡᠵᠦ ᠠᠮᠢᠳᠤᠯᠢᠭ᠋ ᠬᠡᠷᠡᠭᠯᠡᠨ᠂ ᠦᠨᠳᠦᠰᠦᠲᠡᠨ᠎ᠦ ᠠᠷᠠᠯᠵᠢᠶ᠎ᠠ ᠦᠨᠳᠦᠰᠦᠲᠡᠨ᠎ᠦ ᠦᠢᠯᠡᠳᠬᠦᠨ᠎ᠦ ᠠᠵᠤ ᠠᠬᠤᠢᠯᠠᠯ᠎ᠤᠨ ᠬᠥᠭᠵᠢᠨ ᠪᠤᠵᠠᠭᠠᠢᠷᠠᠬᠤ᠎ᠶᠢ ᠲᠡᠳᠬᠦᠵᠦ᠂ ᠣᠨᠴᠠᠯᠢᠭ᠍ᠲᠤ ᠠᠵᠤ ᠦᠢᠯᠡᠰ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ᠎ᠶᠢᠨ 《ᠬᠦᠴᠦᠲᠦ ᠬᠥᠳᠡᠯᠭᠡᠭᠦᠷ》 ᠪᠣᠯᠭᠠᠪᠠ᠃

ᠬᠥᠭᠵᠢᠯᠲᠡ᠎ᠪᠡᠷ ᠪᠦᠯᠬᠦᠮᠳᠡᠯ᠎ᠢ ᠠᠬᠢᠭᠤᠯᠵᠤ᠂ ᠪᠦᠯᠬᠦᠮᠳᠡᠯ᠎ᠢᠶᠡᠷ ᠬᠥᠮᠥᠰ᠎ᠦᠨ ᠰᠡᠳᠬᠢᠯ᠎ᠢ ᠨᠢᠭ᠍ᠲᠠᠷᠠᠭᠤᠯᠤᠨ᠎ᠠ᠃ ᠥᠪᠥᠷ ᠮᠣᠩᠭᠣᠯ ᠬᠢᠯᠢ ᠬᠢᠵᠠᠭᠠᠷ ᠤᠷᠤᠨ᠎ᠢᠶᠠᠨ ᠬᠥᠭᠵᠢᠭᠦᠯᠵᠤ᠂ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠬᠠᠮᠲᠤ᠎ᠪᠠᠷ ᠪᠠᠶᠠᠵᠢᠬᠤ᠎ᠶᠢ ᠠᠬᠢᠭᠤᠯᠬᠤ ᠰᠢᠨ᠎ᠡ᠎ᠶᠢ ᠡᠭᠦᠳᠦᠭᠰᠡᠨ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠣᠨᠴᠠᠯᠢᠭ᠍ᠲᠤ ᠠᠵᠤ ᠦᠢᠯᠡᠰ᠎ᠢ ᠬᠦᠴᠦᠯᠡᠨ ᠪᠣᠢᠵᠢᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠤᠷᠤᠭᠰᠢᠯᠠᠬᠤ᠎ᠶᠢ ᠯᠠᠪᠳᠠᠭᠤᠨ ᠪᠠᠲᠤᠲᠠᠢ ᠠᠬᠢᠭᠤᠯᠵᠤ ᠪᠣᠶ᠃

ᠪᠠᠶᠠᠨᠨᠠᠭᠤᠷ ᠬᠣᠲᠠ᠎ᠶᠢᠨ ᠦᠶᠤᠸᠠᠨ ᠰᠢᠶᠠᠨ ᠠᠵᠤ ᠦᠢᠯᠡᠰ᠎ᠦᠨ ᠬᠥᠭᠵᠢᠯᠲᠡ᠎ᠪᠡᠷ ᠬᠠᠮᠲᠤ᠎ᠪᠠᠷ ᠪᠠᠶᠠᠵᠢᠬᠤ ᠰᠠᠭᠤᠷᠢ᠎ᠶᠢ ᠪᠡᠬᠢᠵᠢᠭᠦᠯᠬᠦ᠎ᠶᠢ ᠪᠠᠷᠢᠮᠲᠠᠯᠠᠵᠤ᠂ ᠯᠦᠩ ᠰᠢᠩ ᠴᠠᠩ ᠪᠠᠯᠭᠠᠰᠤᠨ᠎ᠤ ᠨᠠᠷᠠᠨ ᠬᠤᠸᠠᠷ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠤ ᠦᠢᠯᠡᠰ᠎ᠦᠨ ᠬᠦᠷᠢᠶᠡᠯᠡᠩ᠎ᠳᠦ ᠲᠦᠰᠢᠭᠯᠡᠨ ᠲᠠᠷᠢᠶᠠᠯᠠᠩ᠎ᠤᠨ ᠤᠷ᠎ᠠ ᠴᠢᠳᠠᠪᠤᠷᠢ᠎ᠶᠢᠨ ᠪᠣᠯᠪᠠᠰᠤᠷᠠᠯ᠎ᠢ ᠪᠠᠢᠩᠭᠤ ᠥᠷᠨᠢᠭᠦᠯᠵᠦ᠂ ᠦᠨᠳᠦᠰᠦᠲᠡᠨ ᠨᠤᠭᠦᠳ᠎ᠦᠨ ᠣᠯᠠᠨ ᠲᠦᠮᠡᠨ᠎ᠢ ᠣᠢᠷ᠎ᠠ ᠬᠠᠪᠢ᠎ᠳᠠᠭᠠᠨ ᠲᠤᠬᠠᠢ᠎ᠶᠢᠨ ᠭᠠᠵᠠᠷ᠎ᠲᠠᠭᠠᠨ ᠠᠵᠢᠯ ᠣᠯᠬᠤ ᠵᠢ ᠳᠠᠳᠠᠪᠠ᠃ ᠣᠳᠣᠬᠠᠨ᠎ᠳᠤ᠂ ᠪᠥᠬᠥ ᠰᠢᠶᠠᠨ᠎ᠤ ᠨᠡᠷᠡᠨ ᠬᠤᠸᠠᠷ ᠳᠠᠷᠢᠬᠤ ᠲᠠᠯᠠᠪᠠᠶ᠎ᠶᠢ 120 ᠲᠦᠮᠡᠨ ᠮᠦ᠍ ᠡᠴᠡ ᠳᠡᠭᠡᠭᠰᠢ᠎ᠳᠦ ᠲᠣᠭᠲᠠᠪᠤᠷᠢᠵᠢᠭᠤᠯᠵᠤ᠂ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠵᠢᠯ᠎ᠦᠨ ᠦᠢᠯᠡᠳᠬᠦᠨ᠎ᠦ ᠥᠷᠲᠡᠭ 67 ᠳ᠋ᠦᠩᠰᠢᠭᠤᠷ ᠲᠥᠭᠥᠷᠢᠭ᠎ᠢ ᠳᠠᠪᠠᠵᠤ᠂ 15 ᠲᠦᠮᠡᠨ ᠬᠥᠮᠥᠨ᠎ᠢ ᠳᠠᠶ᠋ᠢᠴᠢᠯᠠᠨ ᠠᠵᠢᠯᠯᠠᠭᠤᠯᠵᠤ᠂ 9000 ᠬᠥᠮᠥᠨ᠎ᠳᠦ ᠲᠣᠭᠲᠠᠭᠤᠨ᠎ᠢᠶᠠᠷ ᠠᠵᠢᠯ ᠣᠯᠭᠣᠪᠠ᠃

ᠨᠢᠳᠤᠨᠤᠨ᠂ ᠣᠯᠠᠨ ᠰᠠᠯᠠᠭ᠎ᠠ ᠮᠥᠴᠢᠷ ᠬᠠᠮᠲᠤ᠎ᠪᠠᠷ ᠪᠡᠯᠡ ᠮᠥᠩᠭᠥ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠴᠦᠨ ᠣᠷᠣᠭᠤᠯᠵᠤ᠂ ᠤᠯᠠᠭᠠᠨᠴᠠᠪ ᠬᠣᠲᠠ᠎ᠶᠢᠨ ᠳᠥᠷᠪᠡᠳ ᠬᠣᠰᠢᠭᠤᠨ᠎ᠤ 3 ᠬᠢᠯᠢ᠎ᠶᠢᠨ ᠰᠤᠮᠤᠨ᠎ᠳᠤ ᠠᠨᠠᠷ᠎ᠤᠨ ᠦᠷ᠎ᠡ ᠬᠢᠯᠢ᠎ᠶᠢ ᠰᠠᠬᠢᠨ ᠬᠠᠮᠠᠭᠠᠯᠠᠬᠤ ᠳᠤᠯᠠᠭᠠᠨ ᠬᠦᠯᠡᠮᠵᠢ᠎ᠶᠢ 300 ᠭᠠᠷᠤᠢ ᠪᠠᠢᠭᠤᠯᠵᠤ᠂ ᠬᠢᠯᠢ᠎ᠶᠢ ᠰᠠᠬᠢᠨ ᠬᠠᠮᠠᠭᠠᠯᠠᠵᠤ ᠪᠠᠢᠭ᠎ᠠ 800 ᠭᠠᠷᠤᠢ ᠮᠠᠯᠴᠢᠨ ᠡᠷᠦᠬᠡ᠎ᠳᠦ ᠰᠢᠨ᠎ᠡ ᠰᠣᠷᠭᠣᠭ ᠢᠳᠡᠰᠢᠨ ᠨᠣᠭᠣᠭ᠎ᠠ ᠬᠠᠩᠭᠠᠪᠠ᠃ ᠡᠨᠡ ᠵᠢᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠡᠴᠡ ᠴᠥᠭᠡᠨ ᠲᠣᠭᠠᠲᠤ ᠦᠨᠳᠦᠰᠦᠲᠡᠨ᠎ᠦ ᠬᠥᠭᠵᠢᠯᠲᠡ᠎ᠶᠢᠨ ᠡᠭᠦᠷᠭᠡ᠎ᠶᠢᠨ ᠪᠡᠯᠡ ᠮᠥᠩᠭᠥ᠎ᠶᠢ 400 ᠲᠦᠮᠡᠨ ᠲᠥᠭᠥᠷᠢᠭ ᠪᠠᠭᠤᠯᠭᠠᠵᠤ᠂ ᠳᠥᠷᠪᠡᠳ ᠬᠣᠰᠢᠭᠤᠨ᠎ᠤ ᠬᠢᠯᠢ᠎ᠶᠢᠨ ᠮᠠᠯᠵᠢᠬᠤ ᠣᠷᠣᠨ᠎ᠳᠤ ᠪᠠᠰᠠ 200 ᠣᠶᠤᠨᠲᠤ ᠬᠦᠯᠡᠮᠵᠢ ᠪᠠᠢᠭᠤᠯᠵᠤ᠂ ᠨᠠᠩ ᠣᠯᠠᠨ ᠣᠯᠠᠨ ᠲᠦᠮᠡᠨ᠎ᠳᠦ ᠠᠰᠢᠭ᠋ ᠬᠦᠷᠲᠡᠭᠡᠪᠡ᠃

ᠤᠯᠠᠭᠠᠨᠬᠠᠳᠠ ᠬᠣᠲᠠ᠎ᠶᠢᠨ ᠬᠡᠰᠢᠭᠲᠡᠨ ᠬᠣᠰᠢᠭᠤᠨ᠎ᠤ ᠪᠠᠶᠠᠨᠴᠠᠭᠠᠨ ᠰᠤᠮᠤ 《ᠵᠢᠭᠤᠯᠴᠢᠯᠠᠯ + ᠠᠷᠠᠳ᠎ᠢ ᠪᠠᠶᠠᠵᠢᠭᠤᠯᠬᠤ》 ᠵᠠᠭᠪᠤᠷ᠎ᠢ ᠦᠷᠭᠦᠯᠵᠢᠯᠡᠨ ᠭᠦᠨᠵᠡᠭᠡᠢᠷᠡᠭᠦᠯᠵᠦ᠂ ᠮᠠᠯᠴᠢᠨ ᠠᠢᠯ᠎ᠳᠡᠬᠢ ᠵᠢᠭᠤᠯᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠵᠢᠷᠤᠮᠵᠢᠭᠤᠯᠤᠨ ᠬᠥᠭᠵᠢᠭᠦᠯᠬᠦ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠵᠤ᠂ ᠴᠥᠭᠡᠨ ᠪᠤᠰᠤ ᠮᠠᠯᠴᠢᠳ ᠣᠢᠷ᠎ᠠ ᠬᠠᠪᠢ᠎ᠳᠠᠭᠠᠨ ᠠᠵᠢᠯ ᠣᠯᠤᠭᠰᠠᠨ᠎ᠢᠶᠠᠷ ᠪᠠᠷᠠᠬᠤ ᠦᠭᠡᠢ ᠭᠠᠵᠠᠷ ᠰᠢᠷᠣᠢ᠎ᠶᠢᠨ ᠡᠵᠡᠩᠨᠡᠯᠳᠡ᠎ᠶᠢᠨ ᠡᠷᠬᠡ ᠵᠢ ᠬᠦᠢᠯᠭᠡᠭᠡᠵᠦ ᠠᠰᠢᠭ᠋ ᠣᠯᠭᠣᠬᠤ᠎ᠪᠠᠷ ᠳᠠᠮᠵᠢᠭᠤᠯᠤᠨ ᠭᠠᠴᠠᠭᠠᠨ᠎ᠤ ᠬᠠᠮᠲᠤ᠎ᠶᠢᠨ ᠠᠵᠤ ᠠᠬᠤᠢ᠎ᠶᠢ ᠤᠯᠠᠮ ᠨᠢᠭᠡ ᠠᠯᠬᠤᠮ ᠪᠤᠵᠠᠭᠠᠢᠷᠠᠭᠤᠯᠪᠠ᠃

ᠠᠯᠢ ᠤᠯᠠᠨ ᠠᠮᠢᠳᠤᠯᠢᠭ᠋ ᠬᠡᠷᠡᠭ᠎ᠦᠨ ᠵᠢᠱ᠌ᠢᠶ᠎ᠡ ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠵᠦ᠂ ᠵᠣᠯ ᠵᠢᠷᠭᠠᠯᠲᠤ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠡᠳ᠋ᠯᠡᠭᠰᠡᠨ᠎ᠦ ᠦᠨᠡᠨ ᠪᠣᠳᠠᠲᠤ ᠵᠢᠷᠤᠭᠯᠠᠯ ᠪᠣᠯᠣᠨ᠎ᠠ᠃

ᠠᠭᠤᠰᠤᠯᠴᠠᠯ᠎ᠤᠨ ᠥᠯᠢᠭᠡᠷ᠎ᠦᠳ᠂ ᠰᠡᠳᠬᠢᠯ ᠨᠢᠭᠡᠳᠡᠢ ᠦᠢᠯᠡᠳᠦᠯᠭᠡ ᠨᠤᠭᠦᠳ ᠨᠢ ᠦᠨᠳᠦᠰᠦᠲᠡᠨ ᠨᠤᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠭᠰᠡᠨ ᠠᠮᠢᠳᠤᠯᠢᠭ᠋ ᠵᠢᠷᠤᠭ ᠳᠦᠷᠰᠦ᠎ᠶᠢ ᠪᠣᠶ ᠪᠣᠯᠭᠠᠪᠠ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠴᠤᠭ ᠪᠠᠳᠠᠷᠠᠩᠭᠤᠢ ᠳᠦᠷᠰᠦ ᠪᠠᠢᠳᠠᠯ᠎ᠢᠶᠠᠷ ᠰᠦᠷ ᠳᠠᠯᠠᠢᠴᠠᠲᠠᠢ ᠠᠶᠠᠨ᠎ᠳᠤ ᠮᠣᠷᠳᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠲᠦᠭᠡᠨ ᠪᠠᠶ᠋ᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠳᠤ ᠪᠦᠯᠬᠦᠮᠳᠡᠯ᠎ᠦᠨ ᠬᠦᠴᠦᠨ᠎ᠢ ᠨᠡᠮᠡᠷᠢᠯᠡᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面